ᠲᠤᠰᠬᠠᠢ ᠲᠤᠰᠢᠶᠠᠯᠲᠤ ᠠᠷᠠᠳ ᠤᠨ ᠵᠥᠷᠢᠴᠡᠯ ᠡᠶᠡᠳᠡᠭᠦᠯᠦᠭᠴᠢ ᠶᠢ ᠢᠯᠡ ᠪᠠᠷ ᠰᠣᠩᠭᠤᠨ ᠬᠡᠷᠡᠭᠯᠡᠬᠦ ᠠᠵᠢᠯ ᠤᠨ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠲᠠᠷᠬᠠᠭᠠᠬᠤ ᠲᠤᠬᠠᠢ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2022/7/15
                   ᠣᠲᠤᠭ ᠵᠠᠰᠠᠭ ᠠᠯᠪᠠᠨ ᠲᠠᠷᠬᠠᠭᠠᠭᠰᠠᠨ ﹇2022﹈ 98 ᠳ᠋ᠤᠭᠠᠷ ᠲᠣᠭᠠᠲᠤ            ᠲᠤᠰᠬᠠᠢ ᠲᠤᠰᠢᠶᠠᠯᠲᠤ ᠠᠷᠠᠳ ᠤᠨ ᠵᠥᠷᠢᠴᠡᠯ ᠡᠶᠡᠳᠡᠭᠦᠯᠦᠭᠴᠢ ᠶᠢ ᠢᠯᠡ ᠪᠠᠷ ᠰᠣᠩᠭᠤᠨ ᠬᠡᠷᠡᠭᠯᠡᠬᠦ ᠠᠵᠢᠯ ᠤᠨ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠲᠠᠷᠬᠠᠭᠠᠬᠤ ᠲᠤᠬᠠᠢ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠡᠯ᠎ᠡ ᠪᠠᠶᠢᠭᠤᠯᠭ᠎ᠠ ᠳᠤ᠄      ︽ᠣᠲᠤᠭ ᠬᠤᠰᠢᠭᠤᠨ ᠤ ᠲᠤᠰᠬᠠᠢ ᠲᠤᠰᠢᠶᠠᠯᠲᠤ ᠠᠷᠠᠳ ᠤᠨ ᠵᠥᠷᠢᠴᠡᠯ ᠡᠶᠡᠳᠡᠭᠦᠯᠦᠭᠴᠢ ᠶᠢ ᠢᠯᠡ ᠪᠠᠷ ᠰᠣᠩᠭᠤᠨ ᠬᠡᠷᠡᠭᠯᠡᠬᠦ ᠠᠵᠢᠯ ᠤᠨ ᠬᠡᠷᠡᠭᠵᠢᠭᠦᠯᠬᠦ ᠲᠥᠰᠥᠯ︾ ᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2022 ᠣᠨ ᠤ ᠠᠷᠪᠠᠨ ᠭᠤᠷᠪᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ ᠡᠳᠦᠭᠡ ᠲᠠ ᠨᠠᠷ ᠲᠤ ᠳᠠᠷᠤᠮᠠᠯᠯᠠᠨ ᠲᠠᠷᠬᠠᠭᠠᠯ᠎ᠠ᠂ ᠨᠢᠮᠪᠡᠢ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠢ᠃                                                                                                                          ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                                 2022 ᠣᠨ ᠤ 7 ᠳ᠋ᠤᠭᠠᠷ ᠰᠠᠷ᠎ᠠ ᠶᠢᠨ 15 ᠤ ᠡᠳᠦᠷ            ᠣᠲᠤᠭ ᠬᠤᠰᠢᠭᠤᠨ ᠤ  ᠲᠤᠰᠬᠠᠢ ᠲᠤᠰᠢᠶᠠᠯᠲᠤ ᠠᠷᠠᠳ ᠤᠨ ᠵᠥᠷᠢᠴᠡᠯ ᠡᠶᠡᠳᠡᠭᠦᠯᠦᠭᠴᠢ ᠶᠢ ᠢᠯᠡ ᠪᠠᠷ ᠰᠣᠩᠭᠤᠨ ᠬᠡᠷᠡᠭᠯᠡᠬᠦ ᠠᠵᠢᠯ ᠤᠨ ᠬᠡᠷᠡᠭᠵᠢᠭᠦᠯᠬᠦ ᠲᠥᠰᠥᠯ      ᠵᠥᠷᠢᠴᠡᠯ ᠵᠢᠭᠤᠷᠠᠯᠳᠤᠭᠠᠨ ᠢ ᠣᠯᠠᠨ ᠲᠠᠯ᠎ᠠ ᠪᠠᠷ ᠡᠶᠡᠳᠡᠭᠦᠯᠬᠦ ᠠᠵᠢᠯ ᠢ ᠪᠦᠲᠦᠮᠵᠢᠲᠡᠢ ᠥᠷᠨᠢᠭᠦᠯᠵᠦ᠂ ᠬᠤᠰᠢᠭᠤᠨ ᠤ ᠠᠷᠠᠳ ᠤᠨ ᠵᠥᠷᠢᠴᠡᠯ ᠡᠶᠡᠳᠡᠭᠦᠯᠬᠦ ᠠᠵᠢᠯ ᠤᠨ ᠲᠤᠰᠬᠠᠶᠢᠵᠢᠭᠰᠠᠨ ᠬᠢᠷᠢ ᠲᠦᠪᠰᠢᠨ ᠢ ᠳᠡᠭᠡᠭᠰᠢᠯᠡᠭᠦᠯᠦᠨ᠂ ᠡᠩᠨᠡᠭᠡᠨ ᠤ ᠪᠦᠲᠦᠴᠡ ᠶᠢ ᠰᠢᠯᠢᠳᠡᠭᠴᠢᠯᠡᠵᠦ᠂ ᠠᠵᠢᠯ ᠤᠨ ᠪᠠᠲᠤᠯᠠᠭ᠎ᠠ ᠶᠢ ᠴᠢᠩᠭᠠᠳᠬᠠᠨ᠂ ᠤᠯᠤᠰ ᠲᠥᠷᠥ ᠶᠢᠨ ᠲᠠᠯ᠎ᠠ ᠪᠠᠷ ᠬᠢᠷᠢ ᠲᠡᠩᠴᠡᠭᠰᠡᠨ᠂ ᠠᠵᠢᠯ ᠳᠠᠭᠠᠨ  ᠴᠠᠭᠠᠷᠠᠭᠰᠠᠨ᠂ ᠨᠡᠶᠢᠲᠡ ᠶᠢᠨ ᠦᠢᠯᠡᠰ ᠲᠤ ᠢᠳᠡᠪᠬᠢᠲᠡᠢ ᠣᠷᠣᠯᠴᠠᠭᠰᠠᠨ᠂ ᠲᠥᠪ ᠭᠤᠣᠯᠴᠢ ᠶᠢ ᠪᠠᠷᠢᠮᠲᠠᠯᠠᠭᠰᠠᠨ ᠠᠷᠠᠳ ᠤᠨ ᠵᠥᠷᠢᠴᠡᠯ ᠡᠶᠡᠳᠡᠭᠦᠯᠦᠭᠴᠢ ᠶᠢᠨ ᠡᠩᠨᠡᠭᠡ ᠶᠢ ᠪᠠᠶᠢᠭᠤᠯᠬᠤ ᠶᠢᠨ ᠲᠥᠯᠥᠭᠡ᠂ ︽︿ᠠᠷᠠᠳ ᠤᠨ ᠵᠥᠷᠢᠴᠡᠯ ᠡᠶᠡᠳᠡᠭᠦᠯᠦᠭᠴᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠠᠵᠢᠯ ᠤᠨ ᠬᠡᠷᠡᠭᠵᠢᠭᠦᠯᠬᠦ ᠲᠥᠰᠥᠯ﹀ ᠢ ᠳᠠᠷᠤᠮᠠᠯᠯᠠᠨ ᠲᠠᠷᠬᠠᠭᠠᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠣᠷᠳᠣᠰ ᠬᠤᠲᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠣᠷᠳᠣᠰ ᠬᠤᠲᠠ ᠶᠢᠨ ᠳᠤᠮᠳᠠ ᠵᠡᠷᠭᠡ ᠶᠢᠨ ᠠᠷᠠᠳ ᠤᠨ ᠰᠢᠭᠦᠬᠦ ᠬᠤᠷᠢᠶ᠎ᠠ᠂ ᠣᠷᠳᠣᠰ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ᠂ ᠣᠷᠳᠣᠰ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ᠂ ᠣᠷᠳᠣᠰ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠣᠷᠳᠣᠰ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠮᠡᠳᠡᠭᠳᠡᠯ ︵ᠣᠷᠳᠣᠰ ᠬᠠᠤᠯᠢ ᠴᠠᠭᠠᠵᠠ ᠲᠠᠷᠬᠠᠭᠠᠭᠰᠠᠨ ﹇2021﹈ 57 ᠳ᠋ᠤᠭᠠᠷ ᠲᠣᠭᠠᠲᠤ︾ ᠤᠨ ᠱᠠᠭᠠᠷᠳᠠᠯᠭ᠎ᠠ ᠶᠣᠰᠣᠭᠠᠷ᠂ ᠪᠦᠬᠦ ᠬᠤᠰᠢᠭᠤᠨ ᠤ ᠬᠡᠪᠴᠢᠶᠡᠨ ᠳᠤ ᠲᠤᠰᠬᠠᠢ ᠲᠤᠰᠢᠶᠠᠯᠲᠤ ᠠᠷᠠᠳ ᠤᠨ ᠵᠥᠷᠢᠴᠡᠯ ᠡᠶᠡᠳᠡᠭᠦᠯᠦᠭᠴᠢ ᠶᠢ ᠢᠯᠡ ᠪᠠᠷ ᠰᠣᠩᠭᠤᠨ ᠬᠡᠷᠡᠭᠯᠡᠬᠦ ᠪᠠᠷ ᠪᠣᠯᠵᠤ᠂ ᠢᠯᠡ ᠪᠠᠷ ᠰᠣᠩᠭᠤᠨ ᠬᠡᠷᠡᠭᠯᠡᠬᠦ ᠠᠵᠢᠯ ᠢ ᠡᠮᠬᠢ ᠲᠢᠭᠯᠢᠮ ᠲᠠᠢ ᠥᠷᠨᠢᠭᠦᠯᠬᠦ ᠶᠢ ᠪᠠᠲᠤᠯᠠᠬᠤ ᠶᠢᠨ ᠲᠤᠰᠠᠳᠡ᠂  ᠣᠨᠴᠠᠭᠠᠶᠢᠯᠠᠨ ᠲᠣᠰ ᠲᠥᠰᠥᠯ ᠢ ᠲᠣᠭᠲᠠᠭᠠᠪᠠ᠃      ᠨᠢᠭᠡ᠂ ᠰᠣᠩᠭᠤᠨ ᠬᠡᠷᠡᠭᠯᠡᠬᠦ ᠵᠠᠷᠴᠢᠮ      ︵ᠨᠢᠭᠡ︶ ᠢᠯᠡ ᠲᠤᠳᠤ᠂ ᠡᠷᠬᠡ ᠲᠡᠭᠰᠢ᠂ ᠲᠥᠪ ᠭᠤᠣᠯᠴᠢ᠂ ᠰᠢᠯᠢᠳᠡᠭ ᠢ ᠰᠣᠩᠭᠤᠬᠤ︔      ︵ᠬᠤᠶᠠᠷ︶ ᠠᠵᠢᠯ ᠤᠨ ᠪᠠᠶᠢᠷᠢ ᠪᠠᠷ ᠨᠢ ᠠᠵᠢᠯᠲᠠᠨ ᠰᠣᠩᠭᠤᠬᠤ᠂ ᠠᠵᠢᠯ ᠤᠨ ᠪᠠᠶᠢᠷᠢ ᠬᠠᠷᠢᠭᠤᠴᠠᠯᠭ᠎ᠠ ᠶᠢ ᠨᠢᠭᠡᠳᠦᠭᠦᠯᠬᠦ᠃      ᠬᠤᠶᠠᠷ᠂ ᠰᠣᠩᠭᠤᠨ ᠬᠡᠷᠡᠭᠯᠡᠬᠦ ᠠᠵᠢᠯ ᠤᠨ ᠪᠠᠶᠢᠷᠢ ᠵᠢᠴᠢ ᠲᠥᠯᠥᠪᠯᠡᠭᠡ       10 ᠲᠤᠰᠬᠠᠢ ᠲᠤᠰᠢᠶᠠᠯᠲᠤ ᠠᠷᠠᠳ ᠤᠨ ᠵᠥᠷᠢᠴᠡᠯ ᠡᠶᠡᠳᠡᠭᠦᠯᠦᠭᠴᠢ ᠶᠢ ᠢᠯᠡ ᠪᠠᠷ ᠰᠣᠩᠭᠤᠨ ᠬᠡᠷᠡᠭᠯᠡᠨ᠎ᠡ᠂ ᠡᠭᠦᠨ ᠳᠤ ᠣᠲᠤᠭ ᠬᠤᠰᠢᠭᠤᠨ ᠤ ᠠᠷᠠᠳ ᠤᠨ ᠵᠥᠷᠢᠴᠡᠯ ᠡᠶᠡᠳᠡᠭᠦᠯᠦᠭᠴᠢ ᠶᠢᠨ ᠲᠥᠪ ᠳᠤ 7 ᠠᠵᠢᠯᠲᠠᠨ᠂ ᠰᠤᠮᠤ ᠪᠠᠯᠭᠠᠰᠤᠨ ᠤ ᠠᠷᠠᠳ ᠤᠨ ᠵᠥᠷᠢᠴᠡᠯ ᠡᠶᠡᠳᠡᠭᠦᠯᠬᠦ ᠵᠥᠪᠯᠡᠯ ᠳᠤ 3 ᠠᠵᠢᠯᠲᠠᠨ ᠰᠣᠩᠭᠤᠨ ᠬᠡᠷᠡᠭᠯᠡᠨ᠎ᠡ᠃      ᠭᠤᠷᠪᠡ᠂ ᠰᠣᠩᠭᠤᠨ ᠬᠡᠷᠡᠭᠯᠡᠬᠦ ᠨᠥᠬᠦᠴᠡᠯ      ︵ᠨᠢᠭᠡ︶ ᠦᠨᠳᠦᠰᠦᠨ ᠨᠥᠬᠦᠴᠡᠯ      ⒈ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠡᠷᠡᠰ ᠬᠦᠷᠢᠶᠡᠯᠡᠵᠦ᠂ ᠤᠯᠤᠰ ᠤᠨ ᠦᠨᠳᠦᠰᠦᠨ ᠬᠠᠤᠯᠢ ᠪᠠ ᠬᠠᠤᠯᠢ ᠴᠠᠭᠠᠵᠠ ᠶᠢ ᠤᠬᠠᠮᠰᠠᠷ ᠠᠴᠠ ᠪᠠᠨ ᠵᠢᠷᠤᠮᠯᠠᠨ᠎ᠠ︔      ⒉ ᠮᠤᠷᠠᠯ ᠰᠠᠶᠢᠨ᠂ ᠢᠲᠡᠭᠡᠯ ᠢ ᠪᠠᠷᠢᠮᠲᠠᠯᠠᠳᠠᠭ᠂ ᠲᠥᠪ ᠭᠤᠣᠯᠴᠢ᠂ ᠠᠷᠠᠳ ᠤᠨ ᠵᠥᠷᠢᠴᠡᠯ ᠡᠶᠡᠳᠡᠭᠦᠯᠬᠦ ᠠᠵᠢᠯ ᠢ ᠠᠩᠬᠠᠷᠤᠨ ᠬᠠᠯᠠᠮᠵᠢᠯᠠᠳᠠᠭ︔      ⒊ᠳᠡᠭᠡᠳᠦ ᠳᠤᠮᠳᠠᠳᠤ ᠪᠤᠶᠤ ᠳᠡᠭᠡᠳᠦ ᠳᠤᠮᠳᠠᠳᠤ ᠠᠴᠠ ᠳᠡᠭᠡᠭᠰᠢ ᠰᠣᠶᠣᠯ ᠤᠨ ᠬᠢᠷᠢ ᠲᠦᠪᠰᠢᠨ ᠲᠠᠢ︔      ⒋ ᠪᠦᠬᠦᠯᠢ 65 ᠨᠠᠰᠤᠨ ᠠᠴᠠ ᠳᠣᠷᠣᠭᠰᠢ᠂ ᠪᠡᠶ᠎ᠡ ᠰᠡᠳᠬᠢᠯ ᠡᠷᠡᠭᠦᠯ ᠮᠡᠨᠳᠦ᠂ ᠲᠤᠬᠠᠶᠢᠯᠠᠭᠰᠠᠨ ᠠᠵᠢᠯ ᠢᠶᠠᠨ ᠬᠢᠵᠤ ᠴᠢᠳᠠᠳᠠᠭ᠃ ᠲᠤᠬᠠᠶᠢᠯᠠᠭᠰᠠᠨ ᠠᠵᠢᠯ ᠤᠨ ᠴᠢᠳᠠᠪᠤᠷᠢ ᠲᠠᠢ᠂ ᠣᠨᠴᠠᠭᠠᠢ ᠬᠤᠪᠢ ᠨᠡᠮᠡᠷᠢ ᠦᠵᠡᠭᠦᠯᠦᠭᠰᠡᠨ ᠬᠥᠮᠥᠰ ᠤᠨ ᠨᠠᠰᠤᠨ ᠤ ᠬᠢᠵᠠᠭᠠᠷᠯᠠᠯ ᠢ ᠪᠦᠬᠦᠯᠢ 70 ᠨᠠᠰᠤ ᠬᠦᠷᠲᠡᠯ᠎ᠡ ᠤᠷᠲᠤᠳᠬᠠᠵᠤ ᠪᠣᠯᠣᠨ᠎ᠠ᠃      ︵ᠬᠤᠶᠠᠷ︶ ᠳᠡᠭᠡᠷᠡᠬᠢ ᠨᠥᠬᠦᠴᠡᠯ ᠳᠤ ᠨᠡᠶᠢᠴᠡᠭᠰᠡᠨ ᠮᠥᠷᠲᠡᠭᠡᠨ ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠤᠷᠢᠳᠠᠪᠠᠷ ᠰᠣᠩᠭᠤᠨ ᠬᠡᠷᠡᠭᠯᠡᠨ᠎ᠡ᠄      ⒈ᠠᠵᠢᠯ ᠠᠴᠠ ᠪᠠᠨ ᠠᠮᠠᠷᠠᠭᠰᠠᠨ ᠤᠯᠤᠰ ᠲᠥᠷᠥ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ᠂ ᠠᠬᠠᠮᠠᠳ ᠨᠠᠮ ᠤᠨ ᠭᠡᠰᠢᠭᠦᠨ᠂ ᠠᠵᠢᠯ ᠠᠴᠠ ᠪᠠᠨ ᠠᠮᠠᠷᠠᠭᠰᠠᠨ ᠺᠠᠳ᠋ᠷ᠂ ᠠᠵᠢᠯ ᠠᠴᠠ ᠪᠠᠨ ᠠᠮᠠᠷᠠᠭᠰᠠᠨ ᠪᠠᠭᠰᠢ︔      ⒉ᠡᠯ᠎ᠡ ᠱᠠᠲᠤᠨ ᠤ ᠠᠷᠠᠳ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠠᠷᠠᠳ ᠤᠨ ᠬᠠᠪᠰᠤᠷᠤᠨ ᠰᠢᠭᠦᠭᠴᠢ᠂ ᠲᠤᠰᠬᠠᠢ ᠮᠡᠷᠭᠡᠵᠢᠯᠲᠡᠨ ᠰᠤᠳᠤᠯᠭᠠᠲᠠᠨ᠂ ᠬᠠᠤᠯᠢᠴᠢ᠂ ᠠᠯᠪᠠᠨ ᠭᠡᠷᠡᠴᠢᠯᠡᠭᠴᠢ᠂ ᠬᠥᠨᠳᠡᠯᠡᠨ ᠠᠴᠠ ᠲᠠᠰᠤᠯᠤᠭᠴᠢ᠂ ᠬᠠᠤᠯᠢ ᠴᠠᠭᠠᠵᠠ ᠶᠢᠨ ᠠᠵᠢᠯᠲᠠᠨ ᠵᠡᠷᠭᠡ︔      ⒊ᠨᠠᠮ ᠵᠠᠰᠠᠭ ᠤᠨ ᠠᠯᠪᠠᠨ ᠪᠠᠶᠢᠭᠤᠯᠭ᠎ᠠ᠂ ᠭᠠᠴᠠᠭ᠎ᠠ ᠲᠤᠰᠬᠤᠨ ︵ᠰᠠᠭᠤᠭᠠᠯᠢ ᠠᠷᠠᠳ︶ ᠤ ᠵᠥᠪᠯᠡᠯ᠂ ᠰᠤᠷᠭᠠᠭᠤᠯᠢ᠂ ᠠᠵᠢᠯᠴᠢᠨ ᠤ ᠡᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠡᠪ ᠬᠠᠮᠲᠤ ᠵᠠᠯᠠᠭᠤᠴᠤᠳ ᠤᠨ ᠡᠪᠯᠡᠯ ᠵᠡᠷᠭᠡ ᠵᠣᠬᠢᠶᠠᠨ ᠪᠠᠶᠢᠭᠤᠯᠤᠯᠲᠠ ᠠᠴᠠ ᠲᠠᠨᠢᠯᠴᠠᠭᠤᠯᠤᠭᠰᠠᠨ ᠬᠥᠮᠥᠰ︔      ⒋ᠰᠡᠳᠬᠢᠴᠨ ᠶᠢᠨ ᠵᠥᠪᠯᠡᠭᠴᠢ᠂ ᠤᠷᠤᠭ ᠬᠤᠷᠢᠮ ᠭᠡᠷ ᠪᠦᠯᠢ ᠶᠢᠨ ᠵᠢᠭᠠᠨ ᠵᠢᠯᠣᠭᠤᠳᠤᠭᠴᠢ ᠵᠡᠷᠭᠡ ᠪᠤᠰᠤᠳ ᠲᠤᠰᠬᠠᠢ ᠮᠡᠷᠭᠡᠵᠢᠯᠲᠡᠨ᠃      ︵ᠭᠤᠷᠪᠡ︶ ᠳᠣᠣᠷᠠᠬᠢ ᠪᠠᠶᠢᠳᠠᠯ ᠲᠠᠢ ᠬᠥᠮᠥᠰ ᠢ ᠰᠣᠩᠭᠤᠨ ᠬᠡᠷᠡᠭᠯᠡᠬᠦ ᠦᠭᠡᠢ᠄      ⒈ᠨᠠᠮ ᠤᠨ ᠰᠠᠬᠢᠯᠭ᠎ᠠ ᠪᠠᠲᠤ᠂ ᠵᠠᠰᠠᠭ ᠤᠨ ᠶᠠᠪᠤᠳᠠᠯ ᠤᠨ ᠰᠢᠢᠳᠬᠡᠯ ᠵᠢᠴᠢ ᠡᠷᠡᠭᠦᠦ ᠶᠢᠨ ᠬᠡᠷᠡᠭ ᠪᠤᠶᠤ ᠠᠮᠤᠷ ᠢ ᠬᠠᠮᠠᠭᠠᠯᠠᠬᠤ ᠰᠢᠢᠳᠬᠡᠯ ᠣᠯᠵᠤ ᠥᠩᠭᠡᠷᠡᠭᠰᠡᠨ︔      ⒉ᠰᠠᠬᠢᠯᠭ᠎ᠠ ᠪᠠᠲᠤ ᠪᠠᠶᠢᠴᠠᠭᠠᠬᠤ᠂ ᠬᠢᠨᠠᠨ ᠪᠠᠶᠢᠴᠠᠭᠠᠬᠤ᠂ ᠬᠠᠤᠯᠢ ᠴᠠᠭᠠᠵᠠ ᠶᠢᠨ ᠪᠠᠶᠢᠭᠤᠯᠭ᠎ᠠ ᠶᠢᠨ ᠪᠠᠶᠢᠴᠠᠭᠠᠯᠲᠠ ᠶᠢ ᠬᠦᠯᠢᠶᠡᠵᠦ ᠪᠠᠶᠢᠭ᠎ᠠ︔      ⒊ᠨᠡᠶᠢᠭᠡᠮ ᠨᠡᠶᠢᠲᠡ ᠶᠢᠨ ᠶᠣᠰᠣ ᠰᠤᠷᠲᠠᠬᠤᠨ᠂ ᠠᠵᠢᠯ ᠤᠨ ᠶᠣᠰᠣ ᠰᠤᠷᠲᠠᠬᠤᠨ ᠢ ᠵᠥᠷᠢᠴᠡᠭᠰᠡᠨ᠂ ᠢᠲᠡᠭᠡᠯ ᠠᠯᠳᠠᠭᠰᠠᠳ ᠤᠨ ᠨᠡᠷᠡᠰ ᠲᠤ ᠣᠷᠣᠭᠰᠠᠨ︔      ⒋ᠬᠠᠤᠯᠢ ᠪᠤᠰᠤ ᠵᠣᠬᠢᠶᠠᠨ ᠪᠠᠶᠢᠭᠤᠯᠤᠯᠲᠠ ᠶᠢᠨ ᠠᠵᠢᠯᠯᠠᠭ᠎ᠠ ᠳᠤ ᠣᠷᠣᠯᠴᠠᠭᠰᠠᠨ︔      ⒌ᠵᠥᠷᠢᠴᠡᠯ ᠡᠶᠡᠳᠡᠭᠦᠯᠦᠭᠴᠢ ᠶᠢᠨ ᠠᠵᠢᠯ ᠳᠤ ᠲᠣᠬᠢᠷᠠᠬᠤ ᠦᠭᠡᠢ ᠪᠤᠰᠤᠳ ᠪᠠᠶᠢᠳᠠᠯ᠃      ᠳᠥᠷᠪᠡ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ      ᠰᠣᠩᠭᠤᠨ ᠬᠡᠷᠡᠭᠯᠡᠬᠦ ᠠᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ ᠶᠢᠨ ᠲᠤᠰᠠᠳᠡ᠂ ᠣᠲᠤᠭ ᠬᠤᠰᠢᠭᠤᠨ ᠤ ᠲᠤᠰᠬᠠᠢ ᠲᠤᠰᠢᠶᠠᠯᠲᠤ ᠠᠷᠠᠳ ᠤᠨ ᠵᠥᠷᠢᠴᠡᠯ ᠡᠶᠡᠳᠡᠭᠦᠯᠦᠭᠴᠢ ᠰᠣᠩᠭᠤᠨ ᠬᠡᠷᠡᠭᠯᠡᠬᠦ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠪᠠ᠂ ᠪᠤᠰᠤᠳ ᠪᠦᠷᠢᠯᠳᠦᠬᠦᠨ ᠨᠢ ᠳᠣᠣᠷᠠᠬᠢ ᠮᠡᠲᠦ᠄      ᠳᠤᠭᠤᠶᠢᠯᠠᠩ ᠤᠨ ᠳᠠᠷᠤᠭ᠎ᠠ᠄ ᠤᠶᠣᠨᠪᠠᠭᠠᠨ᠎ᠠ        ᠬᠤᠰᠢᠭᠤᠨ ᠤ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ᠂ ᠳᠣᠲᠤᠭᠠᠲᠤ ᠶᠢ ᠬᠠᠮᠠᠭᠠᠯᠠᠬᠤ ᠲᠣᠪᠴᠢᠶᠠᠨ ᠳᠠᠷᠤᠭ᠎ᠠ      ᠳᠤᠭᠤᠶᠢᠯᠠᠩ ᠤᠨ ᠳᠡᠳ᠋ ᠳᠠᠷᠤᠭ᠎ᠠ᠄ ᠪᠠᠢ ᠵᠣᠣ ᠰᠢ    ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠳᠠᠷᠤᠭ᠎ᠠᠮᠢ ᠬᠠᠢ ᠹᠸᠢ                   ᠬᠤᠰᠢᠭᠤᠨ ᠤ ᠬᠠᠤᠯᠢ ᠴᠠᠭᠠᠵᠠ ᠶᠢᠨ ᠲᠣᠪᠴᠢᠶᠠᠨ ᠳᠠᠷᠤᠭ᠎ᠠᠠᠯᠲᠠ                     ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠠᠴᠠ ᠬᠤᠰᠢᠭᠤᠨ ᠤ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠠᠯᠪᠠᠨ ᠪᠠᠶᠢᠭᠤᠯᠭ᠎ᠠ ᠳᠤ ᠲᠣᠮᠢᠯᠠᠭᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ      ᠪᠦᠷᠢᠯᠳᠦᠬᠦᠨ᠄ ᠵᠠᠩ ᠵᠢᠢ ᠭᠠᠨᠭ᠌                  ᠬᠤᠰᠢᠭᠤᠨ ᠤ ᠬᠠᠤᠯᠢ ᠴᠠᠭᠠᠵᠠ ᠶᠢᠨ ᠲᠣᠪᠴᠢᠶᠡᠨ ᠳᠡᠳ᠋ ᠳᠠᠷᠤᠭ᠎ᠠᠸᠠᠩ ᠬᠠᠢ ᠶᠡᠨ                ᠬᠤᠰᠢᠭᠤᠨ ᠤ ᠬᠠᠤᠯᠢ ᠴᠠᠭᠠᠵᠠ ᠶᠢᠨ ᠲᠣᠪᠴᠢᠶᠡᠨ ᠳᠡᠳ᠋ ᠳᠠᠷᠤᠭ᠎ᠠᠨᠠᠷᠠᠨᠳᠠᠯᠠᠢ                    ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ ᠤᠯᠤᠰ ᠲᠥᠷᠥ ᠶᠢᠨ ᠴᠠᠭᠳᠠᠭᠠᠨ ᠤ ᠶᠠᠪᠤᠳᠠᠯ ᠤᠨ ᠭᠠᠵᠠᠷ ᠤᠨ ᠡᠷᠬᠢᠯᠡᠭᠴᠢᠯᠦᠸᠧ ᠳ᠋ᠢᠩ ᠳ᠋ᠥᠡᠭ           ᠬᠤᠰᠢᠭᠤᠨ ᠤ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠥᠪ ᠤᠨ ᠡᠷᠬᠢᠯᠡᠭᠴᠢᠶᠠᠩ ᠵᠢᠶᠧ                ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠲᠠᠰᠤᠭ ᠤᠨ ᠳᠠᠷᠤᠭ᠎ᠠᠯᠢ ᠮᠢᠩ                     ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ ᠠᠷᠠᠳ ᠣᠷᠣᠯᠴᠠᠬᠤ ᠪᠠ ᠬᠠᠤᠯᠢ ᠪᠠᠷ ᠵᠠᠰᠠᠬᠤ ᠶᠢ ᠠᠬᠢᠭᠤᠯᠬᠤ ᠲᠠᠰᠤᠭ ᠤᠨ ᠳᠠᠷᠤᠭ᠎ᠠ      ᠰᠣᠩᠭᠤᠨ ᠬᠡᠷᠡᠭᠯᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠳᠣᠣᠷ᠎ᠠ ᠠᠯᠪᠠᠨ ᠭᠡᠷ ᠭᠠᠷᠭᠠᠵᠤ᠂ ᠠᠯᠪᠠᠨ ᠭᠡᠷ ᠢ ᠣᠲᠤᠭ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠳᠤ ᠲᠣᠬᠢᠷᠠᠭᠤᠯᠤᠨ᠂ ᠵᠠᠩ ᠵᠢᠢ ᠭᠠᠨᠭ᠌ ᠠᠯᠪᠠᠨ ᠭᠡᠷ ᠤᠨ ᠡᠷᠬᠢᠯᠡᠭᠴᠢ ᠶᠢᠨ ᠠᠵᠢᠯ ᠢ ᠬᠠᠪᠰᠤᠷᠭᠠᠨ ᠡᠭᠦᠷᠭᠡᠯᠡᠨ᠎ᠡ᠃      ᠲᠠᠪᠤ᠂ ᠰᠣᠩᠭᠤᠨ ᠬᠡᠷᠡᠭᠯᠡᠬᠦ ᠶᠠᠪᠤᠴᠠ      ︵ᠨᠢᠭᠡ︶ ᠲᠤᠰ ᠤᠳᠠᠭᠠᠨ ᠤ ᠲᠤᠰᠬᠠᠢ ᠲᠤᠰᠢᠶᠠᠯᠲᠤ ᠠᠷᠠᠳ ᠤᠨ ᠵᠥᠷᠢᠴᠡᠯ ᠡᠶᠡᠳᠡᠭᠦᠯᠦᠭᠴᠢ ᠶᠢ ᠰᠣᠩᠭᠤᠨ ᠬᠡᠷᠡᠭᠯᠡᠬᠦ ᠠᠵᠢᠯ ᠤᠨ ᠮᠡᠳᠡᠭᠡ ᠵᠠᠩᠭᠢ ᠶᠢ ᠠᠯᠪᠠᠨ ᠵᠠᠷ ᠤᠨ ᠬᠡᠯᠪᠡᠷᠢ ᠪᠠᠷ ᠣᠲᠤᠭ ᠨᠡᠶᠢᠲᠡᠯᠡᠯ ᠪᠠ ᠬᠠᠤᠯᠢ ᠪᠠᠷ ᠵᠠᠰᠠᠬᠤ ᠣᠲᠤᠭ ᠤᠨ ᠸᠢᠴᠠᠲ ᠤᠨ ᠣᠯᠠᠨ ᠨᠡᠶᠢᠲᠡ ᠶᠢᠨ ᠳᠠᠪᠴᠠᠩ ᠳᠡᠭᠡᠷ᠎ᠡ ᠨᠡᠶᠢᠲᠡᠯᠡᠨ᠎ᠡ᠃      ︵ᠬᠤᠶᠠᠷ︶ ᠲᠤᠰ ᠤᠳᠠᠭᠠᠨ ᠤ ᠰᠣᠩᠭᠤᠨ ᠬᠡᠷᠡᠭᠯᠡᠬᠦ ᠠᠵᠢᠯ ᠳᠤ ᠬᠤᠪᠢ ᠬᠥᠮᠥᠨ ᠨᠡᠷ᠎ᠡ ᠪᠠᠨ ᠮᠡᠳᠡᠭᠦᠯᠬᠦ ᠪᠠ ᠵᠣᠬᠢᠶᠠᠨ ᠪᠠᠶᠢᠭᠤᠯᠤᠯᠲᠠ ᠠᠴᠠ ᠲᠠᠨᠢᠯᠴᠠᠭᠤᠯᠬᠤ ᠠᠷᠭ᠎ᠠ ᠶᠢ ᠬᠡᠷᠡᠭᠯᠡᠨ᠎ᠡ᠂ ᠨᠡᠷ᠎ᠡ ᠮᠡᠳᠡᠭᠦᠯᠬᠦ ᠭᠠᠵᠠᠷ᠄ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ 504 ᠠᠯᠪᠠᠨ ᠭᠡᠷ᠂ ᠠᠰᠠᠭᠤᠨ ᠯᠠᠪᠯᠠᠬᠤ ᠤᠲᠠᠰᠤ᠄ 0477- 6211468᠃      ︵ᠭᠤᠷᠪᠡ︶ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠨᠡᠷ᠎ᠡ ᠮᠡᠳᠡᠭᠦᠯᠦᠭᠰᠡᠳ ᠤᠨ ᠬᠢᠷᠢ ᠬᠡᠮ ᠢ ᠬᠢᠨᠠᠨ ᠬᠠᠷᠭᠤᠭᠤᠯᠵᠤ᠂ ᠨᠥᠬᠦᠴᠡᠯ ᠳᠤ ᠨᠡᠶᠢᠴᠡᠭᠰᠡᠳ ᠢ ᠠᠷᠠᠳ ᠤᠨ ᠵᠥᠷᠢᠴᠡᠯ ᠡᠶᠡᠳᠡᠭᠦᠯᠦᠭᠴᠢ ᠶᠢᠨ ᠴᠢᠳᠠᠪᠤᠷᠢᠲᠠᠨ ᠤ ᠬᠥᠮᠥᠷᠭᠡ ᠳᠤ ᠣᠷᠣᠭᠤᠯᠤᠨ᠎ᠠ᠃      ︵ᠳᠥᠷᠪᠡ︶ ᠰᠣᠩᠭᠤᠨ ᠬᠡᠷᠡᠭᠯᠡᠬᠦ ᠠᠵᠢᠯ ᠤᠨ ᠤᠳᠤᠷᠢᠳᠬᠤ ᠳᠤᠭᠤᠶᠢᠯᠠᠩ ᠨᠡᠷ᠎ᠡ ᠮᠡᠳᠡᠭᠦᠯᠦᠭᠰᠡᠳ ᠤᠨ ᠠᠵᠢᠯ ᠤᠨ ᠥᠩᠭᠡᠷᠡᠯᠲᠡ᠂ ᠴᠢᠳᠠᠪᠤᠷᠢ ᠶᠢᠨ ᠭᠡᠷᠡᠴᠢᠯᠡᠯ᠂ ᠪᠡᠶ᠎ᠡ ᠮᠠᠬᠠᠪᠤᠳ ᠤᠨ ᠪᠠᠶᠢᠳᠠᠯ ᠵᠡᠷᠭᠡ ᠳᠤ ᠦᠨᠳᠦᠰᠦᠯᠡᠵᠦ᠂ ᠲᠤᠰ ᠤᠳᠠᠭᠠᠨ ᠤ ᠲᠤᠰᠬᠠᠢ ᠲᠤᠰᠢᠶᠠᠯᠲᠤ ᠠᠷᠠᠳ ᠤᠨ ᠵᠥᠷᠢᠴᠡᠯ ᠡᠶᠡᠳᠡᠭᠦᠯᠦᠭᠴᠢ ᠪᠠᠷ ᠰᠣᠩᠭᠤᠬᠤ ᠬᠥᠮᠥᠰ ᠢ ᠬᠢᠨᠠᠨ ᠪᠠᠶᠢᠴᠠᠭᠠᠵᠤ ᠲᠣᠭᠲᠠᠭᠠᠨ᠎ᠠ᠃      ︵ᠲᠠᠪᠤ︶ ᠰᠣᠩᠭᠤᠨ ᠬᠡᠷᠡᠭᠯᠡᠬᠦ ᠪᠠᠷ ᠪᠠᠶᠢᠭ᠎ᠠ ᠠᠵᠢᠯᠲᠠᠨ ᠢ ᠣᠲᠤᠭ ᠨᠡᠶᠢᠲᠡᠯᠡᠯ᠂ ᠬᠠᠤᠯᠢ ᠪᠠᠷ ᠵᠠᠰᠠᠬᠤ ᠣᠲᠤᠭ ᠤᠨ ᠸᠢᠴᠠᠲ ᠤᠨ ᠣᠯᠠᠨ ᠨᠡᠶᠢᠲᠡ ᠶᠢᠨ ᠳᠠᠪᠴᠠᠩ ᠳᠤ 7 ᠡᠳᠦᠷ ᠨᠡᠶᠢᠲᠡᠯᠡᠨ᠎ᠡ᠃ ᠨᠡᠶᠢᠲᠡᠯᠡᠬᠦ ᠬᠤᠭᠤᠴᠠᠭᠠᠨ ᠳᠤ ᠨᠡᠶᠢᠭᠡᠮ ᠤᠨ ᠬᠢᠨᠠᠯᠲᠠ ᠢᠯᠡᠴᠢᠯᠡᠨ ᠮᠡᠳᠡᠭᠦᠯᠦᠯᠲᠡ ᠶᠢ ᠬᠦᠯᠢᠶᠡᠨ᠎ᠡ᠃      ︵ᠵᠢᠷᠭᠤᠭ᠎ᠠ︶ ᠨᠡᠶᠢᠲᠡᠯᠡᠵᠦ ᠪᠠᠷᠠᠭᠰᠠᠨ ᠤ ᠳᠠᠷᠠᠭ᠎ᠠ᠂ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠠᠴᠠ ᠤᠷᠢᠨ ᠬᠡᠷᠡᠭᠯᠡᠬᠦ ᠭᠠᠷᠳᠠᠮ ᠭᠦᠢᠴᠡᠳᠬᠡᠨ᠎ᠡ᠃ ᠤᠷᠢᠨ ᠬᠡᠷᠡᠭᠯᠡᠬᠦ ᠳᠤ ᠠᠰᠠᠭᠤᠳᠠᠯ ᠲᠠᠢ ᠭᠡᠵᠤ ᠲᠤᠰᠬᠠᠬᠰᠠᠨ ᠮᠥᠷᠲᠡᠭᠡᠨ ᠪᠣᠳᠠᠲᠠᠢ ᠦᠨᠳᠦᠰᠦᠯᠡᠯ ᠲᠠᠢ ᠪᠣᠯ ᠤᠷᠢᠨ ᠬᠡᠷᠡᠭᠯᠡᠬᠦ ᠦᠭᠡᠢ︔ ᠲᠤᠰᠬᠠᠭᠰᠠᠨ ᠠᠰᠠᠭᠤᠳᠠᠯ ᠤᠨ ᠦᠨᠡᠨ ᠪᠣᠳᠠᠲᠠᠢ ᠶᠢ ᠪᠠᠷᠢᠨ ᠳᠣᠣᠷ᠎ᠠ ᠨᠢ ᠪᠠᠶᠢᠴᠠᠭᠠᠵᠤ ᠳᠡᠶᠢᠯᠬᠦ ᠦᠭᠡᠢ ᠪᠣᠯ  ᠤᠷᠢᠨ ᠬᠡᠷᠡᠭᠯᠡᠬᠦ ᠪᠠᠨ ᠲᠦᠷ ᠵᠣᠭᠰᠣᠭᠠᠵᠤ᠂ ᠠᠰᠠᠭᠤᠳᠠᠯ ᠢ ᠳᠣᠲᠤᠷᠬᠠᠢ ᠪᠠᠶᠢᠴᠠᠭᠠᠵᠤ ᠲᠣᠳᠣᠯᠠᠭᠰᠠᠨ ᠤ ᠰᠡᠭᠦᠯᠡᠷ ᠤᠷᠢᠨ ᠬᠡᠷᠡᠭᠯᠡᠬᠦ ᠡᠰᠡᠬᠦ ᠶᠢ ᠲᠣᠭᠲᠠᠭᠠᠨ᠎ᠠ᠃      ᠲᠤᠰ ᠤᠳᠠᠭᠠᠨ ᠤ ᠰᠣᠩᠭᠤᠨ ᠬᠡᠷᠡᠭᠯᠡᠬᠦ ᠠᠵᠢᠯ ᠳᠠᠭᠤᠰᠬᠤ ᠠᠴᠠ ᠡᠮᠦᠨ᠎ᠡ᠂ ᠠᠵᠢᠯ ᠤᠨ ᠪᠠᠶᠢᠷᠢᠨ ᠳᠤ ᠬᠥᠮᠥᠨ ᠳᠤᠲᠠᠭᠰᠠᠨ ᠪᠠᠶᠢᠳᠠᠯ ᠭᠠᠷᠪᠠᠯ᠂ ᠲᠤᠰᠬᠠᠢ ᠲᠤᠰᠢᠶᠠᠯᠲᠤ ᠠᠷᠠᠳ ᠤᠨ ᠵᠥᠷᠢᠴᠡᠯ ᠡᠶᠡᠳᠡᠭᠦᠯᠦᠭᠴᠢ ᠶᠢ ᠰᠣᠩᠭᠤᠨ ᠬᠡᠷᠡᠭᠯᠡᠬᠦ ᠤᠳᠤᠷᠢᠳᠬᠤ ᠳᠤᠭᠤᠶᠢᠯᠠᠩ ᠤᠨ ᠬᠤᠷᠠᠯ ᠢᠶᠠᠷ ᠰᠤᠳᠤᠯᠤᠭᠤᠯᠵᠤ ᠵᠥᠪᠰᠢᠶᠡᠷᠡᠭᠦᠯᠦᠭᠰᠡᠨ ᠤ ᠳᠠᠷᠠᠭ᠎ᠠ᠂ ᠠᠷᠠᠳ ᠤᠨ ᠵᠥᠷᠢᠴᠡᠯ ᠡᠶᠡᠳᠡᠭᠦᠯᠦᠭᠴᠢ ᠶᠢᠨ ᠴᠢᠳᠠᠪᠤᠷᠢᠲᠠᠨ ᠤ ᠬᠥᠮᠦᠷᠭᠡ ᠠᠴᠠ ᠨᠥᠬᠦᠬᠦ ᠬᠥᠮᠥᠨ ᠢ ᠬᠢᠨᠠᠨ ᠪᠠᠶᠢᠴᠠᠭᠠᠵᠤ ᠲᠣᠭᠲᠠᠭᠠᠨ᠎ᠠ᠃      ᠵᠢᠷᠭᠤᠭ᠎ᠠ᠂ ᠤᠷᠢᠨ ᠬᠡᠷᠡᠭᠯᠡᠬᠦ ᠬᠡᠯᠪᠡᠷᠢ ᠵᠢᠴᠢ ᠣᠯᠭᠤᠮᠵᠢ      ⒈ᠲᠤᠰᠬᠠᠢ ᠤᠳᠠᠭᠠᠨ ᠤ ᠰᠣᠩᠭᠤᠨ ᠬᠡᠷᠡᠭᠯᠡᠬᠦ ᠪᠠᠷ ᠪᠣᠯᠣᠭᠰᠠᠨ ᠲᠤᠰᠬᠠᠢ ᠲᠤᠰᠢᠶᠠᠯᠲᠤ ᠠᠷᠠᠳ ᠤᠨ ᠵᠥᠷᠢᠴᠡᠯ ᠡᠶᠡᠳᠡᠭᠦᠯᠦᠭᠴᠢ ᠲᠠᠢ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠰᠣᠩᠭᠤᠨ ᠬᠡᠷᠡᠭᠯᠡᠬᠦ ᠬᠡᠯᠡᠯᠴᠡᠭᠡᠷ ᠲᠣᠭᠲᠠᠵᠤ᠂ ᠰᠣᠩᠭᠤᠨ ᠬᠡᠷᠡᠭᠯᠡᠬᠦ ᠦᠨᠡᠮᠯᠡᠯ ᠬᠢᠵᠤ ᠥᠭᠭᠦᠨ᠂ ᠡᠳᠦᠷ ᠳᠣᠳᠥᠮ ᠤᠨ ᠬᠠᠮᠢᠶᠠᠷᠤᠯᠲᠠ ᠬᠢᠨ᠎ᠡ᠃ ᠤᠷᠢᠨ ᠬᠡᠷᠡᠭᠯᠡᠬᠦ ᠠᠵᠢᠯᠲᠠᠨ ᠬᠢᠭᠡᠳ ᠤᠷᠢᠨ ᠬᠡᠷᠡᠭᠯᠡᠬᠦ ᠨᠢᠭᠡᠴᠢ ᠨᠢ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠦᠢᠯᠡᠴᠢᠯᠡᠭᠡᠨ ᠤ ᠬᠠᠷᠢᠴᠠᠭ᠎ᠠ ᠪᠠᠶᠢᠵᠤ᠂ ᠬᠥᠳᠡᠯᠮᠦᠷᠢ ᠶᠢᠨ ᠭᠡᠷ᠎ᠡ ᠶᠢᠨ ᠬᠠᠷᠢᠴᠠᠭ᠎ᠠ ᠪᠤᠶᠤ ᠬᠥᠳᠡᠯᠮᠦᠷᠢ ᠬᠦᠴᠦᠨ ᠤ ᠬᠠᠷᠢᠴᠠᠭ᠎ᠠ ᠦᠭᠡᠢ᠃      ⒉ᠲᠤᠰᠬᠠᠢ ᠲᠤᠰᠢᠶᠠᠯᠲᠤ ᠠᠷᠠᠳ ᠤᠨ ᠵᠥᠷᠢᠴᠡᠯ ᠡᠶᠡᠳᠡᠭᠦᠯᠦᠭᠴᠢ ᠶᠢᠨ ᠴᠠᠯᠢᠩ ᠣᠯᠭᠤᠮᠵᠢ ᠶᠢ ᠵᠥᠷᠢᠴᠡᠯ ᠡᠶᠡᠳᠡᠭᠦᠯᠬᠦ ᠦᠢᠯᠡᠴᠢᠯᠡᠭᠡ ᠳᠤ ᠣᠷᠣᠯᠴᠠᠭᠰᠠᠨ ᠲᠤᠭ᠎ᠠ᠂ ᠶᠠᠰᠤ ᠴᠢᠨᠠᠷ ᠵᠢᠴᠢ ᠬᠡᠷᠡᠭ ᠤᠨ ᠵᠣᠷᠢᠯᠭ᠎ᠠ᠂ ᠬᠦᠴᠢᠷ ᠤᠨ ᠬᠡᠮᠵᠢᠶ᠎ᠡ᠂ ᠨᠡᠶᠢᠭᠡᠮ ᠤᠨ ᠨᠥᠯᠥᠭᠡ ᠵᠡᠷᠭᠡ ᠪᠠᠶᠢᠳᠠᠯ ᠲᠠᠢ ᠤᠶᠠᠯᠳᠤᠭᠤᠯᠬᠤ ᠶᠢᠨ ᠳᠠᠭᠠᠤ ᠣᠲᠤᠭ ᠬᠤᠰᠢᠭᠤᠨ ᠤ ᠠᠷᠠᠳ ᠤᠨ ᠵᠥᠷᠢᠴᠡᠯ ᠡᠶᠡᠳᠡᠭᠦᠯᠦᠭᠴᠢ ᠶᠢᠨ ᠬᠡᠷᠡᠭ ᠤᠨ ᠨᠥᠬᠦᠪᠦᠷᠢ ᠶᠢᠨ ᠲᠤᠬᠠᠢ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠲᠣᠭᠲᠠᠭᠠᠯ ᠶᠣᠰᠣᠭᠠᠷ᠂ ︽ᠨᠢᠭᠡ ᠬᠡᠷᠡᠭ ᠲᠤ ᠨᠢᠭᠡ ᠨᠥᠬᠦᠪᠦᠷᠢ ᠥᠭᠬᠦ︾ ᠳᠦᠷᠢᠮ ᠢ ᠬᠡᠷᠡᠭᠵᠢᠭᠦᠯᠦᠨ᠎ᠡ᠃ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ           2022 ᠣᠨ ᠤ 7 ᠳ᠋ᠤᠭᠠᠷ ᠰᠠᠷ᠎ᠠ ᠶᠢᠨ 15 ᠤ ᠡᠳᠦᠷ ᠳᠠᠷᠤᠮᠠᠯᠯᠠᠨ ᠲᠠᠷᠬᠠᠭᠠᠪᠠ 
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ