ᠦᠨᠳᠦᠰᠦᠨ ᠨᠠᠰᠤᠵᠢᠯ ᠤᠨ ᠳᠠᠭᠠᠳᠬᠠᠯ ᠲᠤᠰᠢᠶᠠᠬᠤ ᠬᠡᠪᠴᠢᠶ᠎ᠡ ᠶᠢ ᠥᠷᠭᠡᠳᠬᠡᠬᠦ ᠲᠤᠰᠬᠠᠢ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠲᠠᠷᠬᠠᠭᠠᠬᠤ ᠲᠤᠬᠠᠢ ᠣᠳᠤᠭ ᠬᠤᠰᠢᠭᠤᠨ ᠤ ᠠᠷᠡᠳ ᠤᠨ ᠵᠡᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2022/7/29
                  ᠣᠳᠤᠭ ᠵᠠᠰᠠᠭ ᠠᠯᠪᠠᠨ ᠲᠠᠷᠬᠠᠭᠠᠭᠰᠠᠨ ﹇2022﹈ 101 ᠳ᠋ᠦ᠋ᠭᠡᠷ ᠲᠣᠭᠠᠲᠤ            ᠦᠨᠳᠦᠰᠦᠨ ᠨᠠᠰᠤᠵᠢᠯ ᠤᠨ ᠳᠠᠭᠠᠳᠬᠠᠯ ᠲᠤᠰᠢᠶᠠᠬᠤ ᠬᠡᠪᠴᠢᠶ᠎ᠡ ᠶᠢ ᠥᠷᠭᠡᠳᠬᠡᠬᠦ ᠲᠤᠰᠬᠠᠢ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠲᠠᠷᠬᠠᠭᠠᠬᠤ ᠲᠤᠬᠠᠢ ᠣᠳᠤᠭ ᠬᠤᠰᠢᠭᠤᠨ ᠤ ᠠᠷᠡᠳ ᠤᠨ ᠵᠡᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠠᠵᠦ ᠠᠬᠤᠢ ᠶᠢᠨ ᠨᠡᠭᠡᠭᠡᠯᠲᠡ ᠶᠢᠨ ᠲᠣᠭᠤᠷᠢᠭ ︵ᠬᠦᠷᠢᠶᠡᠯᠡᠩ︶ ᠤᠨ ᠬᠠᠮᠢᠶᠠᠷᠤᠯᠲᠠ ᠶᠢᠨ ᠵᠥᠪᠯᠡᠯ᠂ ᠬᠤᠰᠢᠭᠤᠨ ︵ᠬᠤᠲᠠ︶ ᠤ  ᠰᠢᠭᠤᠳ ᠬᠠᠷᠢᠶ᠎ᠠ ᠡᠯ᠎ᠡ ᠪᠠᠶᠢᠭᠤᠯᠭ᠎ᠠ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄      ᠮᠠᠨ ᠤ ᠬᠤᠰᠢᠭᠤᠨ ᠤ ᠦᠨᠳᠦᠰᠦᠨ ᠨᠠᠰᠤᠵᠢᠯ ᠤᠨ ᠳᠠᠭᠠᠳᠬᠠᠯ ᠳᠤ ᠣᠷᠣᠯᠴᠠᠬᠤ ᠨᠣᠷᠮ᠎ᠠ ᠶᠢ ᠳᠡᠭᠡᠭᠰᠢᠯᠡᠭᠦᠯᠵᠦ᠂ ᠬᠠᠤᠯᠢ ᠪᠠᠷ ᠲᠣᠭᠲᠠᠭᠠᠭᠰᠠᠨ ᠨᠠᠰᠤᠵᠢᠯ ᠤᠨ ᠳᠠᠭᠠᠳᠬᠠᠯ ᠤᠨ ᠠᠰᠠᠷᠠᠮᠵᠢ ᠬᠦᠷᠲᠡᠬᠦ ᠬᠦᠮᠦᠰ ᠲᠤ ᠴᠥᠮ ᠨᠠᠰᠤᠵᠢᠯ ᠤᠨ ᠳᠠᠭᠠᠳᠬᠠᠯ ᠤᠨ ᠠᠰᠠᠷᠠᠮᠵᠢ ᠬᠦᠷᠲᠡᠭᠡᠬᠦ ᠶᠢ ᠠᠬᠢᠭᠤᠯᠤᠨ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠨᠠᠰᠤᠵᠢᠯ ᠤᠨ ᠳᠠᠭᠠᠳᠬᠠᠯ ᠤᠨ ᠬᠡᠪᠴᠢᠶ᠎ᠡ ᠶᠢ ᠥᠷᠭᠡᠳᠬᠡᠬᠦ ᠠᠵᠢᠯ ᠢ ᠪᠥᠬᠦ ᠬᠦᠴᠦᠨ ᠢᠶᠠᠷ ᠢᠶᠠᠨ ᠠᠬᠢᠭᠤᠯᠬᠤ  ᠶᠢᠨ ᠲᠤᠰᠠᠳᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠦᠷᠢᠶ᠎ᠡ ᠬᠡᠪᠴᠢᠶᠡᠨ ᠳᠠᠬᠢ ᠲᠣᠪᠣᠶᠢᠮ᠎ᠠ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢᠨ ᠶᠡᠷᠦᠩᠬᠡᠶ ᠲᠥᠰᠦᠯ︾ ︵ᠥᠪᠥᠷ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠲᠠᠷᠬᠠᠭᠠᠭᠰᠠᠨ ﹇2022﹈ 22 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠳᠤ ᠦᠨᠳᠦᠰᠦᠯᠡᠨ᠂ ᠦᠨᠳᠦᠰᠦᠨ ᠨᠠᠰᠤᠵᠢᠯ ᠤᠨ ᠳᠠᠭᠠᠳᠬᠠᠯ ᠲᠤᠰᠢᠶᠠᠬᠤ ᠬᠡᠪᠴᠢᠶ᠎ᠡ ᠶᠢ ᠥᠷᠭᠡᠳᠬᠡᠬᠦ ᠲᠤᠰᠬᠠᠶ ᠠᠵᠢᠯᠯᠠᠭ᠎ᠠ ᠥᠷᠨᠢᠭᠦᠯᠬᠦ ᠪᠠᠷ ᠲᠣᠭᠲᠠᠵᠤ᠂ ᠬᠤᠰᠢᠭᠤᠨ ᠤ ᠪᠠᠨ ᠪᠣᠳᠠᠲᠠᠶ ᠲᠠᠢ ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠃      ᠨᠢᠭᠡ᠂ ᠶᠡᠷᠦᠩᠬᠡᠢ ᠬᠠᠷᠠᠯᠲᠠ      ᠲᠤᠰᠬᠠᠶ ᠠᠵᠢᠯᠯᠠᠭ᠎ᠠ ᠪᠠᠷ ᠳᠠᠮᠵᠢᠭᠤᠯᠤᠨ᠂ ᠨᠢᠭᠡᠨᠲᠡ ᠳᠠᠭᠠᠳᠬᠠᠯ ᠳᠤ ᠣᠷᠣᠯᠴᠠᠵᠤ ᠵᠠᠷᠤᠳᠠᠯ ᠲᠤᠰᠢᠶᠠᠭᠰᠠᠨ ᠬᠥᠮᠦᠰ ᠤᠨ ᠣᠷᠳᠣ ᠬᠤᠭᠤᠴᠠᠭ᠎ᠠ ᠪᠠᠷ ᠲᠠᠰᠤᠯᠳᠠᠭᠤᠯᠤᠯ ᠦᠭᠡᠢ ᠵᠠᠷᠤᠳᠠᠯ ᠲᠤᠰᠢᠶᠠᠬᠤ ᠶᠢ ᠠᠬᠢᠭᠤᠯᠵᠤ᠂ ᠳᠠᠭᠠᠳᠬᠠᠯ ᠳᠤ ᠣᠷᠣᠯᠴᠠᠭᠠᠳᠤᠶ ᠬᠥᠮᠦᠰ ᠤᠨ ᠡᠷᠲᠡᠬᠡᠨ ᠳᠠᠭᠠᠳᠬᠠᠯ ᠳᠤ ᠣᠷᠣᠯᠴᠠᠵᠤ ᠵᠠᠷᠤᠳᠠᠯ ᠲᠤᠰᠢᠶᠠᠬᠤ ᠶᠢ ᠵᠢᠯᠣᠭᠤᠳᠤᠨ᠂ ᠠᠵᠤ ᠠᠬᠤᠶᠢᠯᠠᠯ ᠠᠵᠢᠯ ᠦᠶᠯᠡᠰ ᠤᠨ ᠨᠢᠭᠡᠴᠢ ᠶᠢᠨ ᠠᠵᠢᠯᠲᠠᠨ ᠠᠵᠢᠯᠴᠢᠨ᠂ ᠰᠢᠨ᠎ᠡ ᠡᠵᠡᠩᠨᠡᠯᠲᠡ ᠶᠢᠨ ᠪᠠᠶᠢᠳᠠᠯ ᠤᠨ ᠠᠵᠢᠯᠲᠠᠨ᠂ ᠴᠢᠯᠦᠭᠡᠲᠡᠢ ᠠᠵᠢᠯᠯᠠᠳᠠᠭ ᠬᠥᠮᠦᠰ ᠪᠠ ᠬᠤᠲᠠ ᠬᠥᠳᠡᠭᠡ ᠶᠢᠨ ᠰᠠᠭᠤᠭᠠᠯᠢ ᠠᠷᠠᠳ ᠵᠡᠷᠭᠡ ᠳᠠᠭᠠᠳᠬᠠᠯ ᠳᠤ ᠣᠷᠣᠯᠴᠠᠭᠠᠳᠤᠢ ᠵᠣᠬᠢᠬᠤ ᠨᠠᠰᠤᠨ ᠤ ᠬᠥᠮᠦᠰ ᠤᠨ ᠨᠠᠰᠤᠵᠢᠯ ᠤᠨ ᠳᠠᠭᠠᠳᠬᠠᠯ ᠳᠤ ᠣᠷᠣᠯᠴᠠᠬᠤ ᠶᠢ ᠭᠤᠤᠯᠳᠠᠯᠭ᠎ᠠ ᠲᠠᠢ ᠠᠬᠢᠭᠤᠯᠵᠤ᠂ 2022 ᠣᠨ ᠤ ᠦᠨᠳᠦᠰᠦᠨ ᠨᠠᠰᠤᠵᠢᠯ ᠤᠨ ᠳᠠᠭᠠᠳᠬᠠᠯ ᠤᠨ ᠬᠡᠪᠴᠢᠶ᠎ᠡ ᠶᠢ ᠥᠷᠭᠡᠳᠬᠡᠬᠦ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠦᠨ᠂ ᠠᠵᠤ ᠠᠬᠤᠶ ᠨᠡᠶᠢᠭᠡᠮ ᠪᠠ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠪᠥᠬᠦ ᠬᠤᠰᠢᠭᠤᠨ  ᠤ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠡᠷᠬᠡ ᠲᠡᠭᠰᠢ ᠬᠦᠷᠲᠡᠭᠡᠨ᠎ᠡ᠃      ᠬᠤᠶᠠᠷ᠂ ᠠᠵᠢᠯ ᠤᠨ ᠠᠷᠭ᠎ᠠ ᠬᠡᠮᠵᠢᠶ᠎ᠡ      ︵ᠨᠢᠭᠡ︶ ᠳᠠᠭᠠᠳᠬᠠᠯ ᠳᠤ ᠣᠷᠣᠯᠴᠠᠭᠠᠳᠤᠢ ᠬᠥᠮᠦᠰ ᠢ ᠣᠨᠣᠪᠴᠢᠲᠠᠶ ᠢᠯᠭᠠᠨ ᠲᠠᠨᠢᠨ᠎ᠠ᠃ ᠥᠪᠡᠷᠲᠡᠭᠡᠨ ᠵᠠᠰᠠᠬᠤ ᠣᠷᠣᠨ ᠤ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠤᠨ ᠳᠠᠭᠠᠳᠬᠠᠯ ᠳᠤ ᠣᠷᠣᠯᠴᠠᠬᠤ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢᠨ ᠬᠥᠮᠥᠷᠭᠡ ᠶᠢ ᠰᠢᠭᠰᠢᠨ ᠪᠠᠶᠢᠴᠠᠭᠠᠬᠤ ᠪᠠᠷ ᠭᠤᠤᠯ ᠠᠷᠭ᠎ᠠ ᠪᠠᠷᠢᠯ ᠪᠣᠯᠭᠠᠵᠤ᠂ ᠠᠵᠢᠯ ᠤᠨ ᠪᠣᠳᠠᠲᠠᠶ ᠪᠠᠨ ᠦᠨᠳᠦᠰᠦᠯᠡᠨ᠂ ᠬᠠᠮᠢᠶ᠎ᠠ ᠪᠥᠬᠦᠶ ᠪᠠᠶᠢᠭᠤᠯᠭ᠎ᠠ ᠶᠢᠨ ᠲᠤᠭ᠎ᠠ ᠪᠠᠷᠢᠮᠲᠠ ᠶᠢ ᠬᠠᠷᠭᠤᠭᠤᠯᠵᠤ᠂ ᠦᠨᠳᠦᠰᠦᠨ ᠱᠠᠲᠤᠨ ᠤ ᠲᠣᠣᠷᠴᠢᠯᠠᠭᠰᠠᠨ ᠬᠠᠮᠢᠶᠠᠷᠤᠯᠲᠠ ᠶᠢᠨ ᠠᠵᠢᠯᠲᠠᠨ ᠤ ᠡᠬᠢ ᠪᠠᠶᠠᠯᠢᠭ ᠲᠤ ᠲᠦᠰᠢᠭᠯᠡᠨ᠂ ᠡᠷᠦᠬᠡ ᠳᠤ ᠬᠦᠷᠴᠦ ᠪᠠᠶᠢᠴᠠᠭᠠᠯᠲᠠ ᠬᠢᠵᠦ᠂ ᠳᠠᠭᠠᠳᠬᠠᠯ ᠳᠤ ᠣᠷᠣᠯᠴᠠᠭᠠᠳᠤᠢ ᠬᠥᠮᠦᠰ ᠵᠢᠴᠢ ᠲᠡᠳᠡᠨ ᠤ ᠦᠨᠳᠦᠰᠦᠨ ᠪᠠᠶᠢᠳᠠᠯ ᠢ ᠣᠨᠣᠪᠴᠢᠲᠠᠶ ᠣᠶᠢᠯᠠᠭᠠᠨ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠠ ᠨᠡᠶᠢᠭᠡᠮ ᠤᠨ ᠳᠠᠭᠠᠳᠬᠠᠯ ᠤᠨ ᠦᠶᠯᠡᠴᠢᠯᠡᠭᠡᠨ ᠤ ᠠᠵᠢᠯ ᠢ ᠴᠢᠭᠯᠡᠯᠲᠡ ᠴᠢᠨᠠᠷᠲᠠᠶ ᠪᠠᠷ ᠥᠷᠨᠢᠭᠦᠯᠵᠦ᠂ ᠳᠠᠭᠠᠳᠬᠠᠯ ᠳᠤ ᠣᠷᠣᠯᠴᠠᠭᠠᠳᠤᠢ ᠬᠥᠮᠦᠰ ᠢ ᠬᠥᠲᠥᠯᠦᠨ ᠵᠢᠯᠣᠭᠤᠳᠴᠤ ᠪᠠᠶᠢᠭᠠᠳ ᠳᠠᠭᠠᠳᠬᠠᠯ ᠳᠤ ᠣᠷᠣᠯᠴᠠᠭᠤᠯᠤᠨ ᠵᠠᠷᠤᠳᠠᠯ ᠲᠤᠰᠢᠶᠠᠯᠭᠠᠨ᠎ᠠ᠃      ︵ᠬᠤᠶᠠᠷ︶ ᠳᠠᠭᠠᠳᠬᠠᠯ ᠳᠤ ᠣᠷᠣᠯᠴᠠᠵᠤ ᠵᠠᠷᠤᠳᠠᠯ ᠲᠤᠰᠢᠶᠠᠬᠤ ᠶᠢ ᠠᠬᠢᠭᠤᠯᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ ᠰᠢᠨ᠎ᠡ ᠡᠵᠡᠩᠨᠡᠯᠲᠡ ᠶᠢᠨ ᠪᠠᠶᠢᠳᠠᠯ ᠵᠡᠷᠭᠡ ᠴᠢᠯᠦᠭᠡᠲᠡᠢ ᠠᠵᠢᠯᠯᠠᠳᠠᠭ ᠳᠠᠭᠠᠳᠬᠠᠯ ᠳᠤ ᠣᠷᠣᠯᠴᠠᠭᠠᠳᠤᠢ ᠬᠥᠮᠦᠰ ᠤᠨ ᠨᠠᠰᠤ ᠵᠢᠯ ᠨᠢ ᠨᠡᠶᠢᠳᠡᠮ ᠳᠡᠭᠡᠨ ᠪᠠᠭ᠎ᠠ ᠪᠠᠶᠢᠬᠤ᠂ ᠳᠠᠭᠠᠳᠬᠠᠯ ᠳᠤ ᠣᠷᠣᠯᠴᠠᠵᠤ ᠵᠠᠷᠤᠳᠠᠯ ᠲᠤᠰᠢᠶᠠᠬᠤ ᠤᠬᠠᠮᠰᠠᠷ ᠳᠣᠣᠷ᠎ᠠ ᠪᠠᠶᠢᠬᠤ ᠵᠡᠷᠭᠡ ᠠᠰᠠᠭᠤᠳᠠᠯ ᠳᠤ ᠴᠢᠭᠯᠡᠭᠦᠯᠦᠨ᠂ ᠳᠠᠭᠠᠳᠬᠠᠯ ᠳᠤ ᠣᠷᠣᠯᠴᠠᠵᠤ ᠵᠠᠷᠤᠳᠠᠯ ᠲᠤᠰᠢᠶᠠᠭᠰᠠᠨ ᠢ ᠤᠷᠮᠠᠰᠢᠭᠤᠯᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠴᠢᠭᠯᠡᠯᠲᠡ ᠴᠢᠨᠠᠷ ᠢᠶᠠᠷ ᠨᠠᠩ ᠴᠢᠩᠭ᠎ᠠ ᠠᠷᠭ᠎ᠠ ᠬᠡᠮᠵᠢᠶ᠎ᠡ ᠶᠢ ᠰᠦᠪᠡᠭᠴᠢᠯᠡᠨ᠂ ᠳᠠᠭᠠᠳᠬᠠᠯ ᠳᠤ ᠣᠷᠣᠯᠴᠠᠭᠠᠳᠤᠢ ᠬᠥᠮᠦᠰ ᠤᠨ ᠡᠷᠲᠡᠬᠡᠨ ᠳᠠᠭᠠᠳᠬᠠᠯ ᠳᠤ ᠣᠷᠣᠯᠴᠠᠵᠤ ᠵᠠᠷᠤᠳᠠᠯ ᠲᠤᠰᠢᠶᠠᠬᠤ ᠶᠢ ᠬᠥᠲᠥᠯᠦᠨ ᠵᠢᠯᠣᠭᠤᠳᠤᠨ᠎ᠠ᠃ ᠠᠵᠢᠯ ᠣᠯᠭᠤᠬᠤ ᠰᠢᠨ᠎ᠡ ᠪᠠᠶᠢᠳᠠᠯ ᠳᠠᠬᠢ ᠬᠥᠳᠡᠯᠮᠦᠷᠢᠯᠡᠭᠴᠢᠳ ᠤᠨ ᠬᠥᠳᠡᠯᠮᠦᠷᠢ ᠶᠢᠨ ᠪᠠᠲᠤᠯᠠᠭ᠎ᠠ ᠶᠢᠨ ᠡᠷᠬᠡ ᠠᠰᠢᠭ ᠢ ᠬᠠᠮᠠᠭᠠᠯᠠᠬᠤ ᠲᠤᠰᠬᠠᠶ ᠠᠵᠢᠯᠯᠠᠭ᠎ᠠ ᠶᠢᠨ ᠦᠷ᠎ᠡ ᠪᠦᠲᠦᠭᠡᠯ ᠢ ᠭᠦᠶᠴᠡᠳ ᠠᠰᠢᠭᠯᠠᠨ᠂ ᠠᠵᠢᠯ ᠣᠯᠭᠤᠬᠤ ᠰᠢᠨ᠎ᠡ ᠪᠠᠶᠢᠳᠠᠯ ᠳᠠᠬᠢ ᠬᠥᠳᠡᠯᠮᠦᠷᠢᠯᠡᠭᠴᠢᠳ ᠤᠨ ᠬᠥᠳᠡᠯᠮᠦᠷᠢ ᠶᠢᠨ ᠪᠠᠲᠤᠯᠠᠭ᠎ᠠ ᠶᠢᠨ ᠡᠷᠬᠡ ᠠᠰᠢᠭ ᠢ ᠬᠠᠮᠠᠭᠠᠯᠠᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ ᠲᠦᠷᠭᠡᠨ ᠬᠦᠷᠭᠡᠬᠦ᠂ ᠵᠠᠬᠢᠶᠠᠯᠠᠭ᠎ᠠ ᠶᠢᠨ ᠬᠤᠭᠤᠯᠠ ᠬᠦᠷᠭᠡᠬᠦ᠂ ᠰᠦᠯᠵᠢᠶᠡᠨ ᠳᠡᠭᠡᠷ᠎ᠡ ᠲᠡᠷᠭᠡ ᠳᠠᠭᠤᠳᠠᠬᠤ ᠵᠡᠷᠭᠡ ᠲᠠᠪᠴᠠᠩ ᠤᠨ ᠠᠵᠢᠯᠯᠠᠭᠰᠠᠳ ᠤᠨ ᠳᠠᠭᠠᠳᠬᠠᠯ ᠳᠤ ᠣᠷᠣᠯᠴᠠᠬᠤ ᠲᠥᠷᠥ ᠶᠢᠨ ᠪᠣᠳᠣᠯᠭ᠎ᠠ ᠶᠢ ᠴᠠᠭ ᠲᠤᠬᠠᠶ ᠳᠤᠨᠢ ᠨᠠᠶᠢᠳᠠᠪᠤᠷᠢᠵᠢᠭᠤᠯᠵᠤ᠂ ᠬᠠᠮᠢᠶ᠎ᠠ ᠪᠥᠬᠦᠶ ᠠᠵᠢᠯᠯᠠᠭᠰᠠᠳ ᠢ ᠬᠥᠲᠥᠯᠦᠨ ᠵᠢᠯᠣᠭᠤᠳᠴᠤ ᠪᠠᠶᠢᠭᠠᠳ ᠳᠠᠭᠠᠳᠬᠠᠯ ᠳᠤ ᠣᠷᠣᠯᠴᠠᠭᠤᠯᠤᠨ᠎ᠠ᠃ ᠪᠠᠷᠢᠯᠭ᠎ᠠ ᠶᠢᠨ ᠬᠦᠷᠢᠶ᠎ᠡ ᠬᠡᠪᠴᠢᠶᠡᠨ ᠳᠠᠬᠢ ᠠᠵᠢᠯᠯᠠᠭᠰᠠᠳ ᠤᠨ ᠦᠨᠡᠨ ᠨᠡᠷ᠎ᠡ ᠪᠠᠷ ᠳᠠᠩᠰᠠᠯᠠᠬᠤ ᠳᠦᠷᠢᠮ ᠤᠨ ᠬᠠᠮᠢᠶᠠᠷᠤᠯᠲᠠ ᠶᠢ ᠤᠯᠠᠮ ᠴᠢᠩᠭᠠᠳᠬᠠᠵᠤ᠂ ᠪᠠᠷᠢᠯᠭ᠎ᠠ ᠶᠢᠨ ᠠᠵᠢᠯ ᠨᠢ ᠲᠥᠷᠥᠯ ᠵᠦᠢᠯ ᠳᠡᠭᠡᠨ ᠦᠨᠳᠦᠰᠦᠯᠡᠵᠦ  ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠳᠤ ᠣᠷᠣᠯᠴᠠᠬᠤ ᠣᠨᠴᠠᠯᠢᠭ ᠲᠠᠢ ᠤᠶᠠᠯᠳᠤᠭᠤᠯᠤᠨ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠨᠠᠰᠤᠵᠢᠯ ᠤᠨ ᠳᠠᠭᠠᠳᠬᠠᠯ ᠳᠤ ᠣᠷᠣᠯᠴᠠᠬᠤ ᠡᠯ᠎ᠡ ᠵᠦᠢᠯ ᠤᠨ ᠠᠵᠢᠯ ᠢ ᠰᠠᠶᠢᠲᠤᠷ ᠬᠢᠨ᠎ᠡ᠃      ︵ᠭᠤᠷᠪᠠ︶ ᠭᠠᠷᠲᠠᠨ ᠭᠦᠶᠴᠡᠳᠬᠡᠬᠦ ᠦᠶᠯᠡᠴᠢᠯᠡᠭᠡᠨ ᠤ ᠴᠢᠳᠠᠪᠬᠢ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ ᠣᠯᠠᠨ ᠲᠦᠮᠡᠨ ᠤ ᠤᠴᠢᠷ ᠶᠠᠪᠤᠳᠠᠯ ᠭᠦᠶᠴᠡᠳᠬᠡᠬᠦ ᠳᠤ ︽ᠳᠤᠲᠠᠭᠤ ᠭᠦᠶᠦᠬᠦ᠂  ᠰᠢᠨᠠᠯᠭᠠᠬᠤ ᠥᠬᠡᠶ᠂ ᠬᠥᠮᠦᠨ ᠢ ᠭᠤᠶᠤᠬᠤ ᠥᠬᠡᠶ︾ ᠪᠠᠶᠢᠬᠤ ᠠᠵᠢᠯ ᠤᠨ ᠬᠠᠷᠠᠯᠲᠠ ᠲᠠᠢ ᠨᠢᠭᠲᠠ ᠤᠶᠠᠯᠳᠤᠭᠤᠯᠤᠨ᠂ ᠶᠡᠷᠦᠩᠬᠡᠶᠢᠯᠡᠭᠰᠡᠨ ᠴᠣᠩᠬᠤᠪᠴᠢ ᠶᠢᠨ ᠠᠵᠢᠯᠲᠠᠨ ᠤ ᠲᠦᠷᠢᠮ ᠤᠨ ᠵᠠᠭᠪᠤᠷ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠦᠶᠯᠡᠴᠢᠯᠡᠭᠡᠨ ᠤ ᠵᠦᠶᠯᠡᠰ ᠤᠨ ᠪᠠᠷᠢᠮᠵᠢᠶᠠᠵᠢᠭᠤᠯᠤᠯᠲᠠ ᠶᠢ ᠴᠢᠩᠭᠠᠳᠬᠠᠨ᠂ ᠨᠠᠰᠤᠵᠢᠯ ᠤᠨ ᠳᠠᠭᠠᠳᠬᠠᠯ ᠳᠤ ᠣᠷᠣᠯᠴᠠᠭᠰᠠᠨ ᠢ ᠳᠡᠩᠰᠡᠯᠡᠨ ᠲᠡᠮᠳᠡᠭᠯᠡᠬᠦ ᠠᠵᠢᠯ ᠤᠨ ︽ᠣᠨᠳᠣᠤ ᠭᠠᠵᠠᠷ ᠲᠤ ᠭᠦᠶᠴᠡᠳᠬᠡᠬᠦ᠂ ᠪᠥᠬᠦ ᠣᠷᠣᠨ ᠳᠤ ᠨᠡᠶᠢᠳᠡᠮ ᠭᠦᠶᠴᠡᠳᠬᠡᠬᠦ︾ ᠶᠢ ᠪᠡᠶᠡᠯᠡᠭᠦᠯᠦᠨ᠎ᠡ᠃ ︽ᠰᠦᠯᠵᠢᠶᠡᠨ ᠳᠡᠭᠡᠷ᠎ᠡ ᠭᠦᠶᠴᠡᠳᠬᠡᠬᠦ᠂ ᠭᠠᠷ ᠤᠲᠠᠰᠤᠨ ᠳᠡᠭᠡᠷ᠎ᠡ ᠭᠦᠶᠴᠡᠳᠬᠡᠬᠦ︾ ᠦᠶᠯᠡᠴᠢᠯᠡᠭᠡᠨ ᠤ ᠵᠠᠭᠪᠤᠷ ᠢ ᠶᠡᠬᠡᠪᠡᠷ ᠳᠡᠯᠭᠡᠷᠡᠭᠦᠯᠵᠦ᠂ ᠣᠨᠳᠣᠤ ᠭᠠᠵᠠᠷ ᠳᠠᠭᠠᠳᠬᠠᠯ ᠳᠤ ᠣᠷᠣᠯᠴᠠᠵᠤ ᠵᠠᠷᠤᠳᠠᠯ ᠲᠤᠰᠢᠶᠠᠬᠤ ᠶᠢ ᠳᠠᠷᠤᠶᠢᠬᠠᠨ ᠭᠦᠶᠴᠡᠳᠬᠡᠵᠦ ᠳᠠᠭᠤᠰᠬᠠᠬᠤ ᠶᠢ ᠪᠡᠶᠡᠯᠡᠭᠦᠯᠦᠨ᠎ᠡ᠃ ︽ᠣᠷᠣᠯᠠᠨ ᠭᠦᠶᠴᠡᠳᠬᠡᠬᠦ︾᠂ ︽ᠣᠶᠢᠷ᠎ᠠ ᠬᠠᠪᠢ ᠳᠤ ᠨᠢ ᠭᠦᠶᠴᠡᠳᠬᠡᠬᠦ︾ ᠰᠦᠯᠵᠢᠶᠡᠨ ᠤ ᠦᠢᠯᠡᠴᠢᠯᠡᠭᠡ  ᠶᠢ ᠲᠡᠭᠦᠯᠳᠡᠷᠵᠢᠭᠦᠯᠦᠨ᠎ᠡ᠃ ᠴᠣᠩᠬᠤᠪᠴᠢ ᠪᠠᠷ ᠦᠢᠯᠡᠴᠢᠯᠡᠬᠦ ᠠᠵᠢᠯᠲᠠᠳ ᠤᠨ ᠲᠦᠷᠦ ᠶᠢᠨ ᠪᠤᠳᠤᠯᠭ᠎ᠠ ᠬᠠᠤᠯᠢ ᠲᠣᠭᠲᠠᠭᠠᠯ᠂ ᠲᠤᠬᠠᠶᠢᠯᠠᠭᠰᠠᠨ ᠠᠵᠢᠯ ᠤᠨ ᠭᠠᠷᠳᠠᠨ ᠭᠦᠢᠴᠡᠳᠬᠡᠬᠦ ᠪᠣᠯᠪᠠᠰᠤᠷᠠᠯ ᠢ ᠴᠢᠩᠭᠠᠳᠬᠠᠵᠤ᠂ ᠠᠪᠢᠶᠠᠰ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠢ ᠪᠠᠶᠢᠩᠭᠤ ᠥᠷᠨᠢᠭᠦᠯᠦᠨ᠂ ᠴᠣᠩᠬᠤᠪᠴᠢ ᠶᠢᠨ ᠭᠠᠷᠳᠠᠨ ᠭᠦᠢᠴᠡᠳᠬᠡᠭᠴᠢ ᠶᠢᠨ ᠪᠦᠬᠦᠯᠢ ᠴᠣᠭᠴᠠ ᠶᠢᠨ ᠬᠡᠪ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠤᠯᠠᠨ ᠲᠦᠮᠡᠨ ᠲᠤ ᠴᠢᠨᠠᠷ ᠰᠠᠶᠢᠲᠠᠢ᠂ ᠥᠨᠳᠥᠷ ᠪᠦᠲᠦᠮᠵᠢᠲᠡᠢ᠂ ᠳᠥᠭᠦᠮ ᠳᠥᠲᠡ ᠭᠠᠷᠳᠠᠨ ᠭᠦᠢᠴᠡᠳᠬᠡᠬᠦ ᠦᠢᠯᠡᠴᠢᠯᠡᠭᠡ ᠬᠠᠩᠭᠠᠨ᠎ᠠ᠃      ︵ᠳᠥᠷᠪᠡ︶ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠲᠠᠶᠢᠯᠤᠮᠵᠢ ᠶᠢ ᠴᠢᠩᠭᠠᠳᠬᠠᠨ᠎ᠠ᠃ ᠰᠢᠨ᠎ᠡ ᠲᠥᠷᠥ ᠶᠢᠨ ᠪᠣᠳᠣᠯᠭ᠎ᠠ᠂ ᠰᠢᠨ᠎ᠡ ᠠᠷᠭ᠎ᠠ ᠬᠡᠮᠵᠢᠶ᠎ᠡ  ᠳᠤ ᠴᠢᠭᠯᠡᠭᠦᠯᠦᠨ᠂ ᠰᠢᠨ᠎ᠡ ᠤᠬᠠᠭᠤᠯᠭ᠎ᠠ ᠶᠢᠨ ᠠᠭᠤᠯᠭ᠎ᠠ ᠶᠢ ᠲᠣᠭᠲᠠᠭᠠᠵᠤ᠂ ᠷᠠᠳᠢᠣ᠋᠂ ᠲᠧᠯᠸᠢᠰ᠂ ᠰᠣᠨᠢᠨ ᠰᠡᠳᠬᠦᠯ᠂ ᠢᠨᠲ᠋ᠧᠷ ᠰᠦᠯᠵᠢᠶ᠎ᠡ ᠵᠡᠷᠭᠡ ᠤᠯᠠᠮᠵᠢᠯᠠᠬᠤ ᠵᠠᠭᠤᠴᠢ ᠶᠢ ᠠᠰᠢᠭᠯᠠᠨ᠂ ᠥᠷᠭᠡᠨ ᠳᠡᠯᠭᠡᠷ ᠤᠬᠠᠭᠤᠯᠭ᠎ᠠ ᠬᠢᠵᠦ᠂ ᠣᠯᠠᠨ ᠲᠦᠮᠡᠨ ᠳᠤ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠨ᠂ ᠣᠯᠭᠤᠮᠵᠢ ᠶᠢ ᠢᠯᠭᠠᠷᠠᠭᠤᠯᠤᠨ ᠪᠣᠳᠣᠵᠤ᠂ ᠣᠯᠠᠨ ᠲᠦᠮᠡᠨ ᠤ ᠳᠠᠭᠠᠳᠬᠠᠯ ᠳᠤ ᠣᠷᠣᠯᠴᠠᠬᠤ ᠤᠬᠠᠮᠰᠠᠷᠲᠤ ᠴᠢᠨᠠᠷ᠂ ᠰᠠᠨᠠᠭᠠᠴᠢᠯᠠᠭᠠᠲᠤ ᠴᠢᠨᠠᠷ ᠢ ᠨᠡᠮᠡᠭᠳᠡᠭᠦᠯᠦᠨ᠂ ︽ᠳᠠᠭᠠᠳᠬᠠᠯ  ᠳᠤ ᠣᠷᠣᠯᠴᠠᠭᠤᠯᠬᠤ︾ ᠠᠴᠠ ︽ᠳᠠᠭᠠᠳᠬᠠᠯ ᠳᠤ ᠣᠷᠣᠯᠴᠠᠬᠤ︾ ᠪᠣᠯᠭᠠᠨ ᠬᠤᠪᠢᠷᠠᠭᠤᠯᠤᠨ᠎ᠠ᠃ ᠤᠬᠠᠭᠤᠯᠭ᠎ᠠ ᠶᠢᠨ ᠠᠷᠭ᠎ᠠ ᠮᠠᠶ᠋ᠢᠭ ᠢ ᠲᠠᠰᠤᠷᠠᠯᠲᠠ ᠦᠭᠡᠢ ᠰᠢᠨᠡᠴᠢᠯᠡᠵᠦ᠂ ᠳᠠᠭᠠᠳᠬᠠᠯ ᠳᠤ ᠣᠷᠣᠯᠴᠠᠭᠠᠳᠤᠶ ᠬᠥᠮᠦᠰ ᠤᠨ ᠣᠨᠴᠠᠯᠢᠭ ᠲᠠᠢ ᠤᠶᠠᠯᠳᠤᠭᠤᠯᠤᠨ᠂ ︽ᠭᠤᠷᠪᠠ ᠶᠢ ᠳᠡᠭᠡᠭᠰᠢ ᠮᠡᠳᠡᠭᠦᠯᠵᠦ ᠳᠥᠷᠪᠡ ᠳᠤ ᠤᠬᠠᠭᠤᠯᠬᠤ ︾ ᠤᠬᠠᠭᠤᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠦᠨ᠎ᠡ᠃      ᠭᠤᠷᠪᠠ᠂ ᠬᠡᠷᠡᠭᠵᠢᠭᠦᠯᠬᠦ ᠠᠯᠬᠤᠮ ᠳᠠᠷᠠᠭ᠎ᠠ ᠪᠠ ᠴᠠᠭ ᠤᠨ ᠲᠣᠬᠢᠷᠠᠭᠤᠯᠭ᠎ᠠ      ︵ᠨᠢᠭᠡ︶ ᠮᠡᠳᠡᠭᠡ ᠵᠠᠩᠭᠢ ᠶᠢᠨ ᠰᠢᠰᠲ᠋ᠧᠮ ᠤᠨ ᠲᠤᠭ᠎ᠠ ᠪᠠᠷᠢᠮᠲᠠ ᠶᠢ ᠲᠡᠭᠦᠯᠳᠡᠷᠵᠢᠭᠦᠯᠬᠦ ︵2022 ᠣᠨ ᠤ 7 ᠳ᠋ᠤᠭᠠᠷ ᠰᠠᠷ᠎ᠠ︶᠃ ᠥᠪᠡᠷᠲᠡᠭᠡᠨ ᠵᠠᠰᠠᠬᠤ ᠣᠷᠣᠨ ᠤ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠳᠤ ᠴᠠᠭ ᠲᠤᠬᠠᠶ ᠳᠤᠨᠢ ᠣᠷᠣᠵᠤ᠂ ᠮᠡᠳᠡᠭᠡ ᠵᠠᠩᠭᠢ ᠶᠢᠨ ᠰᠢᠰᠲ᠋ᠧᠮ ᠳᠠᠬᠢ ᠨᠢᠭᠡᠨᠲᠡ ᠳᠠᠭᠠᠳᠬᠠᠯ ᠳᠤ ᠣᠷᠣᠯᠴᠠᠭᠰᠠᠨ ᠲᠤᠭ᠎ᠠ ᠪᠠᠷᠢᠮᠲᠠ ᠬᠢᠭᠡᠳ ᠲᠤᠭ᠎ᠠ ᠪᠦᠷᠢᠳᠬᠡᠯ ᠤᠨ ᠮᠡᠳᠡᠭᠦᠯᠬᠦ ᠬᠦᠰᠦᠨᠦᠭᠲᠦ ᠶᠢᠨ ᠲᠤᠭ᠎ᠠ ᠪᠠᠷᠢᠮᠲᠠ ᠶᠢᠨ ᠵᠥᠷᠢᠶ᠎ᠡ ᠶᠢ ᠭᠦᠨᠵᠡᠭᠡᠶ ᠵᠠᠳᠠᠯᠬᠤ ᠶᠢᠨ ᠬᠠᠮᠲᠤ ᠨᠢᠭᠡᠳ ᠨᠢᠭᠡ ᠪᠠᠷ ᠬᠢᠨᠠᠨ ᠬᠠᠷᠭᠤᠭᠤᠯᠤᠨ᠎ᠠ᠃ ᠬᠤᠰᠢᠭᠤᠨ ᠤ ᠦᠨᠳᠦᠰᠦᠨ ᠨᠠᠰᠤᠵᠢᠯ ᠤᠨ ᠳᠠᠭᠠᠳᠬᠠᠯ ᠲᠤᠰᠢᠶᠠᠬᠤ ᠬᠡᠪᠴᠢᠶ᠎ᠡ ᠶᠢ ᠥᠷᠭᠡᠳᠬᠡᠬᠦ ᠲᠤᠰᠬᠠᠶ ᠠᠵᠢᠯ ᠤᠨ ᠳᠤᠭᠤᠶᠢᠯᠠᠩ ᠤᠨ ᠠᠯᠪᠠᠨ ᠬᠡᠷ ᠲᠤ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠭᠰᠠᠨ ᠮᠡᠳᠡᠭᠡ ᠵᠠᠩᠭᠢ ᠬᠢᠭᠡᠳ ᠲᠤᠭ᠎ᠠ ᠪᠦᠷᠢᠳᠬᠡᠯ ᠤᠨ ᠮᠡᠳᠡᠭᠦᠯᠬᠦ ᠬᠦᠰᠦᠨᠦᠭᠲᠦ ᠶᠢᠨ ᠲᠤᠭ᠎ᠠ ᠪᠠᠷᠢᠮᠲᠠ ᠶᠢᠨ ᠵᠥᠷᠢᠶ᠎ᠡ ᠶᠢᠨ ᠪᠠᠶᠢᠳᠠᠯ ᠤᠨ ᠲᠣᠳᠣᠷᠬᠠᠶᠢᠯᠠᠯᠲᠠ ᠶᠢ ᠱᠠᠭᠠᠷᠳᠠᠯᠭ᠎ᠠ ᠶᠣᠰᠣᠭᠠᠷ ᠮᠡᠳᠡᠭᠦᠯᠵᠦ᠂ ᠲᠤᠭ᠎ᠠ ᠪᠠᠷᠢᠮᠲᠠ ᠶᠢ ᠦᠨᠡᠨᠬᠦ ᠬᠠᠮᠠᠭᠠᠯᠠᠬᠤ ᠴᠢᠬᠤᠯᠠᠲᠠᠶ ᠪᠣᠯ ᠲᠤᠭ᠎ᠠ ᠪᠠᠷᠢᠮᠲᠠ ᠶᠢ ᠬᠠᠮᠠᠭᠠᠯᠠᠭᠰᠠᠨ ᠨᠠᠷᠢᠨ ᠳᠠᠩᠰᠠ ᠶᠢ ᠬᠠᠮᠲᠤ ᠳᠤᠨᠢ ᠮᠡᠳᠡᠭᠦᠯᠦᠨ᠎ᠡ᠃      ︵ᠬᠤᠶᠠᠷ︶ ᠤᠬᠠᠭᠤᠯᠵᠤ ᠬᠥᠲᠥᠯᠥᠨ ᠵᠢᠯᠣᠭᠤᠳᠬᠤ ︵2022 ᠣᠨ ᠤ 2 ᠳ᠋ᠤᠭᠠᠷ ᠰᠠᠷ᠎ᠠ — 12 ᠳ᠋ᠤᠭᠠᠷ ᠰᠠᠷ᠎ᠠ︶᠃ ᠠᠵᠢᠯ ᠤᠨ ᠪᠣᠳᠠᠲᠤ ᠪᠠᠶᠢᠳᠠᠯ  ᠢᠶᠠᠨ ᠦᠨᠳᠦᠰᠦᠯᠡᠨ᠂ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠬᠤᠷᠠᠯ᠂ ᠰᠠᠭᠤᠳᠠᠯ ᠤᠨ ᠬᠤᠷᠠᠯ ᠢᠶᠠᠷ ᠳᠠᠮᠵᠢᠭᠤᠯᠤᠨ᠂ ᠡᠯ᠎ᠡ ᠱᠠᠲᠤᠨ ᠤ ᠸᠢᠴᠠᠲ ᠤᠨ ᠨᠡᠶᠢᠲᠡ ᠶᠢᠨ ᠲᠠᠪᠴᠠᠩ᠂ ᠬᠠᠮ ᠵᠠᠭᠤᠴᠢᠯᠠᠭᠤᠷ ᠤᠨ ᠲᠠᠪᠴᠠᠩ ᠳᠡᠭᠡᠷ᠎ᠡ ᠤᠬᠠᠭᠤᠯᠭ᠎ᠠ ᠶᠢᠨ ᠡᠬᠡ ᠪᠢᠴᠢᠭ᠂ ᠸᠢᠳᠢᠤ᠋᠂ ᠺᠠᠷᠲ᠋ᠣᠨ ᠵᠢᠷᠤᠭ ᠢ ᠨᠡᠶᠢᠲᠡᠯᠡᠨ ᠤᠬᠠᠭᠤᠯᠵᠤ᠂ ︽ᠳᠥᠭᠦᠮ ᠣᠶᠢᠯᠠᠭᠠᠮᠵᠢᠲᠠᠢ︾ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠬᠦ ᠵᠡᠷᠭᠡ ᠣᠯᠠᠨ ᠵᠦᠢᠯ ᠤᠨ ᠬᠡᠯᠪᠡᠷᠢ ᠪᠠᠷ ᠦᠨᠳᠦᠰᠦᠨ ᠨᠠᠰᠤᠵᠢᠯ ᠤᠨ ᠳᠠᠭᠠᠳᠬᠠᠯ ᠤᠨ ᠬᠡᠪᠴᠢᠶ᠎ᠡ ᠶᠢ ᠥᠷᠭᠡᠳᠬᠡᠬᠦ ᠤᠬᠠᠭᠤᠯᠭ᠎ᠠ ᠶᠢ ᠳᠡᠯᠭᠡᠷᠡᠩᠭᠦᠢ ᠥᠷᠨᠢᠭᠦᠯᠦᠨ᠎ᠡ᠃      ︵ᠭᠤᠷᠪᠡ︶ ᠡᠷᠦᠬᠡ ᠳᠤ ᠣᠷᠣᠵᠤ ᠪᠠᠶᠢᠴᠠᠭᠠᠯᠲᠠ ᠬᠢᠬᠦ ᠪᠠ ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ ᠥᠷᠭᠡᠳᠬᠡᠬᠦ ︵2022 ᠣᠨ ᠤ 7 ᠳ᠋ᠤᠭᠠᠷ ᠰᠠᠷ᠎ᠠ — 11 ᠳ᠋ᠦ᠋ᠭᠡᠷ ᠰᠠᠷ᠎ᠠ︶᠃ ᠬᠤᠯᠪᠣᠭᠳᠠᠯ ᠪᠥᠬᠦᠶ ᠪᠠᠶᠢᠭᠤᠯᠭ᠎ᠠ ᠲᠠᠢ ᠰᠠᠨᠠᠭᠠᠴᠢᠯᠠᠭ᠎ᠠ ᠠᠴᠠ ᠪᠠᠨ ᠬᠠᠷᠢᠯᠴᠠᠵᠤ ᠵᠣᠬᠢᠴᠠᠭᠤᠯᠤᠨ᠂ ᠤᠯᠤᠰ ᠲᠥᠷᠥ ᠬᠠᠤᠯᠢ ᠴᠠᠭᠠᠵᠠ᠂ ᠠᠷᠠᠳ ᠤᠨ ᠶᠠᠪᠤᠳᠠᠯ ᠤᠨ ᠪᠠᠶᠢᠭᠤᠯᠭ᠎ᠠ ᠶᠢᠨ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠤᠨ ᠦᠨᠳᠦᠰᠦᠨ ᠱᠠᠲᠤᠨ ᠤ ᠬᠠᠮᠢᠶᠠᠷᠤᠯᠲᠠ ᠦᠶᠯᠡᠴᠢᠯᠡᠭᠡᠨ ᠤ ᠳᠠᠪᠬᠤᠷᠭ᠎ᠠ ᠳᠤ ᠳᠣᠭᠢᠷᠠᠭᠤᠯᠤᠭᠰᠠᠨ ︽ᠲᠣᠣᠷᠴᠢᠯᠠᠭᠰᠠᠨ ᠬᠠᠮᠢᠶᠠᠷᠤᠯᠲᠠ ᠶᠢᠨ ᠠᠵᠢᠯᠲᠠᠨ︾ ᠤ ᠡᠬᠢ ᠪᠠᠶᠠᠯᠢᠭ ᠲᠤ ᠲᠦᠰᠢᠭᠯᠡᠵᠦ᠂ ᠪᠠᠶᠢᠩᠭᠤ ᠡᠷᠦᠬᠡ ᠳᠤ ᠬᠦᠷᠦᠨ ᠪᠠᠶᠢᠴᠠᠭᠠᠯᠲᠠ ᠬᠢᠵᠦ᠂ ᠲᠤᠭ᠎ᠠ ᠪᠠᠷᠢᠮᠲᠠ ᠶᠢ ᠴᠠᠭ ᠲᠤᠬᠠᠢ ᠳᠤᠨᠢ ᠬᠠᠷᠢᠴᠠᠭᠤᠯᠤᠨ᠂ ᠳᠠᠭᠠᠳᠬᠠᠯ ᠳᠤ ᠣᠷᠣᠯᠴᠠᠭᠠᠳᠤᠶ ᠬᠥᠮᠦᠰ ᠵᠢᠴᠢ ᠲᠡᠳᠡᠨ ᠤ ᠦᠨᠳᠦᠰᠦᠨ ᠪᠠᠶᠢᠳᠠᠯ᠂ ᠳᠠᠭᠠᠳᠬᠠᠯ ᠳᠤ ᠣᠷᠣᠯᠴᠠᠭᠠᠳᠤᠶ ᠰᠢᠯᠲᠠᠭᠠᠨ ᠢ ᠣᠨᠣᠪᠴᠢᠲᠠᠶ ᠣᠶᠢᠯᠠᠭᠠᠵᠤ᠂ ᠲᠥᠰᠦᠯ ᠳᠤ ᠲᠣᠳᠣᠷᠬᠠᠶᠢᠯᠠᠭᠰᠠᠨ ᠬᠡᠷᠡᠭᠵᠢᠭᠦᠯᠬᠦ ᠠᠷᠭ᠎ᠠ ᠬᠡᠮᠵᠢᠶ᠎ᠡ ᠪᠠ ᠮᠠᠨ ᠤ ᠬᠤᠰᠢᠭᠤᠨ ᠤ      ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠨᠠᠰᠤᠵᠢᠯ ᠤᠨ ᠳᠠᠭᠠᠳᠬᠠᠯ ᠤᠨ ᠬᠡᠪᠴᠢᠶ᠎ᠡ ᠶᠢ ᠥᠷᠭᠡᠳᠬᠡᠬᠦ ᠠᠵᠢᠯ ᠤᠨ ᠭᠤᠣᠯᠳᠠᠯᠭᠠᠲᠤ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠠᠵᠢᠯ ᠤᠨ ᠲᠦᠷᠢᠮ ᠪᠠ ᠡᠬᠡ ᠲᠠᠩᠰᠠ ᠶᠢ ᠪᠠᠶᠢᠭᠤᠯᠤᠨ ᠲᠡᠭᠦᠯᠳᠡᠷᠵᠢᠭᠦᠯᠵᠦ᠂ ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠨ᠎ᠡ᠃      ︵ᠳᠥᠷᠪᠡ︶ ᠳ᠋ᠦᠩᠨᠡᠵᠦ ᠦᠨᠡᠯᠡᠨ ᠵᠢᠱᠢᠬᠦ ︵2022 ᠣᠨ ᠤ 12 ᠳ᠋ᠤᠭᠠᠷ ᠰᠠᠷ᠎ᠠ︶᠃ ᠠᠵᠢᠯ ᠤᠨ ᠦᠷ᠎ᠡ ᠪᠦᠲᠦᠮᠵᠢ ᠪᠠᠨ ᠪᠦᠬᠦ ᠲᠠᠯ᠎ᠠ ᠪᠠᠷ ᠳ᠋ᠦᠩᠨᠡᠵᠦ᠂ ᠳ᠋ᠦᠩᠨᠡᠯᠲᠡ ᠶᠢᠨ ᠮᠡᠳᠡᠭᠦᠯᠦᠯᠲᠡ ᠪᠢᠴᠢᠨ᠎ᠡ᠃ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠳᠤ ᠦᠨᠳᠦᠰᠦᠯᠡᠨ᠂ ᠡᠯ᠎ᠡ ᠭᠠᠵᠠᠷ ᠤᠨ ᠳᠠᠭᠠᠳᠬᠠᠯ ᠳᠤ ᠣᠷᠣᠯᠴᠠᠭᠰᠠᠨ ᠬᠥᠮᠦᠰ ᠤᠨ ᠬᠤᠪᠢᠷᠠᠯᠲᠠ ᠶᠢᠨ ᠪᠠᠶᠢᠳᠠᠯ ᠢ ᠴᠠᠭ ᠲᠤᠬᠠᠶ ᠳᠤᠨᠢ ᠪᠠᠶᠢᠴᠠᠭᠠᠵᠤ᠂ ᠡᠳᠦᠷ ᠲᠤᠲᠤᠮ ᠤᠨ ᠲᠣᠬᠢᠷᠠᠭᠤᠯᠤᠯᠲᠠ ᠲᠠᠢ ᠤᠶᠠᠯᠳᠤᠭᠤᠯᠤᠨ᠎ᠠ᠃      ᠳᠥᠷᠪᠡ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ      ᠦᠨᠳᠦᠰᠦᠨ ᠨᠠᠰᠤᠵᠢᠯ ᠤᠨ ᠳᠠᠭᠠᠳᠬᠠᠯ ᠲᠤᠰᠢᠶᠠᠬᠤ ᠬᠡᠪᠴᠢᠶ᠎ᠡ ᠶᠢ ᠥᠷᠭᠡᠳᠬᠡᠬᠦ ᠠᠵᠢᠯ ᠳᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠴᠠᠭ ᠲᠤᠬᠠᠶ  ᠳᠤᠨᠢ ᠰᠤᠳᠤᠯᠤᠨ ᠰᠢᠶᠳᠪᠦᠷᠢᠯᠡᠵᠦ᠂ ᠬᠠᠮᠢᠶ᠎ᠠ ᠪᠦᠬᠦᠢ ᠠᠵᠢᠯ ᠤᠨ ᠯᠠᠪᠳᠠᠭᠤᠨ ᠢᠶᠠᠷ ᠠᠬᠢᠬᠤ᠂ ᠤᠷᠤᠭᠰᠢᠲᠠᠶ ᠶᠠᠪᠤᠭᠳᠠᠬᠤ ᠶᠢ ᠦᠨᠡᠨᠬᠦ ᠪᠠᠲᠤᠯᠠᠬᠤ ᠶᠢᠨ ᠲᠤᠰᠠᠳᠠ᠂ ᠦᠨᠳᠦᠰᠦᠨ ᠨᠠᠰᠤᠵᠢᠯ ᠤᠨ ᠳᠠᠭᠠᠳᠬᠠᠯ ᠲᠤᠰᠢᠶᠠᠬᠤ ᠬᠡᠪᠴᠢᠶ᠎ᠡ ᠶᠢ ᠥᠷᠭᠡᠳᠬᠡᠬᠦ ᠲᠤᠰᠬᠠᠶ ᠠᠵᠢᠯ ᠤᠨ ᠳᠤᠭᠤᠶᠢᠯᠠᠩ ᠢ ᠪᠠᠶᠢᠭᠤᠯᠪᠠ᠃ ᠪᠣᠳᠠᠲᠠᠢ ᠪᠦᠷᠢᠯᠳᠦᠬᠦᠨ ᠨᠢ ᠳᠣᠣᠷᠠᠬᠢ ᠮᠡᠲᠦ᠄      ᠳᠤᠭᠤᠶᠢᠯᠠᠩ ᠤᠨ ᠳᠠᠷᠤᠭ᠎ᠠ᠄ ᠨᠠᠰᠤᠨᠳᠡᠯᠭᠡᠷ                 ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ      ᠳᠤᠭᠤᠶᠢᠯᠠᠩ ᠤᠨ ᠳᠡᠳ᠋ ᠳᠠᠷᠤᠭ᠎ᠠ᠄ ᠪᠠᠢ ᠵᠣᠣ ᠰᠢ            ᠬᠤᠰᠢᠭᠤᠨ ᠤ ᠬᠦᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠳᠠᠷᠤᠭ᠎ᠠ      ᠪᠦᠷᠢᠯᠳᠦᠬᠦᠨ᠄ ᠰᠢᠩ ᠶᠦᠡᠭ ᠵᠢᠶᠦ᠋ᠨ                      ᠬᠤᠰᠢᠭᠤᠨ ᠤ ᠬᠦᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠳᠡᠳ᠋ ᠳᠠᠷᠤᠭ᠎ᠠ             ᠵᠢᠷᠭᠠᠯᠳᠠᠯᠠᠢ                            ᠬᠤᠰᠢᠭᠤᠨ ᠤ ᠨᠡᠶᠢᠭᠡᠮ ᠤᠨ ᠳᠠᠭᠠᠳᠬᠠᠯ ᠤᠨ ᠦᠢᠯᠡᠴᠢᠯᠡᠭᠡᠨ ᠤ ᠲᠥᠪ ᠤᠨ ᠡᠷᠬᠢᠯᠡᠭᠴᠢ             ᠡᠾᠧ ᠯᠸᠢ                             ᠤᠯᠠᠭᠠᠨᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠪᠠᠯᠭᠠᠰᠤᠨ ᠳᠠᠷᠤᠭ᠎ᠠ             ᠡᠷᠳᠡᠨᠢᠳᠠᠯᠠᠢ                            ᠴᠢ ᠫᠠᠠ ᠵᠢᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠪᠠᠯᠭᠠᠰᠤᠨ ᠳᠠᠷᠤᠭ᠎ᠠ             ᠯᠦ ᠶᠠᠠ ᠵᠢᠶᠦ᠋ᠨ                        ᠮᠸᠡᠭ ᠰᠢ ᠪᠠᠯᠭᠠᠰᠤᠨ ᠤ ᠨᠠᠮ ᠤᠨ ᠬᠤᠷᠢᠶᠠᠨ ᠤ ᠱᠦᠵᠢ           ᠯᠢᠦ ᠴᠣᠤ                              ᠦᠮᠡᠬᠡᠶᠢᠨᠠᠭᠤᠷ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠪᠠᠯᠭᠠᠰᠤᠨ ᠳᠠᠷᠤᠭ᠎ᠠ           ᠮᠥᠩᠭᠦᠨᠵᠢᠭᠠᠰᠦ                         ᠠᠷᠪᠠᠰ ᠰᠤᠮᠤᠨ ᠤ ᠠᠷᠠᠳ ᠤᠨ ᠵᠠᠰᠠᠭ ᠤᠨ ᠣᠷᠳᠣᠨ ᠤ ᠰᠤᠮᠤᠨ ᠳᠠᠷᠤᠭ᠎ᠠ           ᠴᠣᠭᠲᠠᠢ                               ᠰᠦᠮᠡᠲᠦ ᠰᠤᠮᠤᠨ ᠤ ᠠᠷᠠᠳ ᠤᠨ ᠵᠠᠰᠠᠭ ᠤᠨ ᠣᠷᠳᠣᠨ ᠤ ᠰᠤᠮᠤᠨ ᠳᠠᠷᠤᠭ᠎ᠠ      ᠲᠤᠰᠬᠠᠶ ᠠᠵᠢᠯ ᠤᠨ ᠳᠤᠭᠤᠶᠢᠯᠠᠩ ᠤᠨ ᠳᠣᠤᠷ᠎ᠠ ᠠᠯᠪᠠᠨ ᠬᠡᠷ ᠪᠠᠶᠢᠭᠤᠯᠵᠤ᠂ ᠬᠤᠰᠢᠭᠤᠨ ᠤ ᠨᠡᠶᠢᠭᠡᠮ ᠤᠨ ᠳᠠᠭᠠᠳᠬᠠᠯ ᠤᠨ ᠦᠶᠯᠡᠴᠢᠯᠡᠭᠡᠨ ᠤ ᠲᠥᠪ ᠲᠤ ᠲᠣᠬᠢᠷᠠᠭᠤᠯᠤᠨ᠂ ᠡᠷᠬᠢᠯᠡᠭᠴᠢ ᠶᠢᠨ ᠲᠤᠰᠢᠶᠠᠯ ᠢ ᠵᠢᠷᠭᠠᠯᠳᠠᠯᠠᠢ ᠬᠠᠪᠰᠤᠷᠭᠠᠨ ᠡᠭᠦᠷᠭᠡᠯᠡᠵᠦ᠂ ᠦᠨᠳᠦᠰᠦᠨ ᠨᠠᠰᠤᠵᠢᠯ ᠤᠨ ᠳᠠᠭᠠᠳᠬᠠᠯ ᠲᠤᠰᠢᠶᠠᠬᠤ ᠬᠡᠪᠴᠢᠶ᠎ᠡ ᠶᠢ ᠥᠷᠭᠡᠳᠬᠡᠬᠦ ᠲᠤᠰᠬᠠᠶ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ᠂ ᠬᠢᠨᠠᠨ ᠵᠢᠯᠣᠭᠤᠳᠴᠤ ᠲᠣᠬᠢᠷᠠᠭᠤᠯᠬᠤ᠂ ᠪᠠᠶᠢᠴᠠᠭᠠᠨ ᠰᠤᠳᠤᠯᠵᠤ ᠪᠠᠶᠢᠴᠠᠭᠠᠬᠤ ᠵᠡᠷᠭᠡ ᠠᠵᠢᠯ ᠢ ᠪᠣᠳᠠᠲᠠᠶ ᠬᠠᠷᠢᠭᠤᠴᠠᠨ᠎ᠠ᠃      ᠲᠠᠪᠤ᠂ ᠪᠤᠰᠤᠳ ᠱᠠᠭᠠᠷᠳᠠᠯᠭ᠎ᠠ      ᠦᠨᠳᠦᠰᠦᠨ ᠨᠠᠰᠤᠵᠢᠯ ᠤᠨ ᠳᠠᠭᠠᠳᠬᠠᠯ ᠲᠤᠰᠢᠶᠠᠬᠤ ᠬᠡᠪᠴᠢᠶ᠎ᠡ ᠶᠢ ᠥᠷᠭᠡᠳᠬᠡᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠪᠣᠯ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ᠂ ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠪᠠ ᠨᠡᠶᠢᠭᠡᠮ ᠤᠨ ᠡᠶ᠎ᠡ ᠵᠣᠬᠢᠴᠠᠯ ᠠᠮᠤᠷ ᠲᠣᠭᠲᠠᠭᠤᠨ ᠪᠠᠶᠢᠳᠠᠯ ᠢ ᠬᠠᠮᠠᠭᠠᠯᠠᠬᠤ ᠴᠢᠬᠤᠯᠠ ᠭᠠᠷᠳᠠᠴᠠ ᠮᠥᠨ᠃ ᠡᠯ᠎ᠡ ᠰᠤᠮᠤ ᠪᠠᠯᠭᠠᠰᠤ ᠡᠷᠬᠡᠪᠰᠢ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠤᠯᠤᠰ ᠲᠥᠷᠥ ᠶᠢ ᠡᠷᠬᠢᠮᠯᠡᠬᠦ᠂ ᠶᠡᠭᠡ ᠲᠠᠯ᠎ᠠ ᠶᠢ ᠪᠣᠳᠣᠯᠬᠢᠯᠠᠬᠤ ᠦᠨᠳᠦᠷᠴᠡ ᠠᠴᠠ ᠡᠭᠦᠰᠦᠨ᠂ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠭᠦᠷᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠯᠠᠪᠳᠠᠭᠤᠨ ᠪᠠᠲᠤᠲᠠᠶ ᠠᠬᠢᠭᠤᠯᠤᠨ᠎ᠠ᠃ ᠡᠯ᠎ᠡ ᠰᠤᠮᠤ ᠪᠠᠯᠭᠠᠰᠤ ᠦᠨᠳᠦᠰᠦᠨ ᠱᠠᠲᠤᠨ  ᠤ ᠲᠣᠣᠷᠴᠢᠯᠠᠭᠰᠠᠨ ᠬᠠᠮᠢᠶᠠᠷᠤᠯᠲᠠ ᠶᠢᠨ ᠠᠵᠢᠯᠲᠠᠨ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯᠯᠠᠬᠤ ᠠᠩᠭᠢ ᠶᠢᠨ ᠦᠶᠯᠡᠳᠦᠯ ᠢ ᠭᠦᠶᠴᠡᠳ ᠪᠠᠳᠠᠷᠠᠭᠤᠯᠵᠤ᠂ ᠬᠠᠷᠢᠶ᠎ᠠ ᠣᠷᠣᠨ ᠳᠠᠬᠢ ᠳᠠᠭᠠᠳᠬᠠᠯ ᠳᠤ ᠣᠷᠣᠯᠴᠠᠭᠠᠳᠤᠢ ᠵᠣᠬᠢᠬᠤ ᠨᠠᠰᠤᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠮᠡᠳᠡᠭᠡ ᠵᠠᠩᠭᠢ ᠶᠢ ᠣᠨᠣᠪᠴᠢᠲᠠᠶ ᠡᠵᠡᠮᠰᠢᠨ᠂ ᠨᠡᠶᠢᠭᠡᠮ ᠤᠨ ᠳᠠᠭᠠᠳᠬᠠᠯ ᠤᠨ ᠭᠠᠷᠲᠠᠨ ᠭᠦᠶᠴᠡᠳᠬᠡᠬᠦ ᠦᠶᠯᠡᠴᠢᠯᠡᠭᠡᠨ ᠤ ᠰᠦᠯᠵᠢᠶ᠎ᠡ ᠶᠢ ᠠᠯᠬᠤᠮ ᠠᠯᠬᠤᠮ ᠢᠶᠠᠷ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠳᠤ ᠭᠦᠨᠵᠡᠭᠡᠶᠢᠷᠡᠭᠦᠯᠵᠦ᠂ ᠳᠠᠭᠠᠳᠬᠠᠯ ᠳᠤ ᠣᠷᠣᠯᠴᠠᠬᠤ ᠠᠵᠢᠯ ᠢ ︽ᠣᠶᠢᠷ᠎ᠠ ᠬᠠᠪᠢ ᠳᠤ ᠨᠢ ᠭᠦᠶᠴᠡᠳᠬᠡᠬᠦ︾ ᠶᠢ ᠪᠡᠶᠡᠯᠡᠭᠦᠯᠦᠨ᠂ ᠬᠡᠪᠴᠢᠶ᠎ᠡ ᠶᠢ ᠨᠢ ᠥᠷᠭᠡᠳᠬᠡᠬᠦ ᠠᠵᠢᠯ ᠳᠤ ᠢᠯᠡᠳᠲᠡ ᠪᠦᠲᠦᠮᠵᠢ ᠭᠠᠷᠭᠠᠨ᠎ᠠ᠃ ᠡᠯ᠎ᠡ ᠰᠤᠮᠤ ᠪᠠᠯᠭᠠᠰᠤ ᠲᠤᠰᠬᠠᠢ ᠬᠥᠮᠦᠨ ᠲᠣᠭᠲᠠᠭᠠᠨ ᠲᠣᠰ ᠠᠵᠢᠯ ᠢ ᠬᠠᠷᠢᠭᠤᠴᠠᠭᠤᠯᠵᠤ᠂ ᠰᠠᠷ᠎ᠠ ᠪᠦᠷᠢ ᠶᠢᠨ 13 ᠤ ᠡᠳᠦᠷ ᠪᠠ 26 ᠤ ᠡᠳᠦᠷ ᠠᠴᠠ ᠡᠮᠦᠨ᠎ᠡ ᠦᠨᠳᠦᠰᠦᠨ ᠨᠠᠰᠤᠵᠢᠯ ᠤᠨ ᠳᠠᠭᠠᠳᠬᠠᠯ ᠲᠤᠰᠢᠶᠠᠬᠤ ᠬᠡᠪᠴᠢᠶ᠎ᠡ ᠶᠢ ᠥᠷᠭᠡᠳᠬᠡᠬᠦ ᠠᠵᠢᠯ ᠤᠨ ᠠᠬᠢᠴᠠ ᠶᠢ ᠲᠤᠰᠬᠠᠢ ᠠᠵᠢᠯ ᠤᠨ ᠳᠤᠭᠤᠶᠢᠯᠠᠩ ᠤᠨ ᠠᠯᠪᠠᠨ ᠭᠡᠷ ᠲᠤ ᠮᠡᠳᠡᠭᠦᠯᠦᠨ᠂ ᠲᠤᠰᠬᠠᠢ ᠠᠵᠢᠯ ᠤᠨ ᠳᠤᠭᠤᠶᠢᠯᠠᠩ ᠤᠨ ᠠᠯᠪᠠᠨ ᠭᠡᠷ ᠠᠴᠠ ᠬᠤᠷᠢᠶᠠᠩᠭᠤᠶᠢᠯᠠᠭᠰᠠᠨ ᠤ ᠳᠠᠷᠠᠭ᠎ᠠ ᠬᠠᠮᠢᠶ᠎ᠠ ᠪᠦᠬᠦᠢ ᠪᠠᠶᠢᠭᠤᠯᠭ᠎ᠠ ᠳᠤ ᠮᠡᠳᠡᠭᠦᠯᠵᠦ᠂ ᠦᠨᠳᠦᠰᠦᠨ ᠨᠠᠰᠤᠵᠢᠯ ᠤᠨ ᠳᠠᠭᠠᠳᠬᠠᠯ ᠲᠤᠰᠢᠶᠠᠬᠤ ᠬᠡᠪᠴᠢᠶ᠎ᠡ ᠶᠢ ᠥᠷᠭᠡᠳᠬᠡᠬᠦ ᠠᠵᠢᠯ ᠢ ᠬᠤᠰᠢᠭᠤ ᠰᠤᠮᠤ ᠪᠠᠯᠭᠠᠰᠤᠨ ᠤ ︽ᠲᠠᠪᠤ ᠶᠢ ᠨᠢᠭᠡ ᠴᠣᠭᠴᠠᠵᠢᠭᠤᠯᠬᠤ︾ ᠬᠢᠨᠠᠨ ᠰᠢᠯᠭᠠᠷᠠᠭᠤᠯᠤᠯᠲᠠ ᠳᠠᠬᠢ ︽ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ︾ ᠭᠦᠢᠴᠡᠳᠬᠡᠯ ᠲᠤᠭ᠎ᠠ ᠶᠢᠨ ᠴᠢᠬᠤᠯᠠ ᠠᠭᠤᠯᠭ᠎ᠠ ᠪᠣᠯᠭᠠᠨ᠎ᠠ᠃ᠳᠠᠭᠠᠯᠳᠤᠭᠤᠯᠤᠯ᠄ 2022 ᠣᠨ ᠤ ᠦᠨᠳᠦᠰᠦᠨ ᠨᠠᠰᠤᠵᠢᠯ ᠤᠨ ᠳᠠᠭᠠᠳᠬᠠᠯ ᠲᠤᠰᠢᠶᠠᠬᠤ ᠬᠡᠪᠴᠢᠶ᠎ᠡ ᠶᠢ ᠥᠷᠭᠡᠳᠬᠡᠬᠦ ᠡᠭᠦᠷᠭᠡ ᠶᠢᠨ ᠬᠤᠪᠢᠶᠠᠷᠢᠯᠠᠯ ᠤᠨ ᠬᠦᠰᠦᠨᠦᠭᠲᠦ                                                                                                  ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                                      2022 ᠣᠨ ᠤ 7 ᠳ᠋ᠤᠭᠠᠷ ᠰᠠᠷ᠎ᠠ ᠶᠢᠨ 29 ᠤ ᠡᠳᠦᠷ
101号附件图.png
 
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ