ᠰᠡᠯᠭᠦᠨ ᠮᠠᠯᠵᠢᠬᠤ ᠬᠤᠭᠤᠴᠠᠭ᠎ᠠ ᠶᠢ ᠤᠷᠲᠤᠳᠬᠠᠬᠤ ᠳᠣᠬᠠᠢ ᠣᠳᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2022/7/4
                  ᠣᠳᠤᠭ ᠵᠠᠰᠠᠭ ᠲᠠᠷᠬᠠᠭᠠᠭᠰᠠᠨ ﹇2022﹈ 176 ᠳ᠋ᠤᠭᠠᠷ ᠲᠣᠭᠠᠲᠤ            ᠰᠡᠯᠭᠦᠨ ᠮᠠᠯᠵᠢᠬᠤ ᠬᠤᠭᠤᠴᠠᠭ᠎ᠠ ᠶᠢ ᠤᠷᠲᠤᠳᠬᠠᠬᠤ ᠳᠣᠬᠠᠢ ᠣᠳᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯᠡᠯ᠎ᠡ ᠰᠤᠮᠤ ᠪᠠᠯᠭᠠᠰᠤ᠂ ᠡᠯ᠎ᠡ ᠭᠠᠴᠠᠭ᠎ᠠ ᠲᠣᠰᠬᠤᠨ᠂ ᠥᠷᠭᠡᠨ ᠣᠯᠠᠨ ᠮᠠᠯᠴᠢᠨ ᠲᠠᠷᠢᠶᠠᠴᠢᠨ ᠳᠤ᠄      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠣᠶᠢᠲᠤ ᠭᠠᠵᠠᠷ ᠨᠤᠲᠤᠭ ᠪᠡᠯᠴᠢᠭᠡᠷ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠮᠠᠯ ᠠᠵᠤ ᠠᠬᠤᠢ ᠬᠢᠭᠡᠳ ᠣᠢ ᠰᠢᠭᠤᠢ ᠨᠤᠲᠤᠭ ᠪᠡᠯᠴᠢᠭᠡᠷ ᠤᠨ ᠠᠮᠢ ᠠᠬᠤᠢ ᠶᠢᠨ ᠵᠣᠬᠢᠴᠠᠩᠭᠤᠢ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠵᠤ᠂ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠵᠢᠴᠢ ᠣᠶ ᠰᠢᠭᠤᠶ ᠨᠤᠲᠤᠭ ᠪᠡᠯᠴᠢᠭᠡᠷ ᠤᠨ ᠲᠤᠰᠬᠠᠶ ᠴᠡᠭᠴᠡᠯᠡᠯᠲᠡ ᠶᠢᠨ ᠠᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠬᠦ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠶ ᠰᠢᠭᠤᠶ ᠶᠢᠨ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠲᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠲᠦᠷᠢᠮ︾᠂ ︽ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠪᠠ ᠠᠲᠠᠷ ᠬᠠᠭᠠᠯᠪᠤᠷᠢᠯᠠᠬᠤ ᠶᠢ ᠴᠠᠭᠠᠵᠠᠯᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ︾᠂ ︽ᠣᠲᠤᠭ ᠬᠤᠰᠢᠭᠤᠨ ᠤ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠠᠵᠢᠯ ᠤᠨ ᠬᠠᠮᠢᠶᠠᠷᠤᠯᠲᠠ ᠶᠢᠨ ᠠᠷᠭ᠎ᠠ︾ ᠵᠡᠷᠭᠡ ᠬᠠᠤᠯᠢ ᠲᠣᠭᠲᠠᠭᠠᠯ ᠪᠠ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠳᠤ ᠦᠨᠳᠦᠰᠦᠯᠡᠨ᠂ ᠮᠠᠨ ᠤ ᠬᠤᠰᠢᠭᠤᠨ ᠤ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ᠂ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠳᠣᠣᠷᠠᠬᠢ ᠮᠡᠲᠦ ᠮᠡᠳᠡᠭᠳᠡᠯ ᠢ ᠨᠡᠶᠢᠲᠡᠯᠡᠪᠡ᠄      ᠨᠢᠭᠡ᠂ ᠣᠶᠢᠷ᠎ᠠ ᠳᠤ ᠮᠠᠨ ᠤ ᠬᠤᠰᠢᠭᠤ ᠪᠣᠷᠣᠭᠠᠨ ᠤ ᠤᠯᠠᠷᠢᠯ ᠳᠠᠭᠠᠨ ᠣᠷᠣᠵᠤ᠂ ᠡᠪᠡᠰᠦ ᠶᠠᠭ ᠤᠷᠭᠤᠵᠤ ᠪᠠᠶᠢᠭ᠎ᠠ ᠪᠣᠯᠬᠤᠷ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ ᠪᠠᠶᠢᠭᠠᠳ ᠰᠡᠯᠭᠦᠨ ᠮᠠᠯᠵᠢᠬᠤ ᠬᠤᠭᠤᠴᠠᠭ᠎ᠠ ᠶᠢ 2022 ᠣᠨ ᠤ 7 ᠰᠠᠷ᠎ᠠ ᠶᠢᠨ 15 ᠤ ᠡᠳᠦᠷ ᠪᠣᠯᠲᠠᠯ᠎ᠠ ᠲᠦᠷ ᠴᠠᠭ ᠤᠷᠲᠤᠳᠬᠠᠬᠤ ᠪᠠᠷ ᠲᠣᠭᠲᠠᠪᠠ᠃ ᠡᠯ᠎ᠡ ᠰᠤᠮᠤ ᠪᠠᠯᠭᠠᠰᠤ᠂ ᠭᠠᠴᠠᠭ᠎ᠠ ᠲᠣᠰᠬᠤᠨ ᠵᠢᠴᠢ ᠥᠷᠭᠡᠨ ᠣᠯᠠᠨ ᠮᠠᠯᠴᠢᠨ ᠲᠠᠷᠢᠶᠠᠴᠢᠨ ᠤᠷᠢᠳᠴᠢᠯᠠᠵᠤ ᠪᠡᠯᠡᠳᠬᠡᠨ᠂ ᠰᠡᠯᠭᠦᠨ ᠮᠠᠯᠵᠢᠵᠤ ᠪᠠᠶᠢᠭ᠎ᠠ ᠬᠤᠭᠤᠴᠠᠭᠠᠨ ᠳᠠᠬᠢ ᠲᠡᠵᠢᠭᠡᠯ ᠡᠪᠡᠰᠦ ᠪᠣᠷᠳᠤᠭ᠎ᠠ ᠬᠤᠳᠠᠯᠳᠤᠨ ᠠᠪᠬᠤ᠂ ᠨᠥᠭᠡᠴᠡᠯᠡᠬᠦ ᠠᠵᠢᠯ ᠢ ᠯᠠᠪᠳᠠᠭᠤᠨ ᠪᠠᠲᠤᠲᠠᠢ ᠰᠠᠶᠢᠨ ᠬᠢᠵᠦ᠂ ᠰᠡᠯᠭᠦᠨ ᠮᠠᠯᠵᠢᠬᠤ ᠬᠤᠭᠤᠴᠠᠭᠠᠨ ᠳᠤ ᠮᠠᠯ ᠢ ᠪᠦᠬᠦᠨ ᠢ ᠬᠠᠰᠢᠶᠠᠯᠠᠵᠤ ᠲᠡᠵᠢᠭᠡᠬᠦ ᠬᠡᠷᠡᠭᠲᠡᠢ᠂ ᠪᠡᠯᠴᠢᠭᠡᠷᠯᠡᠭᠦᠯᠬᠦ᠂ ᠰᠥᠨᠢ ᠪᠠᠷ ᠪᠡᠯᠴᠢᠭᠡᠷᠯᠡᠭᠦᠯᠬᠦ᠂ ᠨᠢᠭᠤᠵᠤ ᠪᠡᠯᠴᠢᠭᠡᠷᠯᠡᠭᠦᠯᠬᠦ ᠶᠢ ᠲᠠᠰᠤ ᠬᠤᠷᠢᠭᠯᠠᠨ᠎ᠠ᠃      ᠬᠤᠶᠠᠷ᠂ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠬᠤᠭᠤᠴᠠᠭᠠᠨ ᠳᠤ ᠮᠠᠯ ᠢᠶᠠᠨ ᠪᠡᠯᠴᠢᠭᠡᠷᠯᠡᠭᠦᠯᠦᠭᠰᠡᠨ ᠪᠣᠯ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠳᠦᠷᠢᠮ︾ ᠤᠨ ᠭᠤᠴᠢᠨ ᠲᠠᠪᠤᠳᠤᠭᠠᠷ ᠵᠦᠢᠯ ᠤᠨ ᠲᠣᠭᠲᠠᠭᠠᠯ ᠢᠶᠠᠷ ᠬᠠᠷᠢᠶ᠎ᠠ ᠭᠠᠵᠠᠷ ᠤᠨ ᠬᠢᠨᠢ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠠᠴᠠ ᠵᠠᠷᠯᠢᠭᠳᠠᠨ ᠵᠠᠯᠠᠷᠠᠭᠤᠯᠵᠤ᠂ ᠲᠣᠭᠲᠠᠭᠠᠯ ᠵᠥᠷᠢᠴᠡᠨ ᠪᠡᠯᠴᠢᠭᠡᠷᠯᠡᠭᠦᠯᠦᠭᠰᠡᠨ ᠮᠠᠯ ᠪᠦᠷᠢ ᠠᠴᠠ 120 ᠲᠥᠭᠦᠷᠢᠭ ᠲᠣᠷᠭᠠᠨ᠎ᠠ᠃      ᠭᠤᠷᠪᠠ᠂ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠣᠷᠣᠨ ᠢᠶᠠᠷ ᠲᠣᠭᠲᠠᠭᠠᠭᠰᠠᠨ ᠪᠡᠯᠴᠢᠭᠡᠷ ᠲᠤ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠦᠯᠦᠨ ᠮᠠᠯᠵᠢᠭᠰᠠᠨ ᠪᠣᠯ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠳᠦᠷᠢᠮ︾ ᠤᠨ ᠭᠤᠴᠢᠨ ᠲᠠᠪᠤᠳᠤᠭᠠᠷ ᠵᠦᠢᠯ ᠤᠨ ᠲᠣᠭᠲᠠᠭᠠᠯ ᠢᠶᠠᠷ ᠬᠠᠷᠢᠶ᠎ᠠ ᠭᠠᠵᠠᠷ ᠤᠨ ᠬᠢᠨᠢ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠠᠴᠠ ᠵᠠᠷᠯᠢᠭᠳᠠᠵᠤ ᠬᠤᠭᠤᠴᠠᠭ᠎ᠠ ᠲᠣᠭᠲᠠᠭᠠᠨ ᠵᠠᠯᠠᠷᠠᠭᠤᠯᠤᠨ᠎ᠠ︔ ᠬᠤᠭᠤᠴᠠᠭ᠎ᠠ ᠨᠢ ᠲᠤᠯᠲᠠᠯ᠎ᠠ ᠵᠠᠯᠠᠷᠠᠭᠤᠯᠤᠭᠰᠠᠨ ᠦᠭᠡᠢ ᠪᠠᠶᠢᠪᠠᠯ᠂ ᠬᠡᠲᠦᠷᠡᠭᠦᠯᠦᠨ ᠮᠠᠯᠵᠢᠭᠰᠠᠨ ᠮᠠᠯ ᠪᠦᠷᠢ ᠠᠴᠠ 100 ᠲᠥᠭᠦᠷᠢᠭ ᠲᠣᠷᠭᠠᠨ᠎ᠠ᠃      ᠳᠥᠷᠪᠡ᠂ ᠠᠷᠠᠳ ᠣᠯᠠᠨ ᠢ ᠵᠣᠷᠢᠭᠤᠳᠠ ᠥᠳᠥᠭᠡᠵᠦ᠂ ᠬᠦᠴᠦᠷᠬᠡᠭᠯᠡᠯ ᠤᠨ ᠪᠤᠶᠤ ᠰᠦᠷᠳᠡᠭᠦᠯᠦᠯ ᠤᠨ ᠠᠷᠭ᠎ᠠ ᠪᠠᠷ ᠬᠠᠤᠯᠢ ᠬᠡᠷᠡᠭᠵᠢᠭᠦᠯᠬᠦ ᠠᠵᠢᠯᠲᠠᠨ ᠤ ᠬᠠᠤᠯᠢ ᠶᠣᠰᠣᠭᠠᠷ ᠲᠤᠰᠢᠶᠠᠯ ᠢᠶᠠᠨ ᠭᠦᠢᠴᠡᠳᠬᠡᠬᠦ ᠶᠢ ᠬᠠᠷᠰᠢᠯᠠᠵᠤ᠂ ᠶᠠᠯ᠎ᠠ ᠪᠦᠷᠢᠯᠳᠦᠭᠦᠯᠦᠭᠰᠡᠨ ᠪᠣᠯ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠬᠠᠤᠯᠢ︾ ᠶᠢᠨ ᠲᠣᠭᠲᠠᠭᠠᠯ ᠢᠶᠠᠷ ᠠᠯᠪᠠᠨ ᠠᠵᠢᠯ ᠢ ᠬᠠᠷᠰᠢᠯᠠᠭᠰᠠᠨ ᠶᠠᠯ᠎ᠠ᠂ ᠴᠠᠭᠳᠠᠭ᠎ᠠ ᠶᠢ ᠳᠠᠭᠠᠷᠢᠭᠰᠠᠨ ᠶᠠᠯ᠎ᠠ ᠪᠠᠷ ᠡᠷᠡᠭᠦᠦ ᠶᠢᠨ ᠬᠡᠷᠡᠭ ᠤᠨ ᠬᠠᠷᠢᠭᠤᠴᠠᠯᠭ᠎ᠠ ᠨᠡᠬᠡᠮᠵᠢᠯᠡᠨ᠎ᠡ᠃      ᠲᠠᠪᠤ᠂ ᠬᠠᠤᠯᠢ ᠶᠣᠰᠣᠭᠠᠷ ᠭᠠᠷᠭᠠᠭᠰᠠᠨ ᠰᠢᠢᠳᠪᠦᠷᠢ ᠶᠢ ᠲᠤᠬᠠᠢ ᠶᠢᠨ ᠬᠦᠮᠦᠨ ᠬᠠᠤᠯᠢ ᠳᠤ ᠲᠣᠭᠲᠠᠭᠠᠭᠰᠠᠨ ᠬᠤᠭᠤᠴᠠᠭᠠᠨ ᠳᠣᠲᠣᠷ᠎ᠠ ᠳᠠᠬᠢᠨ ᠵᠥᠪᠯᠡᠯᠭᠡ ᠬᠢᠯᠭᠡᠬᠦ ᠪᠤᠶᠤ ᠵᠠᠷᠭᠤ ᠬᠢᠬᠦ ᠪᠠᠷ  ᠭᠤᠶᠤᠴᠢᠯᠠᠭᠰᠠᠨ ᠦᠭᠡᠢ ᠮᠥᠷᠲᠡᠭᠡᠨ ᠰᠢᠢᠳᠪᠦᠷᠢ ᠶᠢ ᠴᠤ ᠳᠠᠭᠠᠭᠰᠠᠨ ᠦᠭᠡᠢ ᠪᠣᠯ᠂ ᠰᠢᠢᠳᠬᠡᠯ ᠭᠠᠷᠭᠠᠭᠰᠠᠨ ᠪᠠᠶᠢᠭᠤᠯᠭ᠎ᠠ ᠠᠴᠠ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠳᠤ ᠠᠯᠪᠠᠳᠠᠯᠭ᠎ᠠ ᠪᠠᠷ ᠬᠡᠷᠡᠭᠵᠢᠭᠦᠯᠬᠦ ᠪᠠᠷ ᠭᠤᠶᠤᠴᠢᠯᠠᠨ᠎ᠠ᠃ ᠡᠭᠦᠨ ᠤ ᠳᠠᠭᠠᠤ᠂ ᠬᠠᠤᠯᠢ ᠰᠠᠬᠢᠯᠭ᠎ᠠ ᠶᠢ ᠳᠠᠭᠠᠬᠤ ᠦᠭᠡᠢ᠂ ᠣᠯᠠᠨᠲᠠ ᠢᠳᠬᠠᠭᠰᠠᠨ ᠴᠤ ᠠᠵᠢᠯᠯᠠᠭ᠎ᠠ ᠪᠠᠨ ᠵᠣᠭᠰᠣᠭᠠᠬᠤ ᠦᠭᠡᠢ ᠮᠠᠯᠴᠢᠨ ᠲᠠᠷᠢᠶᠠᠴᠢᠨ ᠢ ᠰᠤᠮᠤ  ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠠᠴᠠ ᠬᠤᠰᠢᠭᠤᠨ ᠤ ᠲᠠᠷᠢᠶᠠᠯᠠᠩ ᠮᠠᠯ ᠠᠵᠦ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠣᠪᠴᠢᠶ᠎ᠠ ᠳᠤ ᠮᠡᠳᠡᠭᠦᠯᠵᠦ ᠵᠥᠪᠰᠢᠶᠡᠷᠡᠭᠦᠯᠦᠭᠰᠡᠨ ᠤ ᠳᠠᠷᠠᠭ᠎ᠠ᠂ ᠨᠤᠲᠤᠭ ᠪᠡᠯᠴᠢᠭᠡᠷ ᠤᠨ ᠠᠮᠢ ᠠᠬᠤᠢ ᠶᠢᠨ ᠵᠠᠷᠢᠮ ᠨᠥᠬᠦᠪᠦᠷᠢ ᠮᠥᠩᠭᠦ ᠶᠢ ᠰᠠᠭᠤᠯᠭᠠᠨ ᠠᠪᠬᠤ ᠪᠤᠶᠤ ᠵᠣᠭᠰᠣᠭᠠᠵᠤ᠂ ᠴᠡᠭᠴᠡᠯᠡᠨ ᠰᠠᠶᠢᠵᠢᠷᠠᠭᠤᠯᠬᠤ ᠨᠥᠬᠦᠵᠦ ᠲᠠᠷᠢᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠠᠳ ᠰᠢᠯᠭᠠᠨ ᠬᠤᠷᠢᠶᠠᠯᠲᠠ ᠳᠤ ᠬᠢᠷᠢ ᠲᠡᠩᠴᠡᠭᠰᠡᠨ ᠤ ᠳᠠᠷᠠᠭ᠎ᠠ᠂ ᠨᠥᠬᠦᠪᠦᠷᠢ ᠮᠥᠩᠭᠦ ᠶᠢ ᠨᠢ ᠥᠭᠭᠦᠨ᠎ᠡ᠃      ᠵᠢᠷᠭᠤᠭ᠎ᠠ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ      ︵ᠨᠢᠭᠡ︶ ᠡᠯ᠎ᠡ ᠰᠤᠮᠤ ᠪᠠᠯᠭᠠᠰᠤᠨ ᠤ ᠣᠢ ᠰᠢᠭᠤᠢ ᠶᠢᠨ ᠳᠠᠷᠤᠭ᠎ᠠ ᠶᠢᠨ ᠳᠦᠷᠢᠮ ᠤᠨ ᠠᠯᠪᠠᠨ ᠭᠡᠷ ᠤᠨ ᠬᠢᠨ ᠣᠢ ᠰᠢᠭᠤᠢ ᠶᠢᠨ ᠳᠠᠷᠤᠭ᠎ᠠ ᠶᠢᠨ ᠳᠦᠷᠢᠮ ᠤᠨ ᠠᠵᠢᠯ ᠤᠨ ᠳᠦᠷᠢᠮ ᠶᠣᠰᠣᠭᠠᠷ ᠬᠠᠷᠢᠶ᠎ᠠ ᠭᠠᠵᠠᠷ ᠢ ᠬᠠᠮᠢᠶᠠᠷᠬᠤ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠵᠤ᠂ ᠣᠶᠢᠲᠤ ᠭᠠᠵᠠᠷ ᠨᠤᠲᠤᠭ ᠪᠡᠯᠴᠢᠭᠡᠷ ᠢ ᠬᠠᠮᠠᠭᠠᠯᠠᠵᠤ ᠬᠠᠮᠢᠶᠠᠷᠬᠤ ᠳᠠᠭᠠᠭᠠᠮᠠᠭᠠᠢ ᠲᠣᠭᠲᠠᠴᠠ ᠶᠢ ᠲᠡᠭᠦᠯᠳᠡᠷᠵᠢᠭᠦᠯᠦᠨ᠂ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠬᠠᠮᠢᠶᠠᠷᠤᠯᠲᠠ ᠶᠢᠨ ᠳᠦᠷᠢᠮ ᠢ ᠡᠷᠡᠰ ᠬᠡᠷᠡᠭᠵᠢᠭᠦᠯᠵᠦ᠂ ᠬᠠᠤᠯᠢ ᠬᠡᠷᠡᠭᠵᠢᠭᠦᠯᠵᠦ ᠴᠠᠭᠳᠠᠨ ᠪᠠᠶᠢᠴᠠᠭᠠᠬᠤ᠂ ᠡᠳᠦᠷ ᠳᠣᠳᠥᠮ ᠤᠨ ᠬᠢᠨᠠᠯᠲᠠ ᠬᠠᠮᠢᠶᠠᠷᠤᠯᠲᠠ ᠬᠢᠬᠦ᠂ ᠤᠬᠠᠭᠤᠯᠵᠤ ᠬᠥᠮᠥᠵᠢᠭᠦᠯᠬᠦ ᠪᠠᠨ ᠴᠢᠩᠭᠠᠳᠬᠠᠨ᠂ ᠨᠢᠭᠤᠵᠤ ᠪᠡᠯᠴᠢᠭᠡᠷᠯᠡᠭᠦᠯᠬᠦ ᠬᠠᠤᠯᠢ ᠵᠥᠷᠢᠴᠡᠭᠰᠡᠨ ᠠᠵᠢᠯᠯᠠᠭ᠎ᠠ ᠶᠢ ᠴᠠᠭ ᠳᠠᠷᠤᠢ ᠳᠤᠨᠢ ᠪᠠᠶᠢᠴᠠᠭᠠᠨ ᠬᠤᠷᠢᠭᠯᠠᠵᠤ᠂ ᠬᠠᠤᠯᠢ ᠶᠣᠰᠣᠭᠠᠷ ᠰᠢᠢᠳᠪᠦᠷᠢᠯᠡᠨ᠎ᠡ᠃      ︵ᠬᠤᠶᠠᠷ︶ ᠡᠯ᠎ᠡ ᠭᠠᠴᠠᠭ᠎ᠠ ᠲᠤᠰᠬᠤᠨ ᠰᠤᠮᠤ ᠪᠠᠯᠭᠠᠰᠤ ᠲᠠᠢ ᠢᠳᠡᠪᠬᠢᠲᠡᠢ ᠬᠠᠮᠵᠢᠯᠴᠠᠨ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠲᠥᠷᠥ ᠶᠢᠨ ᠪᠤᠳᠣᠯᠭ᠎ᠠ ᠶᠢ ᠤᠬᠠᠭᠤᠯᠬᠤ ᠠᠵᠢᠯ ᠢ ᠰᠠᠶᠢᠨ ᠬᠢᠵᠦ᠂ ᠬᠠᠷᠢᠶ᠎ᠠ ᠣᠷᠣᠨ ᠳᠣᠲᠣᠷᠠᠬᠢ ᠨᠢᠭᠤᠵᠤ ᠪᠡᠯᠴᠢᠭᠡᠷᠯᠡᠭᠦᠯᠦᠭᠰᠡᠨ ᠬᠠᠤᠯᠢ ᠵᠥᠷᠢᠴᠡᠭᠰᠡᠨ ᠠᠵᠢᠯᠯᠠᠭ᠎ᠠ ᠶᠢᠨ ᠡᠳᠦᠷ ᠳᠣᠳᠥᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠬᠠᠤᠯᠢ ᠵᠥᠷᠢᠴᠡᠭᠰᠡᠨ ᠠᠵᠢᠯᠯᠠᠭ᠎ᠠ ᠶᠢ ᠢᠯᠡᠷᠡᠭᠦᠯᠪᠡᠯ᠂ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠳᠤ ᠳᠠᠷᠤᠶᠢᠬᠠᠨ ᠮᠡᠳᠡᠭᠦᠯᠦᠨ᠎ᠡ᠃ ᠪᠠᠶᠢᠳᠠᠯ ᠢ ᠮᠡᠳᠡᠵᠦ ᠪᠠᠶᠢᠭᠠᠳ ᠮᠡᠳᠡᠭᠦᠯᠬᠦ ᠦᠭᠡᠢ᠂ ᠥᠮᠥᠭᠯᠡᠵᠦ ᠨᠢᠭᠤᠭᠰᠠᠳ ᠢ ᠲᠤᠰᠢᠶᠡᠯ ᠳᠠᠭᠠᠨ ᠤᠰᠣᠯᠳᠠᠭᠰᠠᠨ᠂ ᠲᠤᠰᠢᠶᠡᠯ ᠢᠶᠠᠨ ᠭᠤᠲᠤᠭᠠᠭᠰᠠᠨ ᠢᠶᠠᠷ ᠦᠵᠡᠵᠦ ᠬᠠᠷᠢᠭᠤᠴᠠᠯᠭ᠎ᠠ ᠨᠡᠬᠡᠮᠵᠢᠯᠡᠨ᠎ᠡ᠃      ︵ᠭᠤᠷᠪᠡ︶ ᠥᠷᠭᠡᠨ ᠣᠯᠠᠨ ᠮᠠᠯᠴᠢᠨ ᠲᠠᠷᠢᠶᠠᠴᠢᠨ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠤᠬᠠᠮᠰᠠᠷ ᠠᠴᠠ ᠪᠠᠨ ᠬᠡᠷᠡᠭᠵᠢᠭᠦᠯᠵᠦ᠂ ᠣᠢ ᠰᠢᠭᠤᠢ ᠨᠤᠲᠤᠭ ᠪᠡᠯᠴᠢᠭᠡᠷ ᠤᠨ ᠠᠮᠢ ᠠᠬᠤᠢ ᠤᠷᠴᠢᠨ ᠲᠣᠭᠤᠷᠢᠨ ᠢ ᠬᠠᠮᠠᠭᠠᠯᠠᠵᠤ ᠰᠠᠶᠢᠵᠢᠷᠠᠭᠤᠯᠤᠨ᠎ᠠ᠃ ᠣᠢ ᠰᠢᠭᠤᠢ ᠨᠤᠲᠤᠭ ᠪᠡᠯᠴᠢᠭᠡᠷ ᠤᠨ ᠠᠮᠢ ᠠᠬᠤᠢ ᠶᠢᠨ ᠨᠥᠬᠦᠪᠦᠷᠢ ᠱᠠᠩᠨᠠᠯ ᠢ ᠠᠮᠢ ᠠᠬᠤᠢ ᠶᠢ ᠬᠠᠮᠠᠭᠠᠯᠠᠬᠤ ᠪᠠ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠬᠤᠭᠤᠴᠠᠭᠠᠨ ᠳᠠᠬᠢ ᠡᠪᠡᠰᠤ ᠲᠡᠵᠢᠭᠡᠯ ᠪᠣᠷᠳᠤᠭ᠎ᠠ ᠬᠤᠳᠠᠯᠳᠤᠨ ᠠᠪᠴᠤ ᠨᠥᠬᠡᠴᠡᠯᠡᠬᠦ ᠳᠤ ᠬᠡᠷᠡᠭᠯᠡᠵᠦ᠂ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠠᠵᠢᠯ ᠤᠨ ᠤᠷᠣᠭᠰᠢᠲᠠᠢ ᠶᠠᠪᠤᠭᠳᠠᠬᠤ ᠶᠢ ᠪᠠᠲᠤᠯᠠᠨ᠎ᠠ᠃      ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ᠂ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠠᠵᠢᠯ ᠳᠤ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ       ᠣᠲᠤᠭ ᠬᠤᠰᠢᠭᠤᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠄ 0477 — 6212480︔      ᠣᠲᠤᠭ ᠬᠤᠰᠢᠭᠤᠨ ᠤ ᠲᠠᠷᠢᠶᠠᠯᠠᠩ ᠮᠠᠯ ᠠᠵᠦ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ᠄ 0477 — 6212362︔      ᠤᠯᠠᠭᠠᠨᠪᠠᠯᠭᠠᠰᠣ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠄ 0477 — 6221425︔      ᠴᠢ ᠫᠠᠠ ᠵᠢᠩ ᠪᠠᠯᠭᠠᠰᠤ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠄ 0477 — 6486817︔      ᠮᠸᠡᠭ ᠰᠢ ᠪᠠᠯᠭᠠᠰᠤ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠄ 0477 — 6445111︔      ᠥᠮᠡᠬᠡᠶᠢᠨᠠᠭᠤᠷ ᠪᠠᠯᠭᠠᠰᠤ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠄ 0477 — 6562181︔      ᠰᠦᠮᠡᠲᠦ ᠰᠤᠮᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠄ 0477 — 6454201︔      ᠠᠷᠪᠠᠰ ᠰᠤᠮᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠄ 0477 — 2282021᠃                                                        ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ                                                        2022 ᠣᠨ ᠤ 7 ᠳ᠋ᠤᠭᠠᠷ ᠰᠠᠷ᠎ᠠ ᠶᠢᠨ 4 ᠤ ᠡᠳᠦᠷ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ        2022 ᠣᠨ ᠤ 7 ᠳ᠋ᠤᠭᠠᠷ ᠰᠠᠷ᠎ᠠ ᠶᠢᠨ 4 ᠤ ᠡᠳᠦᠷ ᠳᠠᠷᠤᠮᠠᠯᠯᠠᠨ ᠲᠠᠷᠬᠠᠭᠠᠪᠠ 
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ