ᠭᠡᠷᠡᠴᠢ ᠦᠨᠡᠮᠯᠡᠯ ᠢ ᠡᠯᠧᠺᠲᠷᠦᠨᠴᠢᠯᠡᠬᠦ ᠠᠵᠢᠯ ᠢ ᠠᠬᠢᠭᠤᠯᠬᠤ ᠲᠤᠬᠠᠢ ᠣᠳᠤᠭ ᠬᠤᠰᠢᠭᠤᠨ ᠤ ᠠᠷᠡᠳ ᠤᠨ ᠵᠡᠰᠠᠭ ᠤᠨ ᠣᠷᠳᠣᠨ ᠤ ᠠᠯᠪᠠᠨ ᠭᠡᠷ ᠤᠨ ᠮᠡᠳᠡ᠊
ᠨᠡᠶᠢᠲᠡᠯᠡᠭᠰᠡᠨ ᠴᠠᠭ᠄
2022/8/12
                                            ᠣᠳᠤᠭ ᠵᠠᠰᠠᠭ ᠠᠯᠪᠠᠨ ᠲᠠᠷᠬᠠᠭᠠᠭᠰᠠᠨ ﹇2022﹈ 108 ᠳ᠋ᠤᠭᠠᠷ ᠲᠣᠭᠠᠲᠤ ᠭᠡᠷᠡᠴᠢ ᠦᠨᠡᠮᠯᠡᠯ ᠢ ᠡᠯᠧᠺᠲᠷᠦᠨᠴᠢᠯᠡᠬᠦ ᠠᠵᠢᠯ ᠢ ᠠᠬᠢᠭᠤᠯᠬᠤ ᠲᠤᠬᠠᠢ ᠣᠳᠤᠭ ᠬᠤᠰᠢᠭᠤᠨ ᠤ ᠠᠷᠡᠳ ᠤᠨ ᠵᠡᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯᠬᠤᠰᠢᠭᠤᠨ ᠤ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠪᠠᠶᠢᠭᠤᠯᠭ᠎ᠠ ᠳᠤ᠄       ᠣᠷᠳᠣᠰ ᠬᠤᠲᠠ ᠶᠢᠨ ᠲᠡᠷᠢᠭᠦᠨ ᠲᠠᠢ ᠬᠠᠷᠢᠴᠠᠭᠤᠯᠵᠤ ᠬᠠᠮᠤᠭ ᠤᠨ ᠰᠢᠯᠢᠳᠡᠭ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠡᠭᠦᠳᠬᠦ ᠠᠵᠢᠯᠯᠠᠭ᠎ᠠ ᠶᠢᠨ ᠲᠥᠰᠥᠯ ᠤᠨ 500 ᠡᠭᠦᠷᠭᠡ ᠶᠢᠨ ᠱᠠᠭᠠᠷᠳᠠᠯᠭ᠎ᠠ ᠶᠣᠰᠣᠭᠠᠷ᠂ ︽ᠡᠯᠧᠺᠲᠷᠣᠨ ᠭᠡᠷᠡᠴᠢ ᠦᠨᠡᠮᠯᠡᠯ᠂ ᠡᠯᠧᠺᠲᠷᠣᠨ ᠲᠠᠮᠠᠭ᠎ᠠ᠂ ᠡᠯᠧᠺᠲᠷᠣᠨ ᠳᠠᠩᠰᠠ ᠡᠪᠬᠡᠮᠡᠯ ᠤᠨ ᠪᠠᠶᠢᠭᠤᠯᠭ᠎ᠠ ᠠᠯᠤᠰᠯᠠᠭᠰᠠᠨ᠂ ᠲᠡᠰ ᠳᠠᠪᠬᠤᠷᠭ᠎ᠠ ᠠᠯᠤᠰᠯᠠᠭᠰᠠᠨ᠂ ᠣᠷᠣᠨ ᠲᠣᠭᠤᠷᠢᠭ ᠠᠯᠤᠰᠯᠠᠭᠰᠠᠨ ᠬᠡᠷᠡᠭᠯᠡᠭᠡ ᠶᠢ ᠪᠡᠶᠡᠯᠡᠭᠦᠯᠵᠦ᠂ ᠨᠠᠮ ᠵᠠᠰᠠᠭ ᠤᠨ ᠠᠯᠪᠠᠨ ᠪᠠᠶᠢᠭᠤᠯᠭ᠎ᠠ ᠶᠢᠨ ᠳᠠᠷᠤᠮᠠᠯᠯᠠᠨ ᠲᠠᠷᠬᠠᠭᠠᠭᠰᠠᠨ ᠣᠯᠠᠨᠲᠠ ᠬᠢᠯᠭᠡᠬᠦ ᠭᠡᠷᠡᠴᠢ᠂ ᠪᠠᠲᠤᠯᠠᠪᠤᠷᠢ ︵ᠫᠠᠶᠢᠰᠠ︶᠂ ᠭᠡᠷᠡᠴᠢ ᠪᠢᠴᠢᠭ ᠮᠠᠲ᠋ᠧᠷᠢᠶᠠᠯ᠂ ᠴᠤᠬᠤᠯᠠᠪᠤᠷᠢ᠂ ᠬᠢᠨᠠᠨ ᠲᠣᠭᠲᠠᠭᠠᠭᠰᠠᠨ ᠮᠡᠳᠡᠭᠦᠯᠦᠯᠲᠡ᠂ ᠣᠯᠠᠨᠲᠠ ᠭᠦᠢᠴᠡᠳᠬᠡᠭᠦᠯᠬᠦ ᠵᠠᠰᠠᠭ ᠤᠨ ᠶᠠᠪᠤᠳᠠᠯ ᠤᠨ ᠤᠴᠢᠷ ᠢ ᠪᠦᠬᠦ ᠣᠷᠣᠨ ᠳᠤ ᠰᠦᠯᠵᠢᠶᠡᠨ ᠳᠡᠭᠡᠷ᠎ᠡ ᠨᠡᠶᠢᠳᠡᠮ ᠭᠦᠢᠴᠡᠳᠬᠡᠬᠦ ᠶᠢ ᠪᠡᠶᠡᠯᠡᠭᠦᠯᠬᠦ︾ ᠪᠠᠷ ᠪᠣᠳᠠᠲᠤ ᠠᠵᠢᠯ ᠤᠨ ᠱᠠᠭᠠᠷᠳᠠᠯᠭ᠎ᠠ ᠶᠢ ᠳᠣᠣᠷᠠᠬᠢ ᠮᠡᠲᠦ ᠳᠤᠷᠠᠳᠪᠠ᠄       ᠨᠢᠭᠡ᠂ ᠬᠡᠰᠡᠭ ᠪᠠᠶᠢᠭᠤᠯᠭ᠎ᠠ ᠡᠯᠧᠺᠲᠷᠣᠨ ᠭᠡᠷᠡᠴᠢ ᠦᠨᠡᠮᠯᠡᠯ ᠢ ᠬᠢᠯᠭᠡᠵᠦ ᠠᠪᠤᠭᠰᠠᠨ ᠥᠬᠡᠶ ᠠᠴᠠ ᠪᠥᠬᠦ ᠬᠤᠰᠢᠭᠤᠨ ᠳᠤ ᠡᠯᠧᠺᠲᠷᠣᠨ ᠭᠡᠷᠡᠴᠢ ᠦᠨᠡᠮᠯᠡᠯ  ᠤᠨ ᠲᠥᠷᠥᠯ ᠵᠦᠶᠯ ᠨᠡᠯᠢᠶᠡᠳ ᠴᠥᠭᠡᠨ ᠪᠣᠯᠵᠠᠶ᠂ ᠡᠯ᠎ᠡ ᠪᠠᠶᠢᠭᠤᠯᠭ᠎ᠠ ᠡᠯᠧᠺᠲᠷᠦᠨᠴᠢᠯᠡᠭᠰᠡᠨ ᠦᠭᠡᠢ ᠭᠡᠷᠡᠴᠢ ᠦᠨᠡᠮᠯᠡᠯ ᠢ ᠡᠮᠬᠢᠯᠡᠨ ᠳᠢᠭᠯᠡᠬᠦ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠢ ᠨᠢᠭᠡ ᠴᠣᠭᠴᠠᠵᠢᠭᠤᠯᠬᠤ ᠲᠠᠪᠴᠠᠩ ᠪᠠᠷ ᠳᠠᠮᠵᠢᠨ ᠬᠢᠯᠭᠡᠵᠦ ᠠᠪᠬᠤ ᠶᠢ ᠱᠠᠭᠠᠷᠳᠠᠵᠤ᠂ ᠡᠷᠬᠡᠪᠰᠢ 2022 ᠣᠨ ᠤ 8 ᠳ᠋ᠤᠭᠠᠷ ᠰᠠᠷ᠎ᠠ ᠶᠢᠨ 30 ᠤ ᠡᠳᠦᠷ ᠠᠴᠠ ᠡᠮᠦᠨ᠎ᠡ ᠭᠡᠷᠡᠴᠢ ᠦᠨᠡᠮᠯᠡᠯ ᠤᠨ ᠲᠥᠷᠥᠯ ᠬᠡᠯᠪᠡᠷᠢ ᠶᠢ ᠬᠤᠷᠠᠮᠳᠤᠭᠤᠯᠬᠤ ᠠᠵᠢᠯ ᠢ ᠪᠡᠶᠡᠯᠡᠭᠦᠯᠬᠦ ᠬᠡᠷᠡᠭᠲᠡᠢ᠃      ᠬᠤᠶᠠᠷ᠂ ᠡᠯᠧᠺᠲᠷᠣᠨ ᠭᠡᠷᠡᠴᠢ ᠦᠨᠡᠮᠯᠡᠯ ᠢ ᠬᠢᠯᠭᠡᠵᠦ ᠠᠪᠤᠭᠰᠠᠨ ᠪᠠᠶᠢᠭᠤᠯᠭ᠎ᠠ ᠬᠠᠮᠢᠶ᠎ᠠ ᠪᠥᠬᠦᠶ ᠲᠡᠦᠬᠡ ᠶᠢᠨ ᠭᠡᠷᠡᠴᠢ ᠦᠨᠡᠮᠯᠡᠯ ᠤᠨ ᠲᠤᠭ᠎ᠠ ᠪᠠᠷᠢᠮᠲᠠ ᠨᠡᠯᠢᠶᠡᠳ ᠣᠯᠠᠨ᠂ ᠡᠯᠧᠺᠲᠷᠣᠨ ᠭᠡᠷᠡᠴᠢ ᠦᠨᠡᠮᠯᠡᠯ ᠤᠨ ᠴᠤᠭᠯᠠᠷᠠᠯ ᠤᠨ ᠲᠤᠭ᠎ᠠ ᠬᠡᠮᠵᠢᠶ᠎ᠡ ᠴᠥᠭᠡᠨ ᠠᠴᠠ ᠪᠣᠯᠣᠭᠠᠳ ᠣᠯᠠᠨ ᠲᠦᠮᠡᠨ ᠤᠴᠢᠷ ᠶᠠᠪᠤᠳᠠᠯ ᠭᠦᠶᠴᠡᠳᠬᠡᠬᠦ ᠶᠠᠪᠤᠴᠠ ᠳᠤ ᠪᠠᠰᠠ ᠴᠠᠭᠠᠰᠤᠨ ᠮᠠᠲ᠋ᠧᠷᠢᠶᠠᠯ ᠬᠠᠩᠭᠠᠬᠤ ᠴᠢᠬᠤᠯᠠᠲᠠᠶ ᠪᠠᠶᠢᠨ᠎ᠠ᠂ ᠡᠳᠦᠭᠡ ᠪᠠᠶᠢᠭᠤᠯᠭ᠎ᠠ ᠨᠤᠭᠤᠳ ᠤᠨ ᠲᠣᠰ ᠪᠠᠶᠢᠭᠤᠯᠭ᠎ᠠ ᠶᠢᠨ ᠢᠶᠠᠨ ᠲᠡᠦᠬᠡ ᠶᠢᠨ ᠭᠡᠷᠡᠴᠢ ᠦᠨᠡᠮᠯᠡᠯ ᠤᠨ ᠲᠤᠭ᠎ᠠ ᠪᠠᠷᠢᠮᠲᠠ ᠶᠢ ᠪᠢᠴᠢᠵᠦ ᠣᠷᠣᠭᠤᠯᠬᠤ ᠶᠢ ᠱᠠᠭᠠᠷᠳᠠᠵᠤ᠂ ᠡᠷᠬᠡᠪᠰᠢ 2022 ᠣᠨ ᠤ 11 ᠳ᠋ᠦ᠋ᠭᠡᠷ ᠰᠠᠷ᠎ᠠ ᠶᠢᠨ 30 ᠤ ᠡᠳᠦᠷ ᠠᠴᠠ ᠡᠮᠦᠨ᠎ᠡ ᠭᠡᠷᠡᠴᠢ ᠦᠨᠡᠮᠯᠡᠯ ᠤᠨ ᠲᠤᠭ᠎ᠠ ᠪᠠᠷᠢᠮᠲᠠ ᠶᠢ ᠬᠤᠷᠠᠮᠳᠤᠭᠤᠯᠬᠤ ᠠᠵᠢᠯ ᠢ ᠪᠡᠶᠡᠯᠡᠭᠦᠯᠬᠦ ᠬᠡᠷᠡᠭᠲᠡᠢ᠃      ᠭᠤᠷᠪᠠ᠂ ᠡᠯᠧᠺᠲᠷᠣᠨ ᠭᠡᠷᠡᠴᠢ ᠦᠨᠡᠮᠯᠡᠯ ᠤᠨ ᠲᠡᠦᠬᠡᠨ ᠲᠤᠭ᠎ᠠ ᠪᠠᠷᠢᠮᠲᠠ ᠶᠢ ᠣᠳᠣᠬᠠᠨ ᠳᠤ ᠬᠡᠷᠡᠭᠯᠡᠵᠦ ᠪᠠᠶᠢᠭ᠎ᠠ ᠬᠦᠴᠦᠨ ᠥᠬᠡᠶ ᠪᠣᠯᠤᠭᠰᠠᠨ ᠥᠬᠡᠶ ᠴᠠᠭᠠᠰᠤᠨ ᠭᠡᠷᠡᠴᠢ ᠦᠨᠡᠮᠯᠡᠯ ᠢ ᠪᠦᠬᠦᠨ ᠢ ᠡᠯᠧᠺᠲᠷᠦᠨᠴᠢᠯᠡᠬᠦ ᠶᠢ ᠱᠠᠭᠠᠷᠳᠠᠨ᠂ ᠲᠣᠰ ᠡᠭᠦᠷᠭᠡ ᠶᠢ ᠭᠤᠷᠪᠠᠳᠠᠬᠢ ᠲᠠᠯ᠎ᠠ ᠶᠢᠨ ᠦᠷ᠎ᠡ ᠪᠦᠲᠦᠮᠵᠢ ᠶᠢ ᠠᠬᠢᠭᠤᠯᠬᠤ ᠦᠨᠡᠯᠡᠯᠲᠡ ᠶᠢᠨ ᠪᠠᠶᠢᠭᠤᠯᠤᠮᠵᠢ ᠠᠴᠠ ᠰᠠᠷ᠎ᠠ ᠰᠠᠷ᠎ᠠ ᠪᠠᠷ ᠲᠣᠬᠢᠷᠠᠭᠤᠯᠤᠯᠲᠠ ᠬᠢᠵᠦ᠂ ᠠᠬᠢᠴᠠ ᠶᠢᠨ ᠪᠠᠶᠢᠳᠠᠯ ᠢ ᠮᠡᠳᠡᠭᠡᠯᠡᠨ᠎ᠡ᠃                  ᠬᠠᠷᠢᠯᠴᠠᠬᠤ ᠬᠦᠮᠥᠨ᠄ ᠲᠡᠷᠭᠡᠯ᠂ ᠬᠠᠷᠢᠯᠴᠠᠬᠤ ᠤᠲᠠᠰᠤ᠄ 15134943014 ︵ᠸᠢᠴᠠᠲ ᠤᠨ ᠨᠣᠮᠧᠷ︶                                                                                                 ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                                          2022 ᠣᠨ ᠤ 8 ᠳ᠋ᠤᠭᠠᠷ ᠰᠠᠷ᠎ᠠ ᠶᠢᠨ 11 ᠤ ᠡᠳᠦᠷ
ᠢᠷᠡᠯᠲᠡ᠄ ᠤᠲᠤᠭ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ