ᠨᠡᠭᠦᠷᠡᠰᠦᠨ ᠤ ᠬᠠᠩᠭᠠᠯᠭ᠎ᠠ ᠶᠢ ᠪᠠᠲᠤᠯᠠᠵᠤ ᠦᠨ᠎ᠡ ᠶᠢ ᠲᠣᠭᠲᠠᠪᠤᠷᠢᠵᠢᠭᠤᠯᠬᠤ ᠲᠤᠰᠬᠠᠢ ᠠᠩᠭᠢ ᠪᠠᠶᠢᠭᠤᠯᠬᠤ ᠲᠤᠬᠠᠢ ᠣᠳᠤᠭ ᠬᠤᠰᠢᠭᠤᠨ ᠤ ᠠᠷᠡᠳ ᠤᠨ ᠵᠡᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2022/8/13
                                       ᠣᠳᠤᠭ ᠵᠠᠰᠠᠭ ᠠᠯᠪᠠᠨ ᠲᠠᠷᠬᠠᠭᠠᠭᠰᠠᠨ ﹇2022﹈ 115 ᠳ᠋ᠤᠭᠠᠷ ᠲᠣᠭᠠᠲᠤᠨᠡᠭᠦᠷᠡᠰᠦᠨ ᠤ ᠬᠠᠩᠭᠠᠯᠭ᠎ᠠ ᠶᠢ ᠪᠠᠲᠤᠯᠠᠵᠤ ᠦᠨ᠎ᠡ ᠶᠢ ᠲᠣᠭᠲᠠᠪᠤᠷᠢᠵᠢᠭᠤᠯᠬᠤ ᠲᠤᠰᠬᠠᠢ ᠠᠩᠭᠢ ᠪᠠᠶᠢᠭᠤᠯᠬᠤ ᠲᠤᠬᠠᠢ ᠣᠳᠤᠭ ᠬᠤᠰᠢᠭᠤᠨ ᠤ ᠠᠷᠡᠳ ᠤᠨ ᠵᠡᠰᠠᠭ  ᠤᠨ ᠣᠷᠳᠣᠨ ᠤ ᠠᠯᠪᠠᠨ ᠭᠡᠷ ᠤᠨ ᠮᠡᠳᠡᠭᠳᠡᠯᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠠᠵᠦ ᠠᠬᠤᠢ ᠶᠢᠨ ᠨᠡᠭᠡᠭᠡᠯᠲᠡ ᠶᠢᠨ ᠲᠣᠭᠤᠷᠢᠭ ︵ᠬᠦᠷᠢᠶᠡᠯᠡᠩ︶ ᠤᠨ ᠬᠠᠮᠢᠶᠠᠷᠤᠯᠲᠠ ᠶᠢᠨ ᠵᠥᠪᠯᠡᠯ᠂ ᠬᠤᠰᠢᠭᠤᠨ ︵ᠬᠤᠲᠠ︶ ᠤ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠪᠠᠶᠢᠭᠤᠯᠭ᠎ᠠ᠂ ᠡᠯ᠎ᠡ ᠶᠡᠭᠡ ᠠᠵᠦ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄       ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ︽ᠨᠡᠭᠦᠷᠡᠰᠦᠨ ᠤ ᠵᠠᠬ᠎ᠠ ᠳᠡᠯᠭᠡᠭᠦᠷ ᠤᠨ ᠦᠨ᠎ᠡ ᠬᠠᠩᠰᠢ ᠪᠦᠷᠢᠯᠳᠦᠬᠦ ᠲᠣᠭᠲᠠᠴᠠ ᠶᠢ ᠤᠯᠠᠮ ᠲᠡᠭᠦᠯᠳᠡᠷᠵᠢᠭᠦᠯᠬᠦ ᠲᠤᠬᠠᠢ ᠮᠡᠳᠡᠭᠳᠡᠯ︾ ︵ᠬᠥᠭᠵᠢᠭᠦᠯᠦᠯᠲᠡ ᠥᠭᠡᠷᠡᠴᠢᠯᠡᠯᠲᠡ ᠦᠨ᠎ᠡ ᠬᠠᠩᠰᠢ ﹇2022﹈ 303 ᠳ᠋ᠤᠭᠠᠷ ᠲᠣᠭᠠᠲᠤ︶ ᠵᠢᠴᠢ 2022 ᠣᠨ ᠤ 4 ᠳ᠋ᠦ᠋ᠭᠡᠷ ᠲᠣᠭᠠᠲᠤ ᠠᠯᠪᠠᠨ ᠵᠠᠷ ᠢ ᠭᠦᠨᠵᠡᠭᠡᠢ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠡᠭᠦᠷᠡᠰᠦᠨ ᠤ ᠦᠨ᠎ᠡ ᠬᠠᠩᠰᠢ ᠶᠢ ᠵᠦᠢ ᠵᠣᠬᠢᠰᠲᠠᠢ ᠣᠷᠣᠨ ᠲᠣᠭᠤᠷᠢᠭ ᠳᠣᠲᠣᠷ᠎ᠠ ᠪᠠᠶᠢᠯᠭᠠᠬᠤ ᠶᠢ ᠵᠢᠯᠣᠭᠤᠳᠤᠨ᠂ ᠡᠨᠧᠷᠭᠢ ᠶᠢᠨ ᠠᠮᠤᠷ ᠲᠦᠪᠰᠢᠨ ᠲᠣᠭᠲᠠᠪᠤᠷᠢᠲᠠᠢ ᠬᠠᠩᠭᠠᠯᠭ᠎ᠠ ᠶᠢ ᠪᠠᠲᠤᠯᠠᠵᠤ᠂ ᠨᠡᠭᠦᠷᠡᠰᠦ᠂ ᠴᠠᠬᠢᠯᠭᠠᠨ ᠤ ᠳᠠᠭᠠᠯᠲᠠ ᠪᠦᠲᠦᠭᠡᠭᠳᠡᠬᠦᠨ ᠤ ᠵᠣᠬᠢᠴᠠᠩᠭᠤᠢ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠤᠰᠠᠳᠠ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠨᠡᠭᠦᠷᠡᠰᠦᠨ ᠤ ᠬᠠᠩᠭᠠᠯᠭ᠎ᠠ ᠶᠢ ᠪᠠᠲᠤᠯᠠᠵᠤ ᠦᠨ᠎ᠡ ᠶᠢ ᠲᠣᠭᠲᠠᠪᠤᠷᠢᠵᠢᠭᠤᠯᠬᠤ ᠠᠵᠢᠯ ᠤᠨ ᠲᠤᠰᠬᠠᠢ ᠠᠩᠭᠢ ᠪᠠᠶᠢᠭᠤᠯᠬᠤ ᠪᠠᠷ ᠲᠣᠭᠲᠠᠪᠠ᠂ ᠡᠳᠦᠭᠡ ᠬᠠᠮᠢᠶ᠎ᠠ ᠪᠦᠬᠦᠢ ᠤᠴᠢᠷ ᠶᠠᠪᠤᠳᠠᠯ ᠢ ᠳᠣᠣᠷᠠᠬᠢ ᠮᠡᠲᠦ ᠮᠡᠳᠡᠭᠳᠡᠶ᠎ᠡ᠃       ᠨᠢᠭᠡ᠂ ᠠᠵᠢᠯ ᠤᠨ ᠲᠤᠰᠬᠠᠢ ᠠᠩᠭᠢ ᠶᠢᠨ ᠪᠦᠷᠢᠯᠳᠦᠬᠦᠨᠳᠤᠭᠤᠶᠢᠯᠠᠩ ᠤᠨ ᠳᠠᠷᠤᠭ᠎ᠠ᠄ ᠸᠠᠩ ᠭᠦᠸᠧ ᠴᠢᠤᠸᠠᠨ           ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ᠂ ᠣᠲᠤᠭ ᠤᠨ ᠠᠵᠦ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯ ᠤᠨ ᠬᠤᠷᠢᠶ᠎ᠠ ᠶᠢᠨ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢᠳᠤᠭᠤᠶᠢᠯᠠᠩ ᠤᠨ ᠳᠡᠳ᠋ ᠳᠠᠷᠤᠭ᠎ᠠ᠄ ᠰᠢᠤᠢ ᠷᠦᠢ ᠹᠸᠡᠭ           ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ                             ᠣᠶᠤᠨᠪᠠᠭᠠᠨ᠎ᠠ              ᠬᠤᠰᠢᠭᠤᠨ ᠤ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠳᠠᠷᠤᠭ᠎ᠠ                             ᠯᠢᠦ ᠷᠦᠢ                 ᠬᠤᠰᠢᠭᠤᠨ ᠤ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ                             ᠨᠠᠰᠤᠨᠳᠡᠯᠭᠡᠷ               ᠬᠤᠰᠢᠭᠤᠨ ᠤ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠᠪᠦᠷᠢᠯᠳᠦᠬᠦᠨ᠄ ᠤᠷᠤᠭᠰᠢᠯᠠ                                ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ             ᠵᠠᠩ ᠴᠢᠠ                                 ᠬᠤᠰᠢᠭᠤᠨ ᠤ ᠡᠳ᠋ ᠤᠨ ᠵᠠᠰᠠᠭ ᠤᠨ ᠲᠣᠪᠴᠢᠶᠠᠨ ᠳᠠᠷᠤᠭ᠎ᠠ             ᠰᠦᠨ ᠵᠢᠶᠠᠨ ᠬᠤᠸᠠ                         ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠳᠠᠷᠤᠭ᠎ᠠ             ᠼᠦᠢ ᠰᠢᠶᠠᠩ ᠵᠢᠶᠦ᠋ᠨ                        ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠳᠠᠷᠤᠭ᠎ᠠ             ᠶᠠᠩ ᠵᠧᠨ ᠫᠢᠡᠭ                            ᠬᠤᠰᠢᠭᠤᠨ ᠤ ᠡᠨᠧᠷᠭᠢ ᠶᠢᠨ ᠲᠣᠪᠴᠢᠶᠠᠨ ᠳᠠᠷᠤᠭ᠎ᠠ             ᠵᠢᠶᠠᠩ ᡁᠢ ᠵᠢᠶᠦ᠋ᠨ                          ᠬᠤᠰᠢᠭᠤᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶᠠᠨ ᠳᠠᠷᠤᠭ᠎ᠠ             ᠸᠠᠩ ᠵᠢᠶᠠᠨ ᠳ᠋ᠦᠡᠭ                          ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶᠠᠨ ᠳᠠᠷᠤᠭ᠎ᠠ             ᠯᠢᠦ ᠶᠦᠡᠭ ᠵᠢᠶᠦ᠋ᠨ                          ᠣᠲᠤᠭ ᠤᠨ ᠠᠵᠦ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶᠠᠨ ᠳᠠᠷᠤᠭ᠎ᠠ             ᠵᠢᠢ ᠺᠠᠢ ᠯᠧ                               ᠬᠤᠰᠢᠭᠤᠨ ᠤ ᠲᠥᠰᠥᠪ ᠢ ᠰᠦᠯᠵᠢᠶ᠎ᠡ ᠬᠤᠯᠪᠣᠭᠠᠯᠠᠨ ᠬᠢᠨᠠᠨ ᠡᠵᠡᠮᠳᠡᠬᠦ ᠲᠥᠪ ᠤᠨ ᠳᠡᠳ᠋ ᠡᠷᠬᠢᠯᠡᠭᠴᠢ      ᠬᠤᠶᠠᠷ᠂ ᠠᠵᠢᠯ ᠤᠨ ᠳᠤᠭᠤᠶᠢᠯᠠᠩ ᠤᠨ ᠪᠦᠷᠢᠯᠳᠦᠬᠦᠨ ᠵᠢᠴᠢ ᠲᠤᠰᠢᠶᠠᠯ ᠬᠠᠷᠢᠭᠤᠴᠠᠯᠭ᠎ᠠ      ᠤᠳᠤᠷᠢᠳᠬᠤ ᠳᠤᠭᠤᠶᠢᠯᠠᠩ ᠤᠨ ᠳᠣᠣᠷ᠎ᠠ ᠠᠯᠪᠠᠨ ᠭᠡᠷ᠂ ᠦᠨ᠎ᠡ ᠶᠢ ᠲᠣᠭᠲᠠᠪᠤᠷᠢᠵᠢᠭᠤᠯᠬᠤ ᠳᠤᠭᠤᠶᠢᠯᠠᠩ᠂ ᠬᠠᠩᠭᠠᠯᠭ᠎ᠠ ᠶᠢ ᠪᠠᠲᠤᠯᠠᠬᠤ ᠳᠤᠭᠤᠶᠢᠯᠠᠩ᠂ ᠬᠢᠨᠠᠯᠲᠠ ᠲᠠᠯᠪᠢᠬᠤ ᠳᠤᠭᠤᠶᠢᠯᠠᠩ ᠭᠡᠬᠦ 4 ᠠᠵᠢᠯ ᠤᠨ ᠳᠤᠭᠤᠶᠢᠯᠠᠩ ᠪᠠᠶᠢᠭᠤᠯᠵᠤ᠂ ᠨᠡᠭᠦᠷᠡᠰᠦᠨ ᠤ ᠬᠠᠩᠭᠠᠯᠭ᠎ᠠ ᠶᠢ ᠪᠠᠲᠤᠯᠠᠨ ᠦᠨ᠎ᠡ ᠶᠢ ᠲᠣᠭᠲᠠᠪᠤᠷᠢᠵᠢᠭᠤᠯᠬᠤ ᠠᠵᠢᠯ ᠢ ᠬᠤᠪᠢᠶᠠᠨ ᠬᠠᠷᠢᠭᠤᠴᠠᠨ᠎ᠠ᠃      ︵ᠨᠢᠭᠡ︶ ᠠᠯᠪᠠᠨ ᠭᠡᠷ      ᠠᠯᠪᠠᠨ ᠭᠡᠷ ᠢ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠳᠤ ᠭᠠᠷᠭᠠᠨ᠂ ᠠᠵᠢᠯᠲᠠᠨ ᠢ ᠬᠤᠰᠢᠭᠤᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠪᠠᠶᠢᠭᠤᠯᠭ᠎ᠠ ᠨᠤᠭᠤᠳ ᠠᠴᠠ ᠰᠣᠩᠭᠤᠨ᠎ᠠ᠃ᠡᠷᠬᠢᠯᠡᠭᠴᠢ᠄ ᠤᠷᠤᠭᠰᠢᠯᠠ                   ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢᠳᠡᠳ᠋ ᠡᠷᠬᠢᠯᠡᠭᠴᠢ᠄ ᠪᠠᠭᠠᠨ᠎ᠠ                 ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ                ᠵᠢᠢ ᠺᠠᠢ ᠯᠧ              ᠬᠤᠰᠢᠭᠤᠨ ᠤ ᠲᠥᠰᠥᠪ ᠢ ᠰᠦᠯᠵᠢᠶ᠎ᠡ ᠬᠤᠯᠪᠣᠭᠠᠯᠠᠨ ᠬᠢᠨᠠᠨ ᠡᠵᠡᠮᠳᠡᠬᠦ ᠲᠥᠪ ᠤᠨ ᠳᠡᠳ᠋ ᠡᠷᠬᠢᠯᠡᠭᠴᠢᠪᠦᠷᠢᠯᠳᠦᠬᠦᠨ᠄ ᠶᠤᠸᠠᠨ ᠬᠠᠢ ᠷᠦᠢ             ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠠᠵᠢᠯᠲᠠᠨ            ᠰᠦᠨ ᠶᠠ ᠯᠢ                ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠶᠡᠷᠦᠩᠬᠡᠶᠢᠯᠡᠭᠰᠡᠨ ᠪᠣᠳᠠᠰ ᠤᠨ ᠦᠨ᠎ᠡ ᠶᠢᠨ ᠲᠠᠰᠤᠭ ᠤᠨ ᠳᠠᠷᠤᠭ᠎ᠠ            ᠭᠤᠤ ᠶᠦᠡᠭ ᠱᠸᠡᠭ            ᠬᠤᠰᠢᠭᠤᠨ ᠤ ᠡᠨᠧᠷᠭᠢ ᠶᠢᠨ ᠬᠥᠭᠵᠢᠯᠲᠡ ᠶᠢ ᠠᠬᠢᠭᠤᠯᠬᠤ ᠲᠥᠪ ᠤᠨ ᠠᠯᠪᠠᠨ ᠭᠡᠷ ᠤᠨ ᠡᠷᠬᠢᠯᠡᠭᠴᠢ            ᠵᠤ᠋ ᡁᠢ ᠯᠦᠡᠭ                ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠠᠯᠪᠠᠨ ᠭᠡᠷ ᠤᠨ ᠠᠵᠢᠯᠲᠠᠨᠲᠤᠰᠢᠶᠠᠯ ᠬᠠᠷᠢᠭᠤᠴᠠᠯᠭ᠎ᠠ᠄ ᠤᠳᠤᠷᠢᠳᠬᠤ ᠳᠤᠭᠤᠶᠢᠯᠠᠩ ᠤᠨ ᠡᠳᠦᠷ ᠳᠣᠳᠥᠮ ᠤᠨ ᠠᠵᠢᠯ ᠢ ᠬᠠᠷᠢᠭᠤᠴᠠᠵᠤ᠂ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠲᠤᠭᠤᠷᠪᠢᠨ᠂ ᠬᠤᠯᠪᠣᠭᠳᠠᠯ ᠪᠦᠬᠦᠢ ᠠᠵᠢᠯ ᠤᠨ ᠡᠭᠦᠷᠭᠡ ᠶᠢ ᠴᠠᠭ ᠳᠠᠷᠤᠢ ᠳᠤᠨᠢ ᠬᠤᠪᠢᠶᠠᠨ ᠨᠠᠶᠢᠳᠠᠪᠤᠷᠢᠵᠢᠭᠤᠯᠵᠤ᠂ ᠠᠵᠢᠯ ᠤᠨ ᠠᠬᠢᠴᠠ ᠶᠢ ᠲᠣᠭᠲᠠᠭᠰᠠᠨ ᠬᠤᠭᠤᠴᠠᠭ᠎ᠠ ᠲᠠᠢ ᠪᠠᠷ ᠬᠤᠷᠢᠶᠠᠩᠭᠤᠶᠢᠯᠠᠬᠤ ᠶᠢᠨ ᠳᠠᠭᠠᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ᠂ ᠲᠤᠰᠬᠠᠢ ᠠᠩᠭᠢ ᠶᠢᠨ ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃       ︵ᠬᠤᠶᠠᠷ︶ ᠦᠨ᠎ᠡ ᠶᠢ ᠲᠣᠭᠲᠠᠪᠤᠷᠢᠵᠢᠭᠤᠯᠬᠤ ᠳᠤᠭᠤᠶᠢᠯᠠᠩᠳᠤᠭᠤᠶᠢᠯᠠᠩ ᠤᠨ ᠳᠠᠷᠤᠭ᠎ᠠ᠄ ᠤᠷᠤᠭᠰᠢᠯᠠ     ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢᠳᠤᠭᠤᠶᠢᠯᠠᠩ ᠤᠨ ᠳᠡᠳ᠋ ᠳᠠᠷᠤᠭ᠎ᠠ᠄ ᠪᠠᠭᠠᠨ᠎ᠠ     ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ            ᠮᠠ ᠬᠠᠢ ᠰᠢᠶᠠ                ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠤᠨ ᠡᠷᠬᠢᠯᠡᠭᠴᠢᠪᠦᠷᠢᠯᠳᠦᠬᠦᠨ᠄ ᠰᠦᠨ ᠶᠠ ᠯᠢ                ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠶᠡᠷᠦᠩᠬᠡᠶᠢᠯᠡᠭᠰᠡᠨ ᠪᠣᠳᠠᠰ ᠤᠨ ᠦᠨ᠎ᠡ ᠶᠢᠨ ᠲᠠᠰᠤᠭ ᠤᠨ ᠳᠠᠷᠤᠭ᠎ᠠ            ᠭᠡᠭᠡᠨᠲᠠᠨ᠎ᠠ                    ᠬᠤᠰᠢᠭᠤᠨ ᠤ  ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠶᠡᠷᠦᠩᠬᠡᠶᠢᠯᠡᠭᠰᠡᠨ ᠪᠣᠳᠠᠰ ᠤᠨ ᠦᠨ᠎ᠡ ᠶᠢᠨ ᠲᠠᠰᠤᠭ ᠤᠨ ᠠᠵᠢᠯᠲᠠᠨ             ᠶᠠᠩ ᠶᠦᠡᠭ                     ᠬᠤᠰᠢᠭᠤᠨ ᠤ  ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠶᠡᠷᠦᠩᠬᠡᠶᠢᠯᠡᠭᠰᠡᠨ ᠪᠣᠳᠠᠰ ᠤᠨ ᠦᠨ᠎ᠡ ᠶᠢᠨ ᠲᠠᠰᠤᠭ ᠤᠨ ᠠᠵᠢᠯᠲᠠᠨ             ᠴᠣᠯᠮᠣᠨᠲᠤᠶᠠᠭ᠎ᠠ                  ᠬᠤᠰᠢᠭᠤᠨ ᠤ ᠡᠳ᠋ ᠤᠨ ᠵᠠᠰᠠᠭ ᠤᠨ ᠠᠵᠦ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠠᠰᠤᠭ ᠤᠨ ᠠᠵᠢᠯᠲᠠᠨ      ᠲᠤᠰᠢᠶᠠᠯ ᠬᠠᠷᠢᠭᠤᠴᠠᠯᠭ᠎ᠠ᠄ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ︽ᠨᠡᠭᠦᠷᠡᠰᠦᠨ ᠤ ᠵᠠᠬ᠎ᠠ ᠳᠡᠯᠭᠡᠭᠦᠷ ᠤᠨ ᠦᠨ᠎ᠡ ᠬᠠᠩᠰᠢ ᠪᠦᠷᠢᠯᠳᠦᠬᠦ ᠲᠣᠭᠲᠠᠴᠠ ᠶᠢ ᠤᠯᠠᠮ ᠲᠡᠭᠦᠯᠳᠡᠷᠵᠢᠭᠦᠯᠬᠦ ᠲᠤᠬᠠᠶ ᠮᠡᠳᠡᠭᠳᠡᠯ︾ ︵ᠬᠥᠭᠵᠢᠭᠦᠯᠦᠯᠲᠡ ᠥᠭᠡᠷᠡᠴᠢᠯᠡᠯᠲᠡ ᠦᠨ᠎ᠡ ᠬᠠᠩᠰᠢ ﹇2022﹈ 303 ᠳ᠋ᠤᠭᠠᠷ ᠲᠣᠭᠠᠲᠤ︶ ᠵᠢᠴᠢ 2022 ᠣᠨ ᠤ 4 ᠳ᠋ᠦ᠋ᠭᠡᠷ ᠲᠣᠭᠠᠲᠤ ᠠᠯᠪᠠᠨ ᠵᠠᠷ ᠢ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠡᠭᠦᠷᠡᠰᠦᠨ ᠤ ᠦᠨ᠎ᠡ ᠬᠠᠩᠰᠢ ᠶᠢ ᠵᠦᠢ ᠵᠣᠬᠢᠰᠲᠠᠢ ᠣᠷᠣᠨ ᠲᠣᠭᠤᠷᠢᠭ ᠳᠣᠲᠣᠷ᠎ᠠ ᠪᠠᠶᠢᠯᠭᠠᠬᠤ ᠶᠢ ᠵᠢᠯᠣᠭᠤᠳᠤᠨ᠂ ᠨᠡᠭᠦᠷᠡᠰᠦᠨ ᠠᠭᠤᠷᠬᠠᠶ᠂ ᠨᠡᠭᠦᠷᠡᠰᠦ ᠶᠢ ᠲᠡᠭᠡᠭᠡᠪᠦᠷᠢᠯᠡᠨ ᠪᠣᠷᠣᠯᠠᠭᠤᠯᠬᠤ ᠠᠵᠤ ᠠᠬᠤᠶᠢᠯᠠᠯ  ᠤᠨ ᠦᠨ᠎ᠡ ᠬᠠᠩᠰᠢ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠬᠢᠵᠦ᠂ ᠨᠡᠭᠦᠷᠡᠰᠦᠨ ᠤ ᠬᠦᠷᠢᠶ᠎ᠡ ᠬᠡᠪᠴᠢᠶᠡᠨ ᠤ ᠦᠨ᠎ᠡ ᠬᠠᠩᠰᠢ ᠶᠢ ᠥᠷᠢᠰᠦᠯᠳᠦᠭᠦᠯᠦᠨ ᠥᠰᠬᠡᠵᠦ ᠮᠡᠳᠡᠬᠦ ᠪᠠᠶᠢᠳᠠᠯ ᠢ ᠬᠠᠷᠭᠤᠭᠤᠯᠤᠨ ᠪᠠᠶᠢᠴᠠᠭᠠᠬᠤ ᠶᠢᠨ ᠬᠠᠮᠲᠤ᠂ ᠪᠠᠶᠢᠴᠠᠭᠠᠨ ᠳᠣᠲᠣᠯᠠᠭᠰᠠᠨ ᠰᠦᠪᠡᠭᠴᠢ ᠶᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ᠂ ᠲᠤᠰᠬᠠᠶ ᠠᠩᠭᠢ ᠶᠢᠨ ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃        ︵ᠭᠤᠷᠪᠠ︶ ᠬᠠᠩᠭᠠᠯᠭ᠎ᠠ ᠶᠢ ᠪᠠᠲᠤᠯᠠᠬᠤ ᠳᠤᠭᠤᠶᠢᠯᠠᠩᠳᠤᠭᠤᠶᠢᠯᠠᠩ ᠤᠨ ᠳᠠᠷᠤᠭ᠎ᠠ᠄ ᠶᠠᠩ ᠵᠧᠨ ᠫᠢᠡᠭ                    ᠬᠤᠰᠢᠭᠤᠨ ᠤ ᠡᠨᠧᠷᠭᠢ ᠶᠢᠨ ᠲᠣᠪᠴᠢᠶᠠᠨ ᠳᠠᠷᠤᠭ᠎ᠠᠳᠤᠭᠤᠶᠢᠯᠠᠩ ᠤᠨ ᠳᠡᠳ᠋ ᠳᠠᠷᠤᠭ᠎ᠠ᠄ ᠡᠦ ᠪᠢᠡᠭ ᠴᠸᠡᠭ               ᠬᠤᠰᠢᠭᠤᠨ ᠤ ᠡᠨᠧᠷᠭᠢ ᠶᠢᠨ ᠲᠣᠪᠴᠢᠶᠠᠨ ᠳᠡᠳ᠋ ᠳᠠᠷᠤᠭ᠎ᠠ                               ᠰᠦᠡᠭ ᠬᠤᠸᠠᠢ ᠢᠤᠢ           ᠬᠤᠰᠢᠭᠤᠨ ᠤ ᠡᠨᠧᠷᠭᠢ ᠶᠢᠨ ᠬᠥᠭᠵᠢᠯᠲᠡ ᠶᠢ ᠠᠬᠢᠭᠤᠯᠬᠤ ᠲᠥᠪ ᠤᠨ ᠡᠷᠬᠢᠯᠡᠭᠴᠢᠪᠦᠷᠢᠯᠳᠦᠬᠦᠨ᠄ ᠵᠢᠶᠠᠩ ᠫᠢᠡᠭ                                   ᠬᠤᠰᠢᠭᠤᠨ ᠤ ᠡᠨᠧᠷᠭᠢ ᠶᠢᠨ ᠬᠥᠭᠵᠢᠯᠲᠡ ᠶᠢ ᠠᠬᠢᠭᠤᠯᠬᠤ ᠲᠥᠪ ᠤᠨ ᠳᠡᠳ᠋ ᠡᠷᠬᠢᠯᠡᠭᠴᠢ            ᠭᠤᠤ ᠶᠦᠡᠭ ᠱᠸᠡᠭ                                ᠬᠤᠰᠢᠭᠤᠨ ᠤ ᠡᠨᠧᠷᠭᠢ ᠶᠢᠨ ᠬᠥᠭᠵᠢᠯᠲᠡ ᠶᠢ ᠠᠬᠢᠭᠤᠯᠬᠤ ᠲᠥᠪ ᠤᠨ ᠠᠯᠪᠠᠨ ᠭᠡᠷ ᠤᠨ ᠡᠷᠬᠢᠯᠡᠭᠴᠢ       ᠲᠤᠰᠢᠶᠠᠯ ᠬᠠᠷᠢᠭᠤᠴᠠᠯᠭ᠎ᠠ᠄ ᠨᠡᠭᠦᠷᠡᠰᠦᠨ ᠤ ᠦᠢᠯᠡᠳᠪᠦᠷᠢᠯᠡᠬᠦ ᠴᠢᠳᠠᠪᠤᠷᠢ ᠶᠢ ᠭᠦᠢᠴᠡᠳ ᠪᠠᠳᠠᠷᠠᠭᠤᠯᠵᠤ᠂ ᠳᠠᠯᠳᠠ ᠬᠦᠴᠦᠨ ᠢ ᠠᠭᠤᠳᠠᠯᠠᠨ ᠭᠠᠷᠤᠯᠲᠠ ᠶᠢ ᠨᠡᠮᠡᠭᠳᠡᠭᠦᠯᠵᠦ ᠬᠠᠩᠭᠠᠯᠭ᠎ᠠ ᠶᠢ ᠪᠠᠲᠤᠯᠠᠨ᠂ ᠠᠶᠤᠯ ᠦᠭᠡᠶ ᠦᠢᠯᠡᠳᠪᠦᠷᠢᠯᠡᠯ ᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠦᠢᠯᠡᠳᠪᠦᠷᠢᠯᠡᠨ ᠪᠣᠷᠣᠯᠠᠭᠤᠯᠵᠤ ᠪᠠᠶᠢᠭ᠎ᠠ ᠨᠡᠭᠦᠷᠡᠰᠦᠨ ᠠᠭᠤᠷᠬᠠᠶ ᠶᠢᠨ ᠦᠢᠯᠡᠳᠪᠦᠷᠢᠯᠡᠵᠦ ᠪᠣᠷᠣᠯᠠᠭᠤᠯᠵᠤ ᠪᠠᠶᠢᠭ᠎ᠠ ᠪᠠᠶᠢᠳᠠᠯ ᠢ ᠬᠢᠨᠠᠵᠤ ᠬᠠᠮᠢᠶᠠᠷᠤᠨ᠂ ᠨᠡᠭᠦᠷᠡᠰᠦᠨ ᠤ ᠠᠵᠤ ᠠᠬᠤᠶᠢᠯᠠᠯ ᠢ ᠱᠠᠭᠠᠷᠳᠠᠵᠤ ᠦᠢᠯᠡᠳᠪᠦᠷᠢᠯᠡᠬᠦ ᠴᠢᠳᠠᠪᠤᠷᠢ ᠶᠢᠨ ᠬᠠᠷᠢᠴᠠᠯ ᠤᠨ ᠱᠠᠭᠠᠷᠳᠠᠯᠭ᠎ᠠ ᠶᠣᠰᠣᠭᠠᠷ ᠳᠤᠮᠳᠠ ᠪᠠ ᠤᠷᠲᠤ ᠬᠤᠭᠤᠴᠠᠭᠠᠨ ᠤ ᠬᠡᠯᠡᠯᠴᠡᠭᠡᠷ ᠲᠣᠭᠲᠠᠭᠠᠯᠭᠠᠬᠤ ᠶᠢᠨ ᠬᠠᠮᠲᠤ ᠠᠬᠢᠴᠠ ᠶᠢᠨ ᠶᠣᠰᠣᠭᠠᠷ ᠭᠡᠷ᠎ᠡ ᠪᠠᠨ ᠭᠦᠢᠴᠡᠳᠬᠡᠨ᠂ ᠨᠡᠭᠦᠷᠡᠰᠦᠨ ᠤ ᠠᠵᠤ ᠠᠬᠤᠶᠢᠯᠠᠯ ᠤᠨ ᠦᠢᠯᠡᠳᠪᠦᠷᠢᠯᠡᠬᠦ ᠴᠢᠳᠠᠪᠤᠷᠢ ᠶᠢ ᠬᠢᠨᠠᠨ ᠨᠡᠮᠡᠭᠳᠡᠭᠦᠯᠬᠦ ᠵᠢᠴᠢ ᠬᠠᠩᠭᠠᠯᠭ᠎ᠠ ᠶᠢ ᠪᠠᠲᠤᠯᠠᠬᠤ ᠡᠭᠦᠷᠭᠡ ᠪᠠᠨ ᠪᠡᠶᠡᠯᠡᠭᠦᠯᠬᠦ ᠶᠢ ᠵᠣᠬᠢᠴᠠᠭᠤᠯᠤᠨ ᠨᠠᠶᠢᠳᠠᠪᠤᠷᠢᠵᠢᠭᠤᠯᠵᠤ᠂ ᠲᠤᠰᠬᠠᠶ ᠠᠩᠭᠢ ᠶᠢᠨ ᠤᠳᠤᠷᠢᠳᠤᠯᠭ᠎ᠠ ᠶᠢᠨ ᠲᠤᠰᠢᠶᠠᠨ ᠬᠢᠯᠭᠡᠭᠰᠡᠨ ᠪᠤᠰᠤᠳ ᠠᠵᠢᠯ ᠢ ᠪᠡᠶᠡᠯᠡᠭᠦᠯᠦᠨ᠎ᠡ᠃       ︵ᠳᠥᠷᠪᠡ︶ ᠬᠢᠨᠠᠯᠲᠠ ᠲᠠᠯᠪᠢᠬᠤ ᠳᠤᠭᠤᠶᠢᠯᠠᠩᠳᠤᠭᠤᠶᠢᠯᠠᠩ ᠤᠨ ᠳᠠᠷᠤᠭ᠎ᠠ᠄ ᠼᠦᠢ ᠰᠢᠶᠠᠩ ᠵᠢᠶᠦ᠋ᠨ                 ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠳᠠᠷᠤᠭ᠎ᠠᠳᠤᠭᠤᠶᠢᠯᠠᠩ ᠤᠨ ᠳᠡᠳ᠋ ᠳᠠᠷᠤᠭ᠎ᠠ᠄ ᠡᠦ ᠵᠧᠨ ᠴᠸᠡᠭ                 ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠳᠡᠳ᠋ ᠳᠠᠷᠤᠭ᠎ᠠᠪᠦᠷᠢᠯᠳᠦᠬᠦᠨ᠄ ᠯᠠᠠ ᠶᠠᠠ ᠷᠦᠡᠭ                               ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠦᠨ᠎ᠡ ᠬᠠᠩᠰᠢ ᠶᠢ ᠬᠢᠨᠠᠨ ᠬᠠᠮᠢᠶᠠᠷᠬᠤ ᠲᠠᠰᠤᠭ ᠤᠨ ᠳᠠᠷᠤᠭ᠎ᠠ           ᠯᠢᠨ ᠶᠦᠡᠭ ᠯᠢᠶᠠᠠ                          ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠦᠨ᠎ᠡ ᠬᠠᠩᠰᠢ ᠶᠢ ᠬᠢᠨᠠᠨ ᠬᠠᠮᠢᠶᠠᠷᠬᠤ ᠲᠠᠰᠤᠭ ᠤᠨ ᠠᠵᠢᠯᠲᠠᠨ            ᠬᠠᠰᠪᠠᠭᠠᠲᠤᠷ                                  ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠷᠠᠳ ᠤᠨ ᠬᠡᠷᠡᠭᠯᠡᠭᠡᠨ ᠤ ᠳᠡᠯᠪᠡᠷᠡᠯᠲᠡ ᠶᠢᠨ ᠪᠣᠳᠠᠰ ᠢ ᠬᠠᠮᠢᠶᠠᠷᠬᠤ ᠠᠯᠪᠠᠨ ᠭᠡᠷ ᠤᠨ ᠡᠷᠬᠢᠯᠡᠭᠴᠢ       ᠲᠤᠰᠢᠶᠠᠯ ᠬᠠᠷᠢᠭᠤᠴᠠᠯᠭ᠎ᠠ᠄ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ︽ᠨᠡᠭᠦᠷᠡᠰᠦᠨ ᠤ ᠵᠠᠬ᠎ᠠ ᠳᠡᠯᠭᠡᠭᠦᠷ ᠤᠨ ᠦᠨ᠎ᠡ ᠬᠠᠩᠰᠢ ᠪᠦᠷᠢᠯᠳᠦᠬᠦ ᠲᠣᠭᠲᠠᠴᠠ ᠶᠢ ᠤᠯᠠᠮ ᠲᠡᠭᠦᠯᠳᠡᠷᠵᠢᠭᠦᠯᠬᠦ ᠲᠤᠬᠠᠶ ᠮᠡᠳᠡᠭᠳᠡᠯ︾ ︵ᠬᠥᠭᠵᠢᠭᠦᠯᠦᠯᠲᠡ ᠥᠭᠡᠷᠡᠴᠢᠯᠡᠯᠲᠡ ᠦᠨ᠎ᠡ ᠬᠠᠩᠰᠢ ﹇2022﹈ 303 ᠳ᠋ᠤᠭᠠᠷ ᠲᠣᠭᠠᠲᠤ︶ ᠵᠢᠴᠢ 2022 ᠣᠨ ᠤ 4 ᠳ᠋ᠦ᠋ᠭᠡᠷ ᠲᠣᠭᠠᠲᠤ ᠠᠯᠪᠠᠨ ᠵᠠᠷ ᠤᠨ ᠲᠣᠭᠲᠠᠭᠠᠯ ᠳᠤ ᠦᠨᠳᠦᠰᠦᠯᠡᠨ᠂ ᠨᠡᠭᠦᠷᠡᠰᠦᠨ ᠤ ᠬᠦᠷᠢᠶ᠎ᠡ ᠬᠡᠪᠴᠢᠶᠡᠨ ᠳᠠᠬᠢ ᠦᠨ᠎ᠡ ᠬᠠᠩᠰᠢ ᠶᠢ ᠥᠷᠢᠰᠦᠯᠳᠦᠭᠦᠯᠦᠨ ᠥᠰᠬᠡᠵᠦ ᠮᠡᠳᠡᠬᠦ ᠪᠠᠶᠢᠳᠠᠯ ᠤᠨ ᠰᠦᠪᠡᠭᠴᠢ ᠶᠢ ᠪᠠᠶᠢᠴᠠᠭᠠᠵᠤ᠂ ᠭᠡᠷᠡᠴᠢ ᠠᠪᠴᠦ ᠬᠠᠷᠭᠤᠭᠤᠯᠬᠤ ᠶᠢᠨ ᠬᠠᠮᠲᠤ ︽ᠦᠨ᠎ᠡ ᠬᠠᠩᠰᠢ  ᠶᠢ ᠥᠷᠢᠰᠦᠯᠳᠦᠭᠦᠯᠦᠨ ᠥᠰᠬᠡᠬᠦ ᠬᠠᠤᠯᠢ ᠵᠥᠷᠢᠴᠡᠭᠰᠡᠨ ᠠᠵᠢᠯᠯᠠᠭ᠎ᠠ ᠶᠢ ᠪᠠᠶᠢᠴᠠᠭᠠᠨ ᠰᠢᠶᠳᠪᠦᠷᠢᠯᠡᠬᠦ ᠲᠤᠬᠠᠶ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠵᠢᠯᠣᠭᠤᠳᠬᠤ ᠰᠠᠨᠠᠯ︾ ︵ᠤᠯᠤᠰ ᠵᠠᠬ᠎ᠠ ᠳᠡᠯᠭᠡᠭᠦᠷ ᠬᠢᠨᠠᠯᠲᠠ ᠥᠷᠢᠰᠦᠯᠳᠦᠭᠡᠨ ᠲᠠᠷᠬᠠᠭᠠᠭᠰᠠᠨ  ﹇2022﹈ 60 ᠳ᠋ᠤᠭᠠᠷ ᠲᠣᠭᠠᠲᠤ︶ ᠪᠣᠯᠤᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨ᠎ᠡ ᠬᠠᠩᠰᠢ ᠶᠢᠨ ᠬᠠᠤᠯᠢ︾᠂ ︽ᠦᠨ᠎ᠡ ᠬᠠᠩᠰᠢ ᠶᠢᠨ ᠬᠠᠤᠯᠢ ᠵᠥᠷᠢᠴᠡᠭᠰᠡᠨ ᠠᠵᠢᠯᠯᠠᠭ᠎ᠠ  ᠳᠤ ᠵᠠᠰᠠᠭ ᠵᠠᠬᠢᠷᠭᠠᠨ ᠤ ᠰᠢᠢᠳᠬᠡᠯ ᠥᠭᠬᠦ ᠲᠣᠭᠲᠠᠭᠠᠯ︾ ᠵᠡᠷᠭᠡ ᠬᠠᠤᠯᠢ ᠲᠣᠭᠲᠠᠭᠠᠯ ᠳᠤ ᠦᠨᠳᠦᠰᠦᠯᠡᠨ᠂ ᠨᠡᠭᠦᠷᠡᠰᠦᠨ ᠤ ᠦᠨ᠎ᠡ ᠬᠠᠩᠰᠢ ᠶᠢ ᠥᠷᠢᠰᠦᠯᠳᠦᠭᠦᠯᠦᠨ ᠥᠰᠬᠡᠭᠰᠡᠨ ᠬᠠᠤᠯᠢ ᠵᠥᠷᠢᠴᠡᠭᠰᠡᠨ ᠠᠵᠢᠯᠯᠠᠭ᠎ᠠ ᠳᠤ ᠵᠠᠰᠠᠭ ᠵᠠᠬᠢᠷᠭᠠᠨ ᠤ ᠰᠢᠢᠳᠬᠡᠯ ᠥᠭᠴᠦ᠂ ᠲᠤᠰᠬᠠᠶ ᠠᠩᠭᠢ ᠶᠢᠨ ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃       ᠭᠤᠷᠪᠠ᠂ ᠠᠵᠢᠯ ᠤᠨ ᠱᠠᠭᠠᠷᠳᠠᠯᠭ᠎ᠠ       ︵ᠨᠢᠭᠡ︶ ᠡᠯ᠎ᠡ ᠲᠤᠰᠬᠠᠶ ᠠᠩᠭᠢ ᠶᠢᠨ ᠪᠦᠷᠢᠯᠳᠦᠬᠦᠨ᠂ ᠠᠵᠢᠯ ᠤᠨ ᠳᠤᠭᠤᠶᠢᠯᠠᠩ ᠤᠨ ᠪᠦᠷᠢᠯᠳᠦᠬᠦᠨ᠂ ᠬᠤᠰᠢᠭᠤᠨ ᠤ ᠨᠡᠭᠦᠷᠡᠰᠦᠨ ᠤ ᠬᠠᠩᠭᠠᠯᠭ᠎ᠠ ᠶᠢ ᠪᠠᠲᠤᠯᠠᠵᠤ ᠦᠨ᠎ᠡ ᠶᠢ ᠲᠣᠭᠲᠠᠪᠤᠷᠢᠵᠢᠭᠤᠯᠬᠤ ᠠᠵᠢᠯ ᠤᠨ ᠲᠤᠰᠬᠠᠶ ᠠᠩᠭᠢ ᠶᠢᠨ ᠨᠢᠭᠡᠳᠦᠯᠲᠡᠶ ᠲᠣᠬᠢᠷᠠᠭᠤᠯᠭ᠎ᠠ ᠳᠣᠤᠷ᠎ᠠ ᠠᠵᠢᠯ ᠢᠶᠠᠨ ᠥᠷᠨᠢᠭᠦᠯᠵᠦ᠂ ᠠᠵᠢᠯ ᠤᠨ ᠬᠤᠪᠢᠶᠠᠷᠢᠯᠠᠯ ᠲᠣᠳᠣᠷᠬᠠᠶ᠂ ᠵᠡᠷᠭᠡ ᠪᠠᠷ ᠠᠳᠬᠤᠵᠤ ᠬᠠᠮᠲᠤ ᠪᠠᠷ ᠬᠠᠮᠢᠶᠠᠷᠬᠤ ᠬᠠᠷᠢᠯᠴᠠᠵᠤ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ᠂ ᠪᠣᠳᠠᠲᠠᠶ ᠠᠵᠢᠯ ᠤᠨ ᠡᠭᠦᠷᠭᠡ ᠶᠢ ᠲᠤᠰᠬᠠᠶ ᠠᠩᠭᠢ ᠶᠢᠨ ᠠᠯᠪᠠᠨ ᠬᠡᠷ ᠠᠴᠠ ᠬᠠᠷᠢᠭᠤᠴᠠᠵᠤ ᠡᠯ᠎ᠡ ᠠᠵᠢᠯ ᠤᠨ ᠳᠤᠭᠤᠶᠢᠯᠠᠩ ᠳᠤ ᠤᠯᠠᠮᠵᠢᠯᠠᠨ ᠨᠠᠶᠢᠳᠠᠪᠤᠷᠢᠵᠢᠭᠤᠯᠤᠨ᠎ᠠ᠃      ︵ᠬᠤᠶᠠᠷ︶ ᠨᠡᠭᠦᠷᠡᠰᠦᠨ ᠤ ᠬᠠᠩᠭᠠᠯᠭ᠎ᠠ ᠶᠢ ᠪᠠᠲᠤᠯᠠᠵᠤ ᠦᠨ᠎ᠡ ᠶᠢ ᠲᠣᠭᠲᠠᠪᠤᠷᠢᠵᠢᠭᠤᠯᠬᠤ ᠠᠵᠢᠯ ᠤᠨ ᠬᠤᠷᠠᠯ ᠢ ᠰᠠᠷ᠎ᠠ ᠪᠦᠷᠢ ᠲᠣᠭᠲᠠᠮᠠᠯ ᠬᠤᠭᠤᠴᠠᠭ᠎ᠠ  ᠲᠠᠢ ᠪᠠᠷ ᠬᠤᠷᠠᠯᠳᠤᠭᠤᠯᠵᠤ᠂ ᠡᠯ᠎ᠡ ᠠᠵᠢᠯ ᠤᠨ ᠳᠤᠭᠤᠶᠢᠯᠠᠩ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠨ᠂ ᠲᠣᠪᠣᠶᠢᠮ᠎ᠠ ᠠᠰᠠᠭᠤᠳᠠᠯ ᠢ ᠰᠤᠳᠤᠯᠤᠨ ᠰᠢᠶᠳᠪᠦᠷᠢᠯᠡᠵᠦ᠂ ᠲᠠᠷᠠᠭᠠᠴᠢ ᠶᠢᠨ ᠠᠵᠢᠯ ᠢ ᠪᠠᠶᠢᠷᠢᠯᠠᠭᠤᠯᠤᠨ᠎ᠠ︔ ᠤᠳᠠᠭ᠎ᠠ ᠪᠦᠷᠢ ᠶᠢᠨ ᠨᠡᠭᠦᠷᠡᠰᠦᠨ ᠤ ᠬᠠᠩᠭᠠᠯᠭ᠎ᠠ ᠶᠢ ᠪᠠᠲᠤᠯᠠᠵᠤ ᠦᠨ᠎ᠡ ᠶᠢ ᠲᠣᠭᠲᠠᠪᠤᠷᠢᠵᠢᠭᠤᠯᠬᠤ ᠬᠤᠷᠠᠯ ᠳᠤ ᠳᠤᠷᠠᠳᠤᠭᠰᠠᠨ ᠠᠰᠠᠭᠤᠳᠠᠯ ᠵᠢᠴᠢ ᠵᠣᠬᠢᠴᠠᠭᠤᠯᠤᠨ ᠰᠢᠶᠳᠪᠦᠷᠢᠯᠡᠭᠦᠯᠬᠦ ᠪᠠᠷ ᠭᠤᠶᠤᠴᠢᠯᠠᠭᠰᠠᠨ ᠵᠦᠶᠯᠡᠰ ᠢ ᠬᠤᠷᠠᠯ ᠳᠤ ᠣᠷᠣᠯᠴᠠᠭᠰᠠᠨ ᠪᠠᠶᠢᠭᠤᠯᠭ᠎ᠠ ᠨᠢᠭᠡᠴᠢ ᠲᠣᠭᠲᠠᠭᠰᠠᠨ ᠬᠤᠭᠤᠴᠠᠭᠠᠨ ᠳᠣᠲᠣᠷ᠎ᠠ ᠰᠢᠶᠳᠪᠦᠷᠢᠯᠡᠬᠦ ᠶᠢᠨ ᠬᠠᠮᠲᠤ᠂ ᠳᠠᠷᠠᠭ᠎ᠠ ᠤᠳᠠᠭ᠎ᠠ ᠶᠢᠨ ᠬᠤᠷᠠᠯ ᠳᠡᠭᠡᠷ᠎ᠡ ᠰᠢᠶᠳᠪᠦᠷᠢᠯᠡᠭᠰᠡᠨ ᠪᠠᠶᠢᠳᠠᠯ ᠢᠶᠠᠨ ᠬᠠᠷᠢᠭᠤ ᠮᠡᠳᠡᠭᠦᠯᠵᠦ᠂  ᠰᠢᠢᠳᠪᠦᠷᠢᠯᠡᠭᠰᠡᠨ ᠦᠭᠡᠢ ᠰᠢᠯᠲᠠᠭᠠᠨ ᠢᠶᠠᠨ ᠲᠣᠳᠣᠷᠬᠠᠶᠢᠯᠠᠨ᠎ᠠ᠃ ᠠᠵᠢᠯ ᠤᠨ ᠲᠤᠰᠬᠠᠶ ᠠᠩᠭᠢ ᠶᠢᠨ ᠬᠤᠷᠠᠯ ᠢ ᠳᠤᠭᠤᠶᠢᠯᠠᠩ ᠤᠨ ᠳᠠᠷᠤᠭ᠎ᠠ᠂ ᠳᠤᠭᠤᠶᠢᠯᠠᠩ ᠤᠨ ᠳᠡᠳ᠋ ᠳᠠᠷᠤᠭ᠎ᠠ ᠵᠣᠬᠢᠶᠠᠨ ᠪᠠᠶᠢᠭᠤᠯᠤᠨ ᠬᠤᠷᠠᠯᠳᠤᠭᠤᠯᠬᠤ ᠪᠤᠶᠤ ᠳᠤᠭᠤᠶᠢᠯᠠᠩ ᠤᠨ ᠳᠠᠷᠤᠭ᠎ᠠ᠂ ᠳᠤᠭᠤᠶᠢᠯᠠᠩ ᠤᠨ ᠳᠡᠳ᠋ ᠳᠠᠷᠤᠭ᠎ᠠ ᠶᠢᠨ ᠲᠣᠬᠢᠷᠠᠭᠤᠯᠭ᠎ᠠ ᠪᠠᠷ ᠲᠤᠰᠬᠠᠶ ᠠᠩᠭᠢ ᠶᠢᠨ ᠠᠯᠪᠠᠨ ᠭᠡᠷ ᠠᠴᠠ ᠬᠠᠷᠢᠭᠤᠴᠠᠵᠤ ᠬᠤᠷᠠᠯᠳᠤᠭᠤᠯᠤᠨ᠂ ᠠᠵᠢᠯ ᠤᠨ ᠳᠤᠭᠤᠶᠢᠯᠠᠩ ᠤᠨ ᠬᠤᠷᠠᠯ ᠢ ᠡᠯ᠎ᠡ ᠠᠵᠢᠯ ᠤᠨ ᠳᠤᠭᠤᠶᠢᠯᠠᠩ ᠥᠪᠡᠷᠲᠡᠭᠡᠨ ᠬᠤᠷᠠᠯᠳᠤᠭᠤᠯᠤᠨ᠎ᠠ᠃      ︵ᠭᠤᠷᠪᠠ︶ ᠡᠯ᠎ᠡ ᠠᠵᠢᠯ ᠤᠨ ᠳᠤᠭᠤᠶᠢᠯᠠᠩ ᠭᠠᠷᠠᠭ ᠲᠤ ᠨᠢᠭᠡ ᠤᠳᠠᠭ᠎ᠠ ᠲᠣᠬᠢᠷᠠᠭᠤᠯᠤᠯᠲᠠ ᠬᠢᠬᠦ ᠲᠣᠭᠲᠠᠴᠠ ᠶᠢ ᠬᠡᠷᠡᠭᠵᠢᠭᠦᠯᠵᠦ᠂ ᠬᠠᠷᠢᠯᠴᠠᠭ᠎ᠠ ᠪᠠᠨ ᠴᠢᠩᠭᠠᠳᠬᠠᠨ᠂ ᠠᠵᠢᠯ ᠤᠨ ᠬᠠᠮᠲᠤᠷᠠᠯ ᠬᠦᠴᠦᠨ ᠢ ᠪᠣᠶ ᠪᠣᠯᠭᠠᠵᠤ᠂ ᠭᠠᠷᠠᠭ ᠪᠦᠷᠢ ᠶᠢᠨ ᠲᠠᠪᠤᠨ ᠳᠤ ᠠᠵᠢᠯ ᠠᠴᠠ ᠪᠠᠨ ᠠᠮᠠᠷᠠᠬᠤ ᠠᠴᠠ ᠡᠮᠦᠨ᠎ᠡ ᠠᠵᠢᠯ ᠥᠷᠨᠢᠭᠦᠯᠦᠭᠰᠡᠨ ᠪᠠᠶᠢᠳᠠᠯ ᠵᠢᠴᠢ ᠠᠰᠠᠭᠤᠳᠠᠯ ᠤᠨ ᠰᠠᠨᠠᠭᠤᠯᠭ᠎ᠠ ᠪᠠᠨ ᠲᠤᠰᠬᠠᠶ ᠠᠩᠭᠢ ᠶᠢᠨ ᠠᠯᠪᠠᠨ ᠭᠡᠷ ᠲᠤ ᠮᠡᠳᠡᠭᠦᠯᠦᠨ᠂ ᠠᠯᠪᠠᠨ ᠭᠡᠷ ᠠᠵᠢᠯ ᠤᠨ ᠡᠬᠡ ᠳᠠᠩᠰᠠ ᠪᠠᠶᠢᠭᠤᠯᠵᠤ ᠲᠤᠰᠢᠶᠠᠨ ᠭᠦᠢᠴᠡᠳᠬᠡᠯᠭᠡᠬᠦ ᠶᠢᠨ ᠬᠠᠮᠲᠤ ᠬᠤᠭᠤᠴᠠᠭ᠎ᠠ ᠬᠢᠵᠠᠭᠠᠷᠯᠠᠨ ᠰᠢᠢᠳᠪᠦᠷᠢᠯᠡᠭᠦᠯᠦᠨ᠎ᠡ᠃      ᠬᠤᠶᠢᠰᠢᠳᠠ᠂ ᠠᠵᠢᠯ ᠤᠨ ᠲᠤᠰᠬᠠᠶ ᠠᠩᠭᠢ ᠶᠢᠨ ᠪᠦᠷᠢᠯᠳᠦᠬᠦᠨ ᠤ ᠠᠵᠢᠯ ᠳᠤ ᠬᠡᠷᠪᠡ ᠬᠤᠪᠢᠷᠠᠯᠲᠠ ᠭᠠᠷᠪᠠᠯ᠂ ᠲᠡᠭᠦᠨ ᠤ ᠵᠠᠰᠠᠭ ᠵᠠᠬᠢᠷᠭᠠᠨ ᠤ ᠲᠤᠰᠢᠶᠠᠯ ᠢ ᠣᠷᠣᠯᠠᠭᠰᠠᠨ ᠠᠵᠢᠯᠲᠠᠨ  ᠬᠠᠷᠠᠭᠠᠯᠵᠠᠭᠰᠠᠨ ᠠᠵᠢᠯ ᠢ ᠬᠢᠨ᠎ᠡ᠃                                                                                                    ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                                             2022 ᠣᠨ ᠤ 8 ᠳ᠋ᠤᠭᠠᠷ ᠰᠠᠷ᠎ᠠ ᠶᠢᠨ 10 ᠤ ᠡᠳᠦᠷ                                    
ᠢᠷᠡᠯᠲᠡ᠄ ᠤᠲᠤᠭ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ