ᠣᠳᠤᠭ ᠵᠠᠰᠠᠭ ᠠᠯᠪᠠᠨ ᠲᠠᠷᠬᠠᠭᠠᠭᠰᠠᠨ ﹇2022﹈ 116 ᠳ᠋ᠤᠭᠠᠷ ᠲᠣᠭᠠᠲᠤ | | ᠣᠲᠤᠭ ᠬᠤᠰᠢᠭᠤᠨ ᠤ ︽ᠳᠤᠲᠠᠭᠤ ᠲᠣᠷᠭᠤᠨ︾ ᠪᠠᠷᠢᠯᠭ᠎ᠠ ᠶᠢ ᠪᠠᠶᠢᠴᠠᠭᠠᠵᠤ ᠰᠢᠢᠳᠪᠦᠷᠢᠯᠡᠬᠦ ᠠᠵᠢᠯ ᠤᠨ ᠲᠥᠰᠥᠯ ᠢ | ᠳᠠᠷᠤᠮᠠᠯᠯᠠᠨ ᠲᠠᠷᠬᠠᠭᠠᠬᠤ ᠲᠤᠬᠠᠢ ᠣᠳᠤᠭ ᠬᠤᠰᠢᠭᠤᠨ ᠤ ᠠᠷᠡᠳ ᠤᠨ ᠵᠡᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ | | ᠡᠯ᠎ᠡ ᠠᠵᠦ ᠠᠬᠤᠢ ᠶᠢᠨ ᠨᠡᠭᠡᠭᠡᠯᠲᠡ ᠶᠢᠨ ᠲᠣᠭᠤᠷᠢᠭ ︵ᠬᠦᠷᠢᠶᠡᠯᠡᠩ︶ ᠤᠨ ᠬᠠᠮᠢᠶᠠᠷᠤᠯᠲᠠ ᠶᠢᠨ ᠵᠥᠪᠯᠡᠯ᠂ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ | ᠂ ᠬᠤᠰᠢᠭᠤᠨ ︵ᠬᠤᠲᠠ︶ ᠤ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠪᠠᠶᠢᠭᠤᠯᠭ᠎ᠠ ᠳᠤ᠄ | ︽ᠣᠲᠤᠭ ᠬᠤᠰᠢᠭᠤᠨ ᠤ ︿ᠳᠤᠲᠠᠭᠤ ᠲᠣᠷᠭᠤᠨ﹀ ᠪᠠᠷᠢᠯᠭ᠎ᠠ ᠶᠢ ᠪᠠᠶᠢᠴᠠᠭᠠᠵᠤ ᠰᠢᠢᠳᠪᠦᠷᠢᠯᠡᠬᠦ ᠠᠵᠢᠯ ᠤᠨ ᠲᠥᠰᠥᠯ︾ ᠢ ᠡᠳᠦᠭᠡ ᠲᠠ ᠨᠠᠷ ᠲᠤ | ᠳᠠᠷᠤᠮᠠᠯᠯᠠᠨ ᠲᠠᠷᠬᠠᠭᠠᠯ᠎ᠠ᠂ ᠪᠣᠳᠠᠲᠠᠢ ᠲᠠᠢ ᠪᠠᠨ ᠤᠶᠠᠯᠳᠤᠭᠤᠯᠵᠤ᠂ ᠨᠠᠷᠢᠨ ᠬᠢᠨᠠᠮᠠᠭᠠᠢ ᠲᠣᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃ | ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2022 ᠣᠨ ᠤ 8 ᠰᠠᠷ᠎ᠠ ᠶᠢᠨ 15 ᠤ ᠡᠳᠦᠷ | | | | ᠣᠲᠤᠭ ᠬᠤᠰᠢᠭᠤᠨ ᠤ ︽ᠳᠤᠲᠠᠭᠤ ᠲᠣᠷᠭᠤᠨ︾ ᠪᠠᠷᠢᠯᠭ᠎ᠠ ᠶᠢ ᠪᠠᠶᠢᠴᠠᠭᠠᠵᠤ ᠰᠢᠢᠳᠪᠦᠷᠢᠯᠡᠬᠦ ᠠᠵᠢᠯ ᠤᠨ ᠲᠥᠰᠥᠯ | | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠠᠵᠢᠯ ᠤᠨ ᠲᠣᠬᠢᠷᠠᠭᠤᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ | ᠠᠴᠠ ᠪᠥᠬᠦ ᠣᠷᠣᠨ ᠤ ᠬᠡᠪᠴᠢᠶᠡᠨ ᠳᠤ ︽ᠳᠤᠲᠠᠭᠤ ᠲᠣᠷᠭᠤᠨ︾ ᠪᠠᠷᠢᠯᠭ᠎ᠠ ᠶᠢ ᠪᠠᠶᠢᠴᠠᠭᠠᠵᠤ ᠰᠢᠢᠳᠪᠦᠷᠢᠯᠡᠬᠦ ᠠᠵᠢᠯᠯᠠᠭ᠎ᠠ ᠥᠷᠨᠢᠭᠦᠯᠬᠦ ᠪᠠᠷ ᠲᠣᠭᠲᠠᠪᠠ᠃ | ᠬᠤᠰᠢᠭᠤᠨ ᠤ ᠪᠠᠶᠢᠴᠠᠭᠠᠵᠤ ᠰᠢᠢᠳᠪᠦᠷᠢᠯᠡᠬᠦ ᠠᠵᠢᠯᠯᠠᠭ᠎ᠠ ᠶᠢ ᠤᠷᠤᠭᠰᠢᠲᠠᠶ ᠠᠬᠢᠭᠤᠯᠵᠤ᠂ ᠪᠣᠳᠠᠲᠤ ᠪᠦᠲᠦᠮᠵᠢ ᠤᠯᠬᠤ ᠶᠢ ᠪᠠᠲᠤᠯᠠᠬᠤ ᠶᠢᠨ ᠲᠤᠰᠠᠳᠠ᠂ | ᠬᠤᠰᠢᠭᠤᠨ ᠤ ᠪᠠᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠳᠣᠤᠷᠠᠬᠢ ᠮᠡᠲᠦ ᠠᠵᠢᠯ ᠤᠨ ᠲᠥᠰᠦᠯ ᠢ ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ᠶᠡᠷᠦᠩᠬᠡᠶ ᠱᠦᠵᠢ ᠰᠢ ᠶᠢᠨ ᠫᠢᠩ ᠤᠨ ᠠᠷᠪᠢᠯᠠᠨ ᠭᠠᠮᠨᠠᠬᠤ ᠲᠤᠬᠠᠶ ᠴᠢᠬᠤᠯᠠ ᠥᠭᠦᠯᠡᠯᠲᠡ ᠪᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ | ᠭᠦᠨᠵᠡᠭᠡᠶ ᠲᠣᠭᠤᠰᠢᠯᠠᠭᠤᠯᠤᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠠᠷᠪᠢᠯᠠᠨ ᠭᠠᠮᠨᠠᠬᠤ ᠣᠶᠢᠯᠠᠭᠠᠭᠳᠠᠬᠤᠨ ᠢ | ᠴᠢᠨᠠᠭᠰᠢᠳᠠ ᠪᠣᠶ ᠪᠣᠯᠭᠠᠵᠤ᠂ ᠬᠠᠳᠠᠭᠠᠯᠠᠭᠳᠠᠵᠤ ᠪᠠᠶᠢᠭ᠎ᠠ ᠡᠳ᠋ ᠬᠥᠷᠥᠩᠭᠡ ᠶᠢ ᠠᠮᠢᠳᠤᠯᠢᠭ ᠢᠶᠠᠷ ᠠᠰᠢᠭᠯᠠᠬᠤ ᠠᠵᠢᠯ ᠤᠨ ᠱᠠᠭᠠᠷᠳᠠᠯᠭ᠎ᠠ ᠶᠢ ᠨᠢᠮᠪᠠᠢ | ᠨᠠᠶᠢᠳᠠᠪᠤᠷᠢᠵᠢᠭᠤᠯᠤᠨ᠂ ︽ᠬᠡᠨ ᠭᠤᠣᠯᠯᠠᠨ ᠬᠠᠮᠢᠶᠠᠷᠪᠠᠯ᠂ ᠬᠡᠨ ᠬᠠᠷᠢᠭᠤᠴᠠᠬᠤ︾᠂ ︽ᠬᠠᠷᠢᠶ᠎ᠠ ᠭᠠᠵᠠᠷ ᠤᠨ ᠬᠢᠨᠢ ᠬᠠᠮᠢᠶᠠᠷᠬᠤ︾ ᠪᠠ ᠪᠠᠶᠢᠭᠤᠯᠭ᠎ᠠ ᠶᠢᠨ ᠬᠢᠨ | ᠭᠤᠣᠯᠯᠠᠨ ᠬᠠᠮᠢᠶᠠᠷᠬᠤ ᠶᠢ ᠤᠶᠠᠯᠳᠤᠭᠤᠯᠬᠤ ᠵᠠᠷᠴᠢᠮ ᠶᠣᠰᠣᠭᠠᠷ᠂ ᠵᠠᠰᠠᠭ ᠤᠨ ᠣᠷᠳᠣᠨ ᠤ ᠪᠡᠯᠡ ᠣᠷᠣᠭᠤᠯᠤᠭᠰᠠᠨ ᠡᠯ᠎ᠡ ᠲᠥᠷᠥᠯ ᠤᠨ ︽ᠳᠤᠲᠠᠭᠤ ᠲᠣᠷᠭᠤᠨ︾ | ᠪᠠᠷᠢᠯᠭ᠎ᠠ ᠶᠢ ᠪᠠᠶᠢᠴᠠᠭᠠᠵᠤ ᠰᠢᠢᠳᠪᠦᠷᠢᠯᠡᠬᠦ ᠠᠵᠢᠯᠯᠠᠭ᠎ᠠ ᠳᠤ ᠴᠢᠭᠯᠡᠭᠦᠯᠵᠦ᠂ ᠬᠠᠤᠯᠢ ᠲᠣᠭᠲᠠᠭᠠᠯ ᠶᠣᠰᠣᠭᠠᠷ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ | ᠰᠢᠢᠳᠪᠦᠷᠢᠯᠡᠨ᠂ ︽ᠳᠤᠲᠠᠭᠤ ᠲᠣᠷᠭᠤᠨ︾ ᠪᠠᠷᠢᠯᠭ᠎ᠠ ᠶᠢ ᠡᠷᠲᠡᠬᠡᠨ ᠠᠰᠢᠭᠯᠠᠯᠲᠠ ᠳᠤ ᠣᠷᠣᠭᠤᠯᠵᠤ᠂ ︽ᠳᠤᠲᠠᠭᠤ ᠲᠣᠷᠭᠤᠨ︾ ᠪᠠᠷᠢᠯᠭ᠎ᠠ ᠶᠢᠨ ᠠᠰᠠᠭᠤᠳᠠᠯ | ᠰᠢᠨ᠎ᠡ ᠪᠠᠷ ᠨᠡᠮᠡᠭᠳᠡᠬᠦ ᠶᠢ ᠡᠷᠡᠰ ᠬᠤᠷᠢᠭᠯᠠᠨ᠂ ᠠᠷᠪᠢᠯᠠᠵᠤ ᠡᠷᠴᠢᠮᠵᠢᠭᠦᠯᠦᠨ ᠬᠥᠭᠵᠢᠭᠦᠯᠬᠦ ᠢᠯᠡ ᠲᠣᠳᠣ ᠬᠥᠲᠥᠯᠪᠦᠷᠢ ᠶᠢ ᠪᠣᠢ ᠪᠣᠯᠭᠠᠨ᠎ᠠ᠃ | ᠬᠤᠶᠠᠷ᠂ ᠠᠵᠢᠯ ᠤᠨ ᠬᠠᠷᠠᠯᠲᠠ | ᠲᠣᠰ ᠤᠳᠠᠭᠠᠨ ᠤ ᠠᠵᠢᠯᠯᠠᠭ᠎ᠠ 2022 ᠣᠨ ᠤ 7 ᠰᠠᠷ᠎ᠠ ᠠᠴᠠ ᠡᠬᠢᠯᠡᠵᠦ᠂ ᠡᠯ᠎ᠡ ᠬᠢᠨᠠᠨ ᠵᠥᠪᠰᠢᠶᠡᠷᠡᠬᠦ ᠪᠠᠶᠢᠭᠤᠯᠭ᠎ᠠ᠂ ᠡᠯ᠎ᠡ ᠠᠵᠢᠯ ᠲᠥᠷᠥᠯ ᠤᠨ | ᠭᠤᠣᠯᠯᠠᠨ ᠬᠠᠮᠢᠶᠠᠷᠬᠤ ᠪᠠᠶᠢᠭᠤᠯᠭ᠎ᠠ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠂ ︽ᠳᠤᠲᠠᠭᠤ ᠲᠣᠷᠭᠤᠨ︾ ᠪᠠᠷᠢᠯᠭ᠎ᠠ ᠶᠢᠨ ᠣᠷᠣᠰᠢᠵᠤ ᠪᠠᠶᠢᠭ᠎ᠠ | ᠠᠰᠠᠭᠤᠳᠠᠯ ᠢ ᠪᠦᠬᠦᠨ ᠢ ᠪᠠᠶᠢᠴᠠᠭᠠᠨ ᠰᠢᠢᠳᠪᠦᠷᠢᠯᠡᠵᠦ᠂ ᠪᠠᠷᠢᠨ ᠳᠣᠣᠷ᠎ᠠ ᠨᠢ ᠥᠭᠡᠷᠡᠴᠢᠯᠡᠨ᠎ᠡ᠃ ︽ᠬᠠᠷᠢᠶ᠎ᠠ ᠭᠠᠵᠠᠷ ᠤᠨ ᠬᠢᠨᠢ ᠬᠠᠮᠢᠶᠠᠷᠬᠤ︾ ᠵᠠᠷᠴᠢᠮ ᠶᠣᠰᠣᠭᠠᠷ | ᠂ ᠬᠠᠤᠯᠢ ᠲᠣᠭᠲᠠᠭᠠᠯ ᠢ ᠵᠢᠷᠤᠮᠯᠠᠵᠤ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ ᠰᠢᠶᠳᠪᠦᠷᠢᠯᠡᠨ᠂ ︽ᠳᠤᠲᠠᠭᠤ ᠲᠣᠷᠭᠤᠨ︾ ᠪᠠᠷᠢᠯᠭ᠎ᠠ ᠶᠢᠨ | ᠡᠷᠲᠡᠬᠡᠨ ᠠᠵᠢᠯ ᠡᠬᠢᠯᠡᠭᠦᠯᠵᠦ᠂ ᠠᠰᠢᠭᠯᠠᠯᠲᠠ ᠳᠤ ᠣᠷᠣᠭᠤᠯᠬᠤ ᠶᠢ ᠠᠬᠢᠭᠤᠯᠬᠤ ᠶᠢᠨ ᠬᠠᠮᠲᠤ᠂ ᠬᠠᠮᠢᠶᠠᠷᠤᠯᠲᠠ ᠪᠠᠷ ᠳᠤᠲᠠᠮᠠᠭ ᠲᠠᠯ᠎ᠠ ᠳᠤ ᠠᠩᠬᠠᠷᠤᠯ ᠢᠶᠠᠨ | ᠲᠥᠪᠯᠡᠷᠡᠭᠦᠯᠦᠨ᠂ ᠪᠠᠶᠢᠭᠤᠯᠤᠯ ᠲᠣᠭᠲᠠᠴᠠ ᠶᠢᠨ ᠲᠠᠯ᠎ᠠ ᠪᠠᠷ ᠬᠢ ᠠᠷᠬᠠᠭ ᠭᠡᠮ ᠢ ᠣᠨᠣᠪᠴᠢᠲᠠᠶ ᠡᠷᠢᠨ ᠭᠠᠷᠭᠠᠵᠤ᠂ ᠰᠢᠨᠵᠢᠯᠡᠬᠦ ᠤᠬᠠᠭᠠᠨᠴᠢ ᠪᠠᠷ ᠰᠢᠶᠳᠪᠦᠷᠢᠲᠦ | ᠪᠣᠳᠣᠯᠭ᠎ᠠ ᠲᠣᠭᠲᠠᠭᠠᠬᠤ ᠲᠣᠭᠲᠠᠴᠠ ᠶᠢ ᠪᠠᠶᠢᠭᠤᠯᠤᠨ᠂ ︽ᠳᠤᠲᠠᠭᠤ ᠲᠣᠷᠭᠤᠨ︾ ᠪᠠᠷᠢᠯᠭ᠎ᠠ ᠶᠢᠨ ᠠᠰᠠᠭᠤᠳᠠᠯ ᠰᠢᠨ᠎ᠡ ᠪᠠᠷ ᠨᠡᠮᠡᠭᠳᠡᠬᠦ ᠶᠢ ᠡᠷᠡᠰ ᠬᠤᠷᠢᠭᠯᠠᠵᠤ᠂ | ᠨᠡᠶᠢᠭᠡᠮ ᠤᠨ ᠬᠢᠨᠠᠯᠲᠠ ᠶᠢ ᠪᠥᠬᠦ ᠲᠠᠯ᠎ᠠ ᠪᠠᠷ ᠬᠦᠯᠢᠶᠡᠨ᠎ᠡ᠃ | ᠭᠤᠷᠪᠠ᠂ ᠪᠠᠶᠢᠴᠠᠭᠠᠵᠤ ᠰᠢᠢᠳᠪᠦᠷᠢᠯᠡᠬᠦ ᠬᠡᠪᠴᠢᠶ᠎ᠡ | ︵ᠨᠢᠭᠡ︶ ︽ᠳᠤᠲᠠᠭᠤ ᠲᠣᠷᠭᠤᠨ︾ ᠪᠠᠷᠢᠯᠭ᠎ᠠ ᠳᠤ ᠭᠤᠤᠯᠳᠠᠭᠤ 2 ᠲᠥᠷᠥᠯ ᠪᠠᠭᠲᠠᠨ᠎ᠠ᠄ ᠨᠢᠭᠡ ᠳᠤ ᠪᠠᠷᠢᠯᠭ᠎ᠠ ᠨᠢ ᠳᠠᠭᠤᠰᠤᠭᠠᠳᠤᠶ᠂ ᠡᠯ᠎ᠡ ᠵᠦᠶᠯ ᠤᠨ | ᠬᠦᠴᠦᠨ ᠵᠦᠶᠯ ᠠᠴᠠ ᠪᠣᠯᠵᠣ ᠪᠠᠷᠢᠯᠭ᠎ᠠ ᠪᠠᠨ ᠵᠣᠭᠰᠣᠭᠠᠭᠰᠠᠨ︔ ᠬᠤᠶᠠᠷ ᠲᠤ ᠪᠠᠷᠢᠯᠭ᠎ᠠ ᠶᠢᠨ ᠠᠵᠢᠯ ᠨᠢᠭᠡᠨᠲᠡ ᠳᠠᠭᠤᠰᠤᠭᠰᠠᠨ ᠪᠣᠯᠪᠠᠴᠤ ᠶᠠᠮᠠᠷ ᠨᠢᠭᠡᠨ ᠰᠢᠯᠲᠠᠭᠠᠨ | ᠠᠴᠠ ᠪᠣᠯᠣᠭᠠᠳ ᠬᠡᠪ ᠤᠨ ᠶᠣᠰᠣᠭᠠᠷ ᠠᠰᠢᠭᠯᠠᠯᠲᠠ ᠳᠤ ᠣᠷᠣᠵᠤ ᠴᠢᠳᠠᠬᠤ ᠦᠭᠡᠢ ᠪᠠᠶᠢᠭ᠎ᠠ᠃ | ︵ᠬᠤᠶᠠᠷ︶ ᠪᠠᠶᠢᠴᠠᠭᠠᠵᠤ ᠰᠢᠢᠳᠪᠦᠷᠢᠯᠡᠬᠦ ᠬᠦᠷᠢᠶ᠎ᠡ ᠬᠡᠪᠴᠢᠶ᠎ᠡ᠃ 2016 ᠣᠨ ᠠᠴᠠ ᠣᠲᠣ ᠪᠣᠯᠲᠠᠯ᠎ᠠ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ | ᠂ ᠬᠤᠰᠢᠭᠤ ᠭᠤᠷᠪᠠᠨ ᠱᠠᠲᠤᠨ ᠤ ᠬᠢᠨᠠᠨ ᠵᠥᠪᠰᠢᠶᠡᠷᠡᠭᠰᠡᠨ ᠵᠠᠰᠠᠭ ᠤᠨ ᠣᠷᠳᠣᠨ ᠤ ᠪᠠᠯᠠ ᠣᠷᠣᠭᠤᠯᠤᠭᠰᠠᠨ ᠣᠯᠠᠨ ᠨᠡᠶᠢᠲᠡ ᠶᠢᠨ ᠰᠠᠭᠤᠷᠢ ᠲᠥᠬᠦᠭᠡᠷᠦᠮᠵᠢ ᠶᠢᠨ | ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠢ ᠪᠠᠶᠢᠴᠠᠭᠠᠵᠤ ᠰᠢᠢᠳᠪᠦᠷᠢᠯᠡᠨ᠎ᠡ᠃ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠠᠯᠪᠠᠨ ᠬᠡᠷᠡᠭᠯᠡᠭᠡᠨ | ᠤ ᠭᠡᠷ ᠪᠠᠶᠢᠰᠢᠩ᠂ ᠲᠤᠬᠠᠶᠢᠯᠠᠭᠰᠠᠨ ᠠᠵᠢᠯ ᠤᠨ ᠮᠡᠷᠭᠡᠵᠢᠯ ᠤᠨ ᠬᠡᠷᠡᠭᠯᠡᠭᠡᠨ ᠤ ᠭᠡᠷ ᠪᠠᠶᠢᠰᠢᠩ ︵ᠳᠣᠲᠣᠭᠠᠳᠤ ᠶᠢ ᠬᠠᠮᠠᠭᠠᠯᠠᠬᠤ᠂ ᠪᠠᠶᠢᠴᠠᠭᠠᠬᠤ ᠬᠤᠷᠢᠶ᠎ᠠ᠂ ᠰᠢᠭᠦᠬᠦ | ᠬᠤᠷᠢᠶ᠎ᠠ᠂ ᠬᠠᠤᠯᠢ ᠴᠠᠭᠠᠵᠠ᠂ ᠪᠠᠴᠢᠮ ᠪᠠᠶᠢᠳᠠᠯ ᠢ ᠠᠷᠭᠠᠴᠠᠭᠠᠬᠤ᠂ ᠭᠠᠯ ᠤᠨᠲᠠᠷᠠᠭᠠᠬᠤ᠂ ᠡᠳ᠋ ᠪᠣᠳᠠᠰ ᠨᠥᠭᠡᠴᠡᠯᠡᠬᠦ ᠵᠡᠷᠭᠡ︶᠂ ᠰᠤᠷᠭᠠᠨ ᠬᠥᠮᠦᠵᠢᠯ ︵ᠳᠡᠭᠡᠳᠦ | ᠵᠡᠷᠭᠡ ᠶᠢᠨ ᠰᠤᠷᠭᠠᠨ ᠬᠥᠮᠦᠵᠢᠯ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠥᠵᠢᠯ᠂ ᠠᠯᠪᠠᠨ | ᠵᠢᠷᠤᠮ ᠤᠨ ᠰᠤᠷᠭᠠᠨ ᠬᠥᠮᠦᠵᠢᠯ᠂ ᠬᠡᠦᠬᠡᠳ ᠤᠨ ᠴᠡᠴᠡᠷᠯᠢᠭ ᠵᠡᠷᠭᠡ ᠰᠤᠷᠭᠠᠭᠤᠯᠢ︶᠂ ᠠᠵᠢᠯ ᠣᠯᠭᠤᠯᠲᠠ ᠨᠡᠶᠢᠭᠡᠮ ᠤᠨ ᠪᠠᠲᠤᠯᠠᠭ᠎ᠠ ︵ᠣᠯᠠᠨ ᠨᠡᠶᠢᠲᠡ ᠶᠢᠨ | ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ᠂ ᠠᠵᠢᠯ ᠣᠯᠭᠤᠯᠲᠠ ᠶᠢ ᠵᠢᠯᠣᠭᠤᠳᠬᠤ ᠲᠥᠬᠦᠭᠡᠷᠦᠮᠵᠢ᠂ ᠰᠢᠨ᠎ᠡ ᠶᠢ ᠡᠭᠦᠳᠴᠦ ᠦᠢᠯᠡᠰ ᠪᠣᠰᠬᠠᠬᠤ ᠲᠥᠪ ᠵᠡᠷᠭᠡ | ︶᠂ ᠡᠮ ᠡᠮᠨᠡᠯᠭᠡ ᠡᠷᠡᠭᠦᠯ ᠬᠠᠮᠠᠭᠠᠯᠠᠯ ︵ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠤ ᠱᠠᠲᠤᠨ ᠤ ᠡᠮᠨᠡᠯᠭᠡ ᠶᠢᠨ ᠬᠤᠷᠢᠶ᠎ᠠ᠂ ᠨᠡᠶᠢᠭᠡᠮ | ᠲᠣᠭᠤᠷᠢᠭ ᠤᠨ ᠡᠷᠡᠭᠦᠯ ᠬᠠᠮᠠᠭᠠᠯᠠᠯ ᠤᠨ ᠦᠶᠯᠡᠴᠢᠯᠡᠭᠡᠨ ᠤ ᠲᠥᠪ ︵ᠥᠷᠲᠡᠭᠡ︶᠂ ᠰᠤᠮᠤ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠪᠠ ᠭᠠᠴᠠᠭ᠎ᠠ | ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠵᠤ ᠰᠡᠷᠭᠡᠶᠢᠯᠡᠨ ᠡᠵᠡᠮᠳᠡᠬᠦ | ᠪᠠᠶᠢᠭᠤᠯᠤᠮᠵᠢ ᠵᠡᠷᠭᠡ︶᠂ ᠨᠠᠰᠤᠲᠠᠨ ᠢ ᠠᠰᠠᠷᠠᠬᠤ ᠭᠠᠵᠠᠷ ︵ᠨᠠᠰᠤᠲᠠᠨ ᠢ ᠠᠰᠠᠷᠠᠬᠤ ᠬᠦᠷᠢᠶᠡᠯᠡᠩ ᠵᠡᠷᠭᠡ︶᠂ ᠣᠷᠣᠨ ᠰᠠᠭᠤᠴᠠ ᠶᠢᠨ ᠪᠠᠲᠤᠯᠠᠭ᠎ᠠ ︵ᠨᠡᠶᠢᠲᠡ ᠶᠢᠨ | ᠲᠦᠷᠢᠶᠡᠰᠦᠨ ᠪᠠᠶᠢᠰᠢᠩ᠂ ᠳᠥᠭᠦᠮ ᠪᠦᠲᠦᠴᠡᠲᠦ ᠣᠷᠣᠨ ᠰᠠᠭᠤᠴᠠ ᠶᠢᠨ ᠥᠭᠡᠷᠡᠴᠢᠯᠡᠯᠲᠡ ᠵᠡᠷᠭᠡ︶᠂ ᠰᠣᠶᠣᠯ ᠪᠡᠶ᠎ᠡ ᠶᠢᠨ ᠲᠠᠮᠢᠷ ︵ᠰᠠᠭᠤᠷᠢ ᠶᠡᠷᠦᠩᠬᠡᠶᠢᠯᠡᠭᠰᠡᠨ | ᠰᠣᠶᠣᠯ ᠤᠨ ᠦᠶᠯᠡᠴᠢᠯᠡᠭᠡᠨ ᠤ ᠲᠥᠪ᠂ ᠷᠠᠳᠢᠣ᠋ ᠲᠧᠯᠸᠢᠰ ᠬᠤᠷᠢᠶ᠎ᠠ᠂ ᠲᠠᠮᠢᠷ ᠤᠨ ᠲᠠᠯᠠᠪᠤᠷ᠂ ᠴᠡᠴᠡᠷᠯᠢᠭ᠂ ᠪᠡᠶ᠎ᠡ ᠴᠢᠭᠢᠷᠠᠭᠵᠢᠭᠤᠯᠬᠤ ᠶᠠᠪᠠᠭᠠᠨ ᠵᠠᠮ᠂ ᠮᠠᠯᠴᠢᠨ | ᠲᠠᠷᠢᠶᠠᠴᠢᠨ ᠤ ᠪᠡᠶ᠎ᠡ ᠶᠢᠨ ᠲᠠᠮᠢᠷ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ᠂ ᠡᠬᠡ ᠣᠷᠣᠨᠴᠢ ᠦᠵᠡᠯ ᠤᠨ ᠬᠥᠮᠦᠵᠢᠯ ᠤᠨ ᠵᠢᠱᠢᠶ᠎ᠡ ᠦᠵᠡᠭᠦᠯᠬᠦ ᠰᠠᠭᠤᠷᠢᠨ | ᠭᠠᠵᠠᠷ᠂ ᠮᠦᠽᠧᠶ᠂ ᠦᠵᠡᠭᠦᠯᠭᠡ ᠶᠢᠨ ᠣᠷᠳᠣᠨ᠂ ᠤᠷᠠᠨ ᠵᠢᠷᠤᠭ ᠤᠨ ᠣᠷᠳᠣᠨ᠂ ᠨᠣᠮ ᠤᠨ ᠰᠠᠩ᠂ ᠰᠣᠶᠣᠯ ᠤᠨ ᠣᠷᠳᠣᠨ ᠵᠡᠷᠭᠡ︶᠂ ᠨᠡᠶᠢᠭᠡᠮ ᠤᠨ | ᠦᠶᠯᠡᠴᠢᠯᠡᠭᠡ ︵ᠵᠡᠮᠳᠡᠭᠴᠦᠳ ᠤᠨ ᠦᠢᠯᠡᠴᠢᠯᠡᠭᠡᠨ ᠤ ᠲᠥᠬᠦᠭᠡᠷᠦᠮᠵᠢ᠂ ᠨᠠᠰᠤᠨ ᠳᠤ ᠦᠯᠦ ᠬᠦᠷᠦᠭᠰᠡᠳ ᠤᠨ ᠬᠠᠮᠠᠭᠠᠯᠠᠯᠲᠠ ᠶᠢᠨ ᠲᠥᠬᠦᠭᠡᠷᠦᠮᠵᠢ᠂ ᠲᠡᠨᠦᠭᠦᠯ | ᠭᠤᠶᠢᠷᠠᠨᠴᠢᠳ ᠤᠨ ᠭᠠᠮᠰᠢᠭ ᠠᠴᠠ ᠠᠪᠤᠷᠠᠬᠤ ᠲᠥᠬᠦᠭᠡᠷᠦᠮᠵᠢ᠂ ᠤᠶᠤᠨ ᠰᠠᠨᠠᠭ᠎ᠠ ᠡᠷᠡᠭᠦᠯ ᠬᠠᠮᠠᠭᠠᠯᠠᠯ ᠤᠨ ᠠᠰᠠᠷᠠᠮᠵᠢ ᠶᠢᠨ ᠲᠥᠬᠦᠭᠡᠷᠦᠮᠵᠢ᠂ ᠨᠡᠶᠢᠲᠡ ᠶᠢᠨ | ᠠᠰᠠᠷᠠᠮᠵᠢ ᠶᠢᠨ ᠴᠢᠨᠠᠷᠲᠠᠶ ᠣᠷᠣᠰᠢᠭᠤᠯᠭ᠎ᠠ ᠶᠢᠨ ᠦᠢᠯᠡᠴᠢᠯᠡᠭᠡᠨ ᠤ ᠲᠥᠬᠦᠭᠡᠷᠦᠮᠵᠢ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠶᠯᠡᠴᠢᠯᠡᠭᠡᠨ ᠤ ᠲᠥᠪ᠂ | ᠬᠠᠷᠠᠭᠠᠯᠵᠠᠨ ᠲᠡᠳᠬᠦᠬᠦ ᠡᠮᠨᠡᠯᠭᠡ ᠶᠢᠨ ᠬᠤᠷᠢᠶ᠎ᠠ᠂ ᠢᠷᠠᠭᠤ ᠠᠯᠳᠠᠷ ᠤᠨ ᠬᠦᠷᠢᠶᠡᠯᠡᠩ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠬᠦᠭᠡᠷᠦᠮᠵᠢ ᠵᠡᠷᠭᠡ︶᠂ ᠮᠡᠳᠡᠭᠡ | ᠵᠠᠩᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠪᠠᠭᠲᠠᠭᠠᠨ᠎ᠠ᠃ ᠪᠤᠰᠤᠳ ᠣᠨ ᠵᠢᠴᠢ ᠬᠤᠰᠢᠭᠤ ᠲᠣᠭᠤᠷᠢᠭ ᠤᠨ ᠬᠢᠨᠠᠨ ᠵᠥᠪᠰᠢᠶᠡᠷᠡᠭᠰᠡᠨ | ᠨᠥᠯᠥᠭᠡ ᠪᠠᠷ ᠨᠡᠯᠢᠶᠡᠳ ᠶᠡᠭᠡ ︽ᠳᠤᠲᠠᠭᠤ ᠲᠣᠷᠭᠤᠨ︾ ᠪᠠᠷᠢᠯᠭ᠎ᠠ ᠶᠢ ᠬᠠᠮᠲᠤ ᠳᠤᠨᠢ ᠪᠠᠶᠢᠴᠠᠭᠠᠵᠤ ᠰᠢᠢᠳᠪᠦᠷᠢᠯᠡᠨ᠎ᠡ᠃ ᠵᠠᠰᠠᠭ ᠤᠨ ᠣᠷᠳᠣᠨ ᠤ ᠪᠠᠯᠠ | ᠣᠷᠣᠭᠤᠯᠤᠭᠰᠠᠨ ᠵᠠᠮ ᠬᠠᠷᠢᠯᠴᠠᠭ᠎ᠠ᠂ ᠡᠨᠧᠷᠭᠢ᠂ ᠤᠰᠤᠨ ᠠᠰᠢᠭᠯᠠᠯᠲᠠ᠂ ᠲᠠᠷᠢᠶᠠᠯᠠᠩ ᠮᠠᠯ ᠠᠵᠤ ᠠᠬᠤᠶ ᠣᠶ ᠰᠢᠭᠤᠶ ᠨᠤᠲᠤᠭ ᠪᠡᠯᠴᠢᠭᠡᠷ᠂ ᠠᠮᠢ ᠠᠬᠤᠶ ᠣᠷᠴᠢᠨ | ᠲᠣᠭᠤᠷᠢᠨ ᠤ ᠬᠠᠮᠠᠭᠠᠯᠠᠯᠲᠠ᠂ ᠬᠤᠲᠠ ᠶᠢᠨ ᠶᠠᠪᠤᠳᠠᠯ ᠪᠠ ᠠᠵᠤ ᠦᠶᠯᠡᠰ ᠤᠨ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠵᠡᠷᠭᠡ ᠬᠦᠷᠢᠶ᠎ᠡ | ᠬᠡᠪᠴᠢᠶᠡᠨ ᠳᠠᠬᠢ ︽ᠳᠤᠲᠠᠭᠤ ᠲᠣᠷᠭᠤᠨ︾ ᠪᠠᠷᠢᠯᠭ᠎ᠠ ᠶᠢᠨ ᠲᠥᠷᠥᠯ ᠵᠦᠶᠯ ᠢ ᠬᠠᠮᠲᠤ ᠳᠤᠨᠢ ᠪᠠᠶᠢᠴᠠᠭᠠᠵᠤ ᠰᠢᠢᠳᠪᠦᠷᠢᠯᠡᠨ᠎ᠡ᠃ ᠤᠯᠤᠰ ᠲᠦᠷᠦ ᠬᠠᠤᠯᠢ ᠴᠠᠭᠠᠵᠠ | ᠵᠡᠷᠭᠡ ᠨᠢᠭᠤᠴᠠ ᠳᠤ ᠬᠤᠯᠪᠣᠭᠳᠠᠬᠤ ᠲᠥᠷᠥᠯ ᠵᠦᠢᠯ ᠢ ᠡᠯ᠎ᠡ ᠠᠵᠢᠯ ᠲᠦᠷᠦᠯ ᠤᠨ ᠭᠤᠣᠯᠯᠠᠨ ᠬᠠᠮᠢᠶᠠᠷᠬᠤ ᠪᠠᠶᠢᠭᠤᠯᠭ᠎ᠠ ᠥᠪᠡᠰᠦᠪᠡᠨ ᠪᠠᠶᠢᠴᠠᠭᠠᠵᠤ | ᠰᠢᠢᠳᠪᠦᠷᠢᠯᠡᠨ᠎ᠡ᠃ | ᠳᠥᠷᠪᠡ᠂ ᠠᠵᠢᠯ ᠤᠨ ᠡᠭᠦᠷᠭᠡ | ︵ᠨᠢᠭᠡ︶ ᠡᠬᠡ ᠳᠠᠩᠰᠠ ᠪᠠᠶᠢᠭᠤᠯᠤᠨ᠎ᠠ᠃ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ 2016 ᠣᠨ ᠠᠴᠠ ᠣᠲᠣ ᠪᠣᠯᠲᠠᠯᠠᠬᠢ | ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠲᠠᠪᠴᠠᠩ ᠢᠶᠠᠷ ᠳᠡᠮᠵᠢᠨ ᠲᠥᠷᠥᠯ ᠵᠦᠶᠯ ᠪᠠᠶᠢᠭᠤᠯᠤᠭᠰᠠᠨ ᠵᠠᠰᠠᠭ ᠤᠨ ᠣᠷᠳᠣᠨ ᠤ ᠪᠠᠯᠠ ᠣᠷᠣᠭᠤᠯᠤᠭᠰᠠᠨ ᠲᠥᠷᠥᠯ | ᠵᠦᠶᠯ ᠢ ᠬᠠᠩᠭᠠᠨ᠎ᠠ᠃ ᠡᠯ᠎ᠡ ᠠᠵᠢᠯ ᠲᠥᠷᠥᠯ ᠤᠨ ᠭᠤᠤᠯᠯᠠᠨ ᠬᠠᠮᠢᠶᠠᠷᠬᠤ ᠪᠠᠶᠢᠭᠤᠯᠭ᠎ᠠ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠲᠠᠢ | ᠬᠠᠮᠲᠤᠷᠠᠨ ᠲᠣᠰ ᠠᠵᠢᠯ ᠲᠥᠷᠥᠯ ᠤᠨ ᠢᠶᠠᠨ ︽ᠳᠤᠲᠠᠭᠤ ᠲᠣᠷᠭᠤᠨ︾ ᠪᠠᠷᠢᠯᠭ᠎ᠠ ᠶᠢ ᠲᠥᠷᠥᠯ ᠬᠤᠪᠢᠶᠠᠨ ᠡᠮᠬᠢᠯᠡᠵᠦ᠂ ᠡᠬᠡ ᠲᠠᠩᠰᠠ ᠪᠠᠶᠢᠭᠤᠯᠤᠨ᠂ ᠭᠤᠤᠯᠯᠠᠨ | ᠬᠠᠮᠢᠶᠠᠷᠬᠤ ᠪᠠᠶᠢᠭᠤᠯᠭ᠎ᠠ ᠪᠠ ᠬᠤᠰᠢᠭᠤ ᠲᠣᠭᠤᠷᠢᠭ ᠤᠨ ᠵᠠᠰᠠᠭ ᠤᠨ ᠣᠷᠳᠣᠨ ᠤ ᠬᠤᠪᠢᠶᠠᠨ ᠬᠠᠮᠢᠶᠠᠷᠴᠤ ᠪᠦᠬᠦᠢ ᠤᠳᠤᠷᠢᠳᠤᠯᠭ᠎ᠠ ᠬᠤᠶᠠᠷ ᠲᠠᠯ᠎ᠠ ᠪᠠᠷ ᠢᠶᠠᠨ ᠭᠠᠷ | ᠤᠨ ᠥᠰᠥᠭ ᠵᠢᠷᠤᠭᠰᠠᠨ ᠤ ᠳᠠᠷᠠᠭ᠎ᠠ ᠲᠣᠭᠲᠠᠭᠠᠵᠤ᠂ ᠡᠬᠡ ᠲᠠᠩᠰᠠ ᠶᠢ ᠪᠠᠶᠢᠭᠤᠯᠤᠭᠰᠠᠨ ᠤ ᠳᠠᠷᠠᠭ᠎ᠠ᠂ 1 ᠶᠢ ᠠᠰᠢᠭᠯᠠᠯᠲᠠ ᠳᠤ ᠣᠷᠣᠭᠤᠯᠤᠭᠰᠠᠨ ᠪᠣᠯ 1 ᠢ | ᠳᠠᠩᠰᠠᠨ ᠠᠴᠠ ᠬᠠᠰᠤᠨ᠎ᠠ᠂ ᠳᠤᠷ᠎ᠠ ᠪᠠᠷ ᠢᠶᠠᠨ ᠬᠠᠰᠤᠵᠤ ᠪᠣᠯᠬᠤ ᠥᠬᠡᠶ᠃ | ︵ᠬᠤᠶᠠᠷ︶ ᠲᠦᠷᠦᠯ ᠬᠤᠪᠢᠶᠠᠨ ᠰᠢᠢᠳᠪᠦᠷᠢᠯᠡᠨ᠎ᠡ᠃ ᠡᠯ᠎ᠡ ᠠᠵᠢᠯ ᠲᠥᠷᠥᠯ ᠤᠨ ᠭᠤᠣᠯᠯᠠᠨ ᠬᠠᠮᠢᠶᠠᠷᠬᠤ ᠪᠠᠶᠢᠭᠤᠯᠭ᠎ᠠ ᠲᠤᠰ ᠠᠵᠢᠯ ᠲᠥᠷᠥᠯ ᠤᠨ ᠢᠶᠠᠨ ︽ | ᠳᠤᠲᠠᠭᠤ ᠲᠣᠷᠭᠤᠨ︾ ᠪᠠᠷᠢᠯᠭ᠎ᠠ ᠶᠢ ᠰᠢᠶᠳᠪᠦᠷᠢᠯᠡᠬᠦ ᠠᠵᠢᠯ ᠤᠨ ᠬᠡᠷᠡᠭᠵᠢᠭᠦᠯᠬᠦ ᠲᠥᠰᠦᠯ ᠢ ᠲᠣᠭᠲᠠᠭᠠᠵᠤ᠂ ︽ᠬᠡᠨ ᠭᠤᠣᠯᠯᠠᠨ ᠬᠠᠮᠢᠶᠠᠷᠪᠠᠯ᠂ ᠬᠡᠨ ᠬᠠᠷᠢᠭᠤᠴᠠᠬᠤ | ︾ ᠵᠠᠷᠴᠢᠮ ᠶᠣᠰᠣᠭᠠᠷ᠂ ᠡᠯ᠎ᠡ ᠠᠵᠢᠯ ᠲᠥᠷᠥᠯ ᠤᠨ ᠭᠤᠣᠯᠯᠠᠨ ᠬᠠᠮᠢᠶᠠᠷᠬᠤ ᠪᠠᠶᠢᠭᠤᠯᠭ᠎ᠠ ᠲᠦᠷᠦᠭᠦᠯᠡᠨ ᠪᠠᠶᠢᠴᠠᠭᠠᠵᠤ ᠰᠢᠢᠳᠪᠦᠷᠢᠯᠡᠬᠦ ᠬᠦᠷᠢᠶ᠎ᠡ ᠬᠡᠪᠴᠢᠶ᠎ᠡ ᠲᠠᠢ | ᠬᠠᠷᠢᠴᠠᠭᠤᠯᠵᠤ ᠪᠠᠶᠢᠭᠠᠳ ︽ᠳᠤᠲᠠᠭᠤ ᠲᠣᠷᠭᠤᠨ︾ ᠪᠠᠷᠢᠯᠭ᠎ᠠ ᠶᠢᠨ ᠠᠵᠢᠯ ᠢ ᠪᠠᠶᠢᠴᠠᠭᠠᠵᠤ ᠰᠢᠢᠳᠪᠦᠷᠢᠯᠡᠨ᠎ᠡ᠃ ᠡᠯ᠎ᠡ ᠠᠵᠢᠯ ᠲᠥᠷᠥᠯ ᠤᠨ ᠭᠤᠣᠯᠯᠠᠨ ᠬᠠᠮᠢᠶᠠᠷᠬᠤ | ᠪᠠᠶᠢᠭᠤᠯᠭ᠎ᠠ ᠲᠣᠰ ᠬᠦᠷᠢᠶ᠎ᠡ ᠬᠡᠪᠴᠢᠶᠡᠨ ᠳᠠᠬᠢ ︽ᠳᠤᠲᠠᠭᠤ ᠲᠣᠷᠭᠤᠨ︾ ᠪᠠᠷᠢᠯᠭ᠎ᠠ ᠶᠢᠨ ᠪᠠᠷᠢᠮᠵᠢᠶ᠎ᠠ ᠶᠢ ᠳᠤᠷᠠᠳᠴᠤ᠂ ︽ᠳᠤᠲᠠᠭᠤ ᠲᠣᠷᠭᠤᠨ︾ ᠪᠠᠷᠢᠯᠭ᠎ᠠ ᠶᠢᠨ | ᠲᠥᠷᠥᠯ ᠵᠦᠶᠯ ᠢ ᠰᠢᠶᠳᠪᠦᠷᠢᠯᠡᠬᠦ ᠲᠠᠯ᠎ᠠ᠂ ᠬᠠᠷᠢᠭᠤᠴᠠᠯᠭᠠᠲᠤ ᠪᠠᠶᠢᠭᠤᠯᠭ᠎ᠠ᠂ ᠰᠢᠶᠳᠪᠦᠷᠢᠯᠡᠬᠦ ᠵᠠᠷᠴᠢᠮ᠂ ᠰᠢᠶᠳᠪᠦᠷᠢᠯᠡᠬᠦ ᠶᠠᠪᠤᠴᠠ᠂ ᠰᠢᠶᠳᠪᠦᠷᠢᠯᠡᠬᠦ ᠴᠠᠭ ᠤᠨ | ᠬᠢᠵᠠᠭᠠᠷᠯᠠᠯ ᠢ ᠨᠢᠭᠡᠳ ᠨᠢᠭᠡ ᠪᠠᠷ ᠲᠣᠳᠣᠷᠬᠠᠶᠢᠯᠠᠨ᠎ᠠ᠃ ᠲᠣᠰ ᠠᠵᠢᠯ ᠲᠥᠷᠥᠯ ᠢ ᠵᠢᠯᠣᠭᠤᠳᠤᠨ ᠪᠠᠶᠢᠴᠠᠭᠠᠯᠲᠠ ᠬᠢᠯᠭᠡᠵᠦ᠂ ᠵᠢᠯ ᠤᠨ ᠳᠣᠲᠣᠷ᠎ᠠ ᠠᠰᠢᠭᠯᠠᠯᠲᠠ ᠳᠤ | ᠣᠷᠣᠭᠤᠯᠬᠤ ᠪᠠᠷ ᠴᠢᠷᠮᠠᠶᠢᠨ᠂ ᠨᠢᠭᠡ ᠪᠦᠯᠦᠭ ᠢ ᠨᠢ ᠰᠢᠶᠳᠪᠦᠷᠢᠯᠡᠵᠦ᠂ ᠭᠤᠷᠪᠠᠨ ᠵᠢᠯ ᠤᠨ ᠳᠣᠲᠣᠷ᠎ᠠ ᠪᠦᠬᠦᠨ ᠢ ᠠᠰᠢᠭᠯᠠᠯᠲᠠ ᠳᠤ ᠣᠷᠣᠭᠤᠯᠵᠤ ᠳᠠᠩᠰᠠᠨ ᠠᠴᠠ | ᠭᠠᠷᠭᠠᠬᠤ ᠪᠠᠷ ᠴᠢᠷᠮᠠᠶᠢᠨ᠎ᠠ᠃ ᠲᠥᠷᠥᠯ ᠵᠦᠶᠯ ᠤᠨ ᠬᠠᠷᠢᠭᠤᠴᠠᠯᠭᠠᠲᠤ ᠨᠢᠭᠡᠴᠢ᠂ ᠬᠠᠷᠢᠭᠤᠴᠠᠯᠭᠠᠲᠤ ᠤᠳᠤᠷᠢᠳᠤᠯᠭ᠎ᠠ᠂ ᠬᠠᠷᠢᠭᠤᠴᠠᠯᠭᠠᠲᠠᠨ ᠢ ᠲᠣᠳᠣᠷᠬᠠᠶᠢᠯᠠᠵᠤ᠂ | ᠲᠥᠷᠥᠯ ᠵᠦᠶᠯ ᠨᠢᠭᠡᠪᠦᠷᠢ ᠳᠤ ᠴᠥᠮ ᠲᠣᠭᠲᠠᠮᠠᠯ ᠠᠵᠢᠯᠲᠠᠨ ᠳᠠᠭᠠᠵᠤ ᠦᠢᠯᠡᠴᠢᠯᠡᠨ᠎ᠡ᠃ | ⒈ᠭᠠᠷ ᠭᠦᠶᠴᠡᠳᠬᠡᠯ ᠢ ᠳᠠᠷᠤᠢ ᠲᠦᠷᠭᠡᠨ ᠲᠡᠭᠦᠯᠳᠡᠷᠵᠢᠭᠦᠯᠦᠨ᠎ᠡ᠃ ᠲᠥᠯᠥᠪᠵᠢᠭᠦᠯᠭᠡ ᠶᠢᠨ ᠱᠠᠭᠠᠷᠳᠠᠯᠭ᠎ᠠ ᠳᠤ ᠨᠡᠶᠢᠴᠡᠬᠦ ᠮᠥᠷᠲᠡᠭᠡᠨ ᠨᠢᠭᠡᠨᠲᠡ ᠪᠠᠶᠢᠭᠤᠯᠵᠤ | ᠳᠠᠭᠤᠰᠤᠭᠰᠠᠨ ᠪᠣᠯᠪᠠᠴᠤ ᠪᠠᠷᠢᠯᠭ᠎ᠠ ᠪᠠᠷᠢᠬᠤ ᠭᠠᠷᠳᠠᠮ ᠨᠢ ᠪᠦᠷᠢᠨ ᠪᠤᠰᠤ ᠪᠠᠶᠢᠪᠠᠯ᠂ ᠪᠠᠷᠢᠮᠵᠢᠶ᠎ᠠ ᠵᠢᠷᠤᠮᠵᠢᠯ ᠶᠣᠰᠣᠭᠠᠷ ᠤᠷᠢᠳᠠᠪᠠᠷ ᠪᠠᠷᠢᠯᠭ᠎ᠠ ᠳᠠᠭᠤᠰᠤᠭᠰᠠᠨ | ᠮᠡᠷᠭᠡᠵᠢᠯ ᠤᠨ ᠴᠢᠨᠠᠷᠲᠠᠶ ᠰᠢᠯᠭᠠᠨ ᠬᠤᠷᠢᠶᠠᠯᠲᠠ ᠬᠢᠬᠦ ᠶᠢ ᠵᠥᠪᠰᠢᠶᠡᠷᠡᠵᠦ᠂ ᠵᠣᠬᠢᠬᠤ ᠭᠠᠷᠳᠠᠮ ᠢ ᠨᠥᠬᠦᠵᠦ ᠭᠦᠶᠴᠡᠭᠡᠨ᠂ ᠬᠠᠮᠢᠶ᠎ᠠ ᠪᠥᠬᠦᠶ ᠵᠠᠷᠤᠳᠠᠯ ᠢ ᠭᠦᠶᠴᠡᠳ | ᠲᠤᠰᠢᠶᠠᠭᠰᠠᠨ ᠪᠠᠶᠢᠳᠠᠯ ᠳᠣᠤᠷ᠎ᠠ᠂ ᠬᠤᠯᠪᠣᠭᠳᠠᠯ ᠪᠥᠬᠦᠶ ᠪᠠᠶᠢᠭᠤᠯᠭ᠎ᠠ ᠬᠠᠷᠠᠭᠠᠯᠵᠠᠭᠰᠠᠨ ᠰᠢᠯᠭᠠᠨ ᠬᠤᠷᠢᠶᠠᠯᠲᠠ ᠬᠢᠬᠦ ᠭᠠᠷᠳᠠᠮ ᠢ ᠬᠠᠤᠯᠢ ᠶᠣᠰᠣᠭᠠᠷ ᠨᠥᠬᠦᠨ | ᠥᠭᠴᠦ᠂ ᠥᠯᠥ ᠬᠥᠳᠡᠯᠬᠦ ᠬᠥᠷᠥᠩᠭᠡ ᠶᠢ ᠬᠠᠤᠯᠢ ᠶᠣᠰᠣᠭᠠᠷ ᠳᠠᠩᠰᠠᠯᠠᠨ᠎ᠠ᠃ ᠳᠡᠭᠡᠳᠦ ᠱᠠᠲᠤᠨ ᠤ ᠬᠠᠮᠢᠶ᠎ᠠ ᠪᠦᠬᠦᠢ ᠪᠠᠶᠢᠭᠤᠯᠭ᠎ᠠ ᠪᠠᠷ ᠵᠥᠪᠰᠢᠶᠡᠷᠡᠭᠦᠯᠬᠦ | ᠴᠢᠬᠤᠯᠠᠲᠠᠢ ᠲᠥᠷᠥᠯ ᠵᠦᠢᠯ ᠪᠣᠯ᠂ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ ᠮᠡᠳᠡᠭᠦᠯᠦᠨ ᠵᠥᠪᠰᠢᠶᠡᠷᠡᠭᠦᠯᠬᠦ ᠭᠠᠷᠳᠠᠮ ᠢ ᠳᠠᠷᠤᠢ ᠲᠦᠷᠭᠡᠨ ᠭᠦᠢᠴᠡᠳᠬᠡᠨ᠎ᠡ᠃ | ⒉ᠠᠵᠢᠯ ᠢᠶᠠᠨ ᠰᠡᠷᠭᠦᠭᠡᠵᠦ ᠦᠷᠭᠦᠯᠵᠢᠯᠡᠨ ᠪᠠᠶᠢᠭᠤᠯᠬᠤ ᠶᠢ ᠳᠡᠮᠵᠢᠨ᠎ᠡ᠃ ᠦᠷᠭᠦᠯᠵᠢᠯᠡᠨ ᠪᠠᠶᠢᠭᠤᠯᠬᠤ ᠴᠢᠳᠠᠪᠤᠷᠢ ᠲᠠᠢ ᠮᠥᠷᠲᠡᠭᠡᠨ ᠨᠡᠭᠡᠭᠡᠨ ᠬᠥᠭᠵᠢᠭᠦᠯᠵᠦ | ᠪᠥᠲᠥᠭᠡᠨ ᠪᠠᠶᠢᠭᠤᠯᠬᠤ ᠨᠢᠭᠡᠴᠢ ᠢᠳᠡᠪᠬᠢᠲᠡᠶ ᠬᠠᠮᠵᠢᠯᠴᠠᠭᠰᠠᠨ ᠪᠠᠷᠢᠯᠭ᠎ᠠ ᠪᠠᠶᠢᠪᠠᠯ᠂ ᠥᠯᠥ ᠬᠥᠳᠡᠯᠬᠦ ᠬᠥᠷᠥᠩᠭᠡ ᠶᠢᠨ ᠡᠷᠬᠡᠲᠦ ᠬᠥᠮᠦᠨ ᠨᠢ ᠬᠡᠷ ᠪᠠᠶᠢᠰᠢᠩ ᠤᠨ | ᠪᠠᠷᠢᠯᠭ᠎ᠠ ᠶᠢᠨ ᠠᠮᠤᠷ ᠲᠦᠪᠰᠢᠨ ᠤ ᠶᠠᠰᠤ ᠴᠢᠨᠠᠷ ᠲᠤ ᠦᠨᠡᠯᠡᠨ ᠵᠢᠱᠢᠯᠲᠡ ᠬᠢᠨᠠᠨ ᠲᠣᠭᠲᠠᠭᠠᠯᠲᠠ ᠬᠢᠵᠦ᠂ ᠣᠲᠣ ᠶᠢᠨ ᠬᠡᠷᠡᠭᠵᠢᠭᠦᠯᠵᠦ ᠪᠠᠶᠢᠭ᠎ᠠ ᠲᠥᠯᠥᠪᠵᠢᠭᠦᠯᠭᠡ᠂ | ᠪᠠᠷᠢᠯᠭ᠎ᠠ ᠶᠢᠨ ᠠᠮᠤᠷ ᠲᠦᠪᠰᠢᠨ᠂ ᠠᠮᠢ ᠠᠬᠤᠶ ᠶᠢᠨ ᠬᠤᠷᠢᠭ᠎ᠠ ᠴᠠᠭᠠᠵᠠ ᠶᠢᠨ ᠬᠠᠮᠢᠶᠠᠷᠤᠨ ᠡᠵᠡᠮᠳᠡᠯ ᠵᠡᠷᠭᠡ ᠱᠠᠭᠠᠷᠳᠠᠯᠭ᠎ᠠ ᠳᠤ ᠨᠡᠶᠢᠴᠡᠭᠰᠡᠨ ᠪᠣᠯ᠂ ᠪᠠᠷᠢᠯᠭ᠎ᠠ | ᠪᠠᠷᠢᠬᠤ ᠶᠢ ᠭᠤᠣᠯᠯᠠᠨ ᠬᠠᠮᠢᠶᠠᠷᠬᠤ ᠪᠠᠶᠢᠭᠤᠯᠭ᠎ᠠ ᠠᠴᠠ ᠨᠤᠲᠠᠯᠠᠨ ᠲᠣᠭᠲᠠᠭᠠᠭᠰᠠᠨ ᠤ ᠳᠠᠷᠠᠭ᠎ᠠ᠂ ᠤᠤᠯ ᠤᠨ ᠪᠠᠶᠢᠭᠰᠠᠨ ᠪᠠᠷᠢᠯᠭ᠎ᠠ ᠶᠢ ᠨᠤᠷᠠᠭᠠᠬᠤ ᠥᠬᠡᠶ ᠰᠠᠭᠤᠷᠢᠨ | ᠳᠡᠭᠡᠷ᠎ᠡ ᠦᠷᠭᠦᠯᠵᠢᠯᠡᠨ ᠪᠠᠶᠢᠭᠤᠯᠵᠤ ᠪᠣᠯᠤᠨ᠎ᠠ᠂ ᠦᠷᠭᠦᠯᠵᠢᠯᠡᠨ ᠪᠠᠶᠢᠭᠤᠯᠬᠤ ᠲᠥᠰᠦᠯ ᠢ ᠵᠡᠷᠭᠡ ᠳᠤ ᠨᠢ ᠲᠣᠭᠲᠠᠭᠠᠵᠤ᠂ ᠦᠷᠭᠦᠯᠵᠢᠯᠡᠨ ᠪᠠᠶᠢᠭᠤᠯᠬᠤ ᠭᠤᠤᠯ | ᠴᠣᠭᠴᠠ ᠶᠢ ᠨᠠᠶᠢᠳᠠᠪᠤᠷᠢᠵᠢᠭᠤᠯᠤᠨ᠂ ᠪᠠᠷᠢᠯᠭ᠎ᠠ ᠳᠠᠭᠤᠰᠬᠠᠬᠤ ᠴᠠᠭ ᠬᠤᠭᠤᠴᠠᠭ᠎ᠠ ᠶᠢ ᠠᠮᠠᠯᠠᠨ᠎ᠠ᠃ | ⒊ᠢᠳᠡᠪᠬᠢᠲᠡᠢ ᠵᠢᠯᠦᠭᠤᠳᠴᠤ ᠠᠰᠢᠭᠯᠠᠯᠲᠠ ᠳᠤ ᠣᠷᠣᠭᠤᠯᠤᠨ᠎ᠠ᠃ ᠪᠡᠯᠡ ᠮᠥᠩᠭᠦ ᠳᠤᠲᠠᠭᠰᠠᠨ ᠠᠴᠠ ᠦᠷᠭᠦᠯᠵᠢᠯᠡᠨ ᠪᠦᠲᠦᠭᠡᠨ ᠪᠠᠶᠢᠭᠤᠯᠵᠤ ᠴᠢᠳᠠᠬᠤ | ᠦᠭᠡᠢ ᠪᠠᠷᠢᠯᠭ᠎ᠠ ᠶᠢᠨ ᠥᠷᠢ ᠰᠢᠷᠢ ᠶᠢ ᠲᠠᠬᠢᠨ ᠲᠣᠬᠢᠷᠠᠭᠤᠯᠬᠤ᠂ ᠲᠠᠮᠫᠤᠷᠠᠯ ᠢ ᠢᠯᠭᠠᠷᠠᠭᠤᠯᠤᠨ ᠪᠣᠳᠣᠬᠤ ᠠᠷᠭ᠎ᠠ ᠪᠠᠷ ᠥᠷᠢ ᠰᠢᠷᠢ ᠶᠢᠨ ᠵᠢᠭᠤᠷᠠᠯᠳᠤᠭᠠᠨ ᠢ | ᠰᠢᠢᠳᠪᠣᠷᠢᠯᠡᠵᠣ᠂ ᠨᠡᠶᠢᠭᠡᠮ ᠤᠨ ᠡᠳ᠋ ᠬᠥᠷᠥᠩᠭᠡ ᠶᠢ ᠢᠳᠡᠪᠬᠢᠲᠡᠢ ᠵᠢᠯᠦᠭᠤᠳᠴᠤ ᠬᠤᠷᠰᠢᠯᠴᠠᠭ᠎ᠠ ᠳᠤ ᠣᠷᠣᠯᠴᠠᠭᠤᠯᠤᠨ᠂ ᠨᠥᠬᠦᠴᠡᠯ ᠲᠠᠢ ᠨᠡᠭᠡᠭᠡᠨ ᠬᠥᠭᠵᠢᠭᠦᠯᠬᠦ | ᠠᠵᠤ ᠠᠬᠤᠶᠢᠯᠠᠯ ᠤᠨ ᠬᠤᠳᠠᠯᠳᠤᠨ ᠠᠪᠬᠤ᠂ ᠦᠷᠭᠦᠯᠵᠢᠯᠡᠨ ᠪᠠᠶᠢᠭᠤᠯᠬᠤ᠂ ᠨᠡᠭᠡᠭᠡᠨ ᠬᠥᠭᠵᠢᠭᠦᠯᠬᠦ ᠶᠢ ᠵᠣᠷᠢᠭᠵᠢᠭᠤᠯᠬᠤ ᠶᠢᠨ ᠳᠠᠭᠠᠤ ᠲᠥᠷᠥ ᠶᠢᠨ ᠪᠣᠳᠤᠯᠭ᠎ᠠ ᠶᠢᠨ | ᠴᠢᠨᠠᠷᠲᠠᠢ ᠨᠡᠭᠡᠭᠡᠨ ᠬᠥᠭᠵᠢᠭᠦᠯᠬᠦ ᠮᠥᠩᠭᠦᠨ ᠭᠦᠢᠯᠭᠡᠭᠡᠨ ᠤ ᠪᠠᠭᠠᠵᠢ ᠶᠢ ᠵᠣᠬᠢᠰᠲᠠᠢ ᠠᠰᠢᠭᠯᠠᠵᠤ ︽ᠳᠤᠲᠠᠭᠤ ᠲᠤᠷᠭᠤᠨ︾ ᠪᠠᠷᠢᠯᠭ᠎ᠠ ᠶᠢ ᠪᠦᠲᠦᠭᠡᠨ ᠪᠠᠶᠢᠭᠤᠯᠬᠤ | ᠭᠤᠣᠯ ᠴᠣᠭᠴᠠ ᠳᠤ ᠪᠡᠯᠡ ᠮᠥᠩᠭᠦᠨ ᠤ ᠳᠡᠮᠵᠢᠯᠭᠡ ᠦᠵᠡᠭᠦᠯᠦᠨ᠎ᠡ᠃ | ⒋ᠬᠠᠤᠯᠢ ᠴᠠᠭᠠᠵᠠ ᠪᠠᠷ ᠰᠢᠢᠳᠪᠦᠷᠢᠯᠡᠬᠦ ᠶᠢ ᠲᠦᠷᠭᠡᠳᠬᠡᠨ᠎ᠡ᠃ ᠪᠣᠳᠣᠯᠢᠶᠠᠨᠲᠠᠢ ᠥᠷᠢ ᠰᠢᠷᠢ᠂ ᠵᠣᠬᠢᠴᠠᠭᠤᠯᠬᠤ ᠳᠤ ᠬᠦᠴᠢᠷᠲᠡᠢ ᠪᠠᠷᠢᠯᠭ᠎ᠠ ᠶᠢ ᠬᠠᠤᠯᠢ | ᠴᠠᠭᠠᠵᠠ ᠶᠢᠨ ᠠᠷᠭ᠎ᠠ ᠵᠠᠮ ᠢᠶᠠᠷ ᠰᠢᠭᠦᠬᠦ ᠬᠤᠷᠢᠶ᠎ᠠ ᠵᠡᠷᠭᠡ ᠬᠠᠤᠯᠢ ᠴᠠᠭᠠᠵᠠ ᠶᠢᠨ ᠪᠠᠶᠢᠭᠤᠯᠤᠮᠵᠢ ᠪᠠᠷ ᠰᠢᠢᠳᠪᠦᠷᠢᠯᠡᠭᠦᠯᠦᠨ᠎ᠡ᠃ ᠰᠢᠭᠦᠬᠦ ᠬᠤᠷᠢᠶ᠎ᠠ ᠶᠢᠨ ᠰᠢᠭᠦᠨ | ᠲᠠᠰᠤᠯᠤᠯᠲᠠ ᠪᠠᠷ ᠨᠤᠲᠠᠯᠠᠨ ᠲᠣᠭᠲᠠᠭᠠᠭᠰᠠᠨ ᠥᠷᠢ ᠰᠢᠷᠢ ᠶᠢᠨ ᠬᠠᠷᠢᠴᠠᠭ᠎ᠠ ᠶᠢ ᠰᠢᠭᠦᠬᠦ ᠬᠤᠷᠢᠶ᠎ᠠ ᠶᠢᠨ ᠰᠢᠭᠦᠨ ᠲᠠᠰᠤᠯᠤᠯᠲᠠ ᠳᠤ ᠦᠨᠳᠦᠰᠦᠯᠡᠨ ᠬᠤᠯᠪᠣᠭᠳᠠᠯ | ᠪᠦᠬᠦᠢ ᠭᠠᠷᠳᠠᠮ ᠢ ᠲᠦᠷᠭᠡᠨ ᠭᠦᠢᠴᠡᠳᠬᠡᠵᠦ᠂ ᠪᠡᠯᠡ ᠣᠷᠣᠭᠤᠯᠬᠤ ᠭᠤᠣᠯ ᠴᠣᠭᠴᠠ ᠶᠢ ᠳᠣᠲᠤᠷᠬᠠᠶᠢᠯᠠᠨ᠂ ᠲᠥᠷᠥᠯ ᠵᠦᠢᠯ ᠤᠨ ᠬᠡᠷᠡᠭᠵᠢᠭᠦᠯᠦᠯᠲᠡ ᠶᠢ | ᠠᠬᠢᠭᠤᠯᠤᠨ᠎ᠠ︔ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠨᠢᠭᠡᠴᠢ ᠶᠢᠨ ᠭᠤᠣᠯ ᠴᠣᠭᠴᠠ ᠦᠭᠡᠢ ᠪᠣᠯ᠂ ᠥᠷᠢ ᠰᠢᠷᠢ ᠵᠡᠷᠭᠡ ᠡᠳ᠋ ᠬᠥᠷᠥᠩᠭᠡ ᠨᠢ | ᠳᠣᠲᠤᠷᠬᠠᠢ ᠪᠠᠶᠢᠬᠤ ᠤᠷᠢᠳᠠᠯ ᠳᠣᠣᠷ᠎ᠠ᠂ ︽ᠳᠤᠲᠠᠭᠤ ᠲᠤᠷᠭᠤᠨ︾ ᠪᠠᠷᠢᠯᠭ᠎ᠠ ᠶᠢᠨ ᠲᠥᠷᠥᠯ ᠵᠦᠢᠯ ᠤᠨ ᠡᠳ᠋ ᠬᠥᠷᠥᠩᠭᠡ ᠶᠢ ᠬᠠᠤᠯᠢ ᠶᠣᠰᠣᠭᠠᠷ ᠦᠨ᠎ᠡ ᠬᠠᠶᠠᠵᠤ | ᠬᠤᠳᠠᠯᠳᠤᠨ᠂ ᠦᠨ᠎ᠡ ᠬᠠᠶᠠᠵᠤ ᠬᠤᠳᠠᠯᠳᠤᠭᠰᠠᠨ ᠪᠡᠯᠡ ᠮᠥᠩᠭᠦ ᠶᠢ ᠲᠣᠰ ᠲᠥᠷᠥᠯ ᠵᠦᠢᠯ ᠤᠨ ᠥᠷᠢ ᠰᠢᠷᠢ ᠶᠢ ᠰᠢᠢᠳᠪᠣᠷᠢᠯᠡᠬᠦ ᠳᠤ ᠬᠡᠷᠡᠭᠯᠡᠨ᠎ᠡ︔ ᠪᠣᠳᠣᠯᠢᠶᠠᠨᠲᠠᠢ | ᠥᠷᠢ ᠰᠢᠷᠢ᠂ ᠵᠣᠬᠢᠴᠠᠭᠤᠯᠬᠤ ᠳᠤ ᠬᠦᠴᠢᠷᠲᠡᠢ ︽ᠳᠤᠲᠠᠭᠤ ᠲᠤᠷᠭᠤᠨ︾ ᠪᠠᠷᠢᠯᠭ᠎ᠠ ᠶᠢᠨ ᠲᠥᠷᠥᠯ ᠵᠦᠢᠯ ᠢ ︽ᠠᠷᠠᠳ ᠤᠨ ᠵᠥᠷᠢᠴᠡᠯ ᠤᠨ ᠡᠶᠡᠳᠡᠭᠦᠯᠭᠡ + | ᠬᠠᠤᠯᠢ ᠴᠠᠭᠠᠵᠠ ᠶᠢᠨ ᠨᠤᠲᠠᠯᠠᠯᠲᠠ︾ ᠪᠠᠷ ᠲᠣᠬᠢᠲᠠᠢ ᠰᠢᠢᠳᠪᠦᠷᠢᠯᠡᠨ᠎ᠡ᠃ | ⒌ ᠬᠠᠤᠯᠢ ᠲᠣᠭᠲᠠᠭᠠᠯ ᠶᠣᠰᠣᠭᠠᠷ ᠨᠤᠷᠠᠭᠠᠨ᠎ᠠ᠃ ᠨᠤᠷᠠᠭᠠᠵᠤ ᠲᠥᠪᠬᠢᠨᠡᠭᠦᠯᠬᠦ ᠲᠠᠢ ᠬᠤᠯᠪᠣᠭᠳᠠᠬᠤ ᠦᠭᠡᠢ ᠴᠤ ᠬᠤᠲᠠ ᠶᠢᠨ ᠦᠵᠡᠮᠵᠢ ᠶᠢ ᠬᠦᠨᠳᠦ | ᠨᠣᠴᠢᠲᠠᠢ ᠨᠥᠯᠥᠭᠡᠯᠡᠭᠰᠡᠨ᠂ ᠪᠦᠲᠦᠭᠡᠨ ᠪᠠᠶᠢᠭᠤᠯᠬᠤ ᠭᠠᠷᠳᠠᠮ ᠢ ᠨᠥᠬᠦᠵᠦ ᠭᠦᠢᠴᠡᠳᠬᠡᠵᠦ ᠴᠢᠳᠠᠬᠤ ᠦᠭᠡᠢ ᠮᠥᠷᠲᠡᠭᠡᠨ ᠣᠳᠣ ᠶᠢᠨ ᠬᠡᠷᠡᠭᠵᠢᠭᠦᠯᠵᠦ ᠪᠠᠶᠢᠭ᠎ᠠ | ᠲᠥᠯᠥᠪᠵᠢᠭᠦᠯᠭᠡ᠂ ᠪᠠᠷᠢᠯᠭ᠎ᠠ ᠶᠢᠨ ᠠᠮᠤᠷ ᠲᠦᠪᠰᠢᠨ ᠵᠢᠴᠢ ᠵᠠᠬ᠎ᠠ ᠳᠡᠯᠭᠡᠭᠦᠷ ᠤᠨ ᠬᠡᠷᠡᠭᠴᠡᠭᠡ ᠲᠠᠢ ᠨᠡᠶᠢᠴᠡᠬᠦ ᠦᠬᠡᠢ ︽ᠲᠤᠲᠠᠭᠤ ᠲᠤᠷᠭᠤᠨ︾ ᠪᠠᠷᠢᠯᠭ᠎ᠠ ᠶᠢ | ᠬᠠᠤᠯᠢ ᠲᠣᠭᠲᠠᠭᠠᠯ ᠶᠣᠰᠣᠭᠠᠷ ᠴᠡᠭᠴᠡᠯᠡᠬᠦ ᠪᠤᠶᠤ ᠨᠤᠷᠠᠭᠠᠨ᠎ᠠ᠃ | ⒍ᠨᠤᠷᠠᠭᠠᠬᠤ ᠲᠥᠷᠥᠯ ᠵᠦᠢᠯ ᠢ ᠰᠢᠢᠳᠪᠦᠷᠢᠯᠡᠨ᠎ᠡ᠃ ᠬᠠᠤᠯᠢ ᠲᠣᠭᠲᠠᠭᠠᠯ ᠶᠣᠰᠣᠭᠠᠷ ᠴᠡᠭᠴᠡᠯᠡᠵᠦ ᠨᠤᠷᠠᠭᠠᠬᠤ ᠲᠥᠷᠥᠯ ᠵᠦᠢᠯ ᠢ ᠬᠢᠨᠠᠨ ᠵᠥᠪᠰᠢᠶᠡᠷᠡᠬᠦ | ᠪᠠᠶᠢᠭᠤᠯᠭ᠎ᠠ ᠲᠠᠢ ᠴᠠᠭ ᠳᠠᠷᠤᠢ ᠲᠤᠨᠢ ᠬᠠᠷᠢᠯᠴᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠯᠡ ᠣᠷᠣᠭᠤᠯᠤᠭᠰᠠᠨ ᠲᠥᠷᠥᠯ ᠵᠦᠢᠯ ᠢ | ᠰᠦᠯᠵᠢᠶᠡᠨ ᠳᠡᠭᠡᠷ᠎ᠡ ᠭᠦᠢᠴᠡᠳᠬᠡᠬᠦ ᠲᠢᠩᠭᠢᠮ ᠢᠶᠠᠷ ᠨᠡᠶᠢᠲᠡᠯᠡᠵᠦ ᠪᠣᠯᠬᠤ ᠡᠰᠡᠬᠦ ᠶᠢ ᠠᠰᠠᠭᠤᠨ᠂ ᠨᠡᠶᠢᠲᠡᠯᠡᠬᠦ ᠬᠤᠭᠤᠴᠠᠭ᠎ᠠ ᠳᠠᠭᠤᠰᠤᠭᠰᠠᠨ ᠤ ᠳᠠᠷᠠᠭ᠎ᠠ᠂ ᠬᠢᠨᠠᠨ | ᠵᠥᠪᠰᠢᠶᠡᠷᠡᠬᠦ ᠪᠠᠶᠢᠭᠤᠯᠭ᠎ᠠ ᠠᠴᠠ ᠨᠢᠭᠡᠳᠦᠯᠲᠡᠢ ᠦᠭᠡᠶᠢᠰᠬᠡᠬᠦ ᠠᠷᠭ᠎ᠠ ᠪᠠᠷ ᠳᠠᠩᠰᠠᠨ ᠠᠴᠠ ᠭᠠᠷᠭᠠᠵᠤ ᠰᠢᠢᠳᠪᠦᠷᠢᠯᠡᠨ᠎ᠡ᠃ | ︵ᠭᠤᠷᠪᠡ︶ ᠳᠦᠷᠢᠮ ᠲᠣᠭᠲᠠᠭᠠᠯ ᠲᠣᠭᠲᠠᠭᠠᠨ᠎ᠠ᠃ ᠡᠯ᠎ᠡ ᠠᠵᠢᠯ ᠲᠥᠷᠥᠯ ᠤᠨ ᠭᠤᠣᠯᠯᠠᠨ ᠬᠠᠮᠢᠶᠠᠷᠬᠤ ᠪᠠᠶᠢᠭᠤᠯᠭ᠎ᠠ ᠳᠦᠷᠢᠮ ᠤᠨ ᠲᠣᠭᠲᠠᠴᠠ ᠶᠢ ᠤᠯᠠᠮ | ᠲᠡᠭᠦᠯᠳᠡᠷᠵᠢᠭᠦᠯᠵᠦ᠂ ᠴᠢᠬᠤᠯᠠ ᠶᠡᠭᠡ ᠲᠥᠷᠥᠯ ᠵᠦᠢᠯ ᠤᠨ ᠬᠡᠷᠡᠭᠵᠢᠭᠦᠯᠥᠰᠢᠲᠡᠢ ᠰᠤᠳᠤᠯᠭᠠᠨ ᠢ ᠴᠢᠩᠭᠠᠳᠬᠠᠨ᠂ ᠪᠡᠯᠡ ᠮᠥᠩᠭᠦᠨ ᠤ ᠢᠷᠡᠯᠲᠡ ᠶᠢ ᠪᠠᠲᠤᠯᠠᠵᠤ᠂ | ᠲᠥᠷᠥᠯ ᠵᠦᠢᠯ ᠤᠨ ᠦᠷ᠎ᠡ ᠪᠦᠲᠦᠮᠵᠢ ᠶᠢᠨ ᠦᠨᠡᠯᠡᠯᠲᠡ ᠶᠢ ᠤᠷᠢᠳᠴᠢᠯᠠᠨ ᠬᠢᠨ᠎ᠡ᠃ ᠡᠯ᠎ᠡ ᠠᠵᠢᠯ ᠲᠥᠷᠥᠯ ᠤᠨ ᠪᠠᠶᠢᠭᠤᠯᠭ᠎ᠠ ᠬᠢᠨᠠᠨ ᠵᠥᠪᠰᠢᠶᠡᠷᠡᠯ ᠪᠠ | ᠬᠠᠮᠢᠶᠠᠷᠤᠯᠲᠠ ᠶᠢ ᠵᠢᠷᠤᠮᠵᠢᠭᠤᠯᠬᠤ ᠳᠦᠷᠢᠮ ᠲᠣᠭᠲᠠᠭᠠᠵᠤ᠂ ᠲᠥᠷᠥᠯ ᠵᠦᠢᠯ ᠤᠨ ᠡᠳᠦᠷ ᠳᠣᠳᠥᠮ ᠤᠨ ᠬᠢᠨᠠᠨ ᠬᠠᠮᠢᠶᠠᠷᠤᠭᠴᠢ ᠬᠢᠨᠠᠨ ᠵᠥᠪᠰᠢᠶᠡᠷᠡᠭᠰᠡᠨ ᠪᠠᠶᠢᠳᠠᠯ | ᠶᠣᠰᠣᠭᠠᠷ ᠪᠠᠷᠢᠯᠭ᠎ᠠ ᠶᠢᠨ ᠠᠵᠢᠯ ᠢ ᠬᠠᠮᠢᠶᠠᠷᠤᠨ᠂ ᠰᠢᠢᠳᠪᠦᠷᠢᠲᠦ ᠪᠣᠳᠣᠯᠭ᠎ᠠ ᠭᠠᠷᠭᠠᠬᠤ ᠪᠠᠶᠢᠭᠤᠯᠭ᠎ᠠ ᠬᠠᠤᠯᠢ ᠲᠣᠭᠲᠠᠭᠠᠯ ᠶᠣᠰᠣᠭᠠᠷ ᠰᠢᠢᠳᠪᠦᠷᠢ ᠭᠠᠷᠭᠠᠵᠤ᠂ | ᠲᠣᠭᠲᠠᠭᠠᠭᠰᠠᠨ ᠤ ᠳᠠᠷᠠᠭᠠᠬᠢ ᠪᠠᠷᠢᠯᠭ᠎ᠠ ᠶᠢᠨ ᠲᠥᠷᠥᠯ ᠵᠦᠢᠯ ᠢ ᠳᠤᠷ᠎ᠠ ᠪᠠᠷ ᠢᠶᠠᠨ ᠬᠤᠪᠢᠷᠠᠭᠤᠯᠵᠤ ᠲᠣᠬᠢᠷᠠᠭᠤᠯᠵᠤ ᠪᠣᠯᠬᠤ ᠦᠭᠡᠢ᠃ ︽ᠲᠤᠲᠠᠭᠤ ᠲᠤᠷᠭᠤᠨ︾ | ᠪᠠᠷᠢᠯᠭ᠎ᠠ ᠶᠢᠨ ᠬᠤᠶᠢᠰᠢᠳᠡ ᠶᠢᠨ ᠠᠵᠢᠯ ᠢ ᠠᠬᠢᠭᠤᠯᠤᠭᠰᠠᠨ ᠪᠠᠶᠢᠳᠠᠯ ᠳᠤ ᠴᠠᠭ ᠳᠠᠷᠤᠢ ᠲᠤᠨᠢ ︽ᠡᠷᠭᠢᠵᠦ ᠬᠠᠷᠠᠬᠤ︾ ᠠᠵᠢᠯᠯᠠᠭ᠎ᠠ ᠥᠷᠨᠢᠭᠦᠯᠦᠨ᠎ᠡ᠃ | ︵ᠳᠥᠷᠪᠡ︶ ᠢᠯᠡᠴᠢᠯᠡᠨ ᠮᠡᠳᠡᠭᠦᠯᠬᠦ ᠬᠠᠯᠠᠮᠰᠢᠯ ᠤᠲᠠᠰᠤ ᠭᠠᠷᠭᠠᠨ᠎ᠠ᠃ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠳᠦᠭᠦᠮ | ᠦᠵᠡᠭᠦᠯᠬᠦ ᠬᠠᠯᠠᠮᠰᠢᠯ ᠤᠲᠠᠰᠤᠨ ᠳᠤ ︽ᠲᠤᠲᠠᠭᠤ ᠲᠤᠷᠭᠤᠨ︾ ᠪᠠᠷᠢᠯᠭ᠎ᠠ ᠶᠢᠨ ᠠᠰᠠᠭᠤᠳᠠᠯ ᠢ ᠬᠥᠯᠢᠶᠡᠨ ᠰᠢᠢᠳᠪᠦᠷᠢᠯᠡᠬᠦ ᠤᠴᠢᠷ ᠶᠠᠪᠤᠳᠠᠯ ᠢ ᠨᠡᠮᠡᠨ | ᠲᠣᠬᠢᠷᠠᠭᠤᠯᠵᠤ᠂ ᠠᠷᠠᠳ ᠣᠯᠠᠨ ᠤ ᠠᠰᠠᠭᠤᠳᠠᠯ ᠢ ᠲᠤᠰᠬᠠᠬᠤ ᠠᠷᠭ᠎ᠠ ᠵᠠᠮ ᠢ ᠰᠢᠯᠤᠭᠤᠳᠬᠠᠨ᠂ ᠡᠯ᠎ᠡ ᠬᠢᠨᠠᠨ ᠵᠥᠪᠰᠢᠶᠡᠷᠡᠬᠦ ᠪᠠᠶᠢᠭᠤᠯᠭ᠎ᠠ᠂ ᠡᠯ᠎ᠡ ᠠᠵᠢᠯ | ᠲᠥᠷᠥᠯ ᠤᠨ ᠭᠤᠣᠯᠯᠠᠨ ᠬᠠᠮᠢᠶᠠᠷᠬᠤ ᠪᠠᠶᠢᠭᠤᠯᠭ᠎ᠠ ᠲᠤᠰ ᠪᠠᠶᠢᠭᠤᠯᠭ᠎ᠠ ᠶᠢᠨ ᠢᠶᠠᠨ ᠤᠴᠢᠷ ᠶᠠᠪᠤᠳᠠᠯ ᠢ ᠲᠦᠷᠦᠭᠦᠯᠡᠨ ᠰᠢᠢᠳᠪᠦᠷᠢᠯᠡᠵᠦ᠂ ᠬᠤᠰᠢᠭᠤᠨ ᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠱᠠᠭᠠᠷᠳᠠᠯᠭ᠎ᠠ ᠶᠣᠰᠣᠭᠠᠷ ᠡᠯ᠎ᠡ ᠪᠠᠶᠢᠭᠤᠯᠭ᠎ᠠ ᠶᠢᠨ ᠭᠦᠢᠴᠡᠳᠬᠡᠭᠰᠡᠨ ᠪᠠᠶᠢᠳᠠᠯ ᠢ ᠬᠢᠨᠠᠨ ᠰᠢᠯᠭᠠᠷᠠᠭᠤᠯᠤᠨ᠎ᠠ᠃ | ᠲᠠᠪᠤ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ | ︽ᠲᠤᠲᠠᠭᠤ ᠲᠣᠷᠭᠤᠨ︾ ᠪᠠᠷᠢᠯᠭ᠎ᠠ ᠶᠢ ᠪᠠᠶᠢᠴᠠᠭᠠᠵᠤ ᠰᠢᠢᠳᠪᠦᠷᠢᠯᠡᠬᠦ ᠠᠵᠢᠯᠯᠠᠭᠠᠨ ᠤ ᠪᠣᠳᠠᠲᠤ ᠪᠦᠲᠦᠮᠵᠢ ᠶᠢ ᠪᠠᠲᠤᠯᠠᠬᠤ ᠶᠢᠨ ᠲᠤᠰᠠᠳᠠ᠂ | ᠬᠤᠰᠢᠭᠤᠨ ᠠᠴᠠ ︽ᠲᠤᠲᠠᠭᠤ ᠲᠣᠷᠭᠤᠨ︾ ᠪᠠᠷᠢᠯᠭ᠎ᠠ ᠶᠢ ᠪᠠᠶᠢᠴᠠᠭᠠᠵᠤ ᠰᠢᠢᠳᠪᠦᠷᠢᠯᠡᠬᠦ ᠠᠵᠢᠯ ᠤᠨ ᠳᠤᠭᠤᠶᠢᠯᠠᠩ ︵ᠳᠣᠷᠣᠭᠰᠢ ᠤᠳᠤᠷᠢᠳᠬᠤ ᠳᠤᠭᠤᠶᠢᠯᠠᠩ | ᠭᠡᠵᠤ ᠳᠦᠭᠦᠮᠴᠢᠯᠡᠨ᠎ᠡ︶ ᠢ ᠪᠠᠶᠢᠭᠤᠯᠪᠠ᠃ | ᠳᠤᠭᠤᠶᠢᠯᠠᠩ ᠤᠨ ᠳᠠᠷᠤᠭ᠎ᠠ᠄ ᠰᠢᠤᠢ ᠷᠦᠢ ᠹᠸᠡᠭ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ | ᠬᠤᠰᠢᠭᠤ ᠳᠡᠳ᠋ ᠳᠠᠷᠤᠭ᠎ᠠ | ᠳᠤᠭᠤᠶᠢᠯᠠᠩ ᠤᠨ ᠳᠡᠳ᠋ ᠳᠠᠷᠤᠭ᠎ᠠ᠄ ᠨᠠᠰᠤᠨᠳᠡᠯᠭᠡᠷ ᠬᠤᠰᠢᠭᠤᠨ ᠤ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ︵ᠪᠠᠶᠢᠩᠭᠤ ᠶᠢᠨ | ᠳᠤᠭᠤᠶᠢᠯᠠᠩ ᠤᠨ ᠳᠡᠳ᠋ ᠳᠠᠷᠤᠭ᠎ᠠ︶ | ᠪᠠᠢ ᠴᠣᠭᠵᠢᠯᠲᠤ ᠣᠲᠤᠭ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠳᠡᠳ᠋ | ᠡᠷᠬᠢᠯᠡᠭᠴᠢ | ᠪᠦᠷᠢᠯᠳᠦᠬᠦᠨ᠄ ᠸᠠᠩ ᠵᠢᠶᠦ᠋ᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ | ᠣᠷᠣᠭᠰᠢᠯᠠ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ | ᠶᠤᠸᠠᠢ ᠽᠦ ᠫᠸᠡᠭ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶᠠᠨ ᠳᠠᠷᠤᠭ᠎ᠠ | ᠭᠤᠤ ᠭᠤᠸᠠᠩ ᠹᠸᠡᠭ ᠬᠤᠰᠢᠭᠤᠨ ᠤ ᠠᠵᠤ ᠦᠢᠯᠡᠳᠪᠦᠷᠢ ᠮᠡᠳᠡᠭᠡ ᠵᠠᠩᠭᠢᠴᠢᠯᠠᠯᠲᠠ ᠪᠠ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠲᠣᠪᠴᠢᠶᠠᠨ ᠳᠠᠷᠤᠭ᠎ᠠ | ᠱᠢ ᠶᠦᠡᠭ ᠹᠸᠡᠭ ᠬᠤᠰᠢᠭᠤᠨ ᠤ ᠰᠤᠷᠭᠠᠨ ᠬᠥᠮᠥᠵᠢᠯ ᠪᠠ ᠪᠡᠶ᠎ᠡ ᠶᠢᠨ ᠲᠠᠮᠢᠷ ᠤᠨ ᠲᠣᠪᠴᠢᠶᠠᠨ ᠳᠠᠷᠤᠭ᠎ᠠ | ᠹᠠᠨᠭ᠌ ᠵᠢᠶᠠᠨ ᠶᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠳᠡᠳ᠋ ᠳᠠᠷᠤᠭ᠎ᠠ | ᠡᠤ ᠸᠧᠨ ᠹᠸᠡᠭ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶᠠᠨ ᠳᠠᠷᠤᠭ᠎ᠠ | ᠮᠢ ᠬᠠᠢ ᠹᠸᠢ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶᠠᠨ ᠳᠠᠷᠤᠭ᠎ᠠ | ᠵᠠᠩ ᠴᠢᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶᠠᠨ ᠳᠠᠷᠤᠭ᠎ᠠ | ᠪᠠᠢ ᠵᠤᠤ ᠰᠢ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ | ᠳᠠᠷᠤᠭ᠎ᠠ | ᠯᠠᠨ ᠹᠸᠡᠭ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶᠠᠨ ᠳᠠᠷᠤᠭ᠎ᠠ | ᠴᠢᠶᠣᠣ ᡁᠢ ᠬᠤᠸ᠋ᠨ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶᠠᠨ ᠳᠠᠷᠤᠭ᠎ᠠ | ᠵᠠᠶᠠᠭ᠎ᠠ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ | ᠲᠣᠪᠴᠢᠶᠠᠨ ᠳᠠᠷᠤᠭ᠎ᠠ | ᠣᠶᠣᠨᠲᠡᠭᠦᠰ ᠬᠤᠰᠢᠭᠤᠨ ᠤ ᠰᠣᠶᠣᠯ ᠵᠢᠭᠤᠯᠴᠢᠯᠠᠯ ᠤᠨ ᠲᠣᠪᠴᠢᠶᠠᠨ ᠳᠠᠷᠤᠭ᠎ᠠ | ᠸᠠᠩ ᠶᠸᠤ ᠯᠢᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ | ᠯᠢ ᠵᠦᠡᠭ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶᠠᠨ ᠳᠠᠷᠤᠭ᠎ᠠ | ᠶᠠᠩ ᠵᠧᠨ ᠫᠢᠡᠭ ᠬᠤᠰᠢᠭᠤᠨ ᠤ ᠡᠨᠧᠷᠬᠢ ᠶᠢᠨ ᠲᠣᠪᠴᠢᠶᠠᠨ ᠳᠠᠷᠤᠭ᠎ᠠ | ᠵᠢᠶᠠᠩ ᡁᠢ ᠵᠢᠶᠦ᠋ᠨ ᠬᠤᠰᠢᠭᠤᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶᠠᠨ ᠳᠠᠷᠤᠭ᠎ᠠ | ᠼᠦᠢ ᠯᠢᠶᠠᠩ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠤᠨ ᠡᠷᠬᠢᠯᠡᠭᠴᠢ | ᠪᠠᠢ ᠯᠢ ᠬᠤᠰᠢᠭᠤᠨ ᠤ ᠠᠯᠪᠠᠨ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠡᠷᠬᠢᠯᠡᠭᠴᠢ | ᠵᠸᠤ ᠬᠠᠢ ᠲᠤᠦ ᠬᠤᠰᠢᠭᠤᠨ ᠤ ᠲᠤᠮᠦ ᠳ᠋ᠠᠶᠢᠲᠨ ᠶᠢᠨ ᠲᠥᠪ ᠤᠨ ᠡᠷᠬᠢᠯᠡᠭᠴᠢ | ᠸᠧᠨ ᠬᠤᠢ ᠶᠦᠨ ᠬᠤᠰᠢᠭᠤᠨ ᠤ ᠵᠠᠰᠠᠭ ᠤᠨ ᠣᠷᠳᠣᠨ ᠤ ᠪᠡᠯᠡ ᠣᠷᠣᠭᠤᠯᠤᠭᠰᠠᠨ ᠲᠥᠷᠥᠯ ᠵᠦᠢᠯ ᠢ ᠣᠷᠣᠯᠠᠨ ᠪᠠᠶᠢᠭᠤᠯᠬᠤ ᠲᠥᠪ ᠤᠨ | ᠡᠷᠬᠢᠯᠡᠭᠴᠢ | ᠡᠤ ᠮᠸᠢ ᠶᠢᠩ ᠬᠤᠰᠢᠭᠤᠨ ᠤ ᠨᠡᠶᠢᠲᠡ ᠶᠢᠨ ᠦᠢᠯᠡᠰ ᠤᠨ ᠦᠢᠯᠡᠴᠢᠯᠡᠭᠡᠨ ᠤ ᠲᠥᠪ ᠤᠨ ᠡᠷᠬᠢᠯᠡᠭᠴᠢ | ᠤᠳᠤᠷᠢᠳᠬᠤ ᠳᠤᠭᠤᠶᠢᠯᠠᠩ ᠤᠨ ᠳᠣᠣᠷ᠎ᠠ ᠠᠯᠪᠠᠨ ᠭᠡᠷ ᠭᠠᠷᠭᠠᠨ᠂ ᠠᠯᠪᠠᠨ ᠭᠡᠷ ᠢ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠳᠤ | ᠲᠣᠬᠢᠷᠠᠭᠤᠯᠵᠤ᠂ ︽ᠲᠤᠲᠠᠭᠤ ᠲᠤᠷᠭᠤᠨ︾ ᠪᠠᠷᠢᠯᠭ᠎ᠠ ᠶᠢ ᠪᠠᠶᠢᠴᠠᠭᠠᠵᠤ ᠰᠢᠢᠳᠪᠦᠷᠢᠯᠡᠬᠦ ᠠᠵᠢᠯ ᠤᠨ ᠡᠳᠦᠷ ᠳᠣᠳᠥᠮ ᠤᠨ ᠠᠵᠢᠯ ᠢ ᠲᠣᠬᠢᠷᠠᠭᠤᠯᠬᠤ᠂ ᠬᠢᠨᠠᠨ | ᠵᠢᠯᠦᠭᠤᠳᠴᠤ ᠮᠡᠳᠡᠭᠡᠯᠡᠬᠦ᠂ ᠠᠬᠢᠭᠤᠯᠵᠤ ᠨᠠᠶᠢᠳᠠᠪᠤᠷᠢᠵᠢᠭᠤᠯᠬᠤ ᠵᠡᠷᠭᠡ ᠠᠵᠢᠯ ᠢ ᠬᠠᠷᠢᠭᠤᠴᠠᠨ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠬᠥᠭᠵᠢᠭᠦᠯᠦᠯᠲᠡ | ᠪᠠ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠣᠷᠣᠭᠰᠢᠯᠠ ᠬᠠᠪᠰᠤᠷᠭᠠᠨ ᠡᠭᠦᠷᠭᠡᠯᠡᠵᠦ᠂ ᠠᠯᠪᠠᠨ ᠭᠡᠷ ᠤᠨ ᠠᠵᠢᠯᠲᠠᠨ ᠢ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠣᠷᠣᠯᠠᠨ ᠪᠠᠶᠢᠭᠤᠯᠬᠤ ᠲᠥᠪ᠂ ᠨᠡᠶᠢᠲᠡ ᠶᠢᠨ ᠦᠢᠯᠡᠰ ᠤᠨ ᠦᠢᠯᠡᠴᠢᠯᠡᠭᠡᠨ ᠤ ᠲᠥᠪ ᠵᠡᠷᠭᠡ | ᠪᠦᠷᠢᠯᠳᠦᠬᠦᠨ ᠨᠢᠭᠡᠴᠢ ᠠᠴᠠ ᠰᠢᠯᠵᠢᠭᠦᠯᠦᠨ ᠬᠡᠷᠡᠭᠯᠡᠨ᠎ᠡ᠃ | ᠵᠢᠷᠭᠤᠭ᠎ᠠ᠂ ᠴᠠᠭ ᠤᠨ ᠲᠣᠬᠢᠷᠠᠭᠤᠯᠭ᠎ᠠ | ︵ᠨᠢᠭᠡ︶ ᠪᠠᠶᠢᠷᠢᠯᠠᠭᠤᠯᠬᠤ ᠱᠠᠲᠤ ︵2022 ᠣᠨ ᠤ 8 ᠰᠠᠷ᠎ᠠ ᠶᠢᠨ 16 ᠤ ᠡᠳᠦᠷ︶᠃ ︽ᠣᠲᠤᠭ ᠬᠤᠰᠢᠭᠤᠨ ᠤ ︿ᠲᠤᠲᠠᠭᠤ ᠲᠤᠷᠭᠤᠨ﹀ | ᠪᠠᠷᠢᠯᠭ᠎ᠠ ᠶᠢ ᠨᠠᠷᠢᠨ ᠪᠠᠶᠢᠴᠠᠭᠠᠵᠤ ᠰᠢᠢᠳᠪᠦᠷᠢᠯᠡᠬᠦ ᠠᠵᠢᠯ ᠤᠨ ᠲᠥᠰᠥᠯ︾ ᠢ ᠳᠠᠷᠤᠮᠠᠯᠯᠠᠨ ᠲᠠᠷᠬᠠᠭᠠᠵᠤ᠂ ᠤᠳᠤᠷᠢᠳᠬᠤ ᠳᠤᠭᠤᠶᠢᠯᠠᠩ ᠪᠠᠶᠢᠭᠤᠯᠤᠨ᠎ᠠ᠃ | ᠬᠤᠰᠢᠭᠤᠨ ᠤ ᠰᠢᠭᠤᠳ ᠬᠠᠷᠢᠶ᠎ᠠ ᠡᠯ᠎ᠡ ᠠᠵᠢᠯ ᠲᠥᠷᠥᠯ ᠤᠨ ᠭᠤᠣᠯᠯᠠᠨ ᠬᠠᠮᠢᠶᠠᠷᠬᠤ ᠪᠠᠶᠢᠭᠤᠯᠭ᠎ᠠ ᠪᠣᠳᠠᠲᠤ ᠠᠵᠢᠯ ᠤᠨ ᠲᠥᠰᠥᠯ ᠲᠣᠭᠲᠠᠭᠠᠵᠤ᠂ ᠲᠤᠰ ᠠᠵᠢᠯ | ᠲᠥᠷᠥᠯ ᠤᠨ ︽ᠲᠤᠲᠠᠭᠤ ᠲᠤᠷᠭᠤᠨ︾ ᠪᠠᠷᠢᠯᠭ᠎ᠠ ᠶᠢ ᠰᠢᠢᠳᠪᠦᠷᠢᠯᠡᠬᠦ ᠪᠠᠷᠢᠮᠵᠢᠶ᠎ᠠ ᠶᠢ ᠲᠣᠳᠣᠷᠬᠠᠶᠢᠯᠠᠨ᠎ᠠ᠃ | ︵ᠬᠤᠶᠠᠷ︶ ᠪᠠᠶᠢᠳᠠᠯ ᠢ ᠣᠶᠢᠯᠠᠭᠠᠬᠤ ᠱᠠᠲᠤ ︵2022 ᠣᠨ ᠤ 8 ᠰᠠᠷ᠎ᠠ ᠶᠢᠨ 16 ᠤ ᠡᠳᠦᠷ ᠠᠴᠠ 8 ᠰᠠᠷ᠎ᠠ ᠶᠢᠨ 31 ᠤ ᠡᠳᠦᠷ ᠬᠦᠷᠲᠡᠯ᠎ᠡ︶᠃ ︽ | ᠲᠤᠲᠠᠭᠤ ᠲᠤᠷᠭᠤᠨ︾ ᠪᠠᠷᠢᠯᠭ᠎ᠠ ᠶᠢ ᠪᠦᠬᠦ ᠲᠠᠯ᠎ᠠ ᠪᠠᠷ ᠣᠶᠢᠯᠠᠭᠠᠵᠤ᠂ 8 ᠰᠠᠷ᠎ᠠ ᠶᠢᠨ 31 ᠤ ᠡᠳᠦᠷ ᠠᠴᠠ ᠡᠮᠦᠨ᠎ᠡ᠂ ᠬᠤᠰᠢᠭᠤᠨ ᠤ ᠰᠢᠭᠤᠳ ᠬᠠᠷᠢᠶ᠎ᠠ ᠡᠯ᠎ᠡ | ᠪᠠᠶᠢᠭᠤᠯᠭ᠎ᠠ ᠬᠤᠰᠢᠭᠤᠨ ᠤ ᠬᠢᠨᠠᠨ ᠵᠥᠪᠰᠢᠶᠡᠷᠡᠬᠦ ᠪᠠᠶᠢᠭᠤᠯᠭ᠎ᠠ ᠲᠠᠢ ᠬᠠᠮᠲᠤᠪᠠᠷ ᠬᠤᠰᠢᠭᠤᠨ ᠤ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ ︽ᠲᠤᠲᠠᠭᠤ | ᠲᠤᠷᠭᠤᠨ︾ ᠪᠠᠷᠢᠯᠭ᠎ᠠ ᠶᠢᠨ ᠡᠬᠡ ᠳᠠᠩᠰᠠ ᠶᠢ ᠮᠡᠳᠡᠭᠦᠯᠦᠨ᠎ᠡ᠃ | ︵ᠭᠤᠷᠪᠡ︶ ᠰᠢᠢᠳᠪᠦᠷᠢᠯᠡᠬᠦ ᠠᠷᠭ᠎ᠠ ᠲᠥᠰᠥᠯ ᠳᠤᠷᠠᠳᠤᠨ᠎ᠠ ︵2022 ᠣᠨ ᠤ 9 ᠰᠠᠷ᠎ᠠ ᠶᠢᠨ 1 ᠤ ᠡᠳᠦᠷ ᠠᠴᠠ 10 ᠰᠠᠷ᠎ᠠ ᠶᠢᠨ 31 ᠤ ᠡᠳᠦᠷ | ᠬᠦᠷᠲᠡᠯ᠎ᠡ︶᠃ ︽ᠨᠢᠭᠡ ᠲᠥᠷᠥᠯ ᠵᠦᠢᠯ ᠳᠤ ᠨᠢᠭᠡ ᠲᠥᠰᠥᠯ ᠲᠣᠭᠲᠠᠭᠠᠬᠤ︾ ᠵᠠᠷᠴᠢᠮ ᠶᠣᠰᠣᠭᠠᠷ᠂ ᠨᠢᠭᠡ ᠨᠢᠭᠡ ᠪᠠᠷ ᠰᠢᠢᠳᠪᠦᠷᠢᠯᠡᠬᠦ ᠲᠥᠰᠥᠯ ᠪᠠ ᠰᠠᠨᠠᠯ | ᠳᠤᠷᠠᠳᠴᠤ᠂ ᠰᠢᠢᠳᠪᠦᠷᠢᠯᠡᠬᠦ ᠠᠷᠭ᠎ᠠ ᠪᠠᠷᠢᠯ᠂ ᠪᠡᠶᠡᠯᠡᠭᠦᠯᠬᠦ ᠴᠠᠭ ᠤᠨ ᠬᠢᠵᠠᠭᠠᠷᠯᠠᠯ᠂ ᠬᠠᠷᠢᠭᠤᠴᠠᠯᠭᠠᠲᠤ ᠪᠠᠶᠢᠭᠤᠯᠭ᠎ᠠ ᠪᠠ ᠬᠠᠷᠢᠭᠤᠴᠠᠯᠭᠠᠲᠠᠨ ᠢ ᠲᠣᠳᠣᠷᠬᠠᠶᠢᠯᠠᠨ᠎ᠠ᠃ | ︵ᠳᠥᠷᠪᠡ︶ ᠲᠥᠪᠯᠡᠷᠡᠭᠦᠯᠦᠨ ᠰᠢᠢᠳᠪᠦᠷᠢᠯᠡᠬᠦ ᠱᠠᠲᠤ ︵2022 ᠣᠨ ᠤ 11 ᠰᠠᠷ᠎ᠠ ᠶᠢᠨ 1 ᠤ ᠡᠳᠦᠷ ᠠᠴᠠ 2023 ᠣᠨ ᠤ 12 ᠰᠠᠷ᠎ᠠ ᠶᠢᠨ 31 ᠤ | ᠡᠳᠦᠷ ᠬᠦᠷᠲᠡᠯ᠎ᠡ︶᠃ ᠬᠤᠰᠢᠭᠤᠨ ᠤ ᠰᠢᠭᠤᠳ ᠬᠠᠷᠢᠶ᠎ᠠ ᠡᠯ᠎ᠡ ᠠᠵᠢᠯ ᠲᠥᠷᠥᠯ ᠤᠨ ᠭᠤᠣᠯᠯᠠᠨ ᠬᠠᠮᠢᠶᠠᠷᠬᠤ ᠪᠠᠶᠢᠭᠤᠯᠭ᠎ᠠ ᠬᠤᠰᠢᠭᠤᠨ ᠤ ᠬᠢᠨᠠᠨ ᠵᠥᠪᠰᠢᠶᠡᠷᠡᠬᠦ | ᠪᠠᠶᠢᠭᠤᠯᠭ᠎ᠠ ᠲᠠᠢ ᠬᠠᠮᠲᠤᠪᠠᠷ ︽ᠲᠤᠲᠠᠭᠤ ᠲᠤᠷᠭᠤᠨ︾ ᠪᠠᠷᠢᠯᠭ᠎ᠠ ᠶᠢ ᠲᠥᠪᠯᠡᠷᠡᠭᠦᠯᠦᠨ ᠰᠢᠢᠳᠪᠣᠷᠢᠯᠡᠵᠣ᠂ ᠪᠣᠭᠤᠮᠳᠡ ᠰᠢᠪᠲᠤᠯᠬᠤ ᠡᠷᠴᠢᠮ ᠢ ᠴᠢᠩᠭᠠᠷᠠᠭᠤᠯᠤᠨ᠂ | ᠡᠯ᠎ᠡ ᠲᠠᠯ᠎ᠠ ᠶᠢᠨ ᠡᠬᠢ ᠪᠠᠶᠠᠯᠢᠭ ᠢ ᠨᠢᠭᠡᠳᠬᠡᠵᠦ᠂ ︽ᠲᠤᠲᠠᠭᠤ ᠲᠤᠷᠭᠤᠨ︾ ᠪᠠᠷᠢᠯᠭ᠎ᠠ ᠶᠢ ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠎ᠠ᠃ ᠬᠤᠰᠢᠭᠤᠨ ᠤ | ᠰᠢᠭᠤᠳ ᠬᠠᠷᠢᠶ᠎ᠠ ᠡᠯ᠎ᠡ ᠠᠵᠢᠯ ᠲᠥᠷᠥᠯ ᠤᠨ ᠪᠠᠶᠢᠭᠤᠯᠭ᠎ᠠ ︽ᠲᠤᠲᠠᠭᠤ ᠲᠤᠷᠭᠤᠨ︾ ᠪᠠᠷᠢᠯᠭ᠎ᠠ ᠶᠢ ᠳᠠᠩᠰᠠᠨ ᠠᠴᠠ ᠭᠠᠷᠭᠠᠬᠤ ᠠᠵᠢᠯ ᠢ ᠬᠠᠷᠢᠭᠤᠴᠠᠵᠤ᠂ ᠨᠢᠭᠡ ᠶᠢ | ᠠᠰᠢᠭᠯᠠᠯᠲᠠ ᠳᠤ ᠣᠷᠣᠭᠤᠯᠪᠠᠯ᠂ ᠨᠢᠭᠡ ᠶᠢ ᠲᠠᠩᠰᠠᠨ ᠠᠴᠠ ᠬᠠᠰᠤᠨ᠎ᠠ᠃ ︽ᠲᠤᠲᠠᠭᠤ ᠲᠤᠷᠭᠤᠨ︾ ᠪᠠᠷᠢᠯᠭ᠎ᠠ ᠶᠢ ᠪᠠᠶᠢᠴᠠᠭᠠᠵᠤ ᠰᠢᠢᠳᠪᠦᠷᠢᠯᠡᠬᠦ ᠠᠵᠢᠯ ᠤᠨ | ᠲᠤᠷᠰᠢᠯᠭ᠎ᠠ ᠶᠢ ᠴᠠᠭ ᠳᠠᠷᠤᠢ ᠲᠤᠨᠢ ᠬᠤᠷᠢᠶᠠᠩᠭᠤᠶᠢᠯᠠᠨ᠎ᠠ᠃ | ᠳᠣᠯᠤᠭ᠎ᠠ᠂ ᠠᠵᠢᠯ ᠤᠨ ᠱᠠᠭᠠᠷᠳᠠᠯᠭ᠎ᠠ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠨ᠎ᠠ᠃ ᠬᠤᠰᠢᠭᠤᠨ ᠤ ᠰᠢᠭᠤᠳ ᠬᠠᠷᠢᠶ᠎ᠠ ᠡᠯ᠎ᠡ ᠠᠵᠢᠯ ᠲᠥᠷᠥᠯ ᠤᠨ ᠭᠤᠣᠯᠯᠠᠨ | ᠬᠠᠮᠢᠶᠠᠷᠬᠤ ᠪᠠᠶᠢᠭᠤᠯᠭ᠎ᠠ᠂ ᠬᠤᠰᠢᠭᠤᠨ ᠤ ᠡᠯ᠎ᠡ ᠬᠢᠨᠠᠨ ᠵᠥᠪᠰᠢᠶᠡᠷᠡᠬᠦ ᠪᠠᠶᠢᠭᠤᠯᠭ᠎ᠠ ︽ᠲᠤᠲᠠᠭᠤ ᠲᠤᠷᠭᠤᠨ︾ ᠪᠠᠷᠢᠯᠭ᠎ᠠ ᠶᠢ ᠪᠠᠶᠢᠴᠠᠭᠠᠵᠤ ᠰᠢᠢᠳᠪᠦᠷᠢᠯᠡᠬᠦ ᠠᠵᠢᠯ ᠢ | ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠠᠶᠢᠭᠤᠯᠭ᠎ᠠ ᠶᠢᠨ ᠬᠤᠪᠢᠶᠠᠨ ᠬᠠᠮᠢᠶᠠᠷᠬᠤ ᠤᠳᠤᠷᠢᠳᠤᠯᠭ᠎ᠠ ᠪᠠ ᠪᠠᠶᠢᠭᠤᠯᠭ᠎ᠠ ᠶᠢᠨ ᠲᠤᠬᠠᠶᠢᠯᠠᠭᠰᠠᠨ ᠠᠵᠢᠯ ᠤᠨ ᠭᠤᠣᠯ | ᠠᠵᠢᠯᠲᠠᠨ ᠢᠶᠠᠷ ᠪᠦᠷᠢᠯᠳᠦᠭᠰᠡᠨ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠤᠨ᠂ ᠬᠤᠰᠢᠭᠤᠨ ᠤ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ | ᠬᠠᠷᠠᠭᠠᠯᠵᠠᠭᠰᠠᠨ ᠲᠣᠭᠲᠠᠴᠠ ᠪᠠᠶᠢᠭᠤᠯᠵᠤ᠂ ᠡᠭᠦᠷᠭᠡ ᠶᠢ ᠨᠠᠷᠢᠯᠢᠭᠵᠢᠭᠤᠯᠤᠨ᠂ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠲᠥᠷᠥᠯ ᠠᠩᠭᠢᠯᠠᠵᠤ ᠭᠦᠢᠴᠡᠳᠬᠡᠨ᠂ ᠴᠠᠭ | ᠳᠠᠷᠤᠢ ᠲᠤᠨᠢ ᠮᠥᠷᠳᠡᠨ ᠳᠠᠭᠠᠵᠤ᠂ ᠬᠤᠭᠤᠴᠠᠭ᠎ᠠ ᠶᠣᠰᠣᠭᠠᠷ ᠪᠣᠳᠠᠲᠤ ᠪᠦᠲᠦᠮᠵᠢ ᠣᠯᠬᠤ ᠶᠢ ᠪᠠᠲᠤᠯᠠᠨ᠎ᠠ᠃ ᠬᠤᠰᠢᠭᠤᠨ ᠤ ᠰᠢᠭᠤᠳ ᠬᠠᠷᠢᠶ᠎ᠠ ᠡᠯ᠎ᠡ ᠠᠵᠢᠯ | ᠲᠥᠷᠥᠯ ᠤᠨ ᠭᠤᠣᠯᠯᠠᠨ ᠬᠠᠮᠢᠶᠠᠷᠬᠤ ᠪᠠᠶᠢᠭᠤᠯᠭ᠎ᠠ᠂ ᠬᠤᠰᠢᠭᠤᠨ ᠤ ᠡᠯ᠎ᠡ ᠬᠢᠨᠠᠨ ᠵᠥᠪᠰᠢᠶᠡᠷᠡᠬᠦ ᠪᠠᠶᠢᠭᠤᠯᠭ᠎ᠠ 2022 ᠣᠨ ᠤ 9 ᠰᠠᠷ᠎ᠠ ᠶᠢᠨ 30 ᠤ ᠡᠳᠦᠷ ᠠᠴᠠ | ᠡᠮᠦᠨ᠎ᠡ ᠬᠠᠭᠠᠰ ᠰᠠᠷ᠎ᠠ ᠪᠣᠯᠭᠠᠨ ᠳᠤ᠂ 9 ᠰᠠᠷ᠎ᠠ ᠶᠢᠨ 30 ᠤ ᠡᠳᠦᠷ ᠠᠴᠠ ᠬᠤᠶᠢᠰᠢᠬᠢ ᠰᠠᠷ᠎ᠠ ᠪᠣᠯᠭᠠᠨ ᠳᠤ ᠬᠤᠰᠢᠭᠤᠨ ᠤ ᠤᠳᠤᠷᠢᠳᠬᠤ ᠳᠤᠭᠤᠶᠢᠯᠠᠩ ᠤᠨ | ᠠᠯᠪᠠᠨ ᠭᠡᠷ ᠲᠤ ᠰᠢᠢᠳᠪᠦᠷᠢᠯᠡᠭᠰᠡᠨ ᠠᠬᠢᠴᠠ᠂ ᠣᠷᠣᠰᠢᠵᠤ ᠪᠠᠶᠢᠭ᠎ᠠ ᠠᠰᠠᠭᠤᠳᠠᠯ ᠢ ᠮᠡᠳᠡᠭᠦᠯᠵᠦ᠂ ᠠᠵᠢᠯ ᠤᠨ ᠰᠠᠨᠠᠭᠤᠯᠭ᠎ᠠ ᠳᠤᠷᠠᠳᠤᠨ᠎ᠠ᠃ ᠬᠤᠰᠢᠭᠤᠨ ᠤ ᠵᠠᠬᠢᠳᠠᠯ | ᠰᠣᠷᠪᠦᠯᠵᠢᠯᠠᠯ ᠤᠨ ᠪᠠᠶᠢᠭᠤᠯᠭ᠎ᠠ ᠵᠡᠷᠭᠡ ᠬᠠᠮᠢᠶ᠎ᠠ ᠪᠦᠬᠦᠢ ᠪᠠᠶᠢᠭᠤᠯᠭ᠎ᠠ ᠵᠠᠬᠢᠳᠠᠯ ᠰᠣᠷᠪᠦᠯᠵᠢᠯᠠᠭ᠎ᠠ᠂ ᠠᠮᠤᠷ ᠢ ᠬᠠᠮᠠᠭᠠᠯᠠᠬᠤ ᠵᠡᠷᠭᠡ ᠪᠡᠯᠡᠳᠬᠡᠯ ᠲᠥᠰᠥᠯ ᠢ ᠲᠣᠭᠲᠠᠭᠠᠬᠤ | ᠠᠵᠢᠯ ᠢ ᠰᠠᠶᠢᠨ ᠬᠢᠵᠤ᠂ ᠬᠤᠰᠢᠭᠤᠨ ᠤ ᠰᠢᠭᠤᠳ ᠬᠠᠷᠢᠶ᠎ᠠ ᠡᠯ᠎ᠡ ᠠᠵᠢᠯ ᠲᠥᠷᠥᠯ ᠤᠨ ᠭᠤᠣᠯᠯᠠᠨ ᠬᠠᠮᠢᠶᠠᠷᠬᠤ ᠪᠠᠶᠢᠭᠤᠯᠭ᠎ᠠ᠂ ᠬᠤᠰᠢᠭᠤᠨ ᠤ ᠡᠯ᠎ᠡ ᠬᠢᠨᠠᠨ | ᠵᠥᠪᠰᠢᠶᠡᠷᠡᠬᠦ ᠪᠠᠶᠢᠭᠤᠯᠭ᠎ᠠ ᠶᠢ ᠵᠢᠯᠦᠭᠤᠳᠴᠤ ᠵᠠᠬᠢᠳᠡᠯ ᠰᠣᠷᠪᠦᠯᠵᠢᠯᠠᠭ᠎ᠠ ᠠᠮᠤᠷ ᠢ ᠬᠠᠮᠠᠭᠠᠯᠠᠬᠤ ᠵᠡᠷᠭᠡ ᠠᠵᠢᠯ ᠢ ᠰᠠᠶᠢᠨ ᠬᠢᠨ᠎ᠡ᠃ | ︵ᠬᠤᠶᠠᠷ︶ ᠰᠠᠭᠠᠳ ᠦᠭᠡᠢ ᠰᠢᠢᠳᠪᠦᠷᠢᠯᠡᠬᠦ ᠠᠷᠭ᠎ᠠ ᠵᠠᠮ ᠭᠠᠷᠭᠠᠨ᠎ᠠ᠃ ︽ᠲᠤᠲᠠᠭᠤ ᠲᠤᠷᠭᠤᠨ︾ ᠪᠠᠷᠢᠯᠭ᠎ᠠ ᠶᠢᠨ ᠬᠤᠯᠪᠣᠭᠳᠠᠯ ᠪᠦᠬᠦᠢ ᠭᠠᠷᠳᠠᠮ ᠢ | ᠭᠦᠢᠴᠡᠳᠬᠡᠬᠦ ᠰᠠᠭᠠᠳ ᠦᠭᠡᠢ ᠠᠷᠭ᠎ᠠ ᠵᠠᠮ ᠢ ᠪᠠᠶᠢᠭᠤᠯᠵᠤ ᠲᠡᠭᠦᠯᠳᠡᠷᠵᠢᠭᠦᠯᠦᠨ᠂ ᠡᠯ᠎ᠡ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠪᠠᠶᠢᠭᠤᠯᠭ᠎ᠠ ᠵᠢᠴᠢ | ᠬᠤᠯᠪᠣᠭᠳᠠᠯ ᠪᠦᠬᠦᠢ ᠴᠢᠳᠠᠪᠬᠢᠲᠤ ᠪᠠᠶᠢᠭᠤᠯᠭ᠎ᠠ ᠤᠷᠢᠳᠠᠪᠠᠷ ᠭᠦᠢᠴᠡᠳᠬᠡᠬᠦ᠂ ᠣᠨᠴᠠᠭᠠᠢ ᠤᠴᠢᠷ ᠢ ᠣᠨᠴᠠᠭᠠᠢ ᠭᠦᠢᠴᠡᠳᠬᠡᠬᠦ᠂ ᠬᠤᠯᠪᠣᠭᠠᠯᠠᠨ ᠬᠢᠨᠠᠵᠤ ᠬᠤᠯᠪᠣᠭᠠᠯᠠᠨ | ᠭᠦᠢᠴᠡᠳᠬᠡᠬᠦ ᠵᠠᠷᠴᠢᠮ ᠶᠣᠰᠣᠭᠠᠷ᠂ ᠰᠠᠭᠠᠳ ᠦᠭᠡᠢ᠂ ᠲᠦᠷᠭᠡᠨ ᠳᠦᠳᠡ ᠬᠤᠯᠪᠣᠭᠠᠯᠠᠨ ᠬᠢᠨᠠᠨ ᠵᠥᠪᠰᠢᠶᠡᠷᠡᠬᠦ ᠲᠣᠭᠲᠠᠴᠠ ᠶᠢ ᠪᠠᠶᠢᠭᠤᠯᠵᠤ᠂ ᠪᠠᠷᠢᠯᠭ᠎ᠠ ᠶᠢᠨ | ᠭᠠᠷᠳᠠᠮ ᠢ ᠲᠦᠷᠭᠡᠨ ᠲᠡᠭᠦᠯᠳᠡᠷᠵᠢᠭᠦᠯᠦᠨ᠂ ᠪᠠᠷᠢᠯᠭ᠎ᠠ ᠶᠢᠨ ᠪᠠᠶᠢᠭᠤᠯᠤᠯᠲᠠ ᠶᠢᠨ ᠠᠬᠢᠴᠠ ᠶᠢ ᠠᠬᠢᠭᠤᠯᠤᠨ᠎ᠠ᠃ | ︵ᠭᠤᠷᠪᠡ︶ ᠱᠠᠭᠠᠷᠳᠠᠨ ᠪᠠᠶᠢᠴᠠᠭᠠᠯᠲᠠ ᠶᠢ ᠴᠢᠩᠭᠠᠳᠬᠠᠨ᠎ᠠ᠃ ᠬᠤᠰᠢᠭᠤᠨ ᠤ ᠰᠢᠭᠤᠳ ᠬᠠᠷᠢᠶ᠎ᠠ ᠡᠯ᠎ᠡ ᠠᠵᠢᠯ ᠲᠥᠷᠥᠯ ᠤᠨ ᠭᠤᠣᠯᠯᠠᠨ ᠬᠠᠮᠢᠶᠠᠷᠬᠤ | ᠪᠠᠶᠢᠭᠤᠯᠭ᠎ᠠ᠂ ᠬᠤᠰᠢᠭᠤᠨ ᠤ ᠡᠯ᠎ᠡ ᠬᠢᠨᠠᠨ ᠵᠥᠪᠰᠢᠶᠡᠷᠡᠬᠦ ᠪᠠᠶᠢᠭᠤᠯᠭ᠎ᠠ ᠪᠠᠶᠢᠴᠠᠭᠠᠵᠤᠢ ᠰᠢᠢᠳᠪᠦᠷᠢᠯᠡᠬᠦ ᠠᠵᠢᠯ ᠤᠨ ᠠᠬᠢᠴᠠ ᠳᠤ ᠦᠨᠳᠦᠰᠦᠯᠡᠵᠦ᠂ ᠱᠠᠭᠠᠷᠳᠠᠨ | ᠪᠠᠶᠢᠴᠠᠭᠠᠯᠲᠠ ᠶᠢ ᠴᠢᠩᠭᠠᠳᠬᠠᠨ᠂ ︽ᠲᠤᠲᠠᠭᠤ ᠲᠤᠷᠭᠤᠨ︾ ᠪᠠᠷᠢᠯᠭ᠎ᠠ ᠶᠢ ᠪᠠᠶᠢᠴᠠᠭᠠᠵᠤ ᠰᠢᠢᠳᠪᠦᠷᠢᠯᠡᠬᠦ ᠠᠵᠢᠯ ᠢ ︽ᠡᠷᠭᠢᠵᠦ ᠬᠠᠷᠠᠬᠤ︾ ᠠᠵᠢᠯᠯᠠᠭ᠎ᠠ ᠶᠢ ᠴᠠᠭ | ᠳᠠᠷᠤᠢ ᠲᠤᠨᠢ ᠥᠷᠨᠢᠭᠦᠯᠵᠦ᠂ ᠠᠵᠢᠯ ᠤᠨ ᠠᠬᠢᠴᠠ ᠪᠠᠷ ᠤᠳᠠᠭᠠᠨ ᠪᠠᠶᠢᠭᠤᠯᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠡᠯᠡᠨ᠂ ᠫᠠᠶᠢᠰᠠ ᠡᠯᠭᠦᠵᠦ ᠱᠠᠭᠠᠷᠳᠠᠨ | ᠬᠢᠯᠭᠡᠨ᠎ᠡ᠃ ᠬᠤᠰᠢᠭᠤᠨ ᠤ ᠵᠠᠰᠠᠭ ᠤᠨ ᠣᠷᠳᠣᠨ ᠤ ᠱᠠᠭᠠᠷᠳᠠᠨ ᠪᠠᠶᠢᠴᠠᠭᠠᠬᠤ ᠲᠠᠰᠤᠭ ᠨᠢ ᠬᠥᠭᠵᠢᠭᠦᠯᠦᠯᠲᠡ ᠪᠠ ᠥᠭᠡᠷᠡᠴᠢᠯᠡᠯᠲᠡ᠂ ᠣᠷᠣᠨ ᠰᠠᠭᠤᠴᠠ ᠪᠠ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠭᠤᠯᠭ᠎ᠠ ᠲᠠᠢ ᠬᠠᠮᠲᠤᠷᠠᠨ ︽ᠲᠤᠲᠠᠭᠤ ᠲᠤᠷᠭᠤᠨ︾ ᠪᠠᠷᠢᠯᠭ᠎ᠠ ᠶᠢ ᠪᠠᠶᠢᠴᠠᠭᠠᠵᠤ ᠰᠢᠢᠳᠪᠦᠷᠢᠯᠡᠬᠦ | ᠠᠵᠢᠯ ᠢ ᠲᠤᠰᠬᠠᠢ ᠱᠠᠭᠠᠷᠳᠠᠨ ᠪᠠᠶᠢᠴᠠᠭᠠᠨ᠎ᠠ᠃ ᠬᠤᠰᠢᠭᠤᠨ ᠤ ᠰᠢᠭᠤᠳ ᠬᠠᠷᠢᠶ᠎ᠠ ᠡᠯ᠎ᠡ ᠠᠵᠢᠯ ᠲᠥᠷᠥᠯ ᠤᠨ ᠭᠤᠣᠯᠯᠠᠨ ᠬᠠᠮᠢᠶᠠᠷᠬᠤ ᠪᠠᠶᠢᠭᠤᠯᠭ᠎ᠠ ᠶᠢᠨ ᠱᠠᠭᠠᠷᠳᠠᠨ | ᠪᠠᠶᠢᠴᠠᠭᠠᠯᠲᠠ ᠪᠠᠷ ᠳᠠᠮᠵᠢᠭᠠᠳ ᠮᠦᠨ ᠯᠡ ᠭᠠᠷᠳᠠᠮ ᠭᠦᠢᠴᠡᠳᠬᠡᠵᠦ ᠴᠢᠳᠠᠬᠤ ᠦᠭᠡᠢ ᠲᠥᠷᠥᠯ ᠵᠦᠢᠯ ᠢ ᠬᠤᠰᠢᠭᠤᠨ ᠤ ᠤᠳᠤᠷᠢᠳᠬᠤ ᠳᠤᠭᠤᠶᠢᠯᠠᠩ ᠤᠨ ᠠᠯᠪᠠᠨ | ᠭᠡᠷ ᠲᠠᠢ ᠴᠠᠭ ᠳᠠᠷᠤᠢ ᠲᠤᠨᠢ ᠬᠠᠷᠢᠯᠴᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠯᠡ ᠣᠷᠣᠭᠤᠯᠤᠭᠰᠠᠨ ᠲᠥᠷᠥᠯ ᠵᠦᠢᠯ ᠢ ᠰᠦᠯᠵᠢᠶᠡᠨ | ᠳᠡᠭᠡᠷ᠎ᠡ ᠭᠦᠢᠴᠡᠳᠬᠡᠬᠦ ᠲᠢᠩᠭᠢᠮ ᠢᠶᠠᠷ ᠨᠡᠶᠢᠲᠡᠯᠡᠵᠦ ᠪᠣᠯᠬᠤ ᠡᠰᠡᠬᠦ ᠶᠢ ᠠᠰᠠᠭᠤᠨ᠂ ᠨᠡᠶᠢᠲᠡᠯᠡᠬᠦ ᠬᠤᠭᠤᠴᠠᠭ᠎ᠠ ᠳᠠᠭᠤᠰᠤᠭᠰᠠᠨ ᠤ ᠳᠠᠷᠠᠭ᠎ᠠ᠂ ᠬᠢᠨᠠᠨ ᠵᠥᠪᠰᠢᠶᠡᠷᠡᠬᠦ | ᠪᠠᠶᠢᠭᠤᠯᠭ᠎ᠠ ᠠᠴᠠ ᠨᠢᠭᠡᠳᠦᠯᠲᠡᠢ ᠦᠭᠡᠶᠢᠰᠬᠡᠬᠦ ᠠᠷᠭ᠎ᠠ ᠪᠠᠷ ᠳᠠᠩᠰᠠᠨ ᠠᠴᠠ ᠭᠠᠷᠭᠠᠵᠤ ᠰᠢᠢᠳᠪᠦᠷᠢᠯᠡᠨ᠎ᠡ᠃ | | | | | ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ 2022 ᠣᠨ ᠤ 8 ᠳ᠋ᠤᠭᠠᠷ ᠰᠠᠷ᠎ᠠ ᠶᠢᠨ 15 ᠤ ᠡᠳᠦᠷ ᠳᠠᠷᠤᠮᠠᠯᠯᠠᠨ | ᠲᠠᠷᠬᠠᠭᠠᠪᠠ | |