ᠣᠲᠤᠭ ᠬᠤᠰᠢᠭᠤᠨ ᠤ ︽ᠳᠤᠲᠠᠭᠤ ᠲᠣᠷᠭᠤᠨ︾ ᠪᠠᠷᠢᠯᠭ᠎ᠠ ᠶᠢ ᠪᠠᠶᠢᠴᠠᠭᠠᠵᠤ ᠰᠢᠢᠳᠪᠦᠷᠢᠯᠡᠬᠦ ᠠᠵᠢᠯ ᠤᠨ ᠲᠥᠰᠥᠯ ᠢ ᠳᠠᠷᠤᠮᠠᠯᠯᠠᠨ ᠲᠠᠷᠬᠠᠭᠠᠬᠤ ᠲᠤᠬᠠᠢ ᠣᠳᠤᠭ ᠬᠤᠰᠢᠭᠤᠨ ᠤ ᠠᠷᠡᠳ ᠤᠨ ᠵᠡᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2022/8/16
                                          ᠣᠳᠤᠭ ᠵᠠᠰᠠᠭ ᠠᠯᠪᠠᠨ ᠲᠠᠷᠬᠠᠭᠠᠭᠰᠠᠨ ﹇2022﹈ 116 ᠳ᠋ᠤᠭᠠᠷ ᠲᠣᠭᠠᠲᠤᠣᠲᠤᠭ ᠬᠤᠰᠢᠭᠤᠨ ᠤ ︽ᠳᠤᠲᠠᠭᠤ ᠲᠣᠷᠭᠤᠨ︾ ᠪᠠᠷᠢᠯᠭ᠎ᠠ ᠶᠢ ᠪᠠᠶᠢᠴᠠᠭᠠᠵᠤ ᠰᠢᠢᠳᠪᠦᠷᠢᠯᠡᠬᠦ ᠠᠵᠢᠯ ᠤᠨ ᠲᠥᠰᠥᠯ ᠢ ᠳᠠᠷᠤᠮᠠᠯᠯᠠᠨ ᠲᠠᠷᠬᠠᠭᠠᠬᠤ ᠲᠤᠬᠠᠢ ᠣᠳᠤᠭ ᠬᠤᠰᠢᠭᠤᠨ ᠤ ᠠᠷᠡᠳ ᠤᠨ ᠵᠡᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ       ᠡᠯ᠎ᠡ ᠠᠵᠦ ᠠᠬᠤᠢ ᠶᠢᠨ ᠨᠡᠭᠡᠭᠡᠯᠲᠡ ᠶᠢᠨ ᠲᠣᠭᠤᠷᠢᠭ ︵ᠬᠦᠷᠢᠶᠡᠯᠡᠩ︶ ᠤᠨ ᠬᠠᠮᠢᠶᠠᠷᠤᠯᠲᠠ ᠶᠢᠨ ᠵᠥᠪᠯᠡᠯ᠂ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤᠨ ︵ᠬᠤᠲᠠ︶ ᠤ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠪᠠᠶᠢᠭᠤᠯᠭ᠎ᠠ ᠳᠤ᠄︽ᠣᠲᠤᠭ ᠬᠤᠰᠢᠭᠤᠨ ᠤ ︿ᠳᠤᠲᠠᠭᠤ ᠲᠣᠷᠭᠤᠨ﹀ ᠪᠠᠷᠢᠯᠭ᠎ᠠ ᠶᠢ ᠪᠠᠶᠢᠴᠠᠭᠠᠵᠤ ᠰᠢᠢᠳᠪᠦᠷᠢᠯᠡᠬᠦ ᠠᠵᠢᠯ ᠤᠨ ᠲᠥᠰᠥᠯ︾ ᠢ ᠡᠳᠦᠭᠡ ᠲᠠ ᠨᠠᠷ ᠲᠤ ᠳᠠᠷᠤᠮᠠᠯᠯᠠᠨ ᠲᠠᠷᠬᠠᠭᠠᠯ᠎ᠠ᠂ ᠪᠣᠳᠠᠲᠠᠢ ᠲᠠᠢ ᠪᠠᠨ ᠤᠶᠠᠯᠳᠤᠭᠤᠯᠵᠤ᠂ ᠨᠠᠷᠢᠨ ᠬᠢᠨᠠᠮᠠᠭᠠᠢ ᠲᠣᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃                                                  ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                                                   2022 ᠣᠨ ᠤ 8 ᠰᠠᠷ᠎ᠠ ᠶᠢᠨ 15 ᠤ ᠡᠳᠦᠷ          ᠣᠲᠤᠭ ᠬᠤᠰᠢᠭᠤᠨ ᠤ ︽ᠳᠤᠲᠠᠭᠤ ᠲᠣᠷᠭᠤᠨ︾ ᠪᠠᠷᠢᠯᠭ᠎ᠠ ᠶᠢ ᠪᠠᠶᠢᠴᠠᠭᠠᠵᠤ ᠰᠢᠢᠳᠪᠦᠷᠢᠯᠡᠬᠦ ᠠᠵᠢᠯ ᠤᠨ ᠲᠥᠰᠥᠯᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠠᠵᠢᠯ ᠤᠨ ᠲᠣᠬᠢᠷᠠᠭᠤᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠠᠴᠠ ᠪᠥᠬᠦ ᠣᠷᠣᠨ ᠤ ᠬᠡᠪᠴᠢᠶᠡᠨ ᠳᠤ ︽ᠳᠤᠲᠠᠭᠤ ᠲᠣᠷᠭᠤᠨ︾ ᠪᠠᠷᠢᠯᠭ᠎ᠠ ᠶᠢ ᠪᠠᠶᠢᠴᠠᠭᠠᠵᠤ ᠰᠢᠢᠳᠪᠦᠷᠢᠯᠡᠬᠦ ᠠᠵᠢᠯᠯᠠᠭ᠎ᠠ ᠥᠷᠨᠢᠭᠦᠯᠬᠦ ᠪᠠᠷ ᠲᠣᠭᠲᠠᠪᠠ᠃ ᠬᠤᠰᠢᠭᠤᠨ ᠤ ᠪᠠᠶᠢᠴᠠᠭᠠᠵᠤ ᠰᠢᠢᠳᠪᠦᠷᠢᠯᠡᠬᠦ ᠠᠵᠢᠯᠯᠠᠭ᠎ᠠ ᠶᠢ ᠤᠷᠤᠭᠰᠢᠲᠠᠶ ᠠᠬᠢᠭᠤᠯᠵᠤ᠂ ᠪᠣᠳᠠᠲᠤ ᠪᠦᠲᠦᠮᠵᠢ ᠤᠯᠬᠤ ᠶᠢ ᠪᠠᠲᠤᠯᠠᠬᠤ ᠶᠢᠨ ᠲᠤᠰᠠᠳᠠ᠂ ᠬᠤᠰᠢᠭᠤᠨ ᠤ ᠪᠠᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠳᠣᠤᠷᠠᠬᠢ ᠮᠡᠲᠦ ᠠᠵᠢᠯ ᠤᠨ ᠲᠥᠰᠦᠯ ᠢ ᠲᠣᠭᠲᠠᠭᠠᠪᠠ᠃       ᠨᠢᠭᠡ᠂ ᠶᠡᠷᠦᠩᠬᠡᠢ ᠱᠠᠭᠠᠷᠳᠠᠯᠭ᠎ᠠ       ᠶᠡᠷᠦᠩᠬᠡᠶ ᠱᠦᠵᠢ ᠰᠢ ᠶᠢᠨ ᠫᠢᠩ ᠤᠨ ᠠᠷᠪᠢᠯᠠᠨ ᠭᠠᠮᠨᠠᠬᠤ ᠲᠤᠬᠠᠶ ᠴᠢᠬᠤᠯᠠ ᠥᠭᠦᠯᠡᠯᠲᠡ ᠪᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ  ᠶᠢ ᠭᠦᠨᠵᠡᠭᠡᠶ ᠲᠣᠭᠤᠰᠢᠯᠠᠭᠤᠯᠤᠨ᠂  ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠠᠷᠪᠢᠯᠠᠨ ᠭᠠᠮᠨᠠᠬᠤ ᠣᠶᠢᠯᠠᠭᠠᠭᠳᠠᠬᠤᠨ  ᠢ ᠴᠢᠨᠠᠭᠰᠢᠳᠠ ᠪᠣᠶ ᠪᠣᠯᠭᠠᠵᠤ᠂ ᠬᠠᠳᠠᠭᠠᠯᠠᠭᠳᠠᠵᠤ ᠪᠠᠶᠢᠭ᠎ᠠ ᠡᠳ᠋ ᠬᠥᠷᠥᠩᠭᠡ ᠶᠢ ᠠᠮᠢᠳᠤᠯᠢᠭ ᠢᠶᠠᠷ ᠠᠰᠢᠭᠯᠠᠬᠤ ᠠᠵᠢᠯ ᠤᠨ ᠱᠠᠭᠠᠷᠳᠠᠯᠭ᠎ᠠ ᠶᠢ ᠨᠢᠮᠪᠠᠢ ᠨᠠᠶᠢᠳᠠᠪᠤᠷᠢᠵᠢᠭᠤᠯᠤᠨ᠂ ︽ᠬᠡᠨ ᠭᠤᠣᠯᠯᠠᠨ ᠬᠠᠮᠢᠶᠠᠷᠪᠠᠯ᠂ ᠬᠡᠨ ᠬᠠᠷᠢᠭᠤᠴᠠᠬᠤ︾᠂ ︽ᠬᠠᠷᠢᠶ᠎ᠠ ᠭᠠᠵᠠᠷ ᠤᠨ ᠬᠢᠨᠢ ᠬᠠᠮᠢᠶᠠᠷᠬᠤ︾ ᠪᠠ ᠪᠠᠶᠢᠭᠤᠯᠭ᠎ᠠ ᠶᠢᠨ ᠬᠢᠨ ᠭᠤᠣᠯᠯᠠᠨ ᠬᠠᠮᠢᠶᠠᠷᠬᠤ ᠶᠢ ᠤᠶᠠᠯᠳᠤᠭᠤᠯᠬᠤ ᠵᠠᠷᠴᠢᠮ ᠶᠣᠰᠣᠭᠠᠷ᠂ ᠵᠠᠰᠠᠭ ᠤᠨ ᠣᠷᠳᠣᠨ ᠤ ᠪᠡᠯᠡ ᠣᠷᠣᠭᠤᠯᠤᠭᠰᠠᠨ ᠡᠯ᠎ᠡ ᠲᠥᠷᠥᠯ ᠤᠨ ︽ᠳᠤᠲᠠᠭᠤ ᠲᠣᠷᠭᠤᠨ︾ ᠪᠠᠷᠢᠯᠭ᠎ᠠ ᠶᠢ ᠪᠠᠶᠢᠴᠠᠭᠠᠵᠤ ᠰᠢᠢᠳᠪᠦᠷᠢᠯᠡᠬᠦ ᠠᠵᠢᠯᠯᠠᠭ᠎ᠠ ᠳᠤ ᠴᠢᠭᠯᠡᠭᠦᠯᠵᠦ᠂ ᠬᠠᠤᠯᠢ ᠲᠣᠭᠲᠠᠭᠠᠯ ᠶᠣᠰᠣᠭᠠᠷ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ ᠰᠢᠢᠳᠪᠦᠷᠢᠯᠡᠨ᠂ ︽ᠳᠤᠲᠠᠭᠤ ᠲᠣᠷᠭᠤᠨ︾ ᠪᠠᠷᠢᠯᠭ᠎ᠠ ᠶᠢ ᠡᠷᠲᠡᠬᠡᠨ ᠠᠰᠢᠭᠯᠠᠯᠲᠠ ᠳᠤ ᠣᠷᠣᠭᠤᠯᠵᠤ᠂ ︽ᠳᠤᠲᠠᠭᠤ ᠲᠣᠷᠭᠤᠨ︾ ᠪᠠᠷᠢᠯᠭ᠎ᠠ ᠶᠢᠨ ᠠᠰᠠᠭᠤᠳᠠᠯ ᠰᠢᠨ᠎ᠡ ᠪᠠᠷ ᠨᠡᠮᠡᠭᠳᠡᠬᠦ ᠶᠢ ᠡᠷᠡᠰ ᠬᠤᠷᠢᠭᠯᠠᠨ᠂ ᠠᠷᠪᠢᠯᠠᠵᠤ ᠡᠷᠴᠢᠮᠵᠢᠭᠦᠯᠦᠨ ᠬᠥᠭᠵᠢᠭᠦᠯᠬᠦ ᠢᠯᠡ ᠲᠣᠳᠣ ᠬᠥᠲᠥᠯᠪᠦᠷᠢ ᠶᠢ ᠪᠣᠢ ᠪᠣᠯᠭᠠᠨ᠎ᠠ᠃       ᠬᠤᠶᠠᠷ᠂ ᠠᠵᠢᠯ ᠤᠨ ᠬᠠᠷᠠᠯᠲᠠ       ᠲᠣᠰ ᠤᠳᠠᠭᠠᠨ ᠤ ᠠᠵᠢᠯᠯᠠᠭ᠎ᠠ 2022 ᠣᠨ ᠤ 7 ᠰᠠᠷ᠎ᠠ ᠠᠴᠠ ᠡᠬᠢᠯᠡᠵᠦ᠂ ᠡᠯ᠎ᠡ ᠬᠢᠨᠠᠨ ᠵᠥᠪᠰᠢᠶᠡᠷᠡᠬᠦ ᠪᠠᠶᠢᠭᠤᠯᠭ᠎ᠠ᠂ ᠡᠯ᠎ᠡ ᠠᠵᠢᠯ ᠲᠥᠷᠥᠯ ᠤᠨ ᠭᠤᠣᠯᠯᠠᠨ ᠬᠠᠮᠢᠶᠠᠷᠬᠤ ᠪᠠᠶᠢᠭᠤᠯᠭ᠎ᠠ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠂ ︽ᠳᠤᠲᠠᠭᠤ ᠲᠣᠷᠭᠤᠨ︾ ᠪᠠᠷᠢᠯᠭ᠎ᠠ ᠶᠢᠨ ᠣᠷᠣᠰᠢᠵᠤ ᠪᠠᠶᠢᠭ᠎ᠠ ᠠᠰᠠᠭᠤᠳᠠᠯ ᠢ ᠪᠦᠬᠦᠨ ᠢ ᠪᠠᠶᠢᠴᠠᠭᠠᠨ ᠰᠢᠢᠳᠪᠦᠷᠢᠯᠡᠵᠦ᠂ ᠪᠠᠷᠢᠨ ᠳᠣᠣᠷ᠎ᠠ ᠨᠢ ᠥᠭᠡᠷᠡᠴᠢᠯᠡᠨ᠎ᠡ᠃ ︽ᠬᠠᠷᠢᠶ᠎ᠠ ᠭᠠᠵᠠᠷ ᠤᠨ ᠬᠢᠨᠢ ᠬᠠᠮᠢᠶᠠᠷᠬᠤ︾ ᠵᠠᠷᠴᠢᠮ ᠶᠣᠰᠣᠭᠠᠷ ᠂ ᠬᠠᠤᠯᠢ ᠲᠣᠭᠲᠠᠭᠠᠯ ᠢ ᠵᠢᠷᠤᠮᠯᠠᠵᠤ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ ᠰᠢᠶᠳᠪᠦᠷᠢᠯᠡᠨ᠂       ︽ᠳᠤᠲᠠᠭᠤ ᠲᠣᠷᠭᠤᠨ︾ ᠪᠠᠷᠢᠯᠭ᠎ᠠ ᠶᠢᠨ ᠡᠷᠲᠡᠬᠡᠨ ᠠᠵᠢᠯ ᠡᠬᠢᠯᠡᠭᠦᠯᠵᠦ᠂ ᠠᠰᠢᠭᠯᠠᠯᠲᠠ ᠳᠤ ᠣᠷᠣᠭᠤᠯᠬᠤ ᠶᠢ ᠠᠬᠢᠭᠤᠯᠬᠤ ᠶᠢᠨ ᠬᠠᠮᠲᠤ᠂ ᠬᠠᠮᠢᠶᠠᠷᠤᠯᠲᠠ ᠪᠠᠷ ᠳᠤᠲᠠᠮᠠᠭ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠪᠠᠶᠢᠭᠤᠯᠤᠯ ᠲᠣᠭᠲᠠᠴᠠ ᠶᠢᠨ ᠲᠠᠯ᠎ᠠ ᠪᠠᠷ ᠬᠢ ᠠᠷᠬᠠᠭ ᠭᠡᠮ ᠢ ᠣᠨᠣᠪᠴᠢᠲᠠᠶ ᠡᠷᠢᠨ ᠭᠠᠷᠭᠠᠵᠤ᠂ ᠰᠢᠨᠵᠢᠯᠡᠬᠦ ᠤᠬᠠᠭᠠᠨᠴᠢ ᠪᠠᠷ ᠰᠢᠶᠳᠪᠦᠷᠢᠲᠦ ᠪᠣᠳᠣᠯᠭ᠎ᠠ ᠲᠣᠭᠲᠠᠭᠠᠬᠤ ᠲᠣᠭᠲᠠᠴᠠ ᠶᠢ ᠪᠠᠶᠢᠭᠤᠯᠤᠨ᠂ ︽ᠳᠤᠲᠠᠭᠤ ᠲᠣᠷᠭᠤᠨ︾ ᠪᠠᠷᠢᠯᠭ᠎ᠠ ᠶᠢᠨ ᠠᠰᠠᠭᠤᠳᠠᠯ ᠰᠢᠨ᠎ᠡ ᠪᠠᠷ ᠨᠡᠮᠡᠭᠳᠡᠬᠦ ᠶᠢ ᠡᠷᠡᠰ ᠬᠤᠷᠢᠭᠯᠠᠵᠤ᠂ ᠨᠡᠶᠢᠭᠡᠮ ᠤᠨ ᠬᠢᠨᠠᠯᠲᠠ ᠶᠢ ᠪᠥᠬᠦ ᠲᠠᠯ᠎ᠠ ᠪᠠᠷ ᠬᠦᠯᠢᠶᠡᠨ᠎ᠡ᠃       ᠭᠤᠷᠪᠠ᠂ ᠪᠠᠶᠢᠴᠠᠭᠠᠵᠤ ᠰᠢᠢᠳᠪᠦᠷᠢᠯᠡᠬᠦ ᠬᠡᠪᠴᠢᠶ᠎ᠡ       ︵ᠨᠢᠭᠡ︶ ︽ᠳᠤᠲᠠᠭᠤ ᠲᠣᠷᠭᠤᠨ︾ ᠪᠠᠷᠢᠯᠭ᠎ᠠ ᠳᠤ ᠭᠤᠤᠯᠳᠠᠭᠤ 2 ᠲᠥᠷᠥᠯ ᠪᠠᠭᠲᠠᠨ᠎ᠠ᠄ ᠨᠢᠭᠡ ᠳᠤ ᠪᠠᠷᠢᠯᠭ᠎ᠠ ᠨᠢ ᠳᠠᠭᠤᠰᠤᠭᠠᠳᠤᠶ᠂ ᠡᠯ᠎ᠡ ᠵᠦᠶᠯ ᠤᠨ ᠬᠦᠴᠦᠨ ᠵᠦᠶᠯ ᠠᠴᠠ ᠪᠣᠯᠵᠣ ᠪᠠᠷᠢᠯᠭ᠎ᠠ ᠪᠠᠨ ᠵᠣᠭᠰᠣᠭᠠᠭᠰᠠᠨ︔ ᠬᠤᠶᠠᠷ ᠲᠤ ᠪᠠᠷᠢᠯᠭ᠎ᠠ ᠶᠢᠨ ᠠᠵᠢᠯ ᠨᠢᠭᠡᠨᠲᠡ ᠳᠠᠭᠤᠰᠤᠭᠰᠠᠨ ᠪᠣᠯᠪᠠᠴᠤ ᠶᠠᠮᠠᠷ ᠨᠢᠭᠡᠨ ᠰᠢᠯᠲᠠᠭᠠᠨ  ᠠᠴᠠ ᠪᠣᠯᠣᠭᠠᠳ ᠬᠡᠪ ᠤᠨ ᠶᠣᠰᠣᠭᠠᠷ ᠠᠰᠢᠭᠯᠠᠯᠲᠠ ᠳᠤ ᠣᠷᠣᠵᠤ ᠴᠢᠳᠠᠬᠤ ᠦᠭᠡᠢ ᠪᠠᠶᠢᠭ᠎ᠠ᠃      ︵ᠬᠤᠶᠠᠷ︶ ᠪᠠᠶᠢᠴᠠᠭᠠᠵᠤ ᠰᠢᠢᠳᠪᠦᠷᠢᠯᠡᠬᠦ ᠬᠦᠷᠢᠶ᠎ᠡ ᠬᠡᠪᠴᠢᠶ᠎ᠡ᠃ 2016 ᠣᠨ ᠠᠴᠠ ᠣᠲᠣ ᠪᠣᠯᠲᠠᠯ᠎ᠠ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ ᠂ ᠬᠤᠰᠢᠭᠤ ᠭᠤᠷᠪᠠᠨ ᠱᠠᠲᠤᠨ ᠤ ᠬᠢᠨᠠᠨ ᠵᠥᠪᠰᠢᠶᠡᠷᠡᠭᠰᠡᠨ ᠵᠠᠰᠠᠭ ᠤᠨ ᠣᠷᠳᠣᠨ ᠤ ᠪᠠᠯᠠ ᠣᠷᠣᠭᠤᠯᠤᠭᠰᠠᠨ ᠣᠯᠠᠨ ᠨᠡᠶᠢᠲᠡ ᠶᠢᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠢ ᠪᠠᠶᠢᠴᠠᠭᠠᠵᠤ ᠰᠢᠢᠳᠪᠦᠷᠢᠯᠡᠨ᠎ᠡ᠃ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠠᠯᠪᠠᠨ ᠬᠡᠷᠡᠭᠯᠡᠭᠡᠨ  ᠤ ᠭᠡᠷ ᠪᠠᠶᠢᠰᠢᠩ᠂ ᠲᠤᠬᠠᠶᠢᠯᠠᠭᠰᠠᠨ ᠠᠵᠢᠯ ᠤᠨ ᠮᠡᠷᠭᠡᠵᠢᠯ ᠤᠨ ᠬᠡᠷᠡᠭᠯᠡᠭᠡᠨ ᠤ ᠭᠡᠷ ᠪᠠᠶᠢᠰᠢᠩ ︵ᠳᠣᠲᠣᠭᠠᠳᠤ ᠶᠢ ᠬᠠᠮᠠᠭᠠᠯᠠᠬᠤ᠂ ᠪᠠᠶᠢᠴᠠᠭᠠᠬᠤ ᠬᠤᠷᠢᠶ᠎ᠠ᠂ ᠰᠢᠭᠦᠬᠦ ᠬᠤᠷᠢᠶ᠎ᠠ᠂ ᠬᠠᠤᠯᠢ ᠴᠠᠭᠠᠵᠠ᠂ ᠪᠠᠴᠢᠮ ᠪᠠᠶᠢᠳᠠᠯ ᠢ ᠠᠷᠭᠠᠴᠠᠭᠠᠬᠤ᠂ ᠭᠠᠯ ᠤᠨᠲᠠᠷᠠᠭᠠᠬᠤ᠂ ᠡᠳ᠋ ᠪᠣᠳᠠᠰ ᠨᠥᠭᠡᠴᠡᠯᠡᠬᠦ ᠵᠡᠷᠭᠡ︶᠂ ᠰᠤᠷᠭᠠᠨ ᠬᠥᠮᠦᠵᠢᠯ ︵ᠳᠡᠭᠡᠳᠦ ᠵᠡᠷᠭᠡ ᠶᠢᠨ ᠰᠤᠷᠭᠠᠨ ᠬᠥᠮᠦᠵᠢᠯ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠥᠵᠢᠯ᠂ ᠠᠯᠪᠠᠨ ᠵᠢᠷᠤᠮ ᠤᠨ ᠰᠤᠷᠭᠠᠨ ᠬᠥᠮᠦᠵᠢᠯ᠂ ᠬᠡᠦᠬᠡᠳ ᠤᠨ ᠴᠡᠴᠡᠷᠯᠢᠭ ᠵᠡᠷᠭᠡ ᠰᠤᠷᠭᠠᠭᠤᠯᠢ︶᠂ ᠠᠵᠢᠯ ᠣᠯᠭᠤᠯᠲᠠ ᠨᠡᠶᠢᠭᠡᠮ ᠤᠨ ᠪᠠᠲᠤᠯᠠᠭ᠎ᠠ ︵ᠣᠯᠠᠨ ᠨᠡᠶᠢᠲᠡ ᠶᠢᠨ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ᠂ ᠠᠵᠢᠯ ᠣᠯᠭᠤᠯᠲᠠ ᠶᠢ ᠵᠢᠯᠣᠭᠤᠳᠬᠤ ᠲᠥᠬᠦᠭᠡᠷᠦᠮᠵᠢ᠂ ᠰᠢᠨ᠎ᠡ ᠶᠢ ᠡᠭᠦᠳᠴᠦ ᠦᠢᠯᠡᠰ ᠪᠣᠰᠬᠠᠬᠤ ᠲᠥᠪ ᠵᠡᠷᠭᠡ ︶᠂ ᠡᠮ ᠡᠮᠨᠡᠯᠭᠡ ᠡᠷᠡᠭᠦᠯ ᠬᠠᠮᠠᠭᠠᠯᠠᠯ ︵ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠤ ᠱᠠᠲᠤᠨ ᠤ ᠡᠮᠨᠡᠯᠭᠡ ᠶᠢᠨ ᠬᠤᠷᠢᠶ᠎ᠠ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠶᠯᠡᠴᠢᠯᠡᠭᠡᠨ ᠤ ᠲᠥᠪ ︵ᠥᠷᠲᠡᠭᠡ︶᠂ ᠰᠤᠮᠤ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠪᠠ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠵᠤ ᠰᠡᠷᠭᠡᠶᠢᠯᠡᠨ ᠡᠵᠡᠮᠳᠡᠬᠦ ᠪᠠᠶᠢᠭᠤᠯᠤᠮᠵᠢ ᠵᠡᠷᠭᠡ︶᠂ ᠨᠠᠰᠤᠲᠠᠨ ᠢ ᠠᠰᠠᠷᠠᠬᠤ ᠭᠠᠵᠠᠷ ︵ᠨᠠᠰᠤᠲᠠᠨ ᠢ ᠠᠰᠠᠷᠠᠬᠤ ᠬᠦᠷᠢᠶᠡᠯᠡᠩ ᠵᠡᠷᠭᠡ︶᠂ ᠣᠷᠣᠨ ᠰᠠᠭᠤᠴᠠ ᠶᠢᠨ ᠪᠠᠲᠤᠯᠠᠭ᠎ᠠ ︵ᠨᠡᠶᠢᠲᠡ ᠶᠢᠨ ᠲᠦᠷᠢᠶᠡᠰᠦᠨ ᠪᠠᠶᠢᠰᠢᠩ᠂ ᠳᠥᠭᠦᠮ ᠪᠦᠲᠦᠴᠡᠲᠦ ᠣᠷᠣᠨ ᠰᠠᠭᠤᠴᠠ ᠶᠢᠨ ᠥᠭᠡᠷᠡᠴᠢᠯᠡᠯᠲᠡ ᠵᠡᠷᠭᠡ︶᠂ ᠰᠣᠶᠣᠯ ᠪᠡᠶ᠎ᠡ ᠶᠢᠨ ᠲᠠᠮᠢᠷ ︵ᠰᠠᠭᠤᠷᠢ ᠶᠡᠷᠦᠩᠬᠡᠶᠢᠯᠡᠭᠰᠡᠨ ᠰᠣᠶᠣᠯ ᠤᠨ ᠦᠶᠯᠡᠴᠢᠯᠡᠭᠡᠨ ᠤ ᠲᠥᠪ᠂ ᠷᠠᠳᠢᠣ᠋ ᠲᠧᠯᠸᠢᠰ ᠬᠤᠷᠢᠶ᠎ᠠ᠂ ᠲᠠᠮᠢᠷ ᠤᠨ ᠲᠠᠯᠠᠪᠤᠷ᠂ ᠴᠡᠴᠡᠷᠯᠢᠭ᠂ ᠪᠡᠶ᠎ᠡ ᠴᠢᠭᠢᠷᠠᠭᠵᠢᠭᠤᠯᠬᠤ ᠶᠠᠪᠠᠭᠠᠨ ᠵᠠᠮ᠂ ᠮᠠᠯᠴᠢᠨ ᠲᠠᠷᠢᠶᠠᠴᠢᠨ ᠤ ᠪᠡᠶ᠎ᠡ ᠶᠢᠨ ᠲᠠᠮᠢᠷ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ᠂ ᠡᠬᠡ ᠣᠷᠣᠨᠴᠢ ᠦᠵᠡᠯ ᠤᠨ ᠬᠥᠮᠦᠵᠢᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠮᠦᠽᠧᠶ᠂ ᠦᠵᠡᠭᠦᠯᠭᠡ ᠶᠢᠨ ᠣᠷᠳᠣᠨ᠂ ᠤᠷᠠᠨ ᠵᠢᠷᠤᠭ ᠤᠨ ᠣᠷᠳᠣᠨ᠂ ᠨᠣᠮ ᠤᠨ ᠰᠠᠩ᠂ ᠰᠣᠶᠣᠯ ᠤᠨ ᠣᠷᠳᠣᠨ ᠵᠡᠷᠭᠡ︶᠂ ᠨᠡᠶᠢᠭᠡᠮ ᠤᠨ ᠦᠶᠯᠡᠴᠢᠯᠡᠭᠡ ︵ᠵᠡᠮᠳᠡᠭᠴᠦᠳ ᠤᠨ ᠦᠢᠯᠡᠴᠢᠯᠡᠭᠡᠨ ᠤ ᠲᠥᠬᠦᠭᠡᠷᠦᠮᠵᠢ᠂ ᠨᠠᠰᠤᠨ ᠳᠤ ᠦᠯᠦ ᠬᠦᠷᠦᠭᠰᠡᠳ ᠤᠨ ᠬᠠᠮᠠᠭᠠᠯᠠᠯᠲᠠ ᠶᠢᠨ ᠲᠥᠬᠦᠭᠡᠷᠦᠮᠵᠢ᠂ ᠲᠡᠨᠦᠭᠦᠯ ᠭᠤᠶᠢᠷᠠᠨᠴᠢᠳ ᠤᠨ ᠭᠠᠮᠰᠢᠭ ᠠᠴᠠ ᠠᠪᠤᠷᠠᠬᠤ ᠲᠥᠬᠦᠭᠡᠷᠦᠮᠵᠢ᠂ ᠤᠶᠤᠨ ᠰᠠᠨᠠᠭ᠎ᠠ ᠡᠷᠡᠭᠦᠯ ᠬᠠᠮᠠᠭᠠᠯᠠᠯ ᠤᠨ ᠠᠰᠠᠷᠠᠮᠵᠢ ᠶᠢᠨ ᠲᠥᠬᠦᠭᠡᠷᠦᠮᠵᠢ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠣᠷᠣᠰᠢᠭᠤᠯᠭ᠎ᠠ ᠶᠢᠨ ᠦᠢᠯᠡᠴᠢᠯᠡᠭᠡᠨ ᠤ ᠲᠥᠬᠦᠭᠡᠷᠦᠮᠵᠢ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠶᠯᠡᠴᠢᠯᠡᠭᠡᠨ ᠤ ᠲᠥᠪ᠂ ᠬᠠᠷᠠᠭᠠᠯᠵᠠᠨ ᠲᠡᠳᠬᠦᠬᠦ ᠡᠮᠨᠡᠯᠭᠡ ᠶᠢᠨ ᠬᠤᠷᠢᠶ᠎ᠠ᠂ ᠢᠷᠠᠭᠤ ᠠᠯᠳᠠᠷ ᠤᠨ ᠬᠦᠷᠢᠶᠡᠯᠡᠩ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠬᠦᠭᠡᠷᠦᠮᠵᠢ ᠵᠡᠷᠭᠡ︶᠂ ᠮᠡᠳᠡᠭᠡ ᠵᠠᠩᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠪᠠᠭᠲᠠᠭᠠᠨ᠎ᠠ᠃ ᠪᠤᠰᠤᠳ ᠣᠨ ᠵᠢᠴᠢ ᠬᠤᠰᠢᠭᠤ ᠲᠣᠭᠤᠷᠢᠭ ᠤᠨ ᠬᠢᠨᠠᠨ ᠵᠥᠪᠰᠢᠶᠡᠷᠡᠭᠰᠡᠨ ᠨᠥᠯᠥᠭᠡ ᠪᠠᠷ ᠨᠡᠯᠢᠶᠡᠳ ᠶᠡᠭᠡ ︽ᠳᠤᠲᠠᠭᠤ ᠲᠣᠷᠭᠤᠨ︾ ᠪᠠᠷᠢᠯᠭ᠎ᠠ ᠶᠢ ᠬᠠᠮᠲᠤ ᠳᠤᠨᠢ ᠪᠠᠶᠢᠴᠠᠭᠠᠵᠤ ᠰᠢᠢᠳᠪᠦᠷᠢᠯᠡᠨ᠎ᠡ᠃ ᠵᠠᠰᠠᠭ ᠤᠨ ᠣᠷᠳᠣᠨ ᠤ ᠪᠠᠯᠠ ᠣᠷᠣᠭᠤᠯᠤᠭᠰᠠᠨ ᠵᠠᠮ ᠬᠠᠷᠢᠯᠴᠠᠭ᠎ᠠ᠂ ᠡᠨᠧᠷᠭᠢ᠂ ᠤᠰᠤᠨ ᠠᠰᠢᠭᠯᠠᠯᠲᠠ᠂ ᠲᠠᠷᠢᠶᠠᠯᠠᠩ ᠮᠠᠯ ᠠᠵᠤ ᠠᠬᠤᠶ ᠣᠶ ᠰᠢᠭᠤᠶ ᠨᠤᠲᠤᠭ ᠪᠡᠯᠴᠢᠭᠡᠷ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ᠂ ᠬᠤᠲᠠ ᠶᠢᠨ ᠶᠠᠪᠤᠳᠠᠯ ᠪᠠ ᠠᠵᠤ ᠦᠶᠯᠡᠰ ᠤᠨ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠵᠡᠷᠭᠡ ᠬᠦᠷᠢᠶ᠎ᠡ ᠬᠡᠪᠴᠢᠶᠡᠨ ᠳᠠᠬᠢ ︽ᠳᠤᠲᠠᠭᠤ ᠲᠣᠷᠭᠤᠨ︾ ᠪᠠᠷᠢᠯᠭ᠎ᠠ ᠶᠢᠨ ᠲᠥᠷᠥᠯ ᠵᠦᠶᠯ ᠢ ᠬᠠᠮᠲᠤ ᠳᠤᠨᠢ ᠪᠠᠶᠢᠴᠠᠭᠠᠵᠤ ᠰᠢᠢᠳᠪᠦᠷᠢᠯᠡᠨ᠎ᠡ᠃ ᠤᠯᠤᠰ ᠲᠦᠷᠦ ᠬᠠᠤᠯᠢ ᠴᠠᠭᠠᠵᠠ ᠵᠡᠷᠭᠡ ᠨᠢᠭᠤᠴᠠ ᠳᠤ ᠬᠤᠯᠪᠣᠭᠳᠠᠬᠤ ᠲᠥᠷᠥᠯ ᠵᠦᠢᠯ ᠢ ᠡᠯ᠎ᠡ ᠠᠵᠢᠯ ᠲᠦᠷᠦᠯ ᠤᠨ ᠭᠤᠣᠯᠯᠠᠨ ᠬᠠᠮᠢᠶᠠᠷᠬᠤ ᠪᠠᠶᠢᠭᠤᠯᠭ᠎ᠠ ᠥᠪᠡᠰᠦᠪᠡᠨ ᠪᠠᠶᠢᠴᠠᠭᠠᠵᠤ ᠰᠢᠢᠳᠪᠦᠷᠢᠯᠡᠨ᠎ᠡ᠃       ᠳᠥᠷᠪᠡ᠂ ᠠᠵᠢᠯ ᠤᠨ ᠡᠭᠦᠷᠭᠡ      ︵ᠨᠢᠭᠡ︶ ᠡᠬᠡ ᠳᠠᠩᠰᠠ ᠪᠠᠶᠢᠭᠤᠯᠤᠨ᠎ᠠ᠃ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ 2016 ᠣᠨ ᠠᠴᠠ ᠣᠲᠣ ᠪᠣᠯᠲᠠᠯᠠᠬᠢ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠲᠠᠪᠴᠠᠩ ᠢᠶᠠᠷ ᠳᠡᠮᠵᠢᠨ ᠲᠥᠷᠥᠯ ᠵᠦᠶᠯ ᠪᠠᠶᠢᠭᠤᠯᠤᠭᠰᠠᠨ ᠵᠠᠰᠠᠭ ᠤᠨ ᠣᠷᠳᠣᠨ ᠤ ᠪᠠᠯᠠ ᠣᠷᠣᠭᠤᠯᠤᠭᠰᠠᠨ ᠲᠥᠷᠥᠯ ᠵᠦᠶᠯ ᠢ ᠬᠠᠩᠭᠠᠨ᠎ᠠ᠃ ᠡᠯ᠎ᠡ ᠠᠵᠢᠯ ᠲᠥᠷᠥᠯ ᠤᠨ ᠭᠤᠤᠯᠯᠠᠨ ᠬᠠᠮᠢᠶᠠᠷᠬᠤ ᠪᠠᠶᠢᠭᠤᠯᠭ᠎ᠠ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠲᠠᠢ ᠬᠠᠮᠲᠤᠷᠠᠨ ᠲᠣᠰ ᠠᠵᠢᠯ ᠲᠥᠷᠥᠯ ᠤᠨ ᠢᠶᠠᠨ ︽ᠳᠤᠲᠠᠭᠤ ᠲᠣᠷᠭᠤᠨ︾ ᠪᠠᠷᠢᠯᠭ᠎ᠠ ᠶᠢ ᠲᠥᠷᠥᠯ ᠬᠤᠪᠢᠶᠠᠨ ᠡᠮᠬᠢᠯᠡᠵᠦ᠂ ᠡᠬᠡ ᠲᠠᠩᠰᠠ ᠪᠠᠶᠢᠭᠤᠯᠤᠨ᠂ ᠭᠤᠤᠯᠯᠠᠨ ᠬᠠᠮᠢᠶᠠᠷᠬᠤ ᠪᠠᠶᠢᠭᠤᠯᠭ᠎ᠠ ᠪᠠ ᠬᠤᠰᠢᠭᠤ ᠲᠣᠭᠤᠷᠢᠭ ᠤᠨ ᠵᠠᠰᠠᠭ ᠤᠨ ᠣᠷᠳᠣᠨ ᠤ ᠬᠤᠪᠢᠶᠠᠨ ᠬᠠᠮᠢᠶᠠᠷᠴᠤ ᠪᠦᠬᠦᠢ ᠤᠳᠤᠷᠢᠳᠤᠯᠭ᠎ᠠ ᠬᠤᠶᠠᠷ ᠲᠠᠯ᠎ᠠ ᠪᠠᠷ ᠢᠶᠠᠨ ᠭᠠᠷ  ᠤᠨ ᠥᠰᠥᠭ ᠵᠢᠷᠤᠭᠰᠠᠨ ᠤ ᠳᠠᠷᠠᠭ᠎ᠠ ᠲᠣᠭᠲᠠᠭᠠᠵᠤ᠂ ᠡᠬᠡ ᠲᠠᠩᠰᠠ ᠶᠢ ᠪᠠᠶᠢᠭᠤᠯᠤᠭᠰᠠᠨ ᠤ ᠳᠠᠷᠠᠭ᠎ᠠ᠂ 1 ᠶᠢ ᠠᠰᠢᠭᠯᠠᠯᠲᠠ ᠳᠤ ᠣᠷᠣᠭᠤᠯᠤᠭᠰᠠᠨ ᠪᠣᠯ 1 ᠢ ᠳᠠᠩᠰᠠᠨ ᠠᠴᠠ ᠬᠠᠰᠤᠨ᠎ᠠ᠂ ᠳᠤᠷ᠎ᠠ ᠪᠠᠷ ᠢᠶᠠᠨ ᠬᠠᠰᠤᠵᠤ ᠪᠣᠯᠬᠤ ᠥᠬᠡᠶ᠃      ︵ᠬᠤᠶᠠᠷ︶ ᠲᠦᠷᠦᠯ ᠬᠤᠪᠢᠶᠠᠨ ᠰᠢᠢᠳᠪᠦᠷᠢᠯᠡᠨ᠎ᠡ᠃ ᠡᠯ᠎ᠡ ᠠᠵᠢᠯ ᠲᠥᠷᠥᠯ ᠤᠨ ᠭᠤᠣᠯᠯᠠᠨ ᠬᠠᠮᠢᠶᠠᠷᠬᠤ ᠪᠠᠶᠢᠭᠤᠯᠭ᠎ᠠ ᠲᠤᠰ ᠠᠵᠢᠯ ᠲᠥᠷᠥᠯ ᠤᠨ ᠢᠶᠠᠨ ︽ᠳᠤᠲᠠᠭᠤ ᠲᠣᠷᠭᠤᠨ︾ ᠪᠠᠷᠢᠯᠭ᠎ᠠ ᠶᠢ ᠰᠢᠶᠳᠪᠦᠷᠢᠯᠡᠬᠦ ᠠᠵᠢᠯ ᠤᠨ ᠬᠡᠷᠡᠭᠵᠢᠭᠦᠯᠬᠦ ᠲᠥᠰᠦᠯ ᠢ ᠲᠣᠭᠲᠠᠭᠠᠵᠤ᠂ ︽ᠬᠡᠨ ᠭᠤᠣᠯᠯᠠᠨ ᠬᠠᠮᠢᠶᠠᠷᠪᠠᠯ᠂ ᠬᠡᠨ ᠬᠠᠷᠢᠭᠤᠴᠠᠬᠤ ︾ ᠵᠠᠷᠴᠢᠮ ᠶᠣᠰᠣᠭᠠᠷ᠂ ᠡᠯ᠎ᠡ ᠠᠵᠢᠯ ᠲᠥᠷᠥᠯ ᠤᠨ ᠭᠤᠣᠯᠯᠠᠨ ᠬᠠᠮᠢᠶᠠᠷᠬᠤ ᠪᠠᠶᠢᠭᠤᠯᠭ᠎ᠠ ᠲᠦᠷᠦᠭᠦᠯᠡᠨ ᠪᠠᠶᠢᠴᠠᠭᠠᠵᠤ ᠰᠢᠢᠳᠪᠦᠷᠢᠯᠡᠬᠦ ᠬᠦᠷᠢᠶ᠎ᠡ ᠬᠡᠪᠴᠢᠶ᠎ᠡ ᠲᠠᠢ ᠬᠠᠷᠢᠴᠠᠭᠤᠯᠵᠤ ᠪᠠᠶᠢᠭᠠᠳ ︽ᠳᠤᠲᠠᠭᠤ ᠲᠣᠷᠭᠤᠨ︾ ᠪᠠᠷᠢᠯᠭ᠎ᠠ ᠶᠢᠨ ᠠᠵᠢᠯ ᠢ ᠪᠠᠶᠢᠴᠠᠭᠠᠵᠤ ᠰᠢᠢᠳᠪᠦᠷᠢᠯᠡᠨ᠎ᠡ᠃ ᠡᠯ᠎ᠡ ᠠᠵᠢᠯ ᠲᠥᠷᠥᠯ ᠤᠨ ᠭᠤᠣᠯᠯᠠᠨ ᠬᠠᠮᠢᠶᠠᠷᠬᠤ ᠪᠠᠶᠢᠭᠤᠯᠭ᠎ᠠ ᠲᠣᠰ ᠬᠦᠷᠢᠶ᠎ᠡ ᠬᠡᠪᠴᠢᠶᠡᠨ ᠳᠠᠬᠢ ︽ᠳᠤᠲᠠᠭᠤ ᠲᠣᠷᠭᠤᠨ︾ ᠪᠠᠷᠢᠯᠭ᠎ᠠ ᠶᠢᠨ ᠪᠠᠷᠢᠮᠵᠢᠶ᠎ᠠ ᠶᠢ ᠳᠤᠷᠠᠳᠴᠤ᠂ ︽ᠳᠤᠲᠠᠭᠤ ᠲᠣᠷᠭᠤᠨ︾ ᠪᠠᠷᠢᠯᠭ᠎ᠠ ᠶᠢᠨ ᠲᠥᠷᠥᠯ ᠵᠦᠶᠯ ᠢ ᠰᠢᠶᠳᠪᠦᠷᠢᠯᠡᠬᠦ ᠲᠠᠯ᠎ᠠ᠂ ᠬᠠᠷᠢᠭᠤᠴᠠᠯᠭᠠᠲᠤ ᠪᠠᠶᠢᠭᠤᠯᠭ᠎ᠠ᠂ ᠰᠢᠶᠳᠪᠦᠷᠢᠯᠡᠬᠦ ᠵᠠᠷᠴᠢᠮ᠂ ᠰᠢᠶᠳᠪᠦᠷᠢᠯᠡᠬᠦ ᠶᠠᠪᠤᠴᠠ᠂ ᠰᠢᠶᠳᠪᠦᠷᠢᠯᠡᠬᠦ ᠴᠠᠭ ᠤᠨ ᠬᠢᠵᠠᠭᠠᠷᠯᠠᠯ ᠢ ᠨᠢᠭᠡᠳ ᠨᠢᠭᠡ ᠪᠠᠷ ᠲᠣᠳᠣᠷᠬᠠᠶᠢᠯᠠᠨ᠎ᠠ᠃ ᠲᠣᠰ ᠠᠵᠢᠯ ᠲᠥᠷᠥᠯ ᠢ ᠵᠢᠯᠣᠭᠤᠳᠤᠨ ᠪᠠᠶᠢᠴᠠᠭᠠᠯᠲᠠ ᠬᠢᠯᠭᠡᠵᠦ᠂ ᠵᠢᠯ ᠤᠨ ᠳᠣᠲᠣᠷ᠎ᠠ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠨ᠂ ᠨᠢᠭᠡ ᠪᠦᠯᠦᠭ ᠢ ᠨᠢ ᠰᠢᠶᠳᠪᠦᠷᠢᠯᠡᠵᠦ᠂ ᠭᠤᠷᠪᠠᠨ ᠵᠢᠯ ᠤᠨ ᠳᠣᠲᠣᠷ᠎ᠠ ᠪᠦᠬᠦᠨ ᠢ ᠠᠰᠢᠭᠯᠠᠯᠲᠠ ᠳᠤ ᠣᠷᠣᠭᠤᠯᠵᠤ ᠳᠠᠩᠰᠠᠨ ᠠᠴᠠ ᠭᠠᠷᠭᠠᠬᠤ ᠪᠠᠷ ᠴᠢᠷᠮᠠᠶᠢᠨ᠎ᠠ᠃ ᠲᠥᠷᠥᠯ ᠵᠦᠶᠯ ᠤᠨ ᠬᠠᠷᠢᠭᠤᠴᠠᠯᠭᠠᠲᠤ ᠨᠢᠭᠡᠴᠢ᠂ ᠬᠠᠷᠢᠭᠤᠴᠠᠯᠭᠠᠲᠤ ᠤᠳᠤᠷᠢᠳᠤᠯᠭ᠎ᠠ᠂ ᠬᠠᠷᠢᠭᠤᠴᠠᠯᠭᠠᠲᠠᠨ ᠢ ᠲᠣᠳᠣᠷᠬᠠᠶᠢᠯᠠᠵᠤ᠂ ᠲᠥᠷᠥᠯ ᠵᠦᠶᠯ ᠨᠢᠭᠡᠪᠦᠷᠢ ᠳᠤ ᠴᠥᠮ ᠲᠣᠭᠲᠠᠮᠠᠯ ᠠᠵᠢᠯᠲᠠᠨ ᠳᠠᠭᠠᠵᠤ ᠦᠢᠯᠡᠴᠢᠯᠡᠨ᠎ᠡ᠃      ⒈ᠭᠠᠷ ᠭᠦᠶᠴᠡᠳᠬᠡᠯ ᠢ ᠳᠠᠷᠤᠢ ᠲᠦᠷᠭᠡᠨ ᠲᠡᠭᠦᠯᠳᠡᠷᠵᠢᠭᠦᠯᠦᠨ᠎ᠡ᠃ ᠲᠥᠯᠥᠪᠵᠢᠭᠦᠯᠭᠡ ᠶᠢᠨ ᠱᠠᠭᠠᠷᠳᠠᠯᠭ᠎ᠠ ᠳᠤ ᠨᠡᠶᠢᠴᠡᠬᠦ ᠮᠥᠷᠲᠡᠭᠡᠨ ᠨᠢᠭᠡᠨᠲᠡ ᠪᠠᠶᠢᠭᠤᠯᠵᠤ ᠳᠠᠭᠤᠰᠤᠭᠰᠠᠨ ᠪᠣᠯᠪᠠᠴᠤ ᠪᠠᠷᠢᠯᠭ᠎ᠠ ᠪᠠᠷᠢᠬᠤ ᠭᠠᠷᠳᠠᠮ ᠨᠢ ᠪᠦᠷᠢᠨ ᠪᠤᠰᠤ ᠪᠠᠶᠢᠪᠠᠯ᠂ ᠪᠠᠷᠢᠮᠵᠢᠶ᠎ᠠ ᠵᠢᠷᠤᠮᠵᠢᠯ ᠶᠣᠰᠣᠭᠠᠷ ᠤᠷᠢᠳᠠᠪᠠᠷ ᠪᠠᠷᠢᠯᠭ᠎ᠠ ᠳᠠᠭᠤᠰᠤᠭᠰᠠᠨ ᠮᠡᠷᠭᠡᠵᠢᠯ ᠤᠨ ᠴᠢᠨᠠᠷᠲᠠᠶ ᠰᠢᠯᠭᠠᠨ ᠬᠤᠷᠢᠶᠠᠯᠲᠠ ᠬᠢᠬᠦ ᠶᠢ ᠵᠥᠪᠰᠢᠶᠡᠷᠡᠵᠦ᠂ ᠵᠣᠬᠢᠬᠤ ᠭᠠᠷᠳᠠᠮ ᠢ ᠨᠥᠬᠦᠵᠦ ᠭᠦᠶᠴᠡᠭᠡᠨ᠂ ᠬᠠᠮᠢᠶ᠎ᠠ ᠪᠥᠬᠦᠶ ᠵᠠᠷᠤᠳᠠᠯ ᠢ ᠭᠦᠶᠴᠡᠳ ᠲᠤᠰᠢᠶᠠᠭᠰᠠᠨ ᠪᠠᠶᠢᠳᠠᠯ ᠳᠣᠤᠷ᠎ᠠ᠂ ᠬᠤᠯᠪᠣᠭᠳᠠᠯ ᠪᠥᠬᠦᠶ ᠪᠠᠶᠢᠭᠤᠯᠭ᠎ᠠ ᠬᠠᠷᠠᠭᠠᠯᠵᠠᠭᠰᠠᠨ ᠰᠢᠯᠭᠠᠨ ᠬᠤᠷᠢᠶᠠᠯᠲᠠ ᠬᠢᠬᠦ ᠭᠠᠷᠳᠠᠮ ᠢ ᠬᠠᠤᠯᠢ ᠶᠣᠰᠣᠭᠠᠷ ᠨᠥᠬᠦᠨ ᠥᠭᠴᠦ᠂ ᠥᠯᠥ ᠬᠥᠳᠡᠯᠬᠦ ᠬᠥᠷᠥᠩᠭᠡ ᠶᠢ ᠬᠠᠤᠯᠢ ᠶᠣᠰᠣᠭᠠᠷ ᠳᠠᠩᠰᠠᠯᠠᠨ᠎ᠠ᠃ ᠳᠡᠭᠡᠳᠦ ᠱᠠᠲᠤᠨ ᠤ ᠬᠠᠮᠢᠶ᠎ᠠ ᠪᠦᠬᠦᠢ ᠪᠠᠶᠢᠭᠤᠯᠭ᠎ᠠ ᠪᠠᠷ ᠵᠥᠪᠰᠢᠶᠡᠷᠡᠭᠦᠯᠬᠦ ᠴᠢᠬᠤᠯᠠᠲᠠᠢ ᠲᠥᠷᠥᠯ ᠵᠦᠢᠯ ᠪᠣᠯ᠂ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ ᠮᠡᠳᠡᠭᠦᠯᠦᠨ ᠵᠥᠪᠰᠢᠶᠡᠷᠡᠭᠦᠯᠬᠦ ᠭᠠᠷᠳᠠᠮ ᠢ ᠳᠠᠷᠤᠢ ᠲᠦᠷᠭᠡᠨ ᠭᠦᠢᠴᠡᠳᠬᠡᠨ᠎ᠡ᠃      ⒉ᠠᠵᠢᠯ ᠢᠶᠠᠨ ᠰᠡᠷᠭᠦᠭᠡᠵᠦ ᠦᠷᠭᠦᠯᠵᠢᠯᠡᠨ ᠪᠠᠶᠢᠭᠤᠯᠬᠤ ᠶᠢ ᠳᠡᠮᠵᠢᠨ᠎ᠡ᠃ ᠦᠷᠭᠦᠯᠵᠢᠯᠡᠨ ᠪᠠᠶᠢᠭᠤᠯᠬᠤ ᠴᠢᠳᠠᠪᠤᠷᠢ ᠲᠠᠢ ᠮᠥᠷᠲᠡᠭᠡᠨ ᠨᠡᠭᠡᠭᠡᠨ ᠬᠥᠭᠵᠢᠭᠦᠯᠵᠦ ᠪᠥᠲᠥᠭᠡᠨ ᠪᠠᠶᠢᠭᠤᠯᠬᠤ ᠨᠢᠭᠡᠴᠢ ᠢᠳᠡᠪᠬᠢᠲᠡᠶ ᠬᠠᠮᠵᠢᠯᠴᠠᠭᠰᠠᠨ ᠪᠠᠷᠢᠯᠭ᠎ᠠ ᠪᠠᠶᠢᠪᠠᠯ᠂ ᠥᠯᠥ ᠬᠥᠳᠡᠯᠬᠦ ᠬᠥᠷᠥᠩᠭᠡ ᠶᠢᠨ ᠡᠷᠬᠡᠲᠦ ᠬᠥᠮᠦᠨ ᠨᠢ ᠬᠡᠷ ᠪᠠᠶᠢᠰᠢᠩ ᠤᠨ ᠪᠠᠷᠢᠯᠭ᠎ᠠ ᠶᠢᠨ ᠠᠮᠤᠷ ᠲᠦᠪᠰᠢᠨ ᠤ ᠶᠠᠰᠤ ᠴᠢᠨᠠᠷ ᠲᠤ ᠦᠨᠡᠯᠡᠨ ᠵᠢᠱᠢᠯᠲᠡ ᠬᠢᠨᠠᠨ ᠲᠣᠭᠲᠠᠭᠠᠯᠲᠠ ᠬᠢᠵᠦ᠂ ᠣᠲᠣ ᠶᠢᠨ ᠬᠡᠷᠡᠭᠵᠢᠭᠦᠯᠵᠦ ᠪᠠᠶᠢᠭ᠎ᠠ ᠲᠥᠯᠥᠪᠵᠢᠭᠦᠯᠭᠡ᠂ ᠪᠠᠷᠢᠯᠭ᠎ᠠ ᠶᠢᠨ ᠠᠮᠤᠷ ᠲᠦᠪᠰᠢᠨ᠂ ᠠᠮᠢ ᠠᠬᠤᠶ ᠶᠢᠨ ᠬᠤᠷᠢᠭ᠎ᠠ ᠴᠠᠭᠠᠵᠠ ᠶᠢᠨ ᠬᠠᠮᠢᠶᠠᠷᠤᠨ ᠡᠵᠡᠮᠳᠡᠯ ᠵᠡᠷᠭᠡ ᠱᠠᠭᠠᠷᠳᠠᠯᠭ᠎ᠠ ᠳᠤ ᠨᠡᠶᠢᠴᠡᠭᠰᠡᠨ ᠪᠣᠯ᠂ ᠪᠠᠷᠢᠯᠭ᠎ᠠ ᠪᠠᠷᠢᠬᠤ ᠶᠢ ᠭᠤᠣᠯᠯᠠᠨ ᠬᠠᠮᠢᠶᠠᠷᠬᠤ ᠪᠠᠶᠢᠭᠤᠯᠭ᠎ᠠ ᠠᠴᠠ ᠨᠤᠲᠠᠯᠠᠨ ᠲᠣᠭᠲᠠᠭᠠᠭᠰᠠᠨ ᠤ ᠳᠠᠷᠠᠭ᠎ᠠ᠂ ᠤᠤᠯ ᠤᠨ ᠪᠠᠶᠢᠭᠰᠠᠨ ᠪᠠᠷᠢᠯᠭ᠎ᠠ ᠶᠢ ᠨᠤᠷᠠᠭᠠᠬᠤ ᠥᠬᠡᠶ ᠰᠠᠭᠤᠷᠢᠨ ᠳᠡᠭᠡᠷ᠎ᠡ ᠦᠷᠭᠦᠯᠵᠢᠯᠡᠨ ᠪᠠᠶᠢᠭᠤᠯᠵᠤ ᠪᠣᠯᠤᠨ᠎ᠠ᠂ ᠦᠷᠭᠦᠯᠵᠢᠯᠡᠨ ᠪᠠᠶᠢᠭᠤᠯᠬᠤ ᠲᠥᠰᠦᠯ ᠢ ᠵᠡᠷᠭᠡ ᠳᠤ ᠨᠢ ᠲᠣᠭᠲᠠᠭᠠᠵᠤ᠂ ᠦᠷᠭᠦᠯᠵᠢᠯᠡᠨ ᠪᠠᠶᠢᠭᠤᠯᠬᠤ ᠭᠤᠤᠯ ᠴᠣᠭᠴᠠ ᠶᠢ ᠨᠠᠶᠢᠳᠠᠪᠤᠷᠢᠵᠢᠭᠤᠯᠤᠨ᠂ ᠪᠠᠷᠢᠯᠭ᠎ᠠ ᠳᠠᠭᠤᠰᠬᠠᠬᠤ ᠴᠠᠭ ᠬᠤᠭᠤᠴᠠᠭ᠎ᠠ ᠶᠢ ᠠᠮᠠᠯᠠᠨ᠎ᠠ᠃      ⒊ᠢᠳᠡᠪᠬᠢᠲᠡᠢ ᠵᠢᠯᠦᠭᠤᠳᠴᠤ ᠠᠰᠢᠭᠯᠠᠯᠲᠠ ᠳᠤ ᠣᠷᠣᠭᠤᠯᠤᠨ᠎ᠠ᠃ ᠪᠡᠯᠡ ᠮᠥᠩᠭᠦ ᠳᠤᠲᠠᠭᠰᠠᠨ ᠠᠴᠠ ᠦᠷᠭᠦᠯᠵᠢᠯᠡᠨ ᠪᠦᠲᠦᠭᠡᠨ ᠪᠠᠶᠢᠭᠤᠯᠵᠤ ᠴᠢᠳᠠᠬᠤ ᠦᠭᠡᠢ ᠪᠠᠷᠢᠯᠭ᠎ᠠ ᠶᠢᠨ ᠥᠷᠢ ᠰᠢᠷᠢ ᠶᠢ ᠲᠠᠬᠢᠨ ᠲᠣᠬᠢᠷᠠᠭᠤᠯᠬᠤ᠂ ᠲᠠᠮᠫᠤᠷᠠᠯ ᠢ ᠢᠯᠭᠠᠷᠠᠭᠤᠯᠤᠨ ᠪᠣᠳᠣᠬᠤ ᠠᠷᠭ᠎ᠠ ᠪᠠᠷ ᠥᠷᠢ ᠰᠢᠷᠢ ᠶᠢᠨ ᠵᠢᠭᠤᠷᠠᠯᠳᠤᠭᠠᠨ ᠢ ᠰᠢᠢᠳᠪᠣᠷᠢᠯᠡᠵᠣ᠂ ᠨᠡᠶᠢᠭᠡᠮ ᠤᠨ ᠡᠳ᠋ ᠬᠥᠷᠥᠩᠭᠡ ᠶᠢ ᠢᠳᠡᠪᠬᠢᠲᠡᠢ ᠵᠢᠯᠦᠭᠤᠳᠴᠤ ᠬᠤᠷᠰᠢᠯᠴᠠᠭ᠎ᠠ ᠳᠤ ᠣᠷᠣᠯᠴᠠᠭᠤᠯᠤᠨ᠂ ᠨᠥᠬᠦᠴᠡᠯ ᠲᠠᠢ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠤᠨ ᠬᠤᠳᠠᠯᠳᠤᠨ ᠠᠪᠬᠤ᠂ ᠦᠷᠭᠦᠯᠵᠢᠯᠡᠨ ᠪᠠᠶᠢᠭᠤᠯᠬᠤ᠂ ᠨᠡᠭᠡᠭᠡᠨ ᠬᠥᠭᠵᠢᠭᠦᠯᠬᠦ ᠶᠢ ᠵᠣᠷᠢᠭᠵᠢᠭᠤᠯᠬᠤ ᠶᠢᠨ ᠳᠠᠭᠠᠤ ᠲᠥᠷᠥ ᠶᠢᠨ ᠪᠣᠳᠤᠯᠭ᠎ᠠ ᠶᠢᠨ ᠴᠢᠨᠠᠷᠲᠠᠢ ᠨᠡᠭᠡᠭᠡᠨ ᠬᠥᠭᠵᠢᠭᠦᠯᠬᠦ ᠮᠥᠩᠭᠦᠨ ᠭᠦᠢᠯᠭᠡᠭᠡᠨ ᠤ ᠪᠠᠭᠠᠵᠢ ᠶᠢ ᠵᠣᠬᠢᠰᠲᠠᠢ ᠠᠰᠢᠭᠯᠠᠵᠤ ︽ᠳᠤᠲᠠᠭᠤ ᠲᠤᠷᠭᠤᠨ︾ ᠪᠠᠷᠢᠯᠭ᠎ᠠ ᠶᠢ ᠪᠦᠲᠦᠭᠡᠨ ᠪᠠᠶᠢᠭᠤᠯᠬᠤ ᠭᠤᠣᠯ ᠴᠣᠭᠴᠠ ᠳᠤ ᠪᠡᠯᠡ ᠮᠥᠩᠭᠦᠨ ᠤ ᠳᠡᠮᠵᠢᠯᠭᠡ ᠦᠵᠡᠭᠦᠯᠦᠨ᠎ᠡ᠃       ⒋ᠬᠠᠤᠯᠢ ᠴᠠᠭᠠᠵᠠ ᠪᠠᠷ ᠰᠢᠢᠳᠪᠦᠷᠢᠯᠡᠬᠦ ᠶᠢ ᠲᠦᠷᠭᠡᠳᠬᠡᠨ᠎ᠡ᠃ ᠪᠣᠳᠣᠯᠢᠶᠠᠨᠲᠠᠢ ᠥᠷᠢ ᠰᠢᠷᠢ᠂ ᠵᠣᠬᠢᠴᠠᠭᠤᠯᠬᠤ ᠳᠤ ᠬᠦᠴᠢᠷᠲᠡᠢ ᠪᠠᠷᠢᠯᠭ᠎ᠠ ᠶᠢ ᠬᠠᠤᠯᠢ ᠴᠠᠭᠠᠵᠠ ᠶᠢᠨ ᠠᠷᠭ᠎ᠠ ᠵᠠᠮ ᠢᠶᠠᠷ ᠰᠢᠭᠦᠬᠦ ᠬᠤᠷᠢᠶ᠎ᠠ ᠵᠡᠷᠭᠡ ᠬᠠᠤᠯᠢ ᠴᠠᠭᠠᠵᠠ ᠶᠢᠨ ᠪᠠᠶᠢᠭᠤᠯᠤᠮᠵᠢ ᠪᠠᠷ ᠰᠢᠢᠳᠪᠦᠷᠢᠯᠡᠭᠦᠯᠦᠨ᠎ᠡ᠃ ᠰᠢᠭᠦᠬᠦ ᠬᠤᠷᠢᠶ᠎ᠠ ᠶᠢᠨ ᠰᠢᠭᠦᠨ ᠲᠠᠰᠤᠯᠤᠯᠲᠠ ᠪᠠᠷ ᠨᠤᠲᠠᠯᠠᠨ ᠲᠣᠭᠲᠠᠭᠠᠭᠰᠠᠨ ᠥᠷᠢ ᠰᠢᠷᠢ ᠶᠢᠨ ᠬᠠᠷᠢᠴᠠᠭ᠎ᠠ ᠶᠢ ᠰᠢᠭᠦᠬᠦ ᠬᠤᠷᠢᠶ᠎ᠠ ᠶᠢᠨ ᠰᠢᠭᠦᠨ ᠲᠠᠰᠤᠯᠤᠯᠲᠠ ᠳᠤ ᠦᠨᠳᠦᠰᠦᠯᠡᠨ ᠬᠤᠯᠪᠣᠭᠳᠠᠯ ᠪᠦᠬᠦᠢ ᠭᠠᠷᠳᠠᠮ ᠢ ᠲᠦᠷᠭᠡᠨ ᠭᠦᠢᠴᠡᠳᠬᠡᠵᠦ᠂ ᠪᠡᠯᠡ ᠣᠷᠣᠭᠤᠯᠬᠤ ᠭᠤᠣᠯ ᠴᠣᠭᠴᠠ ᠶᠢ ᠳᠣᠲᠤᠷᠬᠠᠶᠢᠯᠠᠨ᠂ ᠲᠥᠷᠥᠯ ᠵᠦᠢᠯ ᠤᠨ ᠬᠡᠷᠡᠭᠵᠢᠭᠦᠯᠦᠯᠲᠡ ᠶᠢ ᠠᠬᠢᠭᠤᠯᠤᠨ᠎ᠠ︔ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠨᠢᠭᠡᠴᠢ ᠶᠢᠨ ᠭᠤᠣᠯ ᠴᠣᠭᠴᠠ ᠦᠭᠡᠢ ᠪᠣᠯ᠂ ᠥᠷᠢ ᠰᠢᠷᠢ ᠵᠡᠷᠭᠡ ᠡᠳ᠋ ᠬᠥᠷᠥᠩᠭᠡ ᠨᠢ ᠳᠣᠲᠤᠷᠬᠠᠢ ᠪᠠᠶᠢᠬᠤ ᠤᠷᠢᠳᠠᠯ ᠳᠣᠣᠷ᠎ᠠ᠂ ︽ᠳᠤᠲᠠᠭᠤ ᠲᠤᠷᠭᠤᠨ︾ ᠪᠠᠷᠢᠯᠭ᠎ᠠ ᠶᠢᠨ ᠲᠥᠷᠥᠯ ᠵᠦᠢᠯ ᠤᠨ ᠡᠳ᠋ ᠬᠥᠷᠥᠩᠭᠡ ᠶᠢ ᠬᠠᠤᠯᠢ ᠶᠣᠰᠣᠭᠠᠷ ᠦᠨ᠎ᠡ ᠬᠠᠶᠠᠵᠤ ᠬᠤᠳᠠᠯᠳᠤᠨ᠂ ᠦᠨ᠎ᠡ ᠬᠠᠶᠠᠵᠤ ᠬᠤᠳᠠᠯᠳᠤᠭᠰᠠᠨ ᠪᠡᠯᠡ ᠮᠥᠩᠭᠦ ᠶᠢ ᠲᠣᠰ ᠲᠥᠷᠥᠯ ᠵᠦᠢᠯ ᠤᠨ ᠥᠷᠢ ᠰᠢᠷᠢ ᠶᠢ ᠰᠢᠢᠳᠪᠣᠷᠢᠯᠡᠬᠦ ᠳᠤ ᠬᠡᠷᠡᠭᠯᠡᠨ᠎ᠡ︔ ᠪᠣᠳᠣᠯᠢᠶᠠᠨᠲᠠᠢ ᠥᠷᠢ ᠰᠢᠷᠢ᠂ ᠵᠣᠬᠢᠴᠠᠭᠤᠯᠬᠤ ᠳᠤ ᠬᠦᠴᠢᠷᠲᠡᠢ ︽ᠳᠤᠲᠠᠭᠤ ᠲᠤᠷᠭᠤᠨ︾ ᠪᠠᠷᠢᠯᠭ᠎ᠠ ᠶᠢᠨ ᠲᠥᠷᠥᠯ ᠵᠦᠢᠯ ᠢ ︽ᠠᠷᠠᠳ ᠤᠨ ᠵᠥᠷᠢᠴᠡᠯ ᠤᠨ ᠡᠶᠡᠳᠡᠭᠦᠯᠭᠡ + ᠬᠠᠤᠯᠢ ᠴᠠᠭᠠᠵᠠ ᠶᠢᠨ ᠨᠤᠲᠠᠯᠠᠯᠲᠠ︾ ᠪᠠᠷ ᠲᠣᠬᠢᠲᠠᠢ ᠰᠢᠢᠳᠪᠦᠷᠢᠯᠡᠨ᠎ᠡ᠃       ⒌ ᠬᠠᠤᠯᠢ ᠲᠣᠭᠲᠠᠭᠠᠯ ᠶᠣᠰᠣᠭᠠᠷ ᠨᠤᠷᠠᠭᠠᠨ᠎ᠠ᠃ ᠨᠤᠷᠠᠭᠠᠵᠤ ᠲᠥᠪᠬᠢᠨᠡᠭᠦᠯᠬᠦ ᠲᠠᠢ ᠬᠤᠯᠪᠣᠭᠳᠠᠬᠤ ᠦᠭᠡᠢ ᠴᠤ ᠬᠤᠲᠠ ᠶᠢᠨ ᠦᠵᠡᠮᠵᠢ ᠶᠢ ᠬᠦᠨᠳᠦ ᠨᠣᠴᠢᠲᠠᠢ ᠨᠥᠯᠥᠭᠡᠯᠡᠭᠰᠡᠨ᠂ ᠪᠦᠲᠦᠭᠡᠨ ᠪᠠᠶᠢᠭᠤᠯᠬᠤ ᠭᠠᠷᠳᠠᠮ ᠢ ᠨᠥᠬᠦᠵᠦ ᠭᠦᠢᠴᠡᠳᠬᠡᠵᠦ ᠴᠢᠳᠠᠬᠤ ᠦᠭᠡᠢ ᠮᠥᠷᠲᠡᠭᠡᠨ ᠣᠳᠣ ᠶᠢᠨ ᠬᠡᠷᠡᠭᠵᠢᠭᠦᠯᠵᠦ ᠪᠠᠶᠢᠭ᠎ᠠ ᠲᠥᠯᠥᠪᠵᠢᠭᠦᠯᠭᠡ᠂ ᠪᠠᠷᠢᠯᠭ᠎ᠠ ᠶᠢᠨ ᠠᠮᠤᠷ ᠲᠦᠪᠰᠢᠨ ᠵᠢᠴᠢ ᠵᠠᠬ᠎ᠠ ᠳᠡᠯᠭᠡᠭᠦᠷ ᠤᠨ ᠬᠡᠷᠡᠭᠴᠡᠭᠡ ᠲᠠᠢ ᠨᠡᠶᠢᠴᠡᠬᠦ ᠦᠬᠡᠢ ︽ᠲᠤᠲᠠᠭᠤ ᠲᠤᠷᠭᠤᠨ︾ ᠪᠠᠷᠢᠯᠭ᠎ᠠ ᠶᠢ ᠬᠠᠤᠯᠢ ᠲᠣᠭᠲᠠᠭᠠᠯ ᠶᠣᠰᠣᠭᠠᠷ ᠴᠡᠭᠴᠡᠯᠡᠬᠦ ᠪᠤᠶᠤ ᠨᠤᠷᠠᠭᠠᠨ᠎ᠠ᠃       ⒍ᠨᠤᠷᠠᠭᠠᠬᠤ ᠲᠥᠷᠥᠯ ᠵᠦᠢᠯ ᠢ ᠰᠢᠢᠳᠪᠦᠷᠢᠯᠡᠨ᠎ᠡ᠃ ᠬᠠᠤᠯᠢ ᠲᠣᠭᠲᠠᠭᠠᠯ ᠶᠣᠰᠣᠭᠠᠷ ᠴᠡᠭᠴᠡᠯᠡᠵᠦ ᠨᠤᠷᠠᠭᠠᠬᠤ ᠲᠥᠷᠥᠯ ᠵᠦᠢᠯ ᠢ ᠬᠢᠨᠠᠨ ᠵᠥᠪᠰᠢᠶᠡᠷᠡᠬᠦ ᠪᠠᠶᠢᠭᠤᠯᠭ᠎ᠠ ᠲᠠᠢ ᠴᠠᠭ ᠳᠠᠷᠤᠢ ᠲᠤᠨᠢ ᠬᠠᠷᠢᠯᠴᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠯᠡ ᠣᠷᠣᠭᠤᠯᠤᠭᠰᠠᠨ ᠲᠥᠷᠥᠯ ᠵᠦᠢᠯ ᠢ ᠰᠦᠯᠵᠢᠶᠡᠨ ᠳᠡᠭᠡᠷ᠎ᠡ ᠭᠦᠢᠴᠡᠳᠬᠡᠬᠦ ᠲᠢᠩᠭᠢᠮ ᠢᠶᠠᠷ ᠨᠡᠶᠢᠲᠡᠯᠡᠵᠦ ᠪᠣᠯᠬᠤ ᠡᠰᠡᠬᠦ ᠶᠢ  ᠠᠰᠠᠭᠤᠨ᠂ ᠨᠡᠶᠢᠲᠡᠯᠡᠬᠦ ᠬᠤᠭᠤᠴᠠᠭ᠎ᠠ ᠳᠠᠭᠤᠰᠤᠭᠰᠠᠨ ᠤ ᠳᠠᠷᠠᠭ᠎ᠠ᠂ ᠬᠢᠨᠠᠨ ᠵᠥᠪᠰᠢᠶᠡᠷᠡᠬᠦ ᠪᠠᠶᠢᠭᠤᠯᠭ᠎ᠠ ᠠᠴᠠ ᠨᠢᠭᠡᠳᠦᠯᠲᠡᠢ ᠦᠭᠡᠶᠢᠰᠬᠡᠬᠦ ᠠᠷᠭ᠎ᠠ ᠪᠠᠷ ᠳᠠᠩᠰᠠᠨ ᠠᠴᠠ ᠭᠠᠷᠭᠠᠵᠤ ᠰᠢᠢᠳᠪᠦᠷᠢᠯᠡᠨ᠎ᠡ᠃       ︵ᠭᠤᠷᠪᠡ︶ ᠳᠦᠷᠢᠮ ᠲᠣᠭᠲᠠᠭᠠᠯ ᠲᠣᠭᠲᠠᠭᠠᠨ᠎ᠠ᠃ ᠡᠯ᠎ᠡ ᠠᠵᠢᠯ ᠲᠥᠷᠥᠯ ᠤᠨ ᠭᠤᠣᠯᠯᠠᠨ ᠬᠠᠮᠢᠶᠠᠷᠬᠤ ᠪᠠᠶᠢᠭᠤᠯᠭ᠎ᠠ ᠳᠦᠷᠢᠮ ᠤᠨ ᠲᠣᠭᠲᠠᠴᠠ ᠶᠢ ᠤᠯᠠᠮ ᠲᠡᠭᠦᠯᠳᠡᠷᠵᠢᠭᠦᠯᠵᠦ᠂ ᠴᠢᠬᠤᠯᠠ ᠶᠡᠭᠡ ᠲᠥᠷᠥᠯ ᠵᠦᠢᠯ ᠤᠨ ᠬᠡᠷᠡᠭᠵᠢᠭᠦᠯᠥᠰᠢᠲᠡᠢ ᠰᠤᠳᠤᠯᠭᠠᠨ ᠢ ᠴᠢᠩᠭᠠᠳᠬᠠᠨ᠂ ᠪᠡᠯᠡ ᠮᠥᠩᠭᠦᠨ ᠤ ᠢᠷᠡᠯᠲᠡ ᠶᠢ ᠪᠠᠲᠤᠯᠠᠵᠤ᠂ ᠲᠥᠷᠥᠯ ᠵᠦᠢᠯ ᠤᠨ ᠦᠷ᠎ᠡ ᠪᠦᠲᠦᠮᠵᠢ ᠶᠢᠨ ᠦᠨᠡᠯᠡᠯᠲᠡ ᠶᠢ ᠤᠷᠢᠳᠴᠢᠯᠠᠨ ᠬᠢᠨ᠎ᠡ᠃ ᠡᠯ᠎ᠡ ᠠᠵᠢᠯ ᠲᠥᠷᠥᠯ ᠤᠨ ᠪᠠᠶᠢᠭᠤᠯᠭ᠎ᠠ ᠬᠢᠨᠠᠨ ᠵᠥᠪᠰᠢᠶᠡᠷᠡᠯ ᠪᠠ ᠬᠠᠮᠢᠶᠠᠷᠤᠯᠲᠠ ᠶᠢ ᠵᠢᠷᠤᠮᠵᠢᠭᠤᠯᠬᠤ ᠳᠦᠷᠢᠮ ᠲᠣᠭᠲᠠᠭᠠᠵᠤ᠂ ᠲᠥᠷᠥᠯ ᠵᠦᠢᠯ ᠤᠨ ᠡᠳᠦᠷ ᠳᠣᠳᠥᠮ ᠤᠨ ᠬᠢᠨᠠᠨ ᠬᠠᠮᠢᠶᠠᠷᠤᠭᠴᠢ ᠬᠢᠨᠠᠨ ᠵᠥᠪᠰᠢᠶᠡᠷᠡᠭᠰᠡᠨ ᠪᠠᠶᠢᠳᠠᠯ ᠶᠣᠰᠣᠭᠠᠷ ᠪᠠᠷᠢᠯᠭ᠎ᠠ ᠶᠢᠨ ᠠᠵᠢᠯ ᠢ ᠬᠠᠮᠢᠶᠠᠷᠤᠨ᠂ ᠰᠢᠢᠳᠪᠦᠷᠢᠲᠦ ᠪᠣᠳᠣᠯᠭ᠎ᠠ ᠭᠠᠷᠭᠠᠬᠤ ᠪᠠᠶᠢᠭᠤᠯᠭ᠎ᠠ ᠬᠠᠤᠯᠢ ᠲᠣᠭᠲᠠᠭᠠᠯ ᠶᠣᠰᠣᠭᠠᠷ ᠰᠢᠢᠳᠪᠦᠷᠢ ᠭᠠᠷᠭᠠᠵᠤ᠂ ᠲᠣᠭᠲᠠᠭᠠᠭᠰᠠᠨ ᠤ ᠳᠠᠷᠠᠭᠠᠬᠢ ᠪᠠᠷᠢᠯᠭ᠎ᠠ ᠶᠢᠨ ᠲᠥᠷᠥᠯ ᠵᠦᠢᠯ ᠢ ᠳᠤᠷ᠎ᠠ ᠪᠠᠷ ᠢᠶᠠᠨ ᠬᠤᠪᠢᠷᠠᠭᠤᠯᠵᠤ ᠲᠣᠬᠢᠷᠠᠭᠤᠯᠵᠤ ᠪᠣᠯᠬᠤ ᠦᠭᠡᠢ᠃ ︽ᠲᠤᠲᠠᠭᠤ ᠲᠤᠷᠭᠤᠨ︾ ᠪᠠᠷᠢᠯᠭ᠎ᠠ ᠶᠢᠨ ᠬᠤᠶᠢᠰᠢᠳᠡ ᠶᠢᠨ ᠠᠵᠢᠯ ᠢ ᠠᠬᠢᠭᠤᠯᠤᠭᠰᠠᠨ ᠪᠠᠶᠢᠳᠠᠯ ᠳᠤ ᠴᠠᠭ ᠳᠠᠷᠤᠢ ᠲᠤᠨᠢ ︽ᠡᠷᠭᠢᠵᠦ ᠬᠠᠷᠠᠬᠤ︾ ᠠᠵᠢᠯᠯᠠᠭ᠎ᠠ ᠥᠷᠨᠢᠭᠦᠯᠦᠨ᠎ᠡ᠃      ︵ᠳᠥᠷᠪᠡ︶ ᠢᠯᠡᠴᠢᠯᠡᠨ ᠮᠡᠳᠡᠭᠦᠯᠬᠦ ᠬᠠᠯᠠᠮᠰᠢᠯ ᠤᠲᠠᠰᠤ ᠭᠠᠷᠭᠠᠨ᠎ᠠ᠃ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠳᠦᠭᠦᠮ ᠦᠵᠡᠭᠦᠯᠬᠦ ᠬᠠᠯᠠᠮᠰᠢᠯ ᠤᠲᠠᠰᠤᠨ ᠳᠤ ︽ᠲᠤᠲᠠᠭᠤ ᠲᠤᠷᠭᠤᠨ︾ ᠪᠠᠷᠢᠯᠭ᠎ᠠ ᠶᠢᠨ ᠠᠰᠠᠭᠤᠳᠠᠯ ᠢ ᠬᠥᠯᠢᠶᠡᠨ ᠰᠢᠢᠳᠪᠦᠷᠢᠯᠡᠬᠦ ᠤᠴᠢᠷ ᠶᠠᠪᠤᠳᠠᠯ ᠢ ᠨᠡᠮᠡᠨ ᠲᠣᠬᠢᠷᠠᠭᠤᠯᠵᠤ᠂ ᠠᠷᠠᠳ ᠣᠯᠠᠨ ᠤ ᠠᠰᠠᠭᠤᠳᠠᠯ ᠢ ᠲᠤᠰᠬᠠᠬᠤ ᠠᠷᠭ᠎ᠠ ᠵᠠᠮ ᠢ ᠰᠢᠯᠤᠭᠤᠳᠬᠠᠨ᠂ ᠡᠯ᠎ᠡ ᠬᠢᠨᠠᠨ ᠵᠥᠪᠰᠢᠶᠡᠷᠡᠬᠦ ᠪᠠᠶᠢᠭᠤᠯᠭ᠎ᠠ᠂ ᠡᠯ᠎ᠡ ᠠᠵᠢᠯ ᠲᠥᠷᠥᠯ ᠤᠨ ᠭᠤᠣᠯᠯᠠᠨ ᠬᠠᠮᠢᠶᠠᠷᠬᠤ ᠪᠠᠶᠢᠭᠤᠯᠭ᠎ᠠ ᠲᠤᠰ ᠪᠠᠶᠢᠭᠤᠯᠭ᠎ᠠ ᠶᠢᠨ ᠢᠶᠠᠨ ᠤᠴᠢᠷ ᠶᠠᠪᠤᠳᠠᠯ ᠢ ᠲᠦᠷᠦᠭᠦᠯᠡᠨ   ᠰᠢᠢᠳᠪᠦᠷᠢᠯᠡᠵᠦ᠂ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠱᠠᠭᠠᠷᠳᠠᠯᠭ᠎ᠠ ᠶᠣᠰᠣᠭᠠᠷ ᠡᠯ᠎ᠡ ᠪᠠᠶᠢᠭᠤᠯᠭ᠎ᠠ ᠶᠢᠨ ᠭᠦᠢᠴᠡᠳᠬᠡᠭᠰᠡᠨ ᠪᠠᠶᠢᠳᠠᠯ ᠢ ᠬᠢᠨᠠᠨ ᠰᠢᠯᠭᠠᠷᠠᠭᠤᠯᠤᠨ᠎ᠠ᠃       ᠲᠠᠪᠤ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ       ︽ᠲᠤᠲᠠᠭᠤ ᠲᠣᠷᠭᠤᠨ︾ ᠪᠠᠷᠢᠯᠭ᠎ᠠ ᠶᠢ ᠪᠠᠶᠢᠴᠠᠭᠠᠵᠤ ᠰᠢᠢᠳᠪᠦᠷᠢᠯᠡᠬᠦ ᠠᠵᠢᠯᠯᠠᠭᠠᠨ ᠤ ᠪᠣᠳᠠᠲᠤ ᠪᠦᠲᠦᠮᠵᠢ ᠶᠢ ᠪᠠᠲᠤᠯᠠᠬᠤ ᠶᠢᠨ ᠲᠤᠰᠠᠳᠠ᠂ ᠬᠤᠰᠢᠭᠤᠨ ᠠᠴᠠ ︽ᠲᠤᠲᠠᠭᠤ ᠲᠣᠷᠭᠤᠨ︾ ᠪᠠᠷᠢᠯᠭ᠎ᠠ ᠶᠢ ᠪᠠᠶᠢᠴᠠᠭᠠᠵᠤ ᠰᠢᠢᠳᠪᠦᠷᠢᠯᠡᠬᠦ ᠠᠵᠢᠯ ᠤᠨ ᠳᠤᠭᠤᠶᠢᠯᠠᠩ ︵ᠳᠣᠷᠣᠭᠰᠢ ᠤᠳᠤᠷᠢᠳᠬᠤ ᠳᠤᠭᠤᠶᠢᠯᠠᠩ ᠭᠡᠵᠤ ᠳᠦᠭᠦᠮᠴᠢᠯᠡᠨ᠎ᠡ︶ ᠢ ᠪᠠᠶᠢᠭᠤᠯᠪᠠ᠃ᠳᠤᠭᠤᠶᠢᠯᠠᠩ ᠤᠨ ᠳᠠᠷᠤᠭ᠎ᠠ᠄ ᠰᠢᠤᠢ ᠷᠦᠢ ᠹᠸᠡᠭ           ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠᠳᠤᠭᠤᠶᠢᠯᠠᠩ ᠤᠨ ᠳᠡᠳ᠋ ᠳᠠᠷᠤᠭ᠎ᠠ᠄ ᠨᠠᠰᠤᠨᠳᠡᠯᠭᠡᠷ          ᠬᠤᠰᠢᠭᠤᠨ ᠤ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ︵ᠪᠠᠶᠢᠩᠭᠤ ᠶᠢᠨ ᠳᠤᠭᠤᠶᠢᠯᠠᠩ ᠤᠨ ᠳᠡᠳ᠋ ᠳᠠᠷᠤᠭ᠎ᠠ︶                     ᠪᠠᠢ ᠴᠣᠭᠵᠢᠯᠲᠤ       ᠣᠲᠤᠭ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢᠪᠦᠷᠢᠯᠳᠦᠬᠦᠨ᠄ ᠸᠠᠩ ᠵᠢᠶᠦ᠋ᠨ                         ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ           ᠣᠷᠣᠭᠰᠢᠯᠠ                           ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ           ᠶᠤᠸᠠᠢ ᠽᠦ ᠫᠸᠡᠭ                       ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶᠠᠨ ᠳᠠᠷᠤᠭ᠎ᠠ         ᠭᠤᠤ ᠭᠤᠸᠠᠩ ᠹᠸᠡᠭ                    ᠬᠤᠰᠢᠭᠤᠨ ᠤ ᠠᠵᠤ ᠦᠢᠯᠡᠳᠪᠦᠷᠢ ᠮᠡᠳᠡᠭᠡ ᠵᠠᠩᠭᠢᠴᠢᠯᠠᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶᠠᠨ ᠳᠠᠷᠤᠭ᠎ᠠ         ᠱᠢ ᠶᠦᠡᠭ ᠹᠸᠡᠭ                       ᠬᠤᠰᠢᠭᠤᠨ ᠤ ᠰᠤᠷᠭᠠᠨ ᠬᠥᠮᠥᠵᠢᠯ ᠪᠠ ᠪᠡᠶ᠎ᠡ ᠶᠢᠨ ᠲᠠᠮᠢᠷ ᠤᠨ ᠲᠣᠪᠴᠢᠶᠠᠨ ᠳᠠᠷᠤᠭ᠎ᠠ         ᠹᠠᠨᠭ᠌ ᠵᠢᠶᠠᠨ ᠶᠦᠨ                      ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠳᠡᠳ᠋ ᠳᠠᠷᠤᠭ᠎ᠠ         ᠡᠤ ᠸᠧᠨ ᠹᠸᠡᠭ                        ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶᠠᠨ ᠳᠠᠷᠤᠭ᠎ᠠ         ᠮᠢ ᠬᠠᠢ ᠹᠸᠢ                          ᠬᠤᠰᠢᠭᠤᠨ ᠤ ᠬᠠᠤᠯᠢ ᠴᠠᠭᠠᠵᠠ ᠶᠢᠨ ᠲᠣᠪᠴᠢᠶᠠᠨ ᠳᠠᠷᠤᠭ᠎ᠠ         ᠵᠠᠩ ᠴᠢᠨ                            ᠬᠤᠰᠢᠭᠤᠨ ᠤ ᠡᠳ᠋ ᠤᠨ ᠵᠠᠰᠠᠭ ᠤᠨ ᠲᠣᠪᠴᠢᠶᠠᠨ ᠳᠠᠷᠤᠭ᠎ᠠ         ᠪᠠᠢ ᠵᠤᠤ ᠰᠢ                          ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠳᠠᠷᠤᠭ᠎ᠠ         ᠯᠠᠨ ᠹᠸᠡᠭ                           ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶᠠᠨ ᠳᠠᠷᠤᠭ᠎ᠠ         ᠴᠢᠶᠣᠣ ᡁᠢ ᠬᠤᠸ᠋ᠨ                     ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶᠠᠨ ᠳᠠᠷᠤᠭ᠎ᠠ         ᠵᠠᠶᠠᠭ᠎ᠠ                              ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠣᠪᠴᠢᠶᠠᠨ ᠳᠠᠷᠤᠭ᠎ᠠ         ᠣᠶᠣᠨᠲᠡᠭᠦᠰ                          ᠬᠤᠰᠢᠭᠤᠨ ᠤ ᠰᠣᠶᠣᠯ ᠵᠢᠭᠤᠯᠴᠢᠯᠠᠯ ᠤᠨ ᠲᠣᠪᠴᠢᠶᠠᠨ ᠳᠠᠷᠤᠭ᠎ᠠ         ᠸᠠᠩ ᠶᠸᠤ ᠯᠢᠨ                       ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ         ᠯᠢ ᠵᠦᠡᠭ                            ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶᠠᠨ ᠳᠠᠷᠤᠭ᠎ᠠ         ᠶᠠᠩ ᠵᠧᠨ ᠫᠢᠡᠭ                      ᠬᠤᠰᠢᠭᠤᠨ ᠤ ᠡᠨᠧᠷᠬᠢ ᠶᠢᠨ ᠲᠣᠪᠴᠢᠶᠠᠨ ᠳᠠᠷᠤᠭ᠎ᠠ         ᠵᠢᠶᠠᠩ ᡁᠢ ᠵᠢᠶᠦ᠋ᠨ                    ᠬᠤᠰᠢᠭᠤᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶᠠᠨ ᠳᠠᠷᠤᠭ᠎ᠠ         ᠼᠦᠢ ᠯᠢᠶᠠᠩ                        ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠤᠨ ᠡᠷᠬᠢᠯᠡᠭᠴᠢ         ᠪᠠᠢ ᠯᠢ                             ᠬᠤᠰᠢᠭᠤᠨ ᠤ ᠠᠯᠪᠠᠨ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠡᠷᠬᠢᠯᠡᠭᠴᠢ         ᠵᠸᠤ ᠬᠠᠢ ᠲᠤᠦ                       ᠬᠤᠰᠢᠭᠤᠨ ᠤ ᠲᠤᠮᠦ ᠳ᠋ᠠᠶᠢᠲᠨ ᠶᠢᠨ ᠲᠥᠪ ᠤᠨ ᠡᠷᠬᠢᠯᠡᠭᠴᠢ       ᠸᠧᠨ ᠬᠤᠢ ᠶᠦᠨ              ᠬᠤᠰᠢᠭᠤᠨ ᠤ ᠵᠠᠰᠠᠭ ᠤᠨ ᠣᠷᠳᠣᠨ ᠤ ᠪᠡᠯᠡ ᠣᠷᠣᠭᠤᠯᠤᠭᠰᠠᠨ ᠲᠥᠷᠥᠯ ᠵᠦᠢᠯ ᠢ ᠣᠷᠣᠯᠠᠨ ᠪᠠᠶᠢᠭᠤᠯᠬᠤ ᠲᠥᠪ ᠤᠨ ᠡᠷᠬᠢᠯᠡᠭᠴᠢ       ᠡᠤ ᠮᠸᠢ ᠶᠢᠩ                ᠬᠤᠰᠢᠭᠤᠨ ᠤ ᠨᠡᠶᠢᠲᠡ ᠶᠢᠨ ᠦᠢᠯᠡᠰ ᠤᠨ ᠦᠢᠯᠡᠴᠢᠯᠡᠭᠡᠨ ᠤ ᠲᠥᠪ ᠤᠨ ᠡᠷᠬᠢᠯᠡᠭᠴᠢ       ᠤᠳᠤᠷᠢᠳᠬᠤ ᠳᠤᠭᠤᠶᠢᠯᠠᠩ ᠤᠨ ᠳᠣᠣᠷ᠎ᠠ ᠠᠯᠪᠠᠨ ᠭᠡᠷ ᠭᠠᠷᠭᠠᠨ᠂ ᠠᠯᠪᠠᠨ ᠭᠡᠷ ᠢ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠳᠤ ᠲᠣᠬᠢᠷᠠᠭᠤᠯᠵᠤ᠂ ︽ᠲᠤᠲᠠᠭᠤ ᠲᠤᠷᠭᠤᠨ︾ ᠪᠠᠷᠢᠯᠭ᠎ᠠ ᠶᠢ ᠪᠠᠶᠢᠴᠠᠭᠠᠵᠤ ᠰᠢᠢᠳᠪᠦᠷᠢᠯᠡᠬᠦ ᠠᠵᠢᠯ ᠤᠨ ᠡᠳᠦᠷ ᠳᠣᠳᠥᠮ ᠤᠨ ᠠᠵᠢᠯ ᠢ ᠲᠣᠬᠢᠷᠠᠭᠤᠯᠬᠤ᠂ ᠬᠢᠨᠠᠨ ᠵᠢᠯᠦᠭᠤᠳᠴᠤ ᠮᠡᠳᠡᠭᠡᠯᠡᠬᠦ᠂ ᠠᠬᠢᠭᠤᠯᠵᠤ ᠨᠠᠶᠢᠳᠠᠪᠤᠷᠢᠵᠢᠭᠤᠯᠬᠤ ᠵᠡᠷᠭᠡ ᠠᠵᠢᠯ ᠢ ᠬᠠᠷᠢᠭᠤᠴᠠᠨ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠣᠷᠣᠭᠰᠢᠯᠠ ᠬᠠᠪᠰᠤᠷᠭᠠᠨ ᠡᠭᠦᠷᠭᠡᠯᠡᠵᠦ᠂ ᠠᠯᠪᠠᠨ ᠭᠡᠷ ᠤᠨ ᠠᠵᠢᠯᠲᠠᠨ ᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠣᠷᠣᠯᠠᠨ ᠪᠠᠶᠢᠭᠤᠯᠬᠤ ᠲᠥᠪ᠂ ᠨᠡᠶᠢᠲᠡ ᠶᠢᠨ ᠦᠢᠯᠡᠰ ᠤᠨ ᠦᠢᠯᠡᠴᠢᠯᠡᠭᠡᠨ ᠤ ᠲᠥᠪ ᠵᠡᠷᠭᠡ ᠪᠦᠷᠢᠯᠳᠦᠬᠦᠨ ᠨᠢᠭᠡᠴᠢ ᠠᠴᠠ ᠰᠢᠯᠵᠢᠭᠦᠯᠦᠨ ᠬᠡᠷᠡᠭᠯᠡᠨ᠎ᠡ᠃       ᠵᠢᠷᠭᠤᠭ᠎ᠠ᠂ ᠴᠠᠭ ᠤᠨ ᠲᠣᠬᠢᠷᠠᠭᠤᠯᠭ᠎ᠠ       ︵ᠨᠢᠭᠡ︶ ᠪᠠᠶᠢᠷᠢᠯᠠᠭᠤᠯᠬᠤ ᠱᠠᠲᠤ ︵2022 ᠣᠨ ᠤ 8 ᠰᠠᠷ᠎ᠠ ᠶᠢᠨ 16 ᠤ ᠡᠳᠦᠷ︶᠃ ︽ᠣᠲᠤᠭ ᠬᠤᠰᠢᠭᠤᠨ ᠤ ︿ᠲᠤᠲᠠᠭᠤ ᠲᠤᠷᠭᠤᠨ﹀ ᠪᠠᠷᠢᠯᠭ᠎ᠠ ᠶᠢ ᠨᠠᠷᠢᠨ ᠪᠠᠶᠢᠴᠠᠭᠠᠵᠤ ᠰᠢᠢᠳᠪᠦᠷᠢᠯᠡᠬᠦ ᠠᠵᠢᠯ ᠤᠨ ᠲᠥᠰᠥᠯ︾ ᠢ ᠳᠠᠷᠤᠮᠠᠯᠯᠠᠨ ᠲᠠᠷᠬᠠᠭᠠᠵᠤ᠂ ᠤᠳᠤᠷᠢᠳᠬᠤ ᠳᠤᠭᠤᠶᠢᠯᠠᠩ ᠪᠠᠶᠢᠭᠤᠯᠤᠨ᠎ᠠ᠃ ᠬᠤᠰᠢᠭᠤᠨ ᠤ ᠰᠢᠭᠤᠳ ᠬᠠᠷᠢᠶ᠎ᠠ ᠡᠯ᠎ᠡ ᠠᠵᠢᠯ ᠲᠥᠷᠥᠯ ᠤᠨ ᠭᠤᠣᠯᠯᠠᠨ ᠬᠠᠮᠢᠶᠠᠷᠬᠤ ᠪᠠᠶᠢᠭᠤᠯᠭ᠎ᠠ ᠪᠣᠳᠠᠲᠤ ᠠᠵᠢᠯ ᠤᠨ ᠲᠥᠰᠥᠯ ᠲᠣᠭᠲᠠᠭᠠᠵᠤ᠂ ᠲᠤᠰ ᠠᠵᠢᠯ ᠲᠥᠷᠥᠯ ᠤᠨ ︽ᠲᠤᠲᠠᠭᠤ ᠲᠤᠷᠭᠤᠨ︾ ᠪᠠᠷᠢᠯᠭ᠎ᠠ ᠶᠢ ᠰᠢᠢᠳᠪᠦᠷᠢᠯᠡᠬᠦ ᠪᠠᠷᠢᠮᠵᠢᠶ᠎ᠠ ᠶᠢ ᠲᠣᠳᠣᠷᠬᠠᠶᠢᠯᠠᠨ᠎ᠠ᠃       ︵ᠬᠤᠶᠠᠷ︶ ᠪᠠᠶᠢᠳᠠᠯ ᠢ ᠣᠶᠢᠯᠠᠭᠠᠬᠤ ᠱᠠᠲᠤ ︵2022 ᠣᠨ ᠤ 8 ᠰᠠᠷ᠎ᠠ ᠶᠢᠨ 16 ᠤ ᠡᠳᠦᠷ ᠠᠴᠠ 8 ᠰᠠᠷ᠎ᠠ ᠶᠢᠨ 31 ᠤ ᠡᠳᠦᠷ ᠬᠦᠷᠲᠡᠯ᠎ᠡ︶᠃ ︽ᠲᠤᠲᠠᠭᠤ ᠲᠤᠷᠭᠤᠨ︾ ᠪᠠᠷᠢᠯᠭ᠎ᠠ ᠶᠢ ᠪᠦᠬᠦ ᠲᠠᠯ᠎ᠠ ᠪᠠᠷ ᠣᠶᠢᠯᠠᠭᠠᠵᠤ᠂ 8 ᠰᠠᠷ᠎ᠠ ᠶᠢᠨ 31 ᠤ ᠡᠳᠦᠷ ᠠᠴᠠ ᠡᠮᠦᠨ᠎ᠡ᠂ ᠬᠤᠰᠢᠭᠤᠨ ᠤ ᠰᠢᠭᠤᠳ ᠬᠠᠷᠢᠶ᠎ᠠ ᠡᠯ᠎ᠡ ᠪᠠᠶᠢᠭᠤᠯᠭ᠎ᠠ ᠬᠤᠰᠢᠭᠤᠨ ᠤ ᠬᠢᠨᠠᠨ ᠵᠥᠪᠰᠢᠶᠡᠷᠡᠬᠦ ᠪᠠᠶᠢᠭᠤᠯᠭ᠎ᠠ ᠲᠠᠢ ᠬᠠᠮᠲᠤᠪᠠᠷ ᠬᠤᠰᠢᠭᠤᠨ ᠤ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ ︽ᠲᠤᠲᠠᠭᠤ ᠲᠤᠷᠭᠤᠨ︾ ᠪᠠᠷᠢᠯᠭ᠎ᠠ ᠶᠢᠨ ᠡᠬᠡ ᠳᠠᠩᠰᠠ ᠶᠢ ᠮᠡᠳᠡᠭᠦᠯᠦᠨ᠎ᠡ᠃       ︵ᠭᠤᠷᠪᠡ︶ ᠰᠢᠢᠳᠪᠦᠷᠢᠯᠡᠬᠦ ᠠᠷᠭ᠎ᠠ ᠲᠥᠰᠥᠯ ᠳᠤᠷᠠᠳᠤᠨ᠎ᠠ ︵2022 ᠣᠨ ᠤ 9 ᠰᠠᠷ᠎ᠠ ᠶᠢᠨ 1 ᠤ ᠡᠳᠦᠷ ᠠᠴᠠ 10 ᠰᠠᠷ᠎ᠠ ᠶᠢᠨ 31 ᠤ ᠡᠳᠦᠷ ᠬᠦᠷᠲᠡᠯ᠎ᠡ︶᠃ ︽ᠨᠢᠭᠡ ᠲᠥᠷᠥᠯ ᠵᠦᠢᠯ ᠳᠤ ᠨᠢᠭᠡ ᠲᠥᠰᠥᠯ ᠲᠣᠭᠲᠠᠭᠠᠬᠤ︾ ᠵᠠᠷᠴᠢᠮ ᠶᠣᠰᠣᠭᠠᠷ᠂ ᠨᠢᠭᠡ ᠨᠢᠭᠡ ᠪᠠᠷ ᠰᠢᠢᠳᠪᠦᠷᠢᠯᠡᠬᠦ ᠲᠥᠰᠥᠯ ᠪᠠ ᠰᠠᠨᠠᠯ ᠳᠤᠷᠠᠳᠴᠤ᠂ ᠰᠢᠢᠳᠪᠦᠷᠢᠯᠡᠬᠦ ᠠᠷᠭ᠎ᠠ ᠪᠠᠷᠢᠯ᠂ ᠪᠡᠶᠡᠯᠡᠭᠦᠯᠬᠦ ᠴᠠᠭ ᠤᠨ ᠬᠢᠵᠠᠭᠠᠷᠯᠠᠯ᠂ ᠬᠠᠷᠢᠭᠤᠴᠠᠯᠭᠠᠲᠤ ᠪᠠᠶᠢᠭᠤᠯᠭ᠎ᠠ ᠪᠠ ᠬᠠᠷᠢᠭᠤᠴᠠᠯᠭᠠᠲᠠᠨ ᠢ ᠲᠣᠳᠣᠷᠬᠠᠶᠢᠯᠠᠨ᠎ᠠ᠃       ︵ᠳᠥᠷᠪᠡ︶ ᠲᠥᠪᠯᠡᠷᠡᠭᠦᠯᠦᠨ ᠰᠢᠢᠳᠪᠦᠷᠢᠯᠡᠬᠦ ᠱᠠᠲᠤ ︵2022 ᠣᠨ ᠤ 11 ᠰᠠᠷ᠎ᠠ ᠶᠢᠨ 1 ᠤ ᠡᠳᠦᠷ ᠠᠴᠠ 2023 ᠣᠨ ᠤ 12 ᠰᠠᠷ᠎ᠠ ᠶᠢᠨ 31 ᠤ ᠡᠳᠦᠷ ᠬᠦᠷᠲᠡᠯ᠎ᠡ︶᠃ ᠬᠤᠰᠢᠭᠤᠨ ᠤ ᠰᠢᠭᠤᠳ ᠬᠠᠷᠢᠶ᠎ᠠ ᠡᠯ᠎ᠡ ᠠᠵᠢᠯ ᠲᠥᠷᠥᠯ ᠤᠨ ᠭᠤᠣᠯᠯᠠᠨ ᠬᠠᠮᠢᠶᠠᠷᠬᠤ ᠪᠠᠶᠢᠭᠤᠯᠭ᠎ᠠ ᠬᠤᠰᠢᠭᠤᠨ ᠤ ᠬᠢᠨᠠᠨ ᠵᠥᠪᠰᠢᠶᠡᠷᠡᠬᠦ ᠪᠠᠶᠢᠭᠤᠯᠭ᠎ᠠ ᠲᠠᠢ ᠬᠠᠮᠲᠤᠪᠠᠷ ︽ᠲᠤᠲᠠᠭᠤ ᠲᠤᠷᠭᠤᠨ︾ ᠪᠠᠷᠢᠯᠭ᠎ᠠ ᠶᠢ ᠲᠥᠪᠯᠡᠷᠡᠭᠦᠯᠦᠨ ᠰᠢᠢᠳᠪᠣᠷᠢᠯᠡᠵᠣ᠂ ᠪᠣᠭᠤᠮᠳᠡ ᠰᠢᠪᠲᠤᠯᠬᠤ ᠡᠷᠴᠢᠮ ᠢ ᠴᠢᠩᠭᠠᠷᠠᠭᠤᠯᠤᠨ᠂ ᠡᠯ᠎ᠡ ᠲᠠᠯ᠎ᠠ ᠶᠢᠨ ᠡᠬᠢ ᠪᠠᠶᠠᠯᠢᠭ ᠢ ᠨᠢᠭᠡᠳᠬᠡᠵᠦ᠂ ︽ᠲᠤᠲᠠᠭᠤ ᠲᠤᠷᠭᠤᠨ︾ ᠪᠠᠷᠢᠯᠭ᠎ᠠ ᠶᠢ ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠎ᠠ᠃ ᠬᠤᠰᠢᠭᠤᠨ ᠤ ᠰᠢᠭᠤᠳ ᠬᠠᠷᠢᠶ᠎ᠠ ᠡᠯ᠎ᠡ ᠠᠵᠢᠯ ᠲᠥᠷᠥᠯ ᠤᠨ ᠪᠠᠶᠢᠭᠤᠯᠭ᠎ᠠ ︽ᠲᠤᠲᠠᠭᠤ ᠲᠤᠷᠭᠤᠨ︾ ᠪᠠᠷᠢᠯᠭ᠎ᠠ ᠶᠢ ᠳᠠᠩᠰᠠᠨ ᠠᠴᠠ ᠭᠠᠷᠭᠠᠬᠤ ᠠᠵᠢᠯ ᠢ ᠬᠠᠷᠢᠭᠤᠴᠠᠵᠤ᠂ ᠨᠢᠭᠡ ᠶᠢ ᠠᠰᠢᠭᠯᠠᠯᠲᠠ ᠳᠤ ᠣᠷᠣᠭᠤᠯᠪᠠᠯ᠂ ᠨᠢᠭᠡ ᠶᠢ ᠲᠠᠩᠰᠠᠨ ᠠᠴᠠ ᠬᠠᠰᠤᠨ᠎ᠠ᠃ ︽ᠲᠤᠲᠠᠭᠤ ᠲᠤᠷᠭᠤᠨ︾ ᠪᠠᠷᠢᠯᠭ᠎ᠠ ᠶᠢ ᠪᠠᠶᠢᠴᠠᠭᠠᠵᠤ ᠰᠢᠢᠳᠪᠦᠷᠢᠯᠡᠬᠦ ᠠᠵᠢᠯ ᠤᠨ ᠲᠤᠷᠰᠢᠯᠭ᠎ᠠ ᠶᠢ ᠴᠠᠭ ᠳᠠᠷᠤᠢ ᠲᠤᠨᠢ ᠬᠤᠷᠢᠶᠠᠩᠭᠤᠶᠢᠯᠠᠨ᠎ᠠ᠃        ᠳᠣᠯᠤᠭ᠎ᠠ᠂ ᠠᠵᠢᠯ ᠤᠨ ᠱᠠᠭᠠᠷᠳᠠᠯᠭ᠎ᠠ       ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠨ᠎ᠠ᠃ ᠬᠤᠰᠢᠭᠤᠨ ᠤ ᠰᠢᠭᠤᠳ ᠬᠠᠷᠢᠶ᠎ᠠ ᠡᠯ᠎ᠡ ᠠᠵᠢᠯ ᠲᠥᠷᠥᠯ ᠤᠨ ᠭᠤᠣᠯᠯᠠᠨ ᠬᠠᠮᠢᠶᠠᠷᠬᠤ ᠪᠠᠶᠢᠭᠤᠯᠭ᠎ᠠ᠂ ᠬᠤᠰᠢᠭᠤᠨ ᠤ ᠡᠯ᠎ᠡ ᠬᠢᠨᠠᠨ ᠵᠥᠪᠰᠢᠶᠡᠷᠡᠬᠦ ᠪᠠᠶᠢᠭᠤᠯᠭ᠎ᠠ ︽ᠲᠤᠲᠠᠭᠤ ᠲᠤᠷᠭᠤᠨ︾ ᠪᠠᠷᠢᠯᠭ᠎ᠠ ᠶᠢ ᠪᠠᠶᠢᠴᠠᠭᠠᠵᠤ ᠰᠢᠢᠳᠪᠦᠷᠢᠯᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠠᠶᠢᠭᠤᠯᠭ᠎ᠠ ᠶᠢᠨ ᠬᠤᠪᠢᠶᠠᠨ ᠬᠠᠮᠢᠶᠠᠷᠬᠤ ᠤᠳᠤᠷᠢᠳᠤᠯᠭ᠎ᠠ ᠪᠠ ᠪᠠᠶᠢᠭᠤᠯᠭ᠎ᠠ ᠶᠢᠨ ᠲᠤᠬᠠᠶᠢᠯᠠᠭᠰᠠᠨ ᠠᠵᠢᠯ ᠤᠨ ᠭᠤᠣᠯ ᠠᠵᠢᠯᠲᠠᠨ ᠢᠶᠠᠷ ᠪᠦᠷᠢᠯᠳᠦᠭᠰᠡᠨ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠤᠨ᠂ ᠬᠤᠰᠢᠭᠤᠨ ᠤ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠬᠠᠷᠠᠭᠠᠯᠵᠠᠭᠰᠠᠨ ᠲᠣᠭᠲᠠᠴᠠ ᠪᠠᠶᠢᠭᠤᠯᠵᠤ᠂ ᠡᠭᠦᠷᠭᠡ ᠶᠢ ᠨᠠᠷᠢᠯᠢᠭᠵᠢᠭᠤᠯᠤᠨ᠂ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠲᠥᠷᠥᠯ ᠠᠩᠭᠢᠯᠠᠵᠤ ᠭᠦᠢᠴᠡᠳᠬᠡᠨ᠂ ᠴᠠᠭ ᠳᠠᠷᠤᠢ ᠲᠤᠨᠢ ᠮᠥᠷᠳᠡᠨ ᠳᠠᠭᠠᠵᠤ᠂ ᠬᠤᠭᠤᠴᠠᠭ᠎ᠠ ᠶᠣᠰᠣᠭᠠᠷ ᠪᠣᠳᠠᠲᠤ ᠪᠦᠲᠦᠮᠵᠢ ᠣᠯᠬᠤ ᠶᠢ ᠪᠠᠲᠤᠯᠠᠨ᠎ᠠ᠃ ᠬᠤᠰᠢᠭᠤᠨ ᠤ ᠰᠢᠭᠤᠳ ᠬᠠᠷᠢᠶ᠎ᠠ ᠡᠯ᠎ᠡ ᠠᠵᠢᠯ ᠲᠥᠷᠥᠯ ᠤᠨ ᠭᠤᠣᠯᠯᠠᠨ ᠬᠠᠮᠢᠶᠠᠷᠬᠤ ᠪᠠᠶᠢᠭᠤᠯᠭ᠎ᠠ᠂ ᠬᠤᠰᠢᠭᠤᠨ ᠤ ᠡᠯ᠎ᠡ ᠬᠢᠨᠠᠨ ᠵᠥᠪᠰᠢᠶᠡᠷᠡᠬᠦ ᠪᠠᠶᠢᠭᠤᠯᠭ᠎ᠠ 2022 ᠣᠨ ᠤ 9 ᠰᠠᠷ᠎ᠠ ᠶᠢᠨ 30 ᠤ ᠡᠳᠦᠷ ᠠᠴᠠ ᠡᠮᠦᠨ᠎ᠡ ᠬᠠᠭᠠᠰ ᠰᠠᠷ᠎ᠠ ᠪᠣᠯᠭᠠᠨ ᠳᠤ᠂ 9 ᠰᠠᠷ᠎ᠠ ᠶᠢᠨ 30 ᠤ ᠡᠳᠦᠷ ᠠᠴᠠ ᠬᠤᠶᠢᠰᠢᠬᠢ ᠰᠠᠷ᠎ᠠ ᠪᠣᠯᠭᠠᠨ ᠳᠤ ᠬᠤᠰᠢᠭᠤᠨ ᠤ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ ᠰᠢᠢᠳᠪᠦᠷᠢᠯᠡᠭᠰᠡᠨ ᠠᠬᠢᠴᠠ᠂ ᠣᠷᠣᠰᠢᠵᠤ ᠪᠠᠶᠢᠭ᠎ᠠ ᠠᠰᠠᠭᠤᠳᠠᠯ ᠢ ᠮᠡᠳᠡᠭᠦᠯᠵᠦ᠂ ᠠᠵᠢᠯ ᠤᠨ ᠰᠠᠨᠠᠭᠤᠯᠭ᠎ᠠ ᠳᠤᠷᠠᠳᠤᠨ᠎ᠠ᠃ ᠬᠤᠰᠢᠭᠤᠨ ᠤ ᠵᠠᠬᠢᠳᠠᠯ ᠰᠣᠷᠪᠦᠯᠵᠢᠯᠠᠯ ᠤᠨ ᠪᠠᠶᠢᠭᠤᠯᠭ᠎ᠠ ᠵᠡᠷᠭᠡ ᠬᠠᠮᠢᠶ᠎ᠠ ᠪᠦᠬᠦᠢ ᠪᠠᠶᠢᠭᠤᠯᠭ᠎ᠠ ᠵᠠᠬᠢᠳᠠᠯ ᠰᠣᠷᠪᠦᠯᠵᠢᠯᠠᠭ᠎ᠠ᠂ ᠠᠮᠤᠷ ᠢ ᠬᠠᠮᠠᠭᠠᠯᠠᠬᠤ ᠵᠡᠷᠭᠡ ᠪᠡᠯᠡᠳᠬᠡᠯ ᠲᠥᠰᠥᠯ ᠢ ᠲᠣᠭᠲᠠᠭᠠᠬᠤ ᠠᠵᠢᠯ ᠢ ᠰᠠᠶᠢᠨ ᠬᠢᠵᠤ᠂ ᠬᠤᠰᠢᠭᠤᠨ ᠤ ᠰᠢᠭᠤᠳ ᠬᠠᠷᠢᠶ᠎ᠠ ᠡᠯ᠎ᠡ ᠠᠵᠢᠯ ᠲᠥᠷᠥᠯ ᠤᠨ ᠭᠤᠣᠯᠯᠠᠨ ᠬᠠᠮᠢᠶᠠᠷᠬᠤ ᠪᠠᠶᠢᠭᠤᠯᠭ᠎ᠠ᠂ ᠬᠤᠰᠢᠭᠤᠨ ᠤ ᠡᠯ᠎ᠡ ᠬᠢᠨᠠᠨ ᠵᠥᠪᠰᠢᠶᠡᠷᠡᠬᠦ ᠪᠠᠶᠢᠭᠤᠯᠭ᠎ᠠ ᠶᠢ ᠵᠢᠯᠦᠭᠤᠳᠴᠤ ᠵᠠᠬᠢᠳᠡᠯ ᠰᠣᠷᠪᠦᠯᠵᠢᠯᠠᠭ᠎ᠠ ᠠᠮᠤᠷ ᠢ ᠬᠠᠮᠠᠭᠠᠯᠠᠬᠤ ᠵᠡᠷᠭᠡ ᠠᠵᠢᠯ ᠢ ᠰᠠᠶᠢᠨ ᠬᠢᠨ᠎ᠡ᠃        ︵ᠬᠤᠶᠠᠷ︶ ᠰᠠᠭᠠᠳ ᠦᠭᠡᠢ ᠰᠢᠢᠳᠪᠦᠷᠢᠯᠡᠬᠦ ᠠᠷᠭ᠎ᠠ ᠵᠠᠮ ᠭᠠᠷᠭᠠᠨ᠎ᠠ᠃ ︽ᠲᠤᠲᠠᠭᠤ ᠲᠤᠷᠭᠤᠨ︾ ᠪᠠᠷᠢᠯᠭ᠎ᠠ ᠶᠢᠨ ᠬᠤᠯᠪᠣᠭᠳᠠᠯ ᠪᠦᠬᠦᠢ ᠭᠠᠷᠳᠠᠮ ᠢ ᠭᠦᠢᠴᠡᠳᠬᠡᠬᠦ ᠰᠠᠭᠠᠳ ᠦᠭᠡᠢ ᠠᠷᠭ᠎ᠠ ᠵᠠᠮ ᠢ ᠪᠠᠶᠢᠭᠤᠯᠵᠤ ᠲᠡᠭᠦᠯᠳᠡᠷᠵᠢᠭᠦᠯᠦᠨ᠂ ᠡᠯ᠎ᠡ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠪᠠᠶᠢᠭᠤᠯᠭ᠎ᠠ ᠵᠢᠴᠢ ᠬᠤᠯᠪᠣᠭᠳᠠᠯ ᠪᠦᠬᠦᠢ ᠴᠢᠳᠠᠪᠬᠢᠲᠤ ᠪᠠᠶᠢᠭᠤᠯᠭ᠎ᠠ ᠤᠷᠢᠳᠠᠪᠠᠷ ᠭᠦᠢᠴᠡᠳᠬᠡᠬᠦ᠂ ᠣᠨᠴᠠᠭᠠᠢ ᠤᠴᠢᠷ ᠢ ᠣᠨᠴᠠᠭᠠᠢ ᠭᠦᠢᠴᠡᠳᠬᠡᠬᠦ᠂ ᠬᠤᠯᠪᠣᠭᠠᠯᠠᠨ ᠬᠢᠨᠠᠵᠤ ᠬᠤᠯᠪᠣᠭᠠᠯᠠᠨ ᠭᠦᠢᠴᠡᠳᠬᠡᠬᠦ ᠵᠠᠷᠴᠢᠮ ᠶᠣᠰᠣᠭᠠᠷ᠂ ᠰᠠᠭᠠᠳ ᠦᠭᠡᠢ᠂ ᠲᠦᠷᠭᠡᠨ ᠳᠦᠳᠡ ᠬᠤᠯᠪᠣᠭᠠᠯᠠᠨ ᠬᠢᠨᠠᠨ ᠵᠥᠪᠰᠢᠶᠡᠷᠡᠬᠦ ᠲᠣᠭᠲᠠᠴᠠ ᠶᠢ ᠪᠠᠶᠢᠭᠤᠯᠵᠤ᠂ ᠪᠠᠷᠢᠯᠭ᠎ᠠ ᠶᠢᠨ ᠭᠠᠷᠳᠠᠮ ᠢ ᠲᠦᠷᠭᠡᠨ ᠲᠡᠭᠦᠯᠳᠡᠷᠵᠢᠭᠦᠯᠦᠨ᠂ ᠪᠠᠷᠢᠯᠭ᠎ᠠ ᠶᠢᠨ ᠪᠠᠶᠢᠭᠤᠯᠤᠯᠲᠠ ᠶᠢᠨ ᠠᠬᠢᠴᠠ ᠶᠢ ᠠᠬᠢᠭᠤᠯᠤᠨ᠎ᠠ᠃       ︵ᠭᠤᠷᠪᠡ︶ ᠱᠠᠭᠠᠷᠳᠠᠨ ᠪᠠᠶᠢᠴᠠᠭᠠᠯᠲᠠ ᠶᠢ ᠴᠢᠩᠭᠠᠳᠬᠠᠨ᠎ᠠ᠃ ᠬᠤᠰᠢᠭᠤᠨ ᠤ ᠰᠢᠭᠤᠳ ᠬᠠᠷᠢᠶ᠎ᠠ ᠡᠯ᠎ᠡ ᠠᠵᠢᠯ ᠲᠥᠷᠥᠯ ᠤᠨ ᠭᠤᠣᠯᠯᠠᠨ ᠬᠠᠮᠢᠶᠠᠷᠬᠤ ᠪᠠᠶᠢᠭᠤᠯᠭ᠎ᠠ᠂ ᠬᠤᠰᠢᠭᠤᠨ ᠤ ᠡᠯ᠎ᠡ ᠬᠢᠨᠠᠨ ᠵᠥᠪᠰᠢᠶᠡᠷᠡᠬᠦ ᠪᠠᠶᠢᠭᠤᠯᠭ᠎ᠠ ᠪᠠᠶᠢᠴᠠᠭᠠᠵᠤ‌ᠢ ᠰᠢᠢᠳᠪᠦᠷᠢᠯᠡᠬᠦ ᠠᠵᠢᠯ ᠤᠨ ᠠᠬᠢᠴᠠ ᠳᠤ ᠦᠨᠳᠦᠰᠦᠯᠡᠵᠦ᠂ ᠱᠠᠭᠠᠷᠳᠠᠨ ᠪᠠᠶᠢᠴᠠᠭᠠᠯᠲᠠ ᠶᠢ ᠴᠢᠩᠭᠠᠳᠬᠠᠨ᠂ ︽ᠲᠤᠲᠠᠭᠤ ᠲᠤᠷᠭᠤᠨ︾ ᠪᠠᠷᠢᠯᠭ᠎ᠠ ᠶᠢ ᠪᠠᠶᠢᠴᠠᠭᠠᠵᠤ ᠰᠢᠢᠳᠪᠦᠷᠢᠯᠡᠬᠦ ᠠᠵᠢᠯ ᠢ ︽ᠡᠷᠭᠢᠵᠦ ᠬᠠᠷᠠᠬᠤ︾ ᠠᠵᠢᠯᠯᠠᠭ᠎ᠠ ᠶᠢ ᠴᠠᠭ ᠳᠠᠷᠤᠢ ᠲᠤᠨᠢ ᠥᠷᠨᠢᠭᠦᠯᠵᠦ᠂ ᠠᠵᠢᠯ ᠤᠨ ᠠᠬᠢᠴᠠ ᠪᠠᠷ ᠤᠳᠠᠭᠠᠨ ᠪᠠᠶᠢᠭᠤᠯᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠡᠯᠡᠨ᠂ ᠫᠠᠶᠢᠰᠠ ᠡᠯᠭᠦᠵᠦ ᠱᠠᠭᠠᠷᠳᠠᠨ ᠬᠢᠯᠭᠡᠨ᠎ᠡ᠃ ᠬᠤᠰᠢᠭᠤᠨ ᠤ ᠵᠠᠰᠠᠭ ᠤᠨ ᠣᠷᠳᠣᠨ ᠤ ᠱᠠᠭᠠᠷᠳᠠᠨ ᠪᠠᠶᠢᠴᠠᠭᠠᠬᠤ ᠲᠠᠰᠤᠭ ᠨᠢ ᠬᠥᠭᠵᠢᠭᠦᠯᠦᠯᠲᠡ ᠪᠠ ᠥᠭᠡᠷᠡᠴᠢᠯᠡᠯᠲᠡ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠭᠤᠯᠭ᠎ᠠ ᠲᠠᠢ ᠬᠠᠮᠲᠤᠷᠠᠨ ︽ᠲᠤᠲᠠᠭᠤ ᠲᠤᠷᠭᠤᠨ︾ ᠪᠠᠷᠢᠯᠭ᠎ᠠ ᠶᠢ ᠪᠠᠶᠢᠴᠠᠭᠠᠵᠤ ᠰᠢᠢᠳᠪᠦᠷᠢᠯᠡᠬᠦ ᠠᠵᠢᠯ ᠢ ᠲᠤᠰᠬᠠᠢ ᠱᠠᠭᠠᠷᠳᠠᠨ ᠪᠠᠶᠢᠴᠠᠭᠠᠨ᠎ᠠ᠃ ᠬᠤᠰᠢᠭᠤᠨ ᠤ ᠰᠢᠭᠤᠳ ᠬᠠᠷᠢᠶ᠎ᠠ ᠡᠯ᠎ᠡ ᠠᠵᠢᠯ ᠲᠥᠷᠥᠯ ᠤᠨ ᠭᠤᠣᠯᠯᠠᠨ ᠬᠠᠮᠢᠶᠠᠷᠬᠤ ᠪᠠᠶᠢᠭᠤᠯᠭ᠎ᠠ ᠶᠢᠨ ᠱᠠᠭᠠᠷᠳᠠᠨ ᠪᠠᠶᠢᠴᠠᠭᠠᠯᠲᠠ ᠪᠠᠷ ᠳᠠᠮᠵᠢᠭᠠᠳ ᠮᠦᠨ ᠯᠡ ᠭᠠᠷᠳᠠᠮ ᠭᠦᠢᠴᠡᠳᠬᠡᠵᠦ ᠴᠢᠳᠠᠬᠤ ᠦᠭᠡᠢ ᠲᠥᠷᠥᠯ ᠵᠦᠢᠯ ᠢ ᠬᠤᠰᠢᠭᠤᠨ ᠤ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠠᠢ ᠴᠠᠭ ᠳᠠᠷᠤᠢ ᠲᠤᠨᠢ ᠬᠠᠷᠢᠯᠴᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠯᠡ ᠣᠷᠣᠭᠤᠯᠤᠭᠰᠠᠨ ᠲᠥᠷᠥᠯ ᠵᠦᠢᠯ ᠢ ᠰᠦᠯᠵᠢᠶᠡᠨ ᠳᠡᠭᠡᠷ᠎ᠡ ᠭᠦᠢᠴᠡᠳᠬᠡᠬᠦ ᠲᠢᠩᠭᠢᠮ ᠢᠶᠠᠷ ᠨᠡᠶᠢᠲᠡᠯᠡᠵᠦ ᠪᠣᠯᠬᠤ ᠡᠰᠡᠬᠦ ᠶᠢ ᠠᠰᠠᠭᠤᠨ᠂ ᠨᠡᠶᠢᠲᠡᠯᠡᠬᠦ ᠬᠤᠭᠤᠴᠠᠭ᠎ᠠ ᠳᠠᠭᠤᠰᠤᠭᠰᠠᠨ ᠤ ᠳᠠᠷᠠᠭ᠎ᠠ᠂ ᠬᠢᠨᠠᠨ ᠵᠥᠪᠰᠢᠶᠡᠷᠡᠬᠦ ᠪᠠᠶᠢᠭᠤᠯᠭ᠎ᠠ ᠠᠴᠠ ᠨᠢᠭᠡᠳᠦᠯᠲᠡᠢ ᠦᠭᠡᠶᠢᠰᠬᠡᠬᠦ ᠠᠷᠭ᠎ᠠ ᠪᠠᠷ ᠳᠠᠩᠰᠠᠨ ᠠᠴᠠ ᠭᠠᠷᠭᠠᠵᠤ ᠰᠢᠢᠳᠪᠦᠷᠢᠯᠡᠨ᠎ᠡ᠃ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                           2022 ᠣᠨ ᠤ 8 ᠳ᠋ᠤᠭᠠᠷ ᠰᠠᠷ᠎ᠠ ᠶᠢᠨ 15 ᠤ ᠡᠳᠦᠷ ᠳᠠᠷᠤᠮᠠᠯᠯᠠᠨ ᠲᠠᠷᠬᠠᠭᠠᠪᠠ 
ᠢᠷᠡᠯᠲᠡ᠄ ᠤᠲᠤᠭ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ