1—7 ᠳ᠋ᠤᠭᠠᠷ ᠰᠠᠷ᠎ᠠ ᠳᠤ ᠣᠲᠤᠭ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠦᠶᠯᠡᠴᠢᠯᠡᠭᠡᠨ ᠤ ᠦᠶᠯᠡᠰ ᠲᠣᠭᠲᠠᠭᠤᠨ ᠤ ᠳᠤᠮᠳᠠ ᠰᠠᠶᠢᠵᠢᠷᠠᠵᠤ ᠪᠠᠶᠢᠨ᠎ᠠ
ᠨᠡᠶᠢᠲᠡᠯᠡᠭᠰᠡᠨ ᠴᠠᠭ᠄
2022/9/1
      1—7 ᠳ᠋ᠤᠭᠠᠷ ᠰᠠᠷ᠎ᠠ ᠳᠤ ᠣᠲᠤᠭ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠦᠶᠯᠡᠴᠢᠯᠡᠭᠡᠨ ᠤ ᠦᠶᠯᠡᠰ ᠲᠣᠭᠲᠠᠭᠤᠨ ᠤ ᠳᠤᠮᠳᠠ ᠰᠠᠶᠢᠵᠢᠷᠠᠵᠤ ᠪᠠᠶᠢᠨ᠎ᠠ᠃               1—7 ᠳ᠋ᠤᠭᠠᠷ ᠰᠠᠷ᠎ᠠ ᠳᠤ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠦᠶᠯᠡᠴᠢᠯᠡᠭᠡᠨ ᠤ ᠦᠶᠯᠡᠰ ᠲᠤ ᠲᠣᠭᠲᠠᠭᠤᠨ ᠢᠶᠠᠷ ᠰᠡᠷᠭᠦᠬᠦ ᠪᠠᠶᠢᠳᠠᠯ ᠢᠯᠡᠷᠡᠵᠦ᠂ ᠠᠵᠤ ᠠᠬᠤᠶᠢᠯᠠᠯ ᠤᠨ ᠦᠶᠯᠡᠳᠪᠦᠷᠢᠯᠡᠯ ᠡᠵᠡᠩᠨᠡᠯᠲᠡ ᠲᠣᠭᠲᠠᠭᠤᠨ ᠤ ᠳᠤᠮᠳᠠ ᠰᠠᠶᠢᠵᠢᠷᠠᠵᠤ ᠣᠷᠣᠯᠭ᠎ᠠ ᠠᠰᠢᠭ ᠬᠤᠨᠵᠢᠪᠣᠷᠢ ᠵᠡᠷᠭᠡ ᠪᠠᠷ ᠨᠡᠮᠡᠭᠳᠡᠪᠡ᠃       ᠨᠢᠭᠡ᠂ ᠡᠵᠡᠩᠨᠡᠯᠲᠡ ᠶᠢᠨ ᠣᠷᠣᠯᠭ᠎ᠠ ᠲᠣᠭᠲᠠᠭᠤᠨ ᠢᠶᠠᠷ ᠨᠡᠮᠡᠭᠳᠡᠪᠡ᠃ 1—7 ᠳ᠋ᠤᠭᠠᠷ ᠰᠠᠷ᠎ᠠ ᠳᠤ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠦᠶᠯᠡᠴᠢᠯᠡᠭᠡᠨ ᠤ ᠦᠶᠯᠡᠰ ᠤᠨ ᠡᠵᠡᠩᠨᠡᠯᠲᠡ ᠶᠢᠨ ᠣᠷᠣᠯᠭ᠎ᠠ 19.02 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.21 % ᠪᠠᠷ ᠨᠡᠮᠡᠭᠳᠡᠪᠡ᠃ ᠨᠡᠮᠡᠭᠳᠡᠯ ᠤᠨ ᠬᠤᠷᠳᠤᠴᠠ ᠨᠢ ᠲᠦᠷᠦᠭᠦᠦ ᠰᠠᠷ᠎ᠠ ᠶᠢᠨ ᠬᠢ ᠠᠴᠠ 2.7 ᠵᠠᠭᠤᠨ ᠤ ᠬᠤᠪᠢ ᠪᠠᠭᠤᠷᠠᠪᠠ᠃ ᠠᠵᠢᠯ ᠲᠥᠷᠥᠯ ᠬᠤᠪᠢᠶᠠᠵᠤ ᠦᠵᠡᠪᠡᠯ᠂ ᠡᠵᠡᠩᠨᠡᠯᠲᠡ ᠶᠢᠨ ᠣᠷᠣᠯᠭ᠎ᠠ ᠶᠢᠨ ᠡᠵᠡᠯᠡᠬᠦ ᠬᠠᠷᠢᠴᠠᠯ ᠨᠡᠯᠢᠶᠡᠳ ᠶᠡᠭᠡ ᠬᠤᠶᠠᠷ ᠠᠵᠢᠯ ᠲᠥᠷᠥᠯ ᠴᠥᠮ ᠡᠶᠡᠷᠭᠦ ᠨᠡᠮᠡᠭᠳᠡᠯ ᠢ ᠪᠡᠶᠡᠯᠡᠭᠦᠯᠪᠡ᠃ ᠡᠭᠦᠨ ᠳᠤ᠂ ᠵᠠᠮ ᠬᠠᠷᠢᠯᠴᠠᠭ᠎ᠠ ᠲᠡᠭᠡᠭᠡᠪᠦᠷᠢ᠂ ᠬᠥᠮᠥᠷᠭᠡᠯᠡᠯᠲᠡ ᠪᠠ ᠰᠢᠤᠳᠠᠨ ᠤ ᠦᠶᠯᠡᠰ ᠤᠨ ᠡᠵᠡᠩᠨᠡᠯᠲᠡ ᠶᠢᠨ ᠣᠷᠣᠯᠭ᠎ᠠ 17.41 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.75 % ᠪᠠᠷ ᠨᠡᠮᠡᠭᠳᠡᠪᠡ᠃ ᠬᠡᠷ ᠭᠠᠵᠠᠷ ᠬᠥᠷᠥᠩᠭᠡ ᠶᠢᠨ ᠦᠶᠯᠡᠰ ᠤᠨ ᠡᠵᠡᠩᠨᠡᠯᠲᠡ ᠶᠢᠨ ᠣᠷᠣᠯᠭ᠎ᠠ 1.14 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 18.7 % ᠪᠠᠷ ᠨᠡᠮᠡᠭᠳᠡᠪᠡ᠃       ᠬᠤᠶᠠᠷ᠂ ᠠᠵᠤ ᠠᠬᠤᠶᠢᠯᠠᠯ ᠤᠨ ᠡᠵᠡᠩᠨᠡᠯᠲᠡ ᠶᠢᠨ ᠦᠷ᠎ᠡ ᠠᠰᠢᠭ ᠲᠠᠰᠤᠷᠠᠯᠲᠠ ᠥᠬᠡᠶ ᠳᠡᠭᠡᠭᠰᠢᠯᠡᠪᠡ᠃ 17 ᠰᠠᠷ᠎ᠠ ᠳᠤ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠦᠶᠯᠡᠴᠢᠯᠡᠭᠡᠨ ᠤ ᠦᠶᠯᠡᠰ ᠤᠨ ᠠᠰᠢᠭ ᠬᠤᠨᠵᠢᠪᠣᠷᠢ ᠶᠢᠨ ᠶᠡᠷᠦᠩᠬᠡᠶ ᠲᠤᠭ᠎ᠠ 1.29 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 62.6 % ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠳᠡᠭᠡᠷ᠎ᠡ ᠰᠠᠷ᠎ᠠ ᠶᠢᠨ ᠬᠢ ᠠᠴᠠ 5.3 ᠵᠠᠭᠤᠨ ᠤ ᠬᠤᠪᠢ ᠶᠢᠨ ᠴᠡᠭ ᠳᠡᠭᠡᠭᠰᠢᠯᠡᠪᠡ᠃ ᠠᠵᠤ ᠠᠬᠤᠶᠢᠯᠠᠯ ᠤᠨ ᠡᠵᠡᠩᠨᠡᠯᠲᠡ ᠶᠢᠨ ᠠᠰᠢᠭ ᠬᠤᠨᠵᠢᠪᠣᠷᠢ ᠶᠢᠨ ᠨᠣᠷᠮ᠎ᠠ 6.7 % ᠪᠠᠶᠢᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 2.3 ᠵᠠᠭᠤᠨ ᠤ ᠴᠡᠭ ᠳᠡᠭᠡᠭᠰᠢᠯᠡᠵᠦ᠂ ᠳᠡᠭᠡᠷ᠎ᠡ ᠰᠠᠷ᠎ᠠ ᠶᠢᠨ ᠬᠢ ᠠᠴᠠ 0.6 ᠵᠠᠭᠤᠨ ᠤ ᠴᠡᠭ ᠳᠡᠭᠡᠭᠰᠢᠯᠡᠪᠡ᠃ ᠪᠦᠬᠦ ᠬᠤᠰᠢᠭᠤᠨ ᠤ 5 ᠦᠢᠯᠡᠴᠢᠯᠡᠭᠡᠨ ᠤ ᠦᠢᠯᠡᠰ ᠤᠨ ᠶᠡᠭᠡ ᠲᠥᠷᠥᠯ ᠳᠣᠲᠣᠷ᠎ᠠ᠂ 2 ᠠᠵᠢᠯ ᠲᠥᠷᠥᠯ ᠤᠨ ᠠᠰᠢᠭ ᠣᠯᠵᠠᠪᠤᠷᠢ ᠶᠢ ᠪᠡᠶᠡᠯᠡᠭᠦᠯᠵᠦ᠂ 3 ᠠᠵᠢᠯ ᠲᠥᠷᠥᠯ ᠤᠨ ᠡᠵᠡᠩᠨᠡᠯᠲᠡ ᠶᠢᠨ ᠠᠰᠢᠭ ᠣᠯᠵᠠᠪᠤᠷᠢ ᠶᠢᠨ ᠠᠯᠳᠠᠭᠳᠠᠯ ᠲᠠᠢ ᠪᠣᠯᠪᠠ᠃ ᠡᠵᠡᠩᠨᠡᠯᠲᠡ ᠶᠢᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠪᠠᠭᠠᠰᠤᠭᠰᠠᠨ ᠪᠠᠶᠢᠳᠠᠯ ᠳᠣᠣᠷ᠎ᠠ ᠡᠵᠡᠩᠨᠡᠯᠲᠡ ᠶᠢᠨ ᠠᠰᠢᠭ ᠬᠤᠨᠵᠢᠪᠣᠷᠢ ᠶᠢᠨ ᠨᠤᠷᠮ᠎ᠠ ᠳᠡᠭᠡᠭᠰᠢᠯᠡᠵᠦ᠂ ᠡᠵᠡᠩᠨᠡᠯᠲᠡ ᠶᠢᠨ ᠠᠰᠢᠭ ᠬᠤᠨᠵᠢᠪᠣᠷᠢ ᠴᠥᠮ ᠨᠡᠮᠡᠭᠳᠡᠪᠡ᠃       ᠭᠤᠷᠪᠠ᠂ ᠳ᠋ᠦᠩᠰᠢᠭᠤᠷ ᠲᠥᠭᠦᠷᠢᠭ ᠤᠨ ᠠᠵᠤ ᠠᠬᠤᠶᠢᠯᠠᠯ ᠤᠨ ᠳᠠᠶᠢᠴᠢᠯᠠᠬᠤ ᠦᠶᠯᠡᠳᠦᠯ ᠢᠯᠡᠳᠲᠡ ᠰᠠᠶᠢᠵᠢᠷᠠᠪᠠ᠃ 1—7 ᠳ᠋ᠤᠭᠠᠷ ᠰᠠᠷ᠎ᠠ ᠳᠤ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠦᠶᠯᠡᠴᠢᠯᠡᠭᠡᠨ ᠤ ᠦᠶᠯᠡᠰ ᠤᠨ ᠠᠵᠤ ᠠᠬᠤᠶᠢᠯᠠᠯ ᠤᠨ ᠳᠣᠲᠣᠷ᠎ᠠ᠂ ᠡᠵᠡᠩᠨᠡᠯᠲᠡ ᠶᠢᠨ ᠣᠷᠣᠯᠭ᠎ᠠ ᠳ᠋ᠦᠩᠰᠢᠭᠤᠷ ᠲᠥᠭᠦᠷᠢᠭ ᠢ ᠳᠠᠪᠠᠭᠰᠠᠨ ᠨᠢ ᠨᠡᠶᠢᠲᠡ 6 ᠪᠠᠶᠢᠵᠤ᠂ 12.8 ᠳ᠋ᠦᠩᠰᠢᠭᠤᠷ ᠲᠥᠭᠦᠷᠢᠭ ᠤᠨ ᠡᠵᠡᠩᠨᠡᠯᠲᠡ ᠶᠢᠨ ᠣᠷᠣᠯᠭ᠎ᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 7.4 % ᠪᠠᠷ ᠨᠡᠮᠡᠭᠳᠡᠨ᠂ ᠪᠥᠬᠦ ᠬᠡᠪᠴᠢᠶᠡᠵᠢᠯ ᠠᠴᠠ ᠳᠡᠭᠡᠭᠰᠢᠬᠢ ᠦᠶᠯᠡᠴᠢᠯᠡᠭᠡᠨ ᠤ ᠦᠶᠯᠡᠰ ᠤᠨ 67.3 % ᠶᠢ ᠡᠵᠡᠯᠡᠪᠡ᠃ ᠪᠦᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠲᠤ ᠬᠤᠪᠢ ᠨᠡᠮᠡᠷᠢ ᠦᠵᠡᠭᠦᠯᠦᠭᠰᠡᠨ ᠨᠣᠷᠮ᠎ᠠ 74.1 % ᠳᠤ ᠬᠦᠷᠴᠦ᠂ ᠪᠦᠬᠦ᠋ᠢᠯᠡ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠶᠢ 4.6 ᠵᠠᠭᠤᠨ ᠤ ᠬᠤᠪᠢ ᠪᠠᠷ ᠨᠡᠮᠡᠭᠳᠡᠭᠦᠯᠪᠡ᠃
ᠢᠷᠡᠯᠲᠡ᠄ ᠤᠲᠤᠭ ᠬᠤᠰᠢᠭᠤᠨ ᠤ ᠲᠤᠭ᠎ᠠ ᠪᠦᠷᠢᠳᠬᠡᠯ ᠤᠨ ᠳᠤᠪᠴᠢᠶ᠎ᠠ