ᠣᠲᠤᠭ ᠬᠤᠰᠢᠭᠤᠨ ᠤ ᠲᠠᠷᠢᠶᠠᠯᠠᠩ ᠤᠨ ᠬᠦᠷᠢᠶ᠎ᠡ ᠬᠡᠪᠴᠢᠶᠡᠨ ᠤ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠠᠵᠢᠯ ᠤᠨ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠲᠠᠷᠬᠠᠭᠠᠬᠤ ᠲᠤᠬᠠᠢ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2022/9/26
                  ᠣᠲᠤᠭ ᠵᠠᠰᠠᠭ ᠲᠠᠷᠬᠠᠭᠠᠭᠰᠠᠨ ﹇2022﹈ 238 ᠳ᠋ᠤᠭᠠᠷ ᠲᠣᠭᠠᠲᠤ            ᠣᠲᠤᠭ ᠬᠤᠰᠢᠭᠤᠨ ᠤ ᠲᠠᠷᠢᠶᠠᠯᠠᠩ ᠤᠨ ᠬᠦᠷᠢᠶ᠎ᠡ ᠬᠡᠪᠴᠢᠶᠡᠨ ᠤ ᠤᠰᠤ ᠠᠷᠪᠢᠯᠠᠵᠤ ᠦᠷ᠎ᠡ ᠠᠰᠢᠭ ᠢ             ᠨᠡᠮᠡᠭᠳᠡᠭᠦᠯᠬᠦ ᠠᠵᠢᠯ ᠤᠨ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠲᠠᠷᠬᠠᠭᠠᠬᠤ ᠲᠤᠬᠠᠢ             ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠰᠢᠭᠤᠨ ︵ᠬᠤᠲᠠ︶ ᠤ ᠡᠯ᠎ᠡ ᠰᠢᠭᠤᠳ ᠬᠠᠷᠢᠶ᠎ᠠ ᠪᠠᠶᠢᠭᠤᠯᠭ᠎ᠠ ᠳᠤ᠄      ︽ᠣᠲᠤᠭ ᠬᠤᠰᠢᠭᠤᠨ ᠤ ᠲᠠᠷᠢᠶᠠᠯᠠᠩ ᠤᠨ ᠬᠦᠷᠢᠶ᠎ᠡ ᠬᠡᠪᠴᠢᠶᠡᠨ ᠤ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠠᠵᠢᠯ ᠤᠨ ᠬᠡᠷᠡᠭᠵᠢᠭᠦᠯᠬᠦ ᠲᠥᠰᠥᠯ︾ ᠢ ᠡᠳᠦᠭᠡ ᠲᠠ ᠨᠠᠷ ᠲᠤ ᠳᠠᠷᠤᠮᠠᠯᠯᠠᠨ ᠲᠠᠷᠬᠠᠭᠠᠯ᠎ᠠ᠂ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠢ᠃                                           ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ                                           2022 ᠣᠨ ᠤ 9 ᠳ᠋ᠦ᠋ᠭᠡᠷ ᠰᠠᠷ᠎ᠠ ᠶᠢᠨ 26 ᠤ ᠡᠳᠦᠷ                                            ᠣᠲᠤᠭ ᠬᠤᠰᠢᠭᠤᠨ ᠤ ᠲᠠᠷᠢᠶᠠᠯᠠᠩ ᠤᠨ ᠬᠦᠷᠢᠶ᠎ᠡ ᠬᠡᠪᠴᠢᠶᠡᠨ ᠤ ᠤᠰᠤ ᠠᠷᠪᠢᠯᠠᠵᠤ             ᠦᠷ᠎ᠡ ᠠᠰᠢᠭ ᠢ ᠨᠡᠮᠡᠭᠳᠡᠭᠦᠯᠬᠦ ᠠᠵᠢᠯ ᠤᠨ ᠬᠡᠷᠡᠭᠵᠢᠭᠦᠯᠬᠦ ᠲᠥᠰᠥᠯ      ᠰᠢ ᠶᠢᠨ ᠫᠢᠡᠭ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠵᠢᠴᠢ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠲᠤᠬᠠᠢ ᠴᠢᠬᠤᠯᠠ ᠪᠠᠶᠢᠯᠳᠤᠬᠤ ᠪᠣᠳᠣᠯᠭ᠎ᠠ ᠶᠢ ᠭᠦᠨᠵᠡᠭᠡᠢ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠰᠢᠭᠤᠨ ᠤ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠬᠠᠮᠠᠭᠠᠯᠠᠯᠲᠠ ᠶᠢᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠬᠦ ᠶᠢᠨ ᠲᠤᠰᠠᠳᠡ᠂ ᠳᠡᠭᠡᠳᠦ ᠱᠠᠲᠤᠨ ᠤ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠡᠳᠦᠭᠡ ᠪᠣᠳᠠᠲᠠᠢ ᠲᠠᠢ ᠪᠠᠨ ᠤᠶᠠᠯᠳᠤᠭᠤᠯᠵᠤ᠂ ᠲᠣᠰ ᠲᠥᠰᠥᠯ ᠢ ᠲᠣᠭᠲᠠᠭᠠᠪᠠ᠃      ᠨᠢᠭᠡ᠂ ᠵᠢᠯᠣᠭᠤᠳᠬᠤ ᠦᠵᠡᠯ ᠰᠠᠨᠠᠭ᠎ᠠ      ᠰᠢ ᠶᠢᠨ ᠫᠢᠡᠭ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠡᠭ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ᠎ᠠ ᠰᠠᠨᠠᠭ᠎ᠠ ᠵᠢᠴᠢ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠱᠠᠭᠠᠷᠳᠠᠯᠭ᠎ᠠ ᠶᠢ ᠭᠦᠨᠵᠡᠭᠡᠢ ᠰᠣᠷᠣᠯᠴᠠᠵᠤ ᠲᠣᠭᠤᠰᠢᠯᠠᠭᠤᠯᠤᠨ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠦᠨ︾ ᠭᠡᠬᠦ ᠬᠥᠭᠵᠢᠯᠲᠡ ᠶᠢᠨ ᠦᠢᠯᠠᠭᠠᠭᠲᠠᠬᠤᠨ ᠢ ᠪᠠᠲᠤ ᠪᠣᠢ ᠪᠣᠯᠭᠠᠵᠤ᠂ ᠤᠰᠤᠨ ᠤ ᠡᠬᠢ ᠪᠠᠶᠠᠯᠢᠭ ᠤᠨ ᠳᠠᠭᠠᠭᠠᠴᠠ ᠲᠠᠢ ᠵᠣᠬᠢᠴᠠᠭᠰᠠᠨ ᠣᠳᠣ ᠦᠶ᠎ᠡ ᠶᠢᠨ ᠲᠠᠷᠢᠶᠠᠯᠠᠩ ᠤᠨ ᠦᠢᠯᠡᠳᠪᠦᠷᠢᠯᠡᠯ ᠤᠨ ᠲᠣᠭᠲᠠᠯᠴᠠᠭ᠎ᠠ ᠶᠢ ᠪᠦᠷᠢᠯᠳᠦᠭᠦᠯᠦᠨ᠂ ᠪᠦᠬᠦ ᠬᠤᠰᠢᠭᠤᠨ ᠤ ᠠᠮᠦ ᠪᠤᠳᠠᠭᠠᠨ ᠤ ᠠᠮᠤᠷ ᠲᠦᠪᠰᠢᠨ ᠪᠠ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠲᠤᠯᠭᠠᠭᠤᠷᠢᠯᠠᠯ ᠬᠠᠩᠭᠠᠬᠤ ᠶᠢ ᠪᠠᠲᠤᠯᠠᠨ᠎ᠠ᠃      ᠬᠤᠶᠠᠷ᠂ ᠦᠨᠳᠦᠰᠦᠨ ᠵᠠᠷᠴᠢᠮ      ᠤᠰᠤᠨ ᠤ ᠬᠡᠮᠵᠢᠶ᠎ᠡ ᠪᠠᠷ ᠬᠥᠭᠵᠢᠭᠦᠯᠵᠦ᠂ ᠤᠰᠤ ᠠᠷᠪᠢᠯᠠᠬᠤ ᠶᠢ ᠤᠷᠢᠳᠠᠪᠠᠷ ᠪᠣᠳᠣᠯᠬᠢᠯᠠᠬᠤ ᠶᠢ ᠪᠠᠷᠢᠮᠲᠠᠯᠠᠨ᠎ᠠ᠃ ᠤᠰᠤᠨ ᠤ ᠡᠬᠢ ᠪᠠᠶᠠᠯᠢᠭ ᠢᠶᠠᠷ ᠬᠠᠮᠤᠭ ᠤᠨ ᠴᠢᠩᠭ᠎ᠠ ᠬᠦᠯᠢᠶᠡᠰᠦᠯᠡᠯ ᠪᠣᠯᠭᠠᠵᠤ᠂ ᠤᠰᠤᠨ ᠤ ᠬᠡᠮᠵᠢᠶ᠎ᠡ ᠪᠠᠷ ᠬᠤᠲᠠ ᠶᠢᠨ ᠬᠥᠭᠵᠢᠯᠲᠡ ᠶᠢ ᠲᠣᠭᠲᠠᠭᠠᠬᠤ᠂ ᠤᠰᠤᠨ ᠤ ᠬᠡᠮᠵᠢᠶ᠎ᠡ ᠪᠠᠷ ᠭᠠᠵᠠᠷ ᠰᠢᠷᠣᠢ ᠶᠢᠨ ᠲᠥᠯᠥᠪᠵᠢᠭᠦᠯᠭᠡ ᠶᠢ ᠲᠣᠭᠲᠠᠭᠠᠬᠤ᠂ ᠤᠰᠤᠨ ᠤ ᠬᠡᠮᠵᠢᠶ᠎ᠡ ᠪᠠᠷ ᠬᠥᠮᠥᠨ ᠠᠮᠠ ᠶᠢ ᠲᠣᠭᠲᠠᠭᠠᠬᠤ᠂ ᠤᠰᠤᠨ ᠤ ᠬᠡᠮᠵᠢᠶ᠎ᠡ ᠪᠠᠷ ᠠᠵᠤ ᠦᠢᠯᠡᠰ ᠢ ᠲᠣᠭᠲᠠᠭᠠᠬᠤ ᠶᠢ ᠪᠠᠷᠢᠮᠲᠠᠯᠠᠨ᠂ ᠬᠥᠮᠥᠨ ᠠᠮᠠ᠂ ᠬᠤᠲᠠ ᠪᠠ ᠠᠵᠤ ᠦᠢᠯᠡᠰ ᠤᠨ ᠬᠥᠭᠵᠢᠯᠲᠡ ᠶᠢ ᠵᠣᠬᠢᠰᠲᠠᠢ ᠲᠥᠯᠥᠪᠵᠢᠭᠦᠯᠦᠨ᠎ᠡ︔ ᠦᠢᠯᠡᠳᠪᠦᠷᠢᠯᠡᠯ ᠠᠮᠢᠳᠤᠷᠠᠯ ᠠᠮᠢ ᠠᠬᠤᠢ ᠳᠤ ᠬᠡᠷᠡᠭᠯᠡᠬᠦ ᠤᠰᠤᠨ ᠤ ᠪᠦᠲᠦᠴᠡ ᠶᠢ ᠨᠢᠭᠡᠳᠦᠯᠲᠡᠢ ᠲᠥᠯᠥᠪᠯᠡᠨ ᠰᠢᠯᠢᠳᠡᠭᠵᠢᠭᠦᠯᠵᠦ᠂ ᠤᠰᠤ ᠬᠡᠷᠡᠭᠯᠡᠬᠦ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠵᠠᠬ᠎ᠠ ᠳᠡᠯᠭᠡᠭᠦᠷ ᠤᠨ ᠠᠷᠭ᠎ᠠ ᠪᠠᠷᠢᠯ ᠢᠶᠠᠷ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠶᠢ ᠭᠡᠳᠡᠷᠬᠦ ᠰᠢᠬᠠᠮᠳᠠᠭᠤᠯᠵᠤ ᠂ ᠤᠰᠤ ᠬᠡᠷᠡᠭᠯᠡᠬᠦ ᠠᠷᠭ᠎ᠠ ᠮᠠᠶ᠋ᠢᠭ ᠢ ᠳᠦᠭᠦᠮ ᠪᠦᠳᠦᠭᠦᠯᠢᠭ ᠦᠷ᠎ᠡ ᠠᠰᠢᠭ ᠳᠣᠣᠷ᠎ᠠ  ᠪᠠᠶᠢᠭᠰᠠᠨ ᠠᠴᠠ ᠠᠷᠪᠢᠯᠠᠵᠤ ᠡᠷᠴᠢᠮᠵᠢᠭᠦᠯᠬᠦ ᠪᠣᠯᠭᠠᠨ ᠬᠤᠪᠢᠷᠠᠭᠤᠯᠬᠤ ᠶᠢ ᠠᠬᠢᠭᠤᠯᠤᠨ᠎ᠠ᠃      ᠭᠤᠷᠪᠡ᠂ ᠭᠤᠣᠯ ᠬᠠᠷᠠᠯᠲᠠ      ᠢᠨᠵᠧᠨᠧᠷᠢᠩ ᠤᠨ ᠪᠦᠲᠦᠭᠡᠨ ᠪᠠᠶᠢᠭᠤᠯᠤᠯᠲᠠ᠂ ᠲᠣᠭᠲᠠᠴᠠ ᠶᠢᠨ ᠰᠢᠨ᠎ᠡ ᠡᠭᠦᠳᠦᠯᠲᠡ᠂ ᠮᠡᠷᠭᠡᠵᠢᠯ ᠤᠨ ᠳᠡᠯᠭᠡᠷᠡᠭᠦᠯᠤᠯᠳᠡ᠂ ᠪᠦᠲᠦᠴᠡ ᠶᠢᠨ ᠲᠣᠬᠢᠷᠠᠭᠤᠯᠤᠯᠲᠠ ᠵᠡᠷᠭᠡ ᠤᠰᠤ ᠠᠷᠪᠢᠯᠠᠬᠤ ᠠᠷᠭ᠎ᠠ ᠪᠠᠷᠢᠯ ᠢ ᠶᠡᠷᠦᠩᠬᠡᠶᠢᠯᠡᠨ ᠠᠰᠢᠭᠯᠠᠵᠤ᠂ ᠭᠠᠵᠠᠷ ᠳᠣᠣᠷᠠᠬᠢ ᠤᠰᠤᠨ ᠲᠦᠪᠰᠢᠨ ᠤ ᠳᠣᠷᠣᠭᠰᠢᠯᠠᠯᠲᠠ ᠶᠢ 0.5 ᠮᠧᠲᠷ ᠤᠨ ᠳᠣᠣᠷ᠎ᠠ ᠡᠵᠡᠮᠳᠡᠨ᠎ᠡ᠃ ᠪᠦᠬᠦ ᠬᠤᠰᠢᠭᠤᠨ ᠤ ᠭᠤᠣᠯᠳᠠᠯᠭ᠎ᠠ ᠲᠠᠢ ᠤᠰᠤ ᠬᠡᠷᠡᠭᠯᠡᠬᠦ ᠣᠷᠣᠨ ᠲᠣᠭᠤᠷᠢᠭ ᠲᠤ ᠦᠨᠳᠤᠷ ᠪᠦᠲᠦᠮᠵᠢᠲᠡᠢ ᠪᠠᠷ ᠤᠰᠤ ᠠᠷᠪᠢᠯᠠᠬᠤ ᠵᠠᠭᠪᠤᠷ ᠢ ᠶᠡᠭᠡ ᠬᠡᠪᠴᠢᠶ᠎ᠡ ᠪᠠᠷ ᠬᠡᠷᠡᠭᠵᠢᠭᠦᠯᠵᠦ᠂ ᠬᠤᠰᠢᠭᠤᠨ ᠤ ᠤᠰᠤᠨ ᠤ ᠡᠬᠢ ᠪᠠᠶᠠᠯᠢᠭ ᠤᠨ ᠪᠠᠶᠢᠳᠠᠯ ᠲᠠᠢ ᠵᠣᠬᠢᠴᠠᠭᠰᠠᠨ  ᠲᠠᠷᠢᠶᠠᠯᠠᠩ ᠤᠨ ᠤᠰᠤᠯᠠᠯᠲᠠ ᠳᠤ ᠤᠰᠤ ᠠᠷᠪᠢᠯᠠᠬᠤ ᠬᠠᠮᠢᠶᠠᠷᠤᠯᠲᠠ ᠶᠢᠨ ᠪᠠᠶᠢᠭᠤᠯᠤᠮᠵᠢ  ᠪᠠ ᠠᠵᠢᠯᠯᠠᠭᠠᠨ ᠤ ᠲᠣᠭᠲᠠᠴᠠ ᠶᠢ ᠠᠩᠬ᠎ᠠ ᠠᠯᠬᠤᠮ ᠪᠠᠶᠢᠭᠤᠯᠤᠨ᠎ᠠ᠃      ᠳᠥᠷᠪᠡ᠂ ᠭᠤᠣᠯᠳᠠᠯᠭ᠎ᠠ ᠲᠠᠢ ᠡᠭᠦᠷᠭᠡ      ᠤᠰᠤᠨ ᠤ ᠡᠬᠢ ᠪᠠᠶᠠᠯᠢᠭ ᠤᠨ ᠴᠢᠩᠭ᠎ᠠ ᠬᠦᠯᠢᠶᠡᠰᠦᠯᠡᠯ ᠪᠠ ᠤᠰᠤ ᠠᠷᠪᠢᠯᠠᠬᠤ ᠤᠰᠤᠯᠠᠯᠲᠠ ᠳᠤ ᠲᠣᠭᠤᠷᠢᠭᠤᠯᠵᠤ᠂ ᠭᠠᠵᠠᠷ ᠣᠷᠣᠨ ᠤ ᠣᠨᠴᠠᠯᠢᠭ ᠲᠤᠨᠢ ᠲᠣᠬᠢᠷᠠᠭᠤᠯᠵᠤ ᠠᠮᠤ ᠪᠤᠳᠠᠭ᠎ᠠ ᠪᠤᠷᠴᠠᠭ ᠢ ᠡᠭᠡᠯᠵᠢᠯᠡᠵᠦ ᠲᠠᠷᠢᠨ᠂ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠠᠰᠢᠭᠯᠠᠭᠰᠠᠨ ᠲᠣᠭᠤᠷᠢᠭ ᠲᠤ ᠤᠰᠤ ᠶᠡᠭᠡ ᠬᠡᠷᠡᠭᠯᠡᠬᠦ ᠲᠠᠷᠢᠮᠠᠯ ᠲᠠᠷᠢᠵᠤ ᠪᠠᠶᠢᠭᠰᠠᠨ ᠠᠴᠠ ᠭᠠᠨᠭ᠌ ᠳᠤ ᠳᠠᠭᠠᠭᠠᠴᠠᠲᠠᠢ ᠲᠠᠷᠢᠮᠠᠯ ᠲᠠᠷᠢᠬᠤ ᠪᠣᠯᠭᠠᠨ ᠥᠭᠡᠷᠡᠴᠢᠯᠡᠬᠦ᠂ ᠨᠣᠶᠢᠲᠠᠨ ᠴᠢᠬᠢᠭ ᠢ ᠵᠠᠪᠳᠤᠭᠤᠯᠤᠨ ᠪᠤᠷᠴᠠᠭ ᠲᠠᠷᠢᠬᠤ ᠬᠡᠪᠴᠢᠶ᠎ᠡ ᠶᠢ ᠥᠷᠭᠡᠳᠬᠡᠬᠦ ᠵᠡᠷᠭᠡ ᠶᠢ ᠵᠣᠬᠢᠰᠲᠠᠢ ᠠᠬᠢᠭᠤᠯᠤᠨ᠎ᠠ︔ ᠠᠮᠤ ᠪᠤᠳᠠᠭᠠᠨ ᠤ ᠦᠢᠯᠡᠳᠪᠦᠷᠢᠯᠡᠯ ᠢ ᠪᠠᠲᠤᠳᠬᠠᠵᠤ᠂ ᠪᠤᠷᠴᠠᠭ ᠡᠷᠳᠡᠨᠢ ᠰᠢᠰᠢ ᠶᠢ ᠨᠡᠶᠢᠯᠡᠭᠦᠯᠵᠦ ᠲᠠᠷᠢᠬᠤ ᠶᠢ ᠳᠡᠯᠭᠡᠷᠡᠭᠦᠯᠦᠨ᠎ᠡ︔ ᠲᠠᠷᠢᠶᠠᠯᠠᠩ ᠤᠨ ᠮᠠᠰᠢᠨ ᠢ ᠲᠣᠬᠢᠷᠠᠭᠤᠯᠬᠤ ᠪᠠᠨ ᠴᠢᠩᠭᠠᠳᠬᠠᠵᠤ᠂ ᠬᠠᠳᠤᠭᠰᠠᠨ ᠲᠠᠷᠢᠶ᠎ᠠ ᠶᠢ ᠴᠠᠭ ᠲᠠᠭᠠᠨ ᠬᠤᠷᠢᠶᠠᠨ᠂ ᠠᠮᠤ ᠪᠤᠳᠠᠭ᠎ᠠ ᠲᠠᠷᠢᠬᠤ ᠲᠠᠯᠠᠪᠡᠢ ᠶᠢ ᠨᠡᠮᠡᠭᠳᠡᠭᠦᠯᠬᠦ ᠠᠴᠠ ᠪᠢᠰᠢ ᠬᠠᠰᠤᠭᠳᠠᠭᠤᠯᠬᠤ ᠦᠭᠡᠢ ᠪᠠᠶᠢᠬᠤ ᠪᠠᠷ ᠴᠢᠷᠮᠠᠶᠢᠨ᠎ᠠ᠃ ︽ᠰᠢᠨ᠎ᠡ ᠲᠢᠲᠢᠮᠯᠢᠭ ᠠᠭᠤᠰᠬᠢᠨ ᠥᠷᠪᠢᠰᠤᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠬᠠᠪᠤᠷ ᠤᠨ ᠤᠯᠠᠷᠢᠯ ᠤᠨ ᠲᠠᠷᠢᠶᠠᠯᠠᠩ ᠤᠨ ᠦᠢᠯᠡᠳᠪᠦᠷᠢᠯᠡᠯ ᠤᠨ ᠠᠵᠢᠯ ᠢ ᠨᠢᠭᠡᠳᠦᠯᠲᠡᠢ ᠲᠥᠯᠥᠪᠯᠡᠬᠦ ᠵᠢᠯᠣᠭᠤᠳᠤᠮᠵᠢ︾ ᠶᠢᠨ ᠱᠠᠭᠠᠷᠳᠠᠯᠭ᠎ᠠ ᠶᠢ ᠰᠠᠶᠢᠨ ᠨᠠᠶᠢᠳᠠᠪᠤᠷᠢᠵᠢᠭᠤᠯᠵᠤ᠂ ᠪᠣᠳᠠᠲᠤ ᠪᠠᠶᠢᠳᠠᠯ ᠳᠤ ᠦᠨᠳᠦᠰᠦᠯᠡᠨ᠂ ᠮᠠᠯᠴᠢᠨ ᠲᠠᠷᠢᠶᠠᠴᠢᠨ ᠢ ᠵᠣᠬᠢᠶᠠᠨ ᠪᠠᠶᠢᠭᠤᠯᠵᠤ ᠬᠠᠪᠤᠷ ᠲᠠᠷᠢᠭᠤᠯᠵᠤ ᠵᠤᠨ ᠬᠤᠷᠢᠶᠠᠯᠭᠠᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠰᠡᠨ ᠠᠴᠠ ᠪᠣᠯᠣᠭᠠᠳ ᠲᠠᠷᠢᠶ᠎ᠠ ᠲᠠᠷᠢᠬᠤ ᠳᠤ ᠬᠦᠴᠢᠷᠳᠡᠭᠰᠡᠨ ᠮᠠᠯᠴᠢᠨ ᠲᠠᠷᠢᠶᠠᠴᠢᠨ ᠡᠷᠦᠬᠡ  ᠨᠦᠭᠦᠳ ᠢ ᠬᠤᠭᠤᠷᠣᠨᠳᠤ ᠳᠤᠨᠢ ᠬᠠᠮᠵᠢᠯᠴᠠᠭᠤᠯᠵᠤ ᠲᠠᠷᠢᠭᠤᠯᠬᠤ᠂ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ ᠪᠠᠷ ᠣᠷᠣᠯᠠᠭᠤᠯᠵᠤ ᠲᠠᠷᠢᠭᠤᠯᠬᠤ᠂ ᠨᠡᠶᠢᠬᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠪᠠᠷ ᠬᠠᠪᠰᠤᠷᠤᠭᠤᠯᠬᠤ ᠲᠠᠷᠢᠭᠤᠯᠬᠤ ᠵᠡᠷᠭᠡ ᠠᠷᠭ᠎ᠠ ᠪᠠᠷ ᠲᠠᠷᠢᠬᠤ ᠬᠡᠪᠴᠢᠶ᠎ᠡ ᠪᠠᠷ ᠪᠠᠭ᠎ᠠ ᠲᠠᠷᠢᠶᠠᠴᠢᠨ ᠡᠷᠦᠬᠡ ᠪᠠ ᠬᠢᠵᠢᠭ ᠲᠤ ᠨᠥᠯᠥᠭᠡᠯᠡᠭᠳᠡᠭᠰᠡᠨ ᠡᠷᠦᠬᠡ ᠶᠢ ᠬᠠᠪᠰᠤᠷᠴᠤ ᠲᠠᠷᠢᠶ᠎ᠠ ᠶᠢ ᠨᠢ ᠲᠠᠷᠢᠨ᠂ ᠠᠮᠤ ᠪᠤᠳᠠᠭᠠᠨ ᠤ ᠦᠢᠯᠡᠳᠪᠦᠷᠢᠯᠡᠯ ᠢ ᠨᠢ ᠪᠠᠲᠤᠯᠠᠵᠤ᠂ ᠶᠡᠷᠦᠩᠬᠡᠢ ᠤᠨᠠᠯᠲᠠ ᠶᠢ ᠨᠡᠮᠡᠭᠳᠡᠭᠦᠯᠬᠦ ᠠᠴᠠ ᠪᠢᠰᠢ ᠬᠠᠰᠤᠭᠳᠠᠭᠤᠯᠬᠤ ᠦᠭᠡᠢ ᠪᠠᠶᠢᠬᠤ ᠪᠠᠷ ᠴᠢᠷᠮᠠᠶᠢᠨ᠂ ᠲᠠᠷᠢᠶᠠᠨ ᠭᠠᠵᠠᠷ ᠢ ᠠᠲᠠᠷᠰᠢᠭᠤᠯᠬᠤ ᠶᠢ ᠬᠤᠷᠢᠭᠯᠠᠨ᠎ᠠ᠃      ︵ᠨᠢᠭᠡ︶ ᠲᠥᠷᠥ ᠶᠢᠨ ᠪᠣᠳᠣᠯᠭ᠎ᠠ ᠪᠠᠷ ᠵᠣᠷᠢᠭᠵᠢᠭᠤᠯᠬᠤ ᠲᠠᠯ᠎ᠠ ᠪᠠᠷ᠃ ᠲᠠᠷᠢᠮᠠᠯ ᠤᠨ ᠪᠦᠲᠦᠴᠡ ᠶᠢ ᠲᠣᠬᠢᠷᠠᠭᠤᠯᠵᠤ᠂ ᠪᠤᠷᠴᠠᠭ᠂ ᠰᠢᠯᠦᠬᠡᠢ ᠠᠮᠤ᠂ ᠠᠮᠤ ᠵᠡᠷᠭᠡ ᠲᠠᠪᠤᠨ ᠲᠠᠷᠢᠶ᠎ᠠ ᠲᠠᠷᠢᠬᠤ ᠶᠢ ᠵᠣᠬᠢᠰᠲᠠᠢ ᠳᠡᠯᠭᠡᠷᠡᠭᠦᠯᠦᠨ᠎ᠡ᠃ ᠮᠠᠯᠴᠢᠨ ᠲᠠᠷᠢᠶᠠᠴᠢᠨ ᠲᠠᠪᠤᠨ ᠲᠠᠷᠢᠶ᠎ᠠ ᠶᠢᠨ ᠦᠷ᠎ᠡ᠂ ᠲᠥᠷᠥᠯ ᠵᠦᠢᠯ ᠢ ᠰᠠᠶᠢᠨ ᠳᠤᠷ᠎ᠠ ᠠᠴᠠ ᠪᠠᠨ ᠰᠣᠩᠭᠤᠵᠤ ᠲᠠᠷᠢᠨ᠎ᠠ᠂ ᠲᠤᠬᠠᠢ ᠶᠢᠨ ᠵᠢᠯ ᠤᠨ ᠲᠠᠷᠢᠭᠰᠠᠨ ᠪᠣᠳᠠᠲᠤ ᠪᠠᠶᠢᠳᠠᠯ ᠳᠤ ᠦᠨᠳᠦᠰᠦᠯᠡᠵᠦ᠂ ᠲᠠᠪᠤᠨ ᠲᠠᠷᠢᠶ᠎ᠠ ᠲᠠᠷᠢᠬᠤ ᠳᠤ ᠨᠢᠭᠡ ᠯᠡ ᠤᠳᠠᠭ᠎ᠠ ᠶᠢᠨ ᠨᠥᠬᠦᠪᠦᠷᠢ᠂ ᠡᠭᠡᠯᠵᠢᠯᠡᠨ ᠲᠠᠷᠢᠭᠰᠠᠨ ᠨᠥᠬᠦᠪᠦᠷᠢ᠂ ᠲᠠᠷᠢᠶᠠᠨ ᠭᠠᠵᠠᠷ ᠤᠨ ᠬᠥᠷᠥᠰᠥ ᠶᠢ ᠬᠠᠮᠠᠭᠠᠯᠠᠭᠰᠠᠨ ᠨᠥᠬᠦᠪᠦᠷᠢ ᠵᠡᠷᠭᠡ ᠠᠷᠠᠳ ᠢ ᠬᠠᠷᠠᠭᠠᠯᠵᠠᠬᠤ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠢ ᠢᠯᠡᠭᠦᠬᠡᠨ ᠬᠦᠷᠲᠡᠭᠡᠵᠦ᠂ ᠮᠠᠯᠴᠢᠨ ᠲᠠᠷᠢᠶᠠᠴᠢᠨ ᠤ ᠲᠠᠷᠢᠮᠠᠯ ᠤᠨ ᠪᠦᠲᠦᠴᠡ ᠪᠠᠨ ᠲᠣᠬᠢᠷᠠᠭᠤᠯᠬᠤ ᠶᠢ ᠵᠢᠯᠦᠭᠤᠳᠴᠤ ᠵᠣᠷᠢᠭᠵᠢᠭᠤᠯᠤᠨ᠂ ᠬᠤᠰᠢᠭᠤᠨ ᠤ ᠲᠠᠷᠢᠶᠠᠯᠠᠩ ᠤᠨ ᠦᠢᠯᠡᠳᠪᠦᠷᠢᠯᠡᠯ ᠤᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠠᠵᠢᠯ ᠢ ᠤᠯᠠᠮ ᠠᠬᠢᠭᠤᠯᠤᠨ᠎ᠠ᠃      ︵ᠬᠤᠶᠠᠷ︶ ᠰᠠᠭᠤᠷᠢ ᠲᠥᠬᠦᠭᠡᠷᠦᠮᠵᠢ ᠶᠢᠨ ᠲᠠᠯ᠎ᠠ ᠪᠠᠷ᠃ ᠤᠰᠤ ᠠᠷᠪᠢᠯᠠᠵᠤ ᠤᠰᠤᠯᠠᠬᠤ ᠪᠠᠷ ᠤᠷᠢᠳᠠᠯ ᠪᠣᠯᠭᠠᠭᠰᠠᠨ ᠦᠨᠳᠤᠷ ᠪᠠᠷᠢᠮᠵᠢᠶᠠᠲᠤ ᠲᠠᠷᠢᠶᠠᠨ ᠭᠠᠵᠠᠷ ᠭᠠᠷᠭᠠᠵᠤ᠂ ᠣᠶᠤᠨᠴᠢ ᠲᠠᠷᠢᠶᠠᠯᠠᠩ ᠤᠨ ᠪᠦᠲᠦᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠤᠨ᠂ ᠲᠠᠷᠢᠶᠠᠯᠠᠩ ᠤᠨ ᠦᠢᠯᠡᠳᠪᠦᠷᠢᠯᠡᠯ ᠤᠨ ᠣᠨᠣᠪᠴᠢᠲᠠᠢ ᠲᠠᠷᠢᠮᠠᠯ ᠲᠠᠷᠢᠬᠤ ᠶᠢ ᠠᠬᠢᠭᠤᠯᠵᠤ᠂ ᠤᠰᠤ ᠠᠷᠪᠢᠯᠠᠬᠤ ᠪᠠ ᠬᠢᠮᠢ ᠶᠢᠨ ᠪᠣᠷᠳᠣᠭᠤᠷ ᠬᠡᠷᠡᠭᠯᠡᠬᠦ ᠬᠡᠮᠵᠢᠶ᠎ᠡ ᠶᠢ ᠪᠠᠭᠠᠰᠬᠠᠵᠤ ᠦᠷ᠎ᠡ ᠠᠰᠢᠭ ᠢ ᠨᠡᠮᠡᠭᠳᠡᠭᠦᠯᠬᠦ ᠪᠣᠬᠢᠷᠳᠤᠯ ᠦᠭᠡᠢ ᠦᠢᠯᠡᠳᠪᠦᠷᠢᠯᠡᠯ ᠤᠨ ᠦᠷ᠎ᠡ ᠠᠰᠢᠭ ᠢ ᠡᠭᠦᠳᠦᠨ᠂ ᠤᠨᠠᠯᠲᠠ ᠶᠢ ᠲᠣᠭᠲᠠᠪᠤᠷᠢᠵᠢᠭᠤᠯᠵᠤ ᠦᠷ᠎ᠡ ᠠᠰᠢᠭ ᠢ  ᠨᠡᠮᠡᠭᠳᠡᠭᠦᠯᠬᠦ ᠶᠢ ᠪᠠᠲᠤᠯᠠᠨ᠎ᠠ᠃ 2022 ᠣᠨ ᠳᠤ ᠦᠨᠳᠤᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ 6 ᠲᠦᠮᠡᠨ ᠮᠦ ᠬᠡᠷᠡᠭᠵᠢᠭᠦᠯᠬᠦ ᠪᠠᠷ ᠲᠥᠯᠥᠪᠯᠡᠨ᠂  ᠬᠤᠶᠢᠰᠢᠳᠡ ᠵᠢᠯ ᠳᠤ 2 ᠲᠦᠮᠡᠨ ᠮᠦ ᠶᠢᠨ ᠪᠠᠷᠢᠮᠵᠢᠶ᠎ᠠ ᠪᠠᠷ ᠦᠷᠭᠦᠯᠵᠢᠯᠡᠨ ᠬᠡᠷᠡᠭᠵᠢᠭᠦᠯᠵᠦ᠂ 2025 ᠣᠨ ᠪᠣᠯᠬᠤ ᠳᠤ ᠬᠠᠮᠤᠷᠬᠤ ᠲᠠᠯᠠᠪᠡᠢ ᠶᠢ 70% ᠠᠴᠠ ᠳᠡᠭᠡᠭᠰᠢ ᠬᠦᠷᠭᠡᠨ᠎ᠡ᠃      ︵ᠭᠤᠷᠪᠡ︶ ᠮᠡᠷᠭᠡᠵᠢᠯ ᠤᠨ ᠲᠤᠯᠭᠠᠭᠤᠷᠢᠯᠠᠭᠤᠯᠤᠯ ᠤᠨ ᠲᠠᠯ᠎ᠠ ᠪᠠᠷ᠃ ᠤᠰᠤᠨ ᠤ ᠡᠬᠢ ᠪᠠᠶᠠᠯᠢᠭ ᠤᠨ ᠪᠣᠳᠠᠲᠤ ᠪᠠᠶᠢᠳᠠᠯ ᠳᠤ ᠦᠨᠳᠦᠰᠦᠯᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠳᠤ ᠲᠦᠰᠢᠭᠯᠡᠨ᠂ ᠠᠮᠤ ᠪᠤᠳᠠᠭᠠᠨ ᠤ ᠦᠢᠯᠡᠳᠪᠦᠷᠢᠯᠡᠯ ᠢ ᠡᠷᠡᠰ ᠰᠤᠯᠠᠷᠠᠭᠤᠯᠬᠤ ᠦᠭᠡᠢ ᠪᠠᠶᠢᠨ᠎ᠠ᠃ ᠨᠢᠭᠡ ᠳᠤ ︽ᠤᠰᠤ ᠶᠡᠭᠡ ᠬᠡᠷᠡᠭᠯᠡᠬᠦ ᠲᠠᠷᠢᠮᠠᠯ ᠲᠠᠷᠢᠵᠤ ᠪᠠᠶᠢᠭᠰᠠᠨ ᠠᠴᠠ ᠭᠠᠨᠭ᠌ ᠳᠤ ᠳᠠᠭᠠᠭᠠᠴᠠᠲᠠᠢ ᠲᠠᠷᠢᠮᠠᠯ ᠲᠠᠷᠢᠬᠤ ᠪᠣᠯᠭᠠᠨ ᠥᠭᠡᠷᠡᠴᠢᠯᠡᠬᠦ ︾ ᠶᠢ ᠳᠡᠯᠭᠡᠷᠡᠭᠦᠯᠵᠦ᠂ ᠬᠤᠭᠤᠷᠣᠨᠳᠤᠬᠢ ᠵᠠᠢ ᠶᠢ ᠪᠠᠭᠠᠰᠬᠠᠵᠤ ᠮᠥᠷ ᠤᠨ ᠵᠠᠢ ᠶᠢ ᠶᠡᠬᠡᠰᠬᠡᠬᠦ᠂ ᠥᠷᠭᠡᠨ ᠨᠠᠷᠢᠨ ᠮᠥᠷ ᠢᠶᠠᠷ ᠲᠠᠷᠢᠬᠤ ᠮᠡᠷᠭᠡᠵᠢᠯ ᠢ  ᠬᠡᠷᠡᠭᠯᠡᠬᠦ᠂ ᠨᠣᠶᠢᠲᠠᠨ ᠴᠢᠬᠢᠭ ᠢ ᠵᠠᠪᠳᠤᠭᠤᠯᠵᠤ ᠲᠠᠷᠢᠬᠤ ᠠᠷᠭ᠎ᠠ ᠮᠠᠶ᠋ᠢᠭ ᠢᠶᠠᠷ ᠲᠠᠷᠢᠨ᠂ ᠨᠢᠭᠡ ᠪᠦᠰᠡ ᠪᠠᠷ ᠬᠤᠶᠠᠷ ᠮᠥᠷ ᠤᠰᠤᠯᠠᠵᠤ ᠪᠠᠶᠢᠭᠰᠠᠨ ᠠᠴᠠ ᠨᠢᠭᠡ ᠪᠦᠰᠡ ᠪᠠᠷ ᠨᠢᠭᠡ ᠮᠥᠷ ᠤᠰᠤᠯᠠᠬᠤ ᠪᠣᠯᠭᠠᠨ ᠥᠭᠡᠷᠡᠴᠢᠯᠡᠵᠦ᠂ ᠰᠦᠨᠢ ᠪᠠᠷ ᠤᠰᠣᠯᠠᠬᠤ ᠶᠢ ᠰᠠᠨᠠᠭᠠᠴᠢᠯᠠᠨ᠂ ᠨᠢᠭᠡ ᠯᠡ ᠤᠳᠠᠭ᠎ᠠ ᠳᠡᠭᠡᠷ᠎ᠡ ᠶᠡᠬᠡᠪᠡᠷ ᠤᠰᠤᠯᠠᠬᠤ ᠶᠢ ᠤᠯᠠᠨ ᠤᠳᠠᠭ᠎ᠠ ᠪᠠᠭ᠎ᠠ ᠪᠠᠭ᠎ᠠ ᠪᠠᠷ ᠤᠰᠤᠯᠠᠬᠤ ᠪᠣᠯᠭᠠᠨ ᠥᠭᠡᠷᠡᠴᠢᠯᠡᠵᠦ᠂ ᠡᠴᠦᠰ ᠲᠡᠭᠡᠨ ᠣᠶᠤᠨᠴᠢᠯᠠᠭᠰᠠᠨ ᠤᠰᠤᠯᠠᠯᠲᠠ ᠶᠢ ᠪᠡᠶᠡᠯᠡᠭᠦᠯᠦᠨ᠎ᠡ᠃ ᠬᠤᠶᠠᠷ ᠲᠤ ᠭᠠᠵᠠᠷ ᠳᠣᠣᠷ᠎ᠠ ᠠᠴᠠ ᠤᠰᠤ ᠠᠪᠴᠤ ᠨᠥᠬᠦᠪᠦᠷᠢᠯᠡᠭᠰᠡᠨ ᠪᠠᠶᠢᠳᠠᠯ ᠳᠤ ᠦᠨᠳᠦᠰᠦᠯᠡᠵᠦ᠂ ᠤᠰᠤ ᠶᠢ ᠬᠡᠲᠦᠷᠡᠲᠡᠯ᠎ᠡ ᠠᠰᠢᠭᠯᠠᠭᠰᠠᠨ ᠲᠣᠭᠤᠷᠢᠭ ᠲᠤ ᠡᠭᠡᠯᠵᠢᠯᠡᠨ ᠲᠠᠷᠢᠬᠤ ᠶᠢ ᠵᠣᠬᠢᠰᠲᠠᠢ ᠪᠠᠶᠢᠯᠭᠠᠨ᠎ᠠ᠃ ᠤᠰᠤ ᠶᠢ ᠬᠡᠲᠦᠷᠡᠲᠡᠯ᠎ᠡ ᠠᠰᠢᠭᠯᠠᠭᠰᠠᠨ ᠦᠭᠡᠢ ᠲᠣᠭᠤᠷᠢᠭ ᠤᠨ ᠮᠦ ᠪᠦᠷᠢ ᠶᠢᠨ ᠵᠠᠭᠤᠨ ᠤ ᠵᠠᠭᠤ ᠪᠠᠷ ᠤᠰᠤᠯᠠᠬᠤ ᠨᠤᠷᠮ᠎ᠡ ᠶᠢᠨ ᠤᠰᠤ ᠬᠡᠷᠡᠭᠯᠡᠬᠦ ᠬᠡᠮᠵᠢᠶ᠎ᠡ ᠨᠢ 258 ᠪᠣᠰᠤᠭ᠎ᠠ ᠳᠥᠷᠪᠡᠯᠵᠢᠨ ᠮᠧᠲᠷ ᠬᠦᠷᠦᠭᠰᠡᠨ ᠰᠠᠭᠤᠷᠢᠨ ᠳᠡᠭᠡᠷ᠎ᠡ᠂ ᠮᠦ ᠪᠦᠷᠢ ᠶᠢᠨ ᠵᠠᠭᠤᠨ ᠤ ᠨᠠᠶᠠᠨ ᠲᠠᠪᠤ ᠪᠠᠷ ᠤᠰᠣᠯᠠᠬᠤ ᠨᠤᠷᠮ᠎ᠡ ᠶᠢᠨ ᠤᠰᠤ ᠬᠡᠷᠡᠭᠯᠡᠬᠦ ᠬᠡᠮᠵᠢᠶ᠎ᠡ ᠶᠢ 220 ᠪᠣᠰᠤᠭ᠎ᠠ ᠳᠥᠷᠪᠡᠯᠵᠢᠨ ᠮᠧᠲᠷ ᠬᠦᠷᠬᠦ ᠶᠢ ᠪᠡᠶᠡᠯᠡᠭᠦᠯᠵᠦ᠂ ᠮᠦ ᠪᠦᠷᠢ ᠳᠤ 38 ᠪᠣᠰᠤᠭ᠎ᠠ ᠳᠥᠷᠪᠡᠯᠵᠢᠨ ᠮᠧᠲᠷ ᠤᠨ ᠤᠰᠤ ᠠᠷᠪᠢᠯᠠᠨ᠎ᠠ᠃ ᠭᠤᠷᠪᠡ ᠳᠤ ᠪᠤᠷᠴᠠᠭ ᠤᠨ ᠤᠷᠭᠤᠯᠲᠠ ᠶᠢᠨ ᠬᠤᠭᠤᠴᠠᠭ᠎ᠠ ᠳᠤ ᠬᠡᠷᠡᠭᠰᠡᠬᠦ ᠤᠰᠤᠨ ᠤ ᠬᠡᠮᠵᠢᠶ᠎ᠡ ᠨᠢ ᠬᠠᠷᠢᠴᠠᠩᠭᠤᠢ ᠨᠡᠯᠢᠶᠡᠳ ᠪᠠᠭ᠎ᠠ ᠪᠠᠶᠢᠬᠤ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠪᠤᠷᠴᠠᠭ ᠡᠷᠳᠡᠨᠢ ᠰᠢᠰᠢ ᠶᠢ ᠨᠡᠶᠢᠯᠡᠭᠦᠯᠵᠦ ᠲᠠᠷᠢᠬᠤ ᠶᠢ ᠳᠡᠯᠭᠡᠷᠡᠭᠦᠯᠵᠦ ᠲᠦᠭᠡᠮᠡᠯᠵᠢᠭᠦᠯᠦᠨ᠂ ᠡᠷᠳᠡᠨᠢ ᠰᠢᠰᠢ ᠶᠢᠨ ᠤᠨᠠᠯᠲᠠ ᠶᠢ ᠨᠥᠯᠥᠭᠡᠯᠡᠬᠦ ᠦᠭᠡᠢ ᠪᠠᠶᠢᠬᠤ ᠶᠢᠨ ᠳᠠᠭᠤ ᠠᠩᠬ᠎ᠠ ᠲᠠᠷᠢᠭᠰᠠᠨ ᠪᠤᠷᠴᠠᠭ ᠤᠨ ᠤᠨᠠᠯᠲᠠ ᠶᠢ ᠨᠡᠮᠡᠭᠳᠡᠭᠦᠯᠦᠨ᠎ᠡ᠃ ᠳᠥᠷᠪᠡ ᠳᠤ ᠣᠶᠤᠨᠴᠢ ᠤᠰᠤᠯᠠᠯᠲᠠ ᠶᠢ ᠪᠣᠳᠠᠲᠠᠶᠢᠵᠢᠭᠤᠯᠵᠤ᠂ ᠣᠯᠠᠨ ᠠᠷᠭ᠎ᠠ ᠶᠢ ᠵᠡᠷᠭᠡᠪᠡᠷ ᠬᠡᠷᠡᠭᠯᠡᠨ᠂ ᠦᠷ᠎ᠡ ᠠᠰᠢᠭ ᠢ ᠶᠡᠷᠦᠩᠬᠡᠶᠢᠯᠡᠨ ᠨᠡᠮᠡᠭᠳᠡᠭᠦᠯᠦᠨ᠎ᠡ᠃      ︵ᠳᠥᠷᠪᠡ︶ ᠤᠬᠠᠭᠤᠯᠭ᠎ᠠ ᠪᠣᠯᠪᠠᠰᠤᠷᠠᠯ ᠤᠨ ᠲᠠᠯ᠎ᠠ ᠪᠠᠷ᠃ ᠦᠨᠳᠤᠷ ᠬᠡᠪ ᠪᠣᠯᠪᠠᠰᠤᠷᠠᠯ ᠲᠠᠢ ᠮᠠᠯᠴᠢᠨ ᠲᠠᠷᠢᠶᠠᠴᠢᠨ ᠤ ᠪᠣᠯᠪᠠᠰᠤᠷᠠᠯ᠂ ᠦᠨᠳᠦᠰᠦᠨ ᠱᠠᠲᠤᠨ ᠤ ᠲᠠᠷᠢᠶᠠᠯᠠᠩ ᠤᠨ ᠮᠡᠷᠭᠡᠵᠢᠯ ᠤᠨ ᠳᠡᠯᠭᠡᠷᠡᠭᠦᠯᠣᠯᠳᠡ ᠵᠡᠷᠭᠡ ᠲᠣᠭᠲᠠᠯᠴᠠᠭ᠎ᠠ ᠪᠠᠷ ᠳᠠᠮᠵᠢᠵᠤ ᠲᠠᠷᠢᠶᠠᠯᠠᠩ ᠤᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠮᠡᠷᠭᠡᠵᠢᠯ ᠤᠨ ᠠᠷᠭ᠎ᠠ ᠪᠠᠷᠢᠯ ᠤᠨ ᠪᠣᠯᠪᠠᠰᠤᠷᠠᠯ ᠢ ᠴᠢᠭᠯᠡᠯᠲᠦ ᠴᠢᠨᠠᠷᠲᠠᠢ ᠪᠠᠷ ᠥᠷᠨᠢᠭᠦᠯᠦᠨ᠂ ᠤᠷᠢᠶ᠎ᠠ ᠯᠣᠽᠦ᠋ᠩ ᠨᠠᠭᠠᠬᠤ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ ᠬᠠᠮ ᠵᠠᠭᠤᠴᠢᠯᠠᠭᠤᠷ ᠤᠨ ᠳᠠᠪᠴᠠᠩ ᠢᠶᠠᠷ ᠲᠠᠷᠬᠠᠭᠠᠬᠤ ᠵᠡᠷᠭᠡ ᠠᠮᠢᠳᠤᠯᠢᠭ ᠣᠯᠠᠨ ᠬᠡᠯᠪᠡᠷᠢ ᠪᠠᠷ ᠤᠬᠠᠭᠤᠯᠵᠤ᠂ ᠬᠥᠮᠥᠨ ᠪᠦᠬᠦᠨ ᠳᠤ ᠮᠡᠳᠡᠭᠦᠯᠦᠨ᠂ ︽ᠮᠠᠯᠴᠢᠨ ᠲᠠᠷᠢᠶᠠᠴᠢᠨ ᠤ ᠤᠰᠤ ᠬᠡᠷᠡᠭᠯᠡᠬᠦ ᠦᠵᠡᠯᠲᠡ᠂ ᠲᠠᠷᠢᠶᠠᠯᠠᠩ ᠤᠨ ᠤᠰᠤ ᠠᠷᠪᠢᠯᠠᠬᠤ ᠵᠠᠭᠪᠤᠷ ᠪᠠ ᠲᠠᠷᠢᠶᠠᠯᠠᠩ ᠤᠨ ᠦᠢᠯᠡᠳᠪᠦᠷᠢᠯᠡᠯ ᠤᠨ ᠠᠷᠭ᠎ᠠ ᠮᠠᠶ᠋ᠢᠭ︾ ᠢ ᠬᠤᠪᠢᠷᠠᠭᠤᠯᠵᠤ᠂ ᠬᠤᠰᠢᠭᠤᠨ ᠤ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠮᠡᠷᠭᠡᠵᠢᠯ ᠤᠨ ᠠᠷᠭ᠎ᠠ ᠪᠠᠷᠢᠯ ᠢ ᠳᠡᠯᠭᠡᠷᠡᠭᠦᠯᠬᠦ ᠳᠤ ᠰᠠᠶᠢᠨ ᠰᠠᠶᠢᠬᠠᠨ ᠣᠷᠴᠢᠨ ᠠᠬᠤᠢ ᠶᠢ ᠪᠦᠷᠢᠯᠳᠦᠭᠦᠯᠦᠨ᠎ᠡ᠃      ᠲᠠᠪᠤ᠂ ᠪᠠᠲᠤᠯᠠᠬᠤ ᠠᠷᠭ᠎ᠠ ᠪᠠᠷᠢᠯ      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠨ᠎ᠠ᠃ ᠠᠷᠭ᠎ᠠ ᠪᠠᠷᠢᠯ ᠢ ᠨᠠᠶᠢᠳᠠᠪᠤᠷᠢᠵᠢᠭᠤᠯᠵᠤ᠂ ᠡᠯ᠎ᠡ ᠰᠤᠮᠤ ᠪᠠᠯᠭᠠᠰᠤ᠂ ᠡᠯ᠎ᠡ ᠬᠠᠮᠢᠶ᠎ᠠ ᠪᠦᠬᠦᠢ ᠪᠠᠶᠢᠭᠤᠯᠭ᠎ᠠ ᠲᠠᠨᠢᠯᠲᠠ ᠪᠠᠨ ᠳᠡᠭᠡᠭᠰᠢᠯᠡᠭᠦᠯᠦᠨ᠂ ᠲᠠᠷᠢᠶᠠᠯᠠᠩ ᠤᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠠᠵᠢᠯ ᠤᠨ ᠴᠢᠬᠤᠯᠠ ᠴᠢᠨᠠᠷ ᠪᠠ ᠲᠤᠯᠭᠠᠮ᠎ᠡ ᠴᠢᠨᠠᠷ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂  ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠣᠪᠴᠢᠶ᠎ᠠ ᠮᠡᠷᠭᠡᠵᠢᠯᠲᠡᠨ ᠢ ᠴᠠᠭ ᠳᠠᠷᠤᠢ ᠲᠤᠨᠢ ᠵᠣᠬᠢᠶᠠᠨ ᠪᠠᠶᠢᠭᠤᠯᠤᠨ ᠡᠷᠦᠬᠡ ᠳᠤ ᠣᠴᠢᠭᠤᠯᠤᠨ᠂ ᠲᠠᠷᠢᠶᠠᠨ ᠭᠠᠵᠠᠷ ᠲᠤ ᠬᠦᠷᠦᠭᠦᠯᠵᠦ ᠮᠡᠷᠭᠡᠵᠢᠯ ᠤᠨ ᠵᠢᠯᠣᠭᠤᠳᠤᠯᠭ᠎ᠠ ᠬᠢᠯᠭᠡᠨ᠂ ᠡᠯ᠎ᠡ ᠰᠤᠮᠤ ᠪᠠᠯᠭᠠᠰᠤ ᠬᠡᠷᠡᠭᠴᠡᠭᠡ ᠳᠤ ᠪᠠᠨ ᠦᠨᠳᠦᠰᠦᠯᠡᠵᠦ ᠬᠤᠯᠪᠣᠭᠳᠠᠯ ᠪᠦᠬᠦᠢ ᠠᠵᠢᠯ ᠢ ᠬᠠᠮᠵᠢᠨ ᠬᠢᠵᠤ᠂ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠮᠡᠷᠭᠡᠵᠢᠯ ᠢ ᠨᠠᠶᠢᠳᠠᠪᠤᠷᠢᠵᠢᠭᠤᠯᠬᠤ ᠶᠢ ᠪᠠᠲᠤᠯᠠᠨ᠎ᠠ᠃      ︵ᠬᠤᠶᠠᠷ︶ ᠠᠵᠢᠯ ᠤᠨ ᠠᠷᠭ᠎ᠠ ᠪᠠᠷᠢᠯ ᠢ ᠨᠠᠷᠢᠯᠢᠭᠵᠢᠭᠤᠯᠤᠨ᠎ᠠ᠃ ᠡᠯ᠎ᠡ ᠬᠠᠮᠢᠶ᠎ᠠ ᠪᠦᠬᠦᠢ ᠪᠠᠶᠢᠭᠤᠯᠭ᠎ᠠ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠮᠡᠷᠭᠡᠵᠢᠯ ᠤᠨ ᠦᠢᠯᠡᠴᠢᠯᠡᠭᠡ ᠪᠠᠨ  ᠴᠢᠩᠭᠠᠳᠬᠠᠨ᠂ ᠲᠠᠷᠢᠬᠤ ᠤᠯᠠᠷᠢᠯ ᠳᠤ ᠦᠢᠯᠡᠴᠢᠯᠡᠭᠡᠨ ᠤ ᠴᠠᠭ ᠢ ᠨᠠᠷᠢᠯᠢᠭᠵᠢᠭᠤᠯᠬᠤ ᠶᠢᠨ ᠳᠠᠭᠠᠤ ᠡᠬᠡ ᠳᠠᠩᠰᠠ ᠪᠠᠶᠢᠭᠤᠯᠬᠤ᠂ ᠮᠡᠳᠡᠭᠡ ᠵᠠᠩᠭᠢ ᠮᠡᠳᠡᠭᠦᠯᠵᠦ ᠬᠦᠷᠭᠡᠬᠦ ᠵᠡᠷᠭᠡ ᠠᠵᠢᠯ ᠢ ᠰᠠᠶᠢᠨ ᠬᠢᠵᠤ᠂ ᠪᠣᠳᠠᠲᠠᠢ ᠠᠳᠬᠤᠨ᠂ ᠦᠷ᠎ᠡ ᠪᠦᠲᠦᠮᠵᠢ ᠭᠠᠷᠭᠠᠬᠤ ᠶᠢ ᠪᠠᠲᠤᠯᠠᠨ᠎ᠠ᠃      ︵ᠭᠤᠷᠪᠡ︶ ᠶᠠᠷᠢᠶ᠎ᠠ ᠬᠡᠯᠡᠯᠴᠡᠭᠡᠨ ᠤ ᠵᠢᠯᠣᠭᠤᠳᠤᠮᠵᠢ ᠶᠢ ᠴᠢᠩᠭᠠᠳᠬᠠᠨ᠎ᠠ᠃ ᠡᠯ᠎ᠡ ᠰᠤᠮᠤ ᠪᠠᠯᠭᠠᠰᠤ᠂ ᠡᠯ᠎ᠡ ᠬᠠᠮᠢᠶ᠎ᠠ ᠪᠦᠬᠦᠢ ᠪᠠᠶᠢᠭᠤᠯᠭ᠎ᠠ ᠷᠠᠳᠢᠤ᠋ ᠲᠧᠯᠸᠢᠰ᠂ ᠰᠦᠯᠵᠢᠶ᠎ᠡ᠂ ᠣᠬᠤᠷ ᠮᠡᠳᠡᠭᠡ ᠵᠡᠷᠭᠡ ᠪᠠᠷ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠮᠡᠷᠭᠡᠵᠢᠯ ᠠᠷᠭ᠎ᠠ ᠪᠠᠷᠢᠯ ᠢ ᠤᠬᠠᠭᠤᠯᠵᠤ᠂ ᠲᠠᠷᠢᠮᠠᠯ ᠤᠨ ᠲᠤᠮᠦ ᠡᠷᠦᠬᠡ᠂ ᠬᠤᠷᠰᠢᠶ᠎ᠠ ᠶᠢ ᠵᠢᠯᠣᠭᠤᠳᠤᠨ ᠲᠤᠰ ᠮᠡᠷᠭᠡᠵᠢᠯ ᠤᠨ ᠲᠤᠬᠠᠢ ᠲᠠᠨᠢᠯᠲᠠ ᠶᠢ ᠨᠢ ᠤᠯᠠᠮ ᠳᠡᠭᠡᠭᠰᠢᠯᠡᠭᠦᠯᠦᠨ᠎ᠡ᠃ ᠲᠠᠷᠢᠶᠠᠯᠠᠩ ᠤᠨ ᠦᠢᠯᠡᠳᠪᠦᠷᠢᠯᠡᠯ ᠤᠨ ᠵᠠᠩᠭᠢᠯᠠᠭ᠎ᠠ ᠶᠢᠨ ᠴᠠᠭ ᠲᠤ᠂ ᠡᠯ᠎ᠡ ᠬᠠᠮᠢᠶ᠎ᠠ ᠪᠦᠬᠦᠢ ᠪᠠᠶᠢᠭᠤᠯᠭ᠎ᠠ ᠠᠬᠤᠢ ᠲᠠᠯᠠᠪᠡᠢ ᠳᠤ ᠦᠵᠡᠵᠦ ᠰᠣᠷᠣᠯᠴᠠᠬᠤ ᠪᠣᠯᠪᠠᠰᠤᠷᠠᠯ ᠢ ᠴᠠᠭ ᠳᠠᠷᠤᠢ ᠲᠤᠨᠢ ᠵᠣᠬᠢᠶᠠᠨ ᠪᠠᠶᠢᠭᠤᠯᠤᠨ ᠥᠷᠨᠢᠭᠦᠯᠵᠦ᠂ ᠨᠡᠶᠢᠭᠡᠮ ᠤᠨ ᠡᠯ᠎ᠡ ᠲᠠᠯ᠎ᠠ ᠶᠢᠨ ᠬᠢᠨ ᠤ ᠠᠩᠬᠠᠷᠤᠯ ᠢ ᠬᠥᠲᠥᠯᠵᠦ ᠵᠢᠯᠣᠭᠤᠳᠤᠨ᠂ ᠨᠡᠶᠢᠲᠡᠯᠢᠭ ᠵᠢᠱᠢᠶ᠎ᠡ ᠪᠠᠷ ᠳᠠᠭᠤᠷᠢᠶᠠᠯ ᠪᠣᠯᠭᠠᠬᠤ᠂ ᠰᠤᠨᠢᠨ ᠮᠡᠳᠡᠭᠡ ᠵᠡᠷᠭᠡ ᠠᠷᠭ᠎ᠠ ᠪᠠᠷ ᠤᠬᠠᠭᠤᠯᠭ᠎ᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠤᠷᠴᠢᠨ ᠠᠬᠤᠢ ᠶᠢ ᠪᠦᠷᠢᠯᠳᠦᠭᠦᠯᠦᠨ᠎ᠡ᠃ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ      2022 ᠣᠨ ᠤ 9 ᠳ᠋ᠦ᠋ᠭᠡᠷ ᠰᠠᠷ᠎ᠠ ᠶᠢᠨ 26 ᠤ ᠡᠳᠦᠷ ᠳᠠᠷᠤᠮᠠᠯᠯᠠᠨ ᠲᠠᠷᠬᠠᠭᠠᠪᠠ 
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ