ᠣᠲᠤᠭ ᠬᠤᠰᠢᠭᠤᠨ ᠤ ᠠᠮᠢᠳᠤᠷᠠᠯ ᠬᠦᠴᠢᠷᠳᠡᠯᠲᠡᠢ ᠣᠯᠠᠨ ᠲᠦᠮᠡᠨ ᠳᠤ 2022 ᠣᠨ ᠤ ᠡᠪᠦᠯ ᠤᠨ ᠳᠤᠯᠠᠭᠠᠯᠠᠭ᠎ᠠ ᠶᠢᠨ ᠨᠥᠬᠦᠪᠦᠷᠢ ᠥᠭᠴᠦ ᠨᠡᠭᠦᠷᠡᠰᠦ ᠬᠠᠩᠭᠠᠬᠤ ᠠᠵᠢᠯ ᠤᠨ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠲᠠᠷᠬᠠᠭᠠᠬᠤ ᠳᠣᠬᠠᠢ ᠣᠳᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2022/9/29
                  ᠣᠳᠤᠭ ᠵᠠᠰᠠᠭ ᠲᠠᠷᠬᠠᠭᠠᠭᠰᠠᠨ ﹇2022﹈ 239 ᠳ᠋ᠦ᠋ᠭᠡᠷ ᠲᠣᠭᠠᠲᠤ            ᠣᠲᠤᠭ ᠬᠤᠰᠢᠭᠤᠨ ᠤ ᠠᠮᠢᠳᠤᠷᠠᠯ ᠬᠦᠴᠢᠷᠳᠡᠯᠲᠡᠢ ᠣᠯᠠᠨ ᠲᠦᠮᠡᠨ ᠳᠤ 2022 ᠣᠨ ᠤ ᠡᠪᠦᠯ ᠤᠨ            ᠳᠤᠯᠠᠭᠠᠯᠠᠭ᠎ᠠ ᠶᠢᠨ ᠨᠥᠬᠦᠪᠦᠷᠢ ᠥᠭᠴᠦ ᠨᠡᠭᠦᠷᠡᠰᠦ ᠬᠠᠩᠭᠠᠬᠤ ᠠᠵᠢᠯ ᠤᠨ ᠬᠡᠷᠡᠭᠵᠢᠭᠦᠯᠬᠦ ᠲᠥᠰᠥᠯ ᠢ             ᠳᠠᠷᠤᠮᠠᠯᠯᠠᠨ ᠲᠠᠷᠬᠠᠭᠠᠬᠤ ᠳᠣᠬᠠᠢ ᠣᠳᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠬᠠᠮᠢᠶ᠎ᠠ ᠪᠦᠬᠦᠢ ᠪᠠᠶᠢᠭᠤᠯᠭ᠎ᠠ ᠳᠤ᠄      ︽ᠣᠲᠤᠭ ᠬᠤᠰᠢᠭᠤᠨ ᠤ ᠠᠮᠢᠳᠤᠷᠠᠯ ᠬᠦᠴᠢᠷᠳᠡᠯᠲᠡᠢ ᠣᠯᠠᠨ ᠲᠦᠮᠡᠨ ᠳᠤ 2022 ᠣᠨ ᠤ ᠡᠪᠦᠯ ᠤᠨ ᠳᠤᠯᠠᠭᠠᠯᠠᠭ᠎ᠠ ᠶᠢᠨ ᠨᠥᠬᠦᠪᠦᠷᠢ ᠥᠭᠴᠦ ᠨᠡᠭᠦᠷᠡᠰᠦ ᠬᠠᠩᠭᠠᠬᠤ ᠠᠵᠢᠯ ᠤᠨ ᠬᠡᠷᠡᠭᠵᠢᠭᠦᠯᠬᠦ ᠲᠥᠰᠥᠯ︾ ᠢ ᠡᠳᠦᠭᠡ ᠲᠠ ᠨᠠᠷ ᠲᠤ ᠳᠠᠷᠤᠮᠠᠯᠯᠠᠨ ᠲᠠᠷᠬᠠᠭᠠᠯ᠎ᠠ᠂ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠢ                                              ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ                                             2022 ᠣᠨ ᠤ 9 ᠳ᠋ᠦ᠋ᠭᠡᠷ ᠰᠠᠷ᠎ᠠ ᠶᠢᠨ 29 ᠤ ᠡᠳᠦᠷ            ᠣᠲᠤᠭ ᠬᠤᠰᠢᠭᠤᠨ ᠤ ᠠᠮᠢᠳᠤᠷᠠᠯ ᠬᠦᠴᠢᠷᠳᠡᠯᠲᠡᠢ ᠣᠯᠠᠨ ᠲᠦᠮᠡᠨ ᠳᠤ 2022 ᠣᠨ ᠤ ᠡᠪᠦᠯ ᠤᠨ             ᠳᠤᠯᠠᠭᠠᠯᠠᠭ᠎ᠠ ᠶᠢᠨ ᠨᠥᠬᠦᠪᠦᠷᠢ ᠥᠭᠴᠦ ᠨᠡᠭᠦᠷᠡᠰᠦ ᠬᠠᠩᠭᠠᠬᠤ ᠠᠵᠢᠯ ᠤᠨ ᠬᠡᠷᠡᠭᠵᠢᠭᠦᠯᠬᠦ ᠲᠥᠰᠥᠯ      ᠠᠮᠢᠳᠤᠷᠠᠯ ᠬᠦᠴᠢᠷᠳᠡᠯᠲᠡᠢ ᠣᠯᠠᠨ ᠲᠦᠮᠡᠨ ᠳᠤ ᠡᠪᠦᠯ ᠤᠨ ᠳᠤᠯᠠᠭᠠᠯᠠᠭ᠎ᠠ ᠬᠠᠩᠭᠠᠬᠤ ᠠᠵᠢᠯ ᠢ ᠪᠠᠲᠤᠯᠠᠵᠤ᠂ ᠳᠤᠯᠠᠭᠠᠯᠠᠭ᠎ᠠ ᠶᠢᠨ ᠵᠠᠷᠤᠯᠭ᠎ᠠ ᠶᠢᠨ ᠳᠠᠷᠤᠭᠠᠰᠤ ᠶᠢ ᠨᠢ ᠬᠥᠩᠭᠡᠯᠡᠨ᠂ ᠠᠮᠢᠳᠤᠷᠠᠯ ᠬᠦᠴᠢᠷᠳᠡᠯᠲᠡᠢ ᠣᠯᠠᠨ ᠲᠦᠮᠡᠨ ᠤ ᠠᠮᠤᠷ ᠲᠦᠪᠰᠢᠨ ᠰᠢᠨᠠᠯᠠᠵᠤ᠂ ᠬᠠᠯᠠᠭᠤᠨ ᠳᠤᠯᠠᠭᠠᠨ ᠡᠪᠦᠯᠵᠢᠬᠦ ᠶᠢ ᠪᠠᠲᠤᠯᠠᠬᠤ ᠶᠢᠨ ᠲᠤᠰᠠᠳᠠ᠂ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠲᠤᠰ ᠲᠥᠰᠥᠯ ᠢ ᠲᠣᠭᠲᠠᠭᠠᠪᠠ᠃      ᠨᠢᠭᠡ᠂ ᠵᠢᠯᠣᠭᠤᠳᠬᠤ ᠦᠵᠡᠯ ᠰᠠᠨᠠᠭ᠎ᠠ      ᠰᠢ ᠶᠢᠨ ᠫᠢᠡᠭ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠣᠶᠢᠯᠠᠭᠠᠭᠳᠠᠬᠤᠨ ᠢ ᠨᠢᠮᠪᠠᠢ ᠨᠠᠶᠢᠳᠠᠪᠤᠷᠢᠵᠢᠭᠤᠯᠤᠨ᠂ ᠰᠠᠶᠢᠨ ᠶᠠᠪᠤᠳᠠᠯ ᠢ ᠢᠯᠡᠭᠦᠬᠡᠨ ᠬᠢᠬᠦ ᠵᠠᠷᠴᠢᠮ ᠢ ᠪᠠᠷᠢᠮᠲᠠᠯᠠᠵᠤ᠂ ᠪᠦᠬᠦ ᠬᠤᠰᠢᠭᠤᠨ ᠤ ᠳᠠᠩᠰᠠᠯᠠᠵᠤ ᠺᠠᠷᠲᠯᠠᠭᠰᠠᠨ ᠶᠠᠳᠠᠭᠤ ᠠᠴᠠ ᠠᠩᠭᠢᠵᠢᠷᠠᠭᠰᠠᠨ ᠡᠷᠦᠭᠡ᠂ ᠳᠣᠣᠷ᠎ᠠ ᠣᠷᠣᠯᠭ᠎ᠠ ᠲᠠᠢ ᠡᠷᠦᠬᠡ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠪᠤᠷᠢ ᠬᠦᠷᠲᠡᠬᠦ ᠡᠷᠦᠬᠡ᠂ ᠬᠦᠨᠳᠦ ᠡᠪᠡᠳᠴᠢᠲᠡᠨ ᠲᠠᠢ ᠡᠷᠦᠬᠡ᠂ ᠵᠡᠮᠳᠡᠭ ᠬᠦᠮᠦᠨ ᠲᠠᠢ ᠡᠷᠦᠬᠡ᠂ ᠭᠡᠨᠡᠳᠲᠡ ᠶᠢᠨ ᠬᠡᠷᠡᠭ ᠢᠶᠠᠷ ᠠᠮᠢᠳᠤᠷᠠᠯ ᠳᠠᠭᠠᠨ ᠰᠦᠷᠡᠬᠡᠢ ᠬᠦᠴᠢᠷᠳᠡᠭᠰᠡᠨ ᠡᠷᠦᠬᠡ᠂ ᠬᠤᠲᠠ ᠪᠠᠯᠭᠠᠰᠤᠨ ᠤ ᠪᠣᠳᠠᠲᠠᠢ ᠬᠦᠴᠢᠷᠳᠡᠯᠲᠡᠢ ᠡᠷᠦᠬᠡ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠬᠦᠴᠢᠷᠳᠡᠯᠲᠡᠢ ᠡᠷᠦᠬᠡ ᠵᠡᠷᠭᠡ 8 ᠲᠥᠷᠥᠯ ᠤᠨ ᠠᠮᠢᠳᠤᠷᠠᠯ ᠬᠦᠴᠢᠷᠳᠡᠯᠲᠡᠢ ᠬᠦᠮᠦᠰ ᠲᠤ ᠡᠪᠦᠯ ᠤᠨ ᠨᠡᠭᠦᠷᠡᠰᠦᠨ ᠤ ᠨᠥᠬᠦᠪᠦᠷᠢ ᠥᠭᠴᠦ᠂ ᠥᠨᠥ ᠡᠪᠦᠯ ᠢᠷᠡᠬᠦ ᠬᠠᠪᠤᠷ ᠤᠨ ᠳᠤᠯᠠᠭᠠᠯᠠᠭ᠎ᠠ ᠶᠢᠨ ᠠᠰᠠᠭᠤᠳᠠᠯ ᠢ ᠨᠢ ᠰᠢᠢᠳᠪᠦᠷᠢᠯᠡᠨ᠎ᠡ᠃      ᠬᠤᠶᠠᠷ᠂ ᠨᠥᠬᠦᠪᠦᠷᠢ ᠥᠭᠬᠦ ᠬᠦᠷᠢᠶ᠎ᠡ ᠬᠡᠪᠴᠢᠶ᠎ᠡ      ᠪᠦᠬᠦ ᠬᠤᠰᠢᠭᠤᠨ ᠤ ᠳᠠᠩᠰᠠᠯᠠᠵᠤ ᠺᠠᠷᠲᠯᠠᠭᠰᠠᠨ ᠶᠠᠳᠠᠭᠤ ᠠᠴᠠ ᠠᠩᠭᠢᠵᠢᠷᠠᠭᠰᠠᠨ 415 ᠡᠷᠦᠬᠡ᠂ ᠳᠣᠣᠷ᠎ᠠ ᠣᠷᠣᠯᠭ᠎ᠠ ᠲᠠᠢ 11 ᠡᠷᠦᠬᠡ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠪᠤᠷᠢ ᠬᠦᠷᠲᠡᠬᠦ 233 ᠡᠷᠦᠬᠡ᠂ ᠬᠦᠨᠳᠦ ᠡᠪᠡᠳᠴᠢᠲᠡᠨ ᠲᠠᠢ 383 ᠡᠷᠦᠬᠡ᠂ ᠵᠡᠮᠳᠡᠭ ᠬᠦᠮᠥᠨ ᠲᠠᠢ 874 ᠡᠷᠦᠬᠡ ︵ᠨᠢᠭᠡᠳᠦᠭᠡᠷ ᠲᠡᠰ ᠪᠠ ᠬᠤᠶᠠᠳᠤᠭᠠᠷ ᠲᠡᠰ ᠤᠨ ᠵᠡᠮᠳᠡᠭ ᠬᠦᠮᠦᠨ ᠲᠠᠢ ᠡᠷᠦᠬᠡ ᠪᠠᠷ ᠲᠣᠭᠲᠠᠭᠠᠭᠳᠠᠭᠰᠠᠨ︶᠂ ᠭᠡᠨᠡᠳᠲᠡ ᠶᠢᠨ ᠬᠡᠷᠡᠭ ᠢᠶᠠᠷ ᠠᠮᠢᠳᠤᠷᠠᠯ ᠳᠠᠭᠠᠨ ᠰᠦᠷᠡᠬᠡᠢ ᠬᠦᠴᠢᠷᠳᠡᠭᠰᠡᠨ 73 ᠡᠷᠦᠬᠡ᠂ ᠬᠤᠲᠠ ᠪᠠᠯᠭᠠᠰᠤᠨ ᠤ ᠪᠣᠳᠠᠲᠠᠢ ᠬᠦᠴᠢᠷᠳᠡᠯᠲᠡᠢ 220 ᠡᠷᠦᠬᠡ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠬᠦᠴᠢᠷᠳᠡᠯᠲᠡᠢ 503 ᠡᠷᠦᠬᠡ᠂ ᠨᠡᠶᠢᠲᠡ 2712 ᠡᠷᠦᠬᠡ ᠳᠤ ᠨᠥᠬᠦᠪᠦᠷᠢ ᠥᠭᠭᠦᠨ᠎ᠡ᠃      ᠭᠤᠷᠪᠠ᠂ ᠨᠥᠬᠦᠪᠦᠷᠢ ᠬᠤᠪᠢᠶᠠᠬᠤ ᠬᠡᠯᠪᠡᠷᠢ      ᠨᠥᠬᠦᠪᠦᠷᠢ ᠬᠦᠷᠲᠡᠬᠦ ᠬᠦᠮᠦᠰ ᠢ ᠣᠨᠣᠪᠴᠢᠲᠠᠢ ᠲᠣᠭᠲᠠᠭᠠᠵᠤ᠂ ᠨᠥᠬᠦᠪᠦᠷᠢ ᠶᠢ ᠣᠨᠣᠪᠴᠢᠲᠠᠢ ᠬᠤᠪᠢᠶᠠᠨ᠂ ᠵᠠᠰᠠᠭ ᠤᠨ ᠣᠷᠳᠣᠨ ᠠᠴᠠ ᠡᠷᠦᠬᠡ ᠪᠦᠷᠢ ᠳᠤ 2000 ᠲᠥᠭᠦᠷᠢᠭ ᠥᠭᠬᠦ ᠪᠠᠷᠢᠮᠵᠢᠶ᠎ᠠ ᠪᠠᠷ ᠨᠢᠭᠡᠳᠦᠯᠲᠡᠢ ᠪᠠᠷ ᠨᠡᠭᠦᠷᠡᠰᠦ ᠬᠤᠳᠠᠯᠳᠤᠨ ᠠᠪᠴᠦ᠂ ᠰᠤᠮᠤ ᠪᠠᠯᠭᠠᠰᠤᠨ ᠤ ᠮᠡᠳᠡᠭᠦᠯᠦᠭᠰᠡᠨ ᠠᠮᠢᠳᠤᠷᠠᠯ ᠬᠦᠴᠢᠷᠳᠡᠯᠲᠡᠢ ᠡᠷᠦᠬᠡ ᠶᠢᠨ ᠲᠤᠭ᠎ᠠ ᠪᠠᠷ ᠬᠤᠪᠢᠶᠠᠨ᠂ 542.4 ᠲᠦᠮᠡᠨ ᠲᠥᠭᠦᠷᠢᠭ ᠬᠤᠪᠢᠶᠠᠬᠤ ᠪᠠᠷ ᠲᠥᠯᠥᠪᠯᠡᠵᠦ ᠪᠠᠶᠢᠨ᠎ᠠ᠃      ᠳᠥᠷᠪᠡ᠂ ᠡᠭᠦᠷᠭᠡ ᠶᠢᠨ ᠬᠤᠪᠢᠶᠠᠷᠢᠯᠠᠯ      ᠨᠢᠭᠡ ᠳᠤ ᠬᠤᠰᠢᠭᠤᠨ ᠤ ᠡᠨᠧᠷᠭᠢ ᠶᠢᠨ ᠲᠣᠪᠴᠢᠶ᠎ᠠ ᠪᠦᠬᠦ ᠬᠤᠰᠢᠭᠤᠨ ᠤ ᠠᠮᠢᠳᠤᠷᠠᠯ ᠬᠦᠴᠢᠷᠳᠡᠯᠲᠡᠢ ᠣᠯᠠᠨ ᠲᠦᠮᠡᠨ ᠳᠤ ᠡᠪᠦᠯ ᠤᠨ ᠳᠤᠯᠠᠭᠠᠯᠠᠭ᠎ᠠ ᠶᠢᠨ ᠨᠥᠬᠦᠪᠦᠷᠢ ᠥᠭᠴᠦ ᠨᠡᠭᠦᠷᠡᠰᠦ ᠬᠤᠪᠢᠶᠠᠬᠤ ᠠᠵᠢᠯ ᠢ ᠬᠠᠷᠢᠭᠤᠴᠠᠨ ᠰᠠᠶᠢᠨ ᠬᠢᠵᠦ᠂ ᠨᠡᠭᠦᠷᠡᠰᠦᠨ ᠤ ᠠᠭᠤᠷᠬᠠᠢ ᠶᠢᠨ ᠠᠵᠦ ᠠᠬᠤᠶᠢᠯᠠᠯ ᠯᠤᠭ᠎ᠠ ᠬᠠᠷᠢᠯᠴᠠᠵᠤ ᠪᠠᠶᠢᠭᠠᠳ ᠡᠩ ᠤᠨ ᠦᠨᠡᠲᠦ ᠨᠡᠭᠦᠷᠡᠰᠦ ᠬᠤᠳᠠᠯᠳᠤᠨ ᠠᠪᠬᠤ ᠶᠢᠨ ᠬᠠᠮᠲᠤ ᠡᠯ᠎ᠡ ᠰᠤᠮᠤ ᠪᠠᠯᠭᠠᠰᠤᠨ ᠤ ᠲᠥᠪᠯᠡᠷᠡᠩᠭᠦᠢ ᠴᠡᠭ ᠲᠤ ᠬᠦᠷᠭᠡᠨ᠎ᠡ︔ ᠬᠤᠶᠠᠷ ᠲᠤ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠨᠥᠬᠦᠪᠦᠷᠢ ᠮᠥᠩᠭᠦ ᠶᠢ ᠴᠠᠭ ᠲᠤᠬᠠᠢ ᠳᠤᠨᠢ ᠪᠠᠭᠤᠯᠭᠠᠨ᠎ᠠ︔ ᠭᠤᠷᠪᠠ ᠳᠤ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠬᠦ ᠲᠥᠪ ᠲᠦᠷᠦᠭᠦᠯᠡᠵᠦ᠂ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ᠂ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠵᠡᠮᠳᠡᠭᠴᠦᠳ ᠤᠨ ᠬᠤᠯᠪᠣᠭᠠᠲᠤ ᠬᠤᠷᠠᠯ ᠵᠡᠷᠭᠡ ᠬᠤᠯᠪᠣᠭᠳᠠᠯ ᠪᠦᠬᠦᠢ ᠪᠠᠶᠢᠭᠤᠯᠭ᠎ᠠ ᠲᠠᠢ ᠬᠠᠮᠵᠢᠯᠴᠠᠨ᠂ ᠨᠥᠬᠦᠪᠦᠷᠢ ᠬᠤᠪᠢᠶᠠᠬᠤ ᠠᠮᠢᠳᠤᠷᠠᠯ ᠬᠦᠴᠢᠷᠳᠡᠯᠲᠡᠢ ᠡᠷᠦᠬᠡ ᠶᠢ ᠬᠢᠨᠠᠨ ᠬᠠᠷᠭᠤᠭᠤᠯᠬᠤ ᠪᠠ ᠬᠢᠨᠠᠨ ᠪᠠᠶᠢᠴᠠᠭᠠᠵᠤ᠂ ᠡᠯ᠎ᠡ ᠰᠤᠮᠤ ᠪᠠᠯᠭᠠᠰᠤ ᠶᠢ ᠱᠠᠭᠠᠷᠳᠠᠵᠤ ᠵᠢᠯᠣᠭᠤᠳᠤᠨ ᠨᠥᠬᠦᠪᠦᠷᠢ ᠬᠤᠪᠢᠶᠠᠬᠤ ᠠᠵᠢᠯ ᠢ ᠰᠠᠶᠢᠨ ᠬᠢᠯᠭᠡᠨ᠂ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢ ᠣᠨᠣᠪᠴᠢᠲᠠᠢ ᠨᠠᠶᠢᠳᠠᠪᠤᠷᠢᠵᠢᠭᠤᠯᠬᠤ ᠶᠢ ᠪᠠᠲᠤᠯᠠᠨ᠎ᠠ︔ ᠳᠥᠷᠪᠡ ᠳᠤ ᠡᠯ᠎ᠡ ᠰᠤᠮᠤ ᠪᠠᠯᠭᠠᠰᠤ ᠲᠤᠰ ᠬᠠᠷᠢᠶ᠎ᠠ ᠣᠷᠣᠨ ᠳᠣᠲᠣᠷᠠᠬᠢ ᠠᠮᠢᠳᠤᠷᠠᠯ ᠬᠦᠴᠢᠷᠳᠡᠯᠲᠡᠢ ᠣᠯᠠᠨ ᠲᠦᠮᠡᠨ ᠤ ᠡᠪᠦᠯ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦ ᠶᠢ ᠬᠢᠨᠠᠨ ᠬᠠᠷᠭᠤᠭᠤᠯᠬᠤ ᠵᠢᠴᠢ ᠵᠣᠬᠢᠶᠠᠨ ᠪᠠᠶᠢᠭᠤᠯᠤᠨ ᠬᠤᠪᠢᠶᠠᠬᠤ ᠠᠵᠢᠯ ᠢ ᠬᠠᠷᠢᠭᠤᠴᠠᠵᠤ᠂ ᠬᠤᠪᠢᠶᠠᠬᠤ ᠶᠠᠪᠤᠴᠠ ᠳᠤ ᠢᠯᠡᠷᠡᠭᠰᠡᠨ ᠠᠰᠠᠭᠤᠳᠠᠯ ᠢ ᠴᠠᠭ ᠳᠠᠷᠤᠢ ᠳᠤᠨᠢ ᠰᠤᠳᠤᠯᠵᠤ ᠰᠢᠢᠳᠪᠦᠷᠢᠯᠡᠨ᠂ ᠠᠮᠢᠳᠤᠷᠠᠯ ᠬᠦᠴᠢᠷᠳᠡᠯᠲᠡᠢ ᠣᠯᠠᠨ ᠲᠦᠮᠡᠨ ᠤ ᠡᠪᠦᠯ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦᠨ ᠤ ᠨᠥᠬᠦᠪᠦᠷᠢ ᠥᠭᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠨ ᠬᠢᠨ᠎ᠡ᠃      ᠲᠠᠪᠤ᠂ ᠠᠵᠢᠯ ᠤᠨ ᠱᠠᠭᠠᠷᠳᠠᠯᠭ᠎ᠠ      ᠡᠯ᠎ᠡ ᠰᠤᠮᠤ ᠪᠠᠯᠭᠠᠰᠤ᠂ ᠡᠯ᠎ᠡ ᠬᠠᠮᠢᠶ᠎ᠠ ᠪᠦᠬᠦᠢ ᠪᠠᠶᠢᠭᠤᠯᠭ᠎ᠠ ᠲᠤᠰ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠨᠠᠷᠢᠯᠢᠭ ᠵᠣᠬᠢᠶᠠᠨ ᠪᠠᠶᠢᠭᠤᠯᠤᠨ᠂ ᠨᠢᠭᠲᠠ ᠪᠠᠶᠢᠷᠢᠯᠠᠭᠤᠯᠵᠤ᠂ ᠲᠤᠰᠬᠠᠢ ᠬᠦᠮᠥᠨ ᠢᠶᠠᠷ ᠬᠠᠷᠢᠭᠤᠴᠠᠭᠤᠯᠤᠨ᠂ ᠲᠤᠰᠬᠠᠢ ᠶᠠᠪᠤᠳᠠᠯ ᠢ ᠲᠤᠰᠬᠠᠶᠢᠯᠠᠨ ᠭᠦᠢᠴᠡᠳᠬᠡᠵᠦ᠂ ᠬᠠᠷᠢᠭᠤᠴᠠᠯᠭ᠎ᠠ ᠶᠢ ᠬᠦᠮᠥᠨ ᠳᠤ ᠨᠠᠶᠢᠳᠠᠪᠤᠷᠢᠵᠢᠭᠤᠯᠬᠤ ᠶᠢ ᠪᠠᠲᠤᠯᠠᠨ᠎ᠠ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠬᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠠᠯᠪᠠᠨ ᠭᠡᠷ ᠤᠨ ᠱᠠᠭᠠᠷᠳᠠᠨ ᠪᠠᠶᠢᠴᠠᠭᠠᠬᠤ ᠲᠠᠰᠤᠭ ᠲᠠᠢ ᠬᠠᠮᠲᠤᠷᠠᠨ ᠵᠣᠬᠢᠬᠤ ᠲᠣᠭᠠᠨ ᠤ ᠭᠤᠣᠯᠳᠠᠯᠭᠠᠲᠤ ᠬᠦᠮᠦᠰ ᠢ ᠰᠤᠭᠤᠴᠢᠨ ᠪᠠᠶᠢᠴᠠᠭᠠᠵᠤ᠂ ᠲᠣᠭᠲᠠᠭᠰᠠᠨ ᠴᠠᠭ ᠲᠤᠨᠢ ᠪᠠᠷᠢᠮᠵᠢᠶ᠎ᠠ ᠪᠠ ᠱᠠᠭᠠᠷᠳᠠᠯᠭ᠎ᠠ ᠶᠣᠰᠣᠭᠠᠷ ᠭᠤᠣᠯᠳᠠᠯᠭᠠᠲᠤ ᠬᠦᠮᠦᠰ ᠲᠤ ᠨᠥᠬᠦᠪᠦᠷᠢ ᠮᠥᠩᠭᠦ ᠥᠭᠭᠦᠭᠰᠡᠨ ᠦᠭᠡᠢ ᠪᠠᠶᠢᠳᠠᠯ ᠢ ᠢᠯᠡᠷᠡᠭᠦᠯᠪᠡᠯ᠂ ᠬᠤᠯᠪᠣᠭᠳᠠᠯ ᠪᠦᠬᠦᠢ ᠬᠠᠷᠢᠭᠤᠴᠠᠯᠭᠠᠲᠠᠨ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ᠃ᠳᠠᠭᠠᠯᠳᠤᠭᠤᠯᠤᠯ᠄ 2022 ᠣᠨ ᠤ ᠣᠲᠤᠭ ᠬᠤᠰᠢᠭᠤᠨ ᠤ ᠠᠮᠢᠳᠤᠷᠠᠯ ᠬᠦᠴᠢᠷᠳᠡᠯᠲᠡᠢ ᠣᠯᠠᠨ ᠲᠦᠮᠡᠨ ᠳᠤ ᠡᠪᠦᠯ ᠤᠨ ᠳᠤᠯᠠᠭᠠᠯᠠᠭ᠎ᠠ ᠶᠢᠨ ᠨᠥᠬᠦᠪᠦᠷᠢ ᠥᠭᠴᠦ ᠨᠡᠭᠦᠷᠡᠰᠦ ᠬᠤᠪᠢᠶᠠᠭᠰᠠᠨ ᠪᠠᠶᠢᠳᠠᠯ ᠢ ᠪᠦᠷᠢᠳᠬᠡᠭᠰᠡᠨ ᠬᠦᠰᠦᠨᠦᠭᠲᠦ  
239 附件.png
   ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ           2022 ᠣᠨ ᠤ 9 ᠰᠠᠷ᠎ᠠ ᠶᠢᠨ 29 ᠤ ᠡᠳᠦᠷ ᠳᠠᠷᠤᠮᠠᠯᠯᠠᠨ ᠲᠠᠷᠬᠠᠭᠠᠪᠠ 
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ