ᠣᠲᠤᠭ ᠬᠤᠰᠢᠭᠤᠨ ᠤ  ᠺᠠᠳ᠋ᠷ ᠠᠵᠢᠯᠲᠠᠨ ᠤ ᠡᠷᠡᠭᠦᠯ ᠮᠡᠨᠳᠦ ᠶᠢᠨ ᠪᠠᠶᠢᠴᠠᠭᠠᠯᠲᠠ ᠶᠢᠨ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠲᠠᠷᠬᠠᠭᠠᠬᠤ ᠲᠤᠬᠠᠢ ᠣᠳᠤᠭ ᠬᠤᠰᠢᠭᠤᠨ ᠤ ᠠᠷᠡᠳ ᠤᠨ ᠵᠡᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2023/1/18
                  ᠣᠳᠤᠭ ᠵᠠᠰᠠᠭ ᠠᠯᠪᠠᠨ ᠲᠠᠷᠬᠠᠭᠠᠭᠰᠠᠨ ﹇2023﹈ 1 ᠳ᠋ᠦ᠋ᠭᠡᠷ ᠲᠣᠭᠠᠲᠤ            ᠣᠲᠤᠭ ᠬᠤᠰᠢᠭᠤᠨ ᠤ  ᠺᠠᠳ᠋ᠷ ᠠᠵᠢᠯᠲᠠᠨ ᠤ ᠡᠷᠡᠭᠦᠯ ᠮᠡᠨᠳᠦ ᠶᠢᠨ ᠪᠠᠶᠢᠴᠠᠭᠠᠯᠲᠠ ᠶᠢᠨ ᠬᠡᠷᠡᠭᠵᠢᠭᠦᠯᠬᠦ ᠲᠥᠰᠥᠯ ᠢ            ᠳᠠᠷᠤᠮᠠᠯᠯᠠᠨ ᠲᠠᠷᠬᠠᠭᠠᠬᠤ ᠲᠤᠬᠠᠢ ᠣᠳᠤᠭ ᠬᠤᠰᠢᠭᠤᠨ ᠤ ᠠᠷᠡᠳ ᠤᠨ ᠵᠡᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯᠡᠯ᠎ᠡ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ︵ᠬᠦᠷᠢᠶᠡᠯᠡᠩ︶ ᠤᠨ ᠬᠠᠮᠢᠶᠠᠷᠤᠯᠲᠠ ᠶᠢᠨ ᠵᠥᠪᠯᠡᠯ᠂ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤᠨ ︵ᠬᠤᠲᠠ︶ ᠤ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠪᠠᠶᠢᠭᠤᠯᠭ᠎ᠠ᠂ ᠡᠯ᠎ᠡ ᠶᠡᠭᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄      ︽ᠣᠲᠤᠭ ᠬᠤᠰᠢᠭᠤᠨ ᠤ ᠺᠠᠳ᠋ᠷ ᠠᠵᠢᠯᠲᠠᠨ ᠤ ᠡᠷᠡᠭᠦᠯ ᠮᠡᠨᠳᠦ ᠶᠢᠨ ᠪᠠᠶᠢᠴᠠᠭᠠᠯᠲᠠ ᠶᠢᠨ ᠬᠡᠷᠡᠭᠵᠢᠭᠦᠯᠬᠦ ᠲᠥᠰᠥᠯ︾ ᠢ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ ᠡᠳᠦᠭᠡ ᠲᠠ ᠨᠠᠷ ᠲᠤ ᠳᠠᠷᠤᠮᠠᠯᠯᠠᠨ ᠲᠠᠷᠬᠠᠭᠠᠯ᠎ᠠ᠂ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠢ᠃                                            ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                            2023 ᠣᠨ ᠤ 1 ᠳ᠋ᠦ᠋ᠭᠡᠷ ᠰᠠᠷ᠎ᠠ ᠶᠢᠨ 18 ᠤ ᠡᠳᠦᠷ            ᠣᠲᠤᠭ ᠬᠤᠰᠢᠭᠤᠨ ᠤ ᠺᠠᠳ᠋ᠷ ᠠᠵᠢᠯᠲᠠᠨ ᠤ ᠡᠷᠡᠭᠦᠯ ᠮᠡᠨᠳᠦ ᠶᠢᠨ ᠪᠠᠶᠢᠴᠠᠭᠠᠯᠲᠠ ᠶᠢᠨ ᠬᠡᠷᠡᠭᠵᠢᠭᠦᠯᠬᠦ ᠲᠥᠰᠥᠯ      ᠨᠠᠮ ᠵᠠᠰᠠᠭ ᠤᠨ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠺᠠᠳ᠋ᠷ ᠠᠵᠢᠯᠲᠠᠨ ᠢ ᠤᠯᠠᠮ ᠬᠠᠶᠢᠷᠠᠯᠠᠨ ᠬᠠᠯᠠᠮᠵᠢᠯᠠᠵᠤ᠂ ︽ᠡᠷᠡᠭᠦᠯ ᠡᠩᠬᠡ ᠣᠲᠤᠭ︾ ᠤᠨ ᠪᠠᠶᠢᠯᠳᠤᠬᠤ ᠪᠣᠳᠣᠯᠭ᠎ᠠ ᠶᠢ ᠶᠡᠬᠡᠪᠡᠷ ᠬᠡᠷᠡᠭᠵᠢᠭᠦᠯᠦᠨ᠂ ᠺᠠᠳ᠋ᠷ ᠠᠵᠢᠯᠲᠠᠨ ᠤ ᠡᠷᠡᠭᠦᠯ ᠮᠡᠨᠳᠦ ᠶᠢᠨ ᠳᠠᠩᠰᠠ ᠡᠪᠬᠡᠮᠡᠯ ᠢ ᠪᠠᠶᠢᠭᠤᠯᠤᠨ ᠲᠡᠭᠦᠯᠳᠡᠷᠵᠢᠭᠦᠯᠵᠦ᠂ ᠺᠠᠳ᠋ᠷ ᠠᠵᠢᠯᠲᠠᠨ ᠤ ᠡᠷᠡᠭᠦᠯ ᠮᠡᠨᠳᠦ ᠶᠢᠨ ᠪᠠᠶᠢᠳᠠᠯ ᠢ ᠴᠠᠭ ᠲᠤᠬᠠᠢ ᠲᠤᠨᠢ ᠡᠵᠡᠮᠰᠢᠬᠦ ᠶᠢᠨ ᠲᠤᠰᠠᠳᠡ᠂ ᠬᠤᠰᠢᠭᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠪᠦᠬᠦ ᠬᠤᠰᠢᠭᠤᠨ ᠤ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠺᠠᠳ᠋ᠷ ᠠᠵᠢᠯᠲᠠᠨ ᠳᠤ ᠡᠷᠡᠭᠦᠯ ᠮᠡᠨᠳᠦ ᠶᠢᠨ ᠪᠠᠶᠢᠴᠠᠭᠠᠯᠲᠠ ᠬᠢᠬᠦ ᠪᠠᠷ ᠪᠣᠯᠪᠠ᠂ ᠡᠳᠦᠭᠡ ᠲᠣᠰ ᠬᠡᠷᠡᠭᠵᠢᠭᠦᠯᠬᠦ ᠲᠥᠰᠥᠯ ᠢ ᠲᠣᠭᠲᠠᠭᠠᠪᠠ᠃      ᠨᠢᠭᠡ᠂ ᠵᠢᠯᠣᠭᠤᠳᠬᠤ ᠦᠵᠡᠯ ᠰᠠᠨᠠᠭ᠎ᠠ      ᠰᠢ ᠶᠢᠨ ᠫᠢᠡᠭ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠣᠭᠤᠰᠢᠯᠠᠭᠤᠯᠵᠤ ᠨᠠᠶᠢᠳᠠᠪᠤᠷᠢᠵᠢᠭᠤᠯᠤᠨ᠂ ᠡᠷᠡᠭᠦᠯ ᠡᠩᠬᠡ ᠳᠤᠮᠳᠠᠳᠤ ᠤᠯᠤᠰ ᠤᠨ ᠪᠠᠶᠢᠯᠳᠤᠬᠤ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ᠂ ᠰᠡᠷᠭᠡᠶᠢᠯᠡᠬᠦ ᠵᠠᠰᠠᠬᠤ ᠶᠢ ᠤᠶᠠᠯᠳᠤᠭᠤᠯᠬᠤ ᠶᠢ ᠪᠠᠷᠢᠮᠲᠠᠯᠠᠨ᠂ ᠡᠮᠴᠢᠯᠡᠭᠡᠨ ᠤ ᠪᠠᠲᠤᠯᠠᠭ᠎ᠠ ᠶᠢᠨ ᠪᠠᠶᠢᠭᠤᠯᠭ᠎ᠠ ᠶᠢᠨ ᠲᠥᠪᠯᠡᠷᠡᠭᠦᠯᠦᠨ ᠦᠢᠯᠡᠴᠢᠯᠡᠭᠡ ᠬᠤᠳᠠᠯᠳᠤᠨ ᠠᠪᠬᠤ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠠᠯᠪᠠᠲᠠᠨ ᠤ ᠡᠮᠴᠢᠯᠡᠭᠡᠨ ᠤ ᠨᠥᠬᠦᠪᠦᠷᠢ ᠶᠢᠨ ᠰᠠᠭᠤᠷᠢ ᠮᠥᠩᠭᠦ ᠶᠢ ᠰᠠᠶᠢᠨ ᠠᠰᠢᠭᠯᠠᠨ᠂ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠺᠠᠳ᠋ᠷ ᠠᠵᠢᠯᠲᠠᠨ ᠤ ᠡᠷᠡᠭᠦᠯ ᠮᠡᠨᠳᠦ ᠶᠢᠨ ᠪᠠᠶᠢᠴᠠᠭᠠᠯᠲᠠ ᠬᠢᠬᠦ ᠪᠠᠷ ᠺᠠᠳ᠋ᠷ ᠠᠵᠢᠯᠲᠠᠨ ᠤ ᠡᠷᠡᠭᠦᠯ ᠮᠡᠨᠳᠦ ᠶᠢᠨ ᠲᠦᠪᠰᠢᠨ ᠪᠠ ᠠᠮᠢᠳᠤᠷᠠᠯ ᠤᠨ ᠴᠢᠨᠠᠷ ᠴᠢᠨᠰᠠᠭ᠎ᠠ ᠶᠢ ᠪᠦᠬᠦ ᠲᠠᠯ᠎ᠠ ᠪᠠᠷ  ᠳᠡᠭᠡᠭᠰᠢᠯᠡᠭᠦᠯᠵᠦ᠂ ᠺᠠᠳ᠋ᠷ ᠠᠵᠢᠯᠲᠠᠨ ᠤ ᠡᠷᠡᠭᠦᠯ ᠮᠡᠨᠳᠦ ᠶᠢᠨ ᠡᠷᠬᠡ ᠠᠰᠢᠭ ᠢ ᠪᠠᠲᠤᠯᠠᠨ᠎ᠠ᠃      ᠬᠤᠶᠠᠷ᠂ ᠠᠵᠢᠯ ᠤᠨ ᠬᠠᠷᠠᠯᠲᠠ      ᠶᠡᠷᠦᠩᠬᠡᠶᠢᠯᠡᠭᠰᠡᠨ ᠪᠦᠬᠦ ᠲᠠᠯ᠎ᠠ ᠶᠢᠨ ᠰᠡᠳᠬᠢᠴᠡ ᠶᠢᠨ ᠪᠠᠶᠢᠴᠠᠭᠠᠯᠲᠠ᠂ ᠡᠷᠡᠭᠦᠯ ᠮᠡᠨᠳᠦ ᠶᠢᠨ ᠪᠠᠶᠢᠴᠠᠭᠠᠯᠲᠠ ᠬᠢᠬᠦ ᠪᠠᠷ ᠳᠠᠮᠵᠢᠭᠤᠯᠤᠨ ᠺᠠᠳ᠋ᠷ ᠠᠵᠢᠯᠲᠠᠨ ᠤ ᠡᠷᠡᠭᠦᠯ ᠮᠡᠨᠳᠦ ᠶᠢᠨ ᠪᠠᠶᠢᠳᠠᠯ ᠢ ᠦᠨᠡᠨ ᠪᠣᠳᠠᠲᠠᠢ ᠪᠠᠷ ᠲᠤᠰᠬᠠᠵᠤ᠂ ᠡᠪᠡᠳᠴᠢᠨ ᠦᠭᠡᠢ ᠪᠣᠯ ᠡᠷᠲᠡᠬᠡᠨ ᠰᠡᠷᠭᠡᠶᠢᠯᠡᠬᠦ᠂ ᠡᠷᠲᠡᠬᠡᠨ ᠰᠣᠪᠢᠯᠠᠬᠤ ᠪᠠ ᠡᠪᠡᠳᠴᠢᠨ ᠲᠠᠢ ᠪᠣᠯ ᠡᠷᠲᠡᠬᠡᠨ ᠢᠯᠡᠷᠡᠭᠦᠯᠵᠦ᠂ ᠡᠷᠲᠡᠬᠡᠨ ᠡᠮᠨᠡᠭᠦᠯᠬᠦ ᠶᠢ ᠪᠡᠶᠡᠯᠡᠭᠦᠯᠦᠨ᠂ ᠺᠠᠳ᠋ᠷ ᠠᠵᠢᠯᠲᠠᠨ ᠤ ᠰᠡᠳᠬᠢᠴᠡ ᠶᠢᠨ ᠠᠷᠬᠠᠭ᠂ ᠭᠡᠨᠡᠳᠳᠡ ᠶᠢᠨ ᠡᠪᠡᠳᠴᠢᠨ ᠪᠠ ᠠᠵᠢᠯ ᠤᠨ ᠨᠥᠯᠥᠭᠡᠨ ᠤ ᠡᠪᠡᠳᠴᠢᠨ ᠢ ᠤᠷᠢᠳᠴᠢᠯᠠᠨ ᠰᠡᠷᠭᠡᠶᠢᠯᠡᠵᠦ᠂ ᠰᠡᠷᠭᠡᠶᠢᠯᠡᠨ ᠵᠠᠰᠠᠬᠤ ᠳᠤ ᠠᠮᠤᠷ ᠲᠦᠪᠰᠢᠨ ᠤ ᠪᠠᠲᠤᠯᠠᠭ᠎ᠠ ᠬᠠᠩᠭᠠᠬᠤ ᠶᠢᠨ ᠳᠠᠭᠠᠤ ᠴᠢᠭᠯᠡᠯᠲᠦ ᠴᠢᠨᠠᠷᠲᠠᠢ ᠪᠠᠷ ᠡᠷᠡᠭᠦᠯ ᠮᠡᠨᠳᠦ ᠶᠢᠨ ᠬᠥᠮᠥᠵᠢᠯ᠂ ᠡᠷᠡᠭᠦᠯ ᠮᠡᠨᠳᠦ ᠶᠢ ᠠᠬᠢᠭᠤᠯᠬᠤ ᠠᠵᠢᠯᠯᠠᠭ᠎ᠠ ᠥᠷᠨᠢᠭᠦᠯᠦᠨ᠂ ᠺᠠᠳ᠋ᠷ ᠠᠵᠢᠯᠲᠠᠨ ᠢ ᠵᠥᠪ ᠡᠷᠡᠭᠦᠯ ᠮᠡᠨᠳᠦ ᠶᠢᠨ ᠦᠵᠡᠯᠲᠡ ᠲᠠᠢ ᠪᠣᠯᠭᠠᠵᠤ᠂ ᠥᠪᠡᠷ ᠢ ᠪᠠᠨ ᠰᠣᠪᠢᠯᠠᠬᠤ ᠤᠬᠠᠮᠰᠡᠷ ᠢ ᠨᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃      ᠭᠤᠷᠪᠡ᠂ ᠪᠡᠶ᠎ᠡ ᠶᠢᠨ ᠪᠠᠶᠢᠴᠠᠭᠠᠯᠲᠠ ᠶᠢᠨ ᠠᠭᠤᠯᠭ᠎ᠠ      ︵ᠨᠢᠭᠡ︶ ᠪᠠᠶᠢᠴᠠᠭᠠᠯᠲᠠ ᠶᠢᠨ ᠬᠦᠷᠢᠶ᠎ᠡ ᠬᠡᠪᠴᠢᠶ᠎ᠡ ᠵᠢᠴᠢ ᠲᠤᠭ᠎ᠠ᠄ ︽ᠣᠲᠤᠭ ᠬᠤᠰᠢᠭᠤᠨ ᠤ ᠠᠯᠪᠠᠲᠠᠨ ᠤ ᠡᠮᠴᠢᠯᠡᠭᠡᠨ ᠤ ᠨᠥᠬᠦᠪᠦᠷᠢ ᠶᠢᠨ ᠬᠠᠮᠢᠶᠠᠷᠤᠯᠲᠠ ᠶᠢᠨ ᠠᠷᠭ᠎ᠠ︾ ︵ᠣᠲᠤᠭ ᠵᠠᠰᠠᠭ ᠠᠯᠪᠠᠨ ᠲᠠᠷᠬᠠᠭᠠᠭᠰᠠᠨ ﹇2021﹈ 126︶ ᠪᠠᠷ ᠬᠡᠷᠡᠭᠵᠢᠭᠦᠯᠦᠨ᠎ᠡ᠃      ︵ᠬᠤᠶᠠᠷ︶ ᠬᠡᠷᠡᠭᠵᠢᠭᠦᠯᠬᠦ ᠨᠢᠭᠡᠴᠢ᠄ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ᠂ ᠬᠤᠰᠢᠭᠤᠨ ᠤ ᠮᠣᠩᠭᠤᠯ ᠡᠮᠨᠡᠯᠭᠡ ᠶᠢᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ᠂ ᠬᠤᠰᠢᠭᠤᠨ ᠤ ᠬᠤᠶᠠᠳᠤᠭᠠᠷ ᠠᠷᠠᠳ ᠤᠨ ᠡᠮᠨᠡᠯᠭᠡ ᠶᠢᠨ ᠬᠤᠷᠢᠶ᠎ᠠ᠂ ᠬᠤᠰᠢᠭᠤᠨ ᠤ ᠭᠤᠸᠠᠩ ᠵᠢᠢ ᠬᠢᠲᠠᠳ ᠡᠮᠨᠡᠯᠭᠡ ᠶᠢᠨ ᠬᠤᠷᠢᠶ᠎ᠠ᠂ ᠬᠤᠰᠢᠭᠤᠨ ᠤ ᠷᠧᠨ ᠡᠾᠧ ᠡᠮᠨᠡᠯᠭᠡ ᠶᠢᠨ ᠬᠤᠷᠢᠶ᠎ᠠ᠃      ︵ᠭᠤᠷᠪᠡ︶ ᠪᠡᠶ᠎ᠡ ᠶᠢᠨ ᠪᠠᠶᠢᠴᠠᠭᠠᠯᠲᠠ ᠬᠢᠬᠦ ᠴᠠᠭ᠄ 2023 ᠣᠨ ᠤ 2 ᠳ᠋ᠤᠭᠠᠷ ᠰᠠᠷ᠎ᠠ ᠠᠴᠠ 2023 ᠣᠨ ᠤ 12 ᠳ᠋ᠤᠭᠠᠷ ᠰᠠᠷ᠎ᠠ ᠬᠦᠷᠲᠡᠯ᠎ᠡ᠃ ᠪᠣᠳᠠᠲᠠᠢ ᠴᠠᠭ ᠢ ᠨᠠᠮ ᠵᠠᠰᠠᠭ ᠤᠨ ᠡᠯ᠎ᠡ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠬᠢᠭᠡᠳ ᠬᠤᠰᠢᠭᠤᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠪᠡᠶ᠎ᠡ ᠶᠢᠨ ᠪᠠᠶᠢᠴᠠᠭᠠᠯᠲᠠ ᠬᠢᠯᠭᠡᠬᠦ ᠬᠥᠮᠥᠰ ᠤᠨ ᠨᠡᠷᠡᠰ ᠢ ᠬᠠᠷᠭᠤᠭᠤᠯᠤᠭᠰᠠᠨ ᠤ ᠳᠠᠷᠠᠭ᠎ᠠ᠂ ᠪᠡᠶ᠎ᠡ ᠪᠠᠨ ᠪᠠᠶᠢᠴᠠᠭᠠᠯᠭᠠᠭᠴᠢ ᠤᠷᠢᠳᠴᠢᠯᠠᠨ ᠪᠣᠯᠵᠣᠬᠤ ᠰᠢᠰᠲ᠋ᠧᠮ ᠢᠶᠠᠷ ᠤᠷᠢᠳᠴᠢᠯᠠᠨ ᠪᠣᠯᠵᠣᠵᠤ᠂ ᠪᠠᠶᠢᠴᠠᠭᠠᠯᠭᠠᠬᠤ ᠲᠥᠷᠥᠯ ᠵᠦᠢᠯ ᠢᠶᠠᠨ ᠰᠢᠨᠵᠢᠯᠡᠬᠦ ᠤᠬᠠᠭᠠᠨᠴᠢ ᠪᠠᠷ ᠰᠣᠩᠭᠤᠨ᠂ ᠴᠠᠭ ᠢᠶᠠᠨ ᠵᠣᠬᠢᠰᠲᠠᠢ ᠲᠣᠬᠢᠷᠠᠭᠤᠯᠤᠨ᠎ᠠ᠃      ︵ᠳᠥᠷᠪᠡ︶ ᠪᠡᠶ᠎ᠡ ᠶᠢᠨ ᠪᠠᠶᠢᠴᠠᠭᠠᠯᠲᠠ ᠶᠢᠨ ᠪᠠᠷᠢᠮᠵᠢᠶ᠎ᠠ᠄ ᠬᠥᠮᠥᠨ ᠨᠢᠭᠡᠪᠦᠷᠢ ᠳᠤ 2000 ᠲᠦᠭᠦᠷᠢᠭ ᠤᠨ ᠪᠠᠷᠢᠮᠵᠢᠶ᠎ᠠ ᠪᠠᠷ ᠡᠷᠡᠭᠦᠯ ᠮᠡᠨᠳᠦ ᠶᠢᠨ ᠪᠠᠶᠢᠴᠠᠭᠠᠯᠲᠠ ᠬᠢᠨ᠎ᠡ᠃ ᠪᠡᠶ᠎ᠡ ᠪᠠᠨ ᠪᠠᠶᠢᠴᠠᠭᠠᠯᠭᠠᠭᠴᠢ ᠪᠠᠶᠢᠴᠠᠭᠠᠯᠲᠠ ᠶᠢᠨ ᠲᠥᠷᠥᠯ ᠵᠦᠢᠯ ᠢᠶᠠᠷ ᠢᠶᠠᠨ ᠪᠠᠶᠢᠴᠠᠭᠠᠯᠭᠠᠵᠤ᠂ ᠪᠠᠶᠢᠴᠠᠭᠠᠯᠲᠠ ᠶᠢᠨ ᠪᠠᠷᠢᠮᠵᠢᠶ᠎ᠠ ᠠᠴᠠ ᠬᠡᠲᠦᠷᠡᠭᠰᠡᠨ ᠵᠠᠷᠤᠳᠠᠯ ᠢ ᠥᠪᠡᠷᠲᠡᠭᠡᠨ ᠬᠠᠷᠢᠭᠤᠴᠠᠨ᠎ᠠ᠃      ︵ᠲᠠᠪᠤ︶ ᠪᠡᠶ᠎ᠡ ᠶᠢᠨ ᠪᠠᠶᠢᠴᠠᠭᠠᠯᠲᠠ ᠶᠢᠨ ᠠᠭᠤᠯᠭ᠎ᠠ      ⒈ᠪᠡᠶ᠎ᠡ ᠶᠢᠨ ᠪᠠᠶᠢᠴᠠᠭᠠᠯᠲᠠ ᠶᠢᠨ ᠲᠥᠷᠥᠯ ᠵᠦᠢᠯ᠄ ᠬᠤᠰᠢᠭᠤᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠪᠠ ᠡᠷᠡᠭᠦᠯ ᠮᠡᠨᠳᠦ ᠶᠢᠨ ᠵᠥᠪᠯᠡᠯ᠂ ᠡᠯ᠎ᠡ ᠪᠡᠶ᠎ᠡ ᠶᠢᠨ ᠪᠠᠶᠢᠴᠠᠭᠠᠯᠲᠠ ᠬᠢᠬᠦ ᠡᠮᠨᠡᠯᠭᠡ ᠶᠢᠨ ᠬᠤᠷᠢᠶ᠎ᠠ ᠶᠢᠨ ᠵᠣᠬᠢᠶᠠᠨ ᠪᠠᠶᠢᠭᠤᠯᠤᠭᠰᠠᠨ ᠪᠡᠶ᠎ᠡ ᠶᠢᠨ ᠪᠠᠶᠢᠴᠠᠭᠠᠯᠲᠠ ᠶᠢᠨ ᠲᠥᠷᠥᠯ ᠵᠦᠢᠯ ᠤᠨ ᠲᠤᠰᠬᠠᠢ ᠮᠡᠷᠭᠡᠵᠢᠯᠲᠡᠨ ᠤ ᠳᠤᠭᠤᠶᠢᠯᠠᠩ ᠬᠤᠰᠢᠭᠤᠨ ᠤ ᠺᠠᠳ᠋ᠷ ᠠᠵᠢᠯᠲᠠᠨ ᠤ ᠪᠡᠶ᠎ᠡ ᠶᠢᠨ ᠪᠠᠶᠢᠴᠠᠭᠠᠯᠲᠠ ᠬᠢᠬᠦ ᠳᠤ ᠲᠣᠬᠢᠷᠠᠭᠰᠠᠨ ᠲᠥᠷᠥᠯ ᠵᠦᠢᠯ ᠪᠠ ᠦᠨ᠎ᠡ ᠬᠠᠩᠰᠢ ︵ᠬᠤᠲᠠ ᠶᠢᠨ ᠵᠠᠰᠠᠭ ᠤᠨ ᠣᠷᠳᠣᠨ ᠪᠠ ᠬᠤᠸ᠋ᠨ ᠳ᠋ᠠ ᠭᠧᠨ ᠲᠠᠢ ᠬᠤᠷᠰᠢᠭᠰᠠᠨ ᠰᠢᠭᠰᠢᠨ ᠪᠠᠶᠢᠴᠠᠭᠠᠬᠤ ᠲᠥᠷᠥᠯ ᠵᠦᠢᠯ︶ ᠶᠢ ᠲᠣᠭᠲᠠᠭᠠᠬᠤ ᠶᠢᠨ ᠳᠠᠭᠠᠤ᠂ ᠡᠯ᠎ᠡ ᠡᠮᠨᠡᠯᠭᠡ ᠶᠢᠨ ᠬᠤᠷᠢᠶ᠎ᠠ ᠥᠪᠡᠷᠲᠡᠭᠡᠨ ᠰᠣᠩᠭᠤᠵᠤ ᠪᠣᠯᠬᠤ ᠲᠥᠷᠥᠯ ᠵᠦᠢᠯ ᠢ ᠲᠣᠭᠲᠠᠭᠠᠨ᠎ᠠ᠃      ⒉ ᠪᠡᠶ᠎ᠡ ᠶᠢᠨ ᠪᠠᠶᠢᠴᠠᠭᠠᠯᠲᠠ ᠶᠢ ᠤᠷᠢᠳᠴᠢᠯᠠᠨ ᠪᠣᠯᠵᠣᠬᠤ᠄ ᠪᠡᠶ᠎ᠡ ᠪᠠᠨ ᠪᠠᠶᠢᠴᠠᠭᠠᠯᠭᠠᠭᠴᠢ ᠪᠡᠶ᠎ᠡ ᠶᠢᠨ ᠪᠠᠶᠢᠴᠠᠭᠠᠯᠲᠠ ᠬᠢᠬᠦ ᠬᠤᠭᠤᠴᠠᠭᠠᠨ ᠳᠤ ᠪᠡᠶ᠎ᠡ ᠶᠢᠨ ᠪᠠᠶᠢᠴᠠᠭᠠᠯᠲᠠ ᠶᠢ ᠤᠷᠢᠳᠴᠢᠯᠠᠨ ᠪᠣᠯᠵᠣᠬᠤ ᠰᠢᠰᠲ᠋ᠧᠮ ᠢᠶᠠᠷ ᠤᠷᠢᠳᠴᠢᠯᠠᠨ ᠪᠣᠯᠵᠣᠨ᠎ᠠ᠃      ⒊ᠪᠡᠶ᠎ᠡ ᠶᠢᠨ ᠪᠠᠶᠢᠴᠠᠭᠠᠯᠲᠠ ᠶᠢᠨ ᠮᠡᠳᠡᠭᠦᠯᠦᠯᠲᠡ᠄ ᠬᠤᠰᠢᠭᠤᠨ ᠤ ᠡᠷᠡᠭᠦᠯ ᠬᠠᠮᠠᠭᠠᠯᠠᠯ ᠪᠠ ᠡᠷᠡᠭᠦᠯ ᠮᠡᠨᠳᠦ ᠶᠢᠨ ᠵᠥᠪᠯᠡᠯ ᠡᠯ᠎ᠡ ᠪᠡᠶ᠎ᠡ ᠶᠢᠨ ᠪᠠᠶᠢᠴᠠᠭᠠᠯᠲᠠ ᠬᠢᠬᠦ ᠡᠮᠨᠡᠯᠭᠡ ᠶᠢᠨ ᠬᠤᠷᠢᠶ᠎ᠠ ᠶᠢᠨ ᠤᠷᠢᠭᠰᠠᠨ ᠲᠤᠰᠬᠠᠢ ᠮᠡᠷᠭᠡᠵᠢᠯᠲᠡᠨ ᠤ ᠪᠦᠯᠬᠦᠮ ᠢ ᠵᠣᠬᠢᠶᠠᠨ ᠪᠠᠶᠢᠭᠤᠯᠵᠤ ᠪᠡᠶ᠎ᠡ ᠶᠢᠨ ᠪᠠᠶᠢᠴᠠᠭᠠᠯᠲᠠ ᠶᠢᠨ ᠦᠷ᠎ᠡ ᠳ᠋ᠦᠩ ᠢ ᠬᠢᠨᠠᠵᠤ ᠪᠠᠶᠢᠴᠠᠭᠠᠯᠭᠠᠨ᠂ ᠴᠠᠭᠠᠰᠤᠨ ᠤ ᠪᠠ ᠡᠯᠧᠺᠲᠷᠦᠨ ᠬᠡᠪᠯᠡᠯ ᠤᠨ ᠪᠡᠶ᠎ᠡ ᠶᠢᠨ ᠪᠠᠶᠢᠴᠠᠭᠠᠯᠲᠠ ᠶᠢᠨ ᠮᠡᠳᠡᠭᠦᠯᠦᠯᠲᠡ ᠭᠠᠷᠭᠠᠨ᠎ᠠ᠃      ᠳᠥᠷᠪᠡ᠂ ᠵᠠᠷᠤᠳᠠᠯ ᠤᠨ ᠪᠠᠲᠤᠯᠠᠭ᠎ᠠ      ᠪᠡᠶ᠎ᠡ ᠶᠢᠨ ᠪᠠᠶᠢᠴᠠᠭᠠᠯᠲᠠ ᠳᠤ ᠬᠡᠷᠡᠭᠰᠡᠬᠦ ᠪᠡᠯᠡ ᠮᠥᠩᠭᠦ ᠶᠢ ᠬᠤᠰᠢᠭᠤᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠯᠪᠠᠲᠠᠨ ᠤ ᠡᠮᠴᠢᠯᠡᠭᠡᠨ ᠤ ᠨᠥᠬᠦᠪᠦᠷᠢ ᠮᠥᠩᠭᠦ ᠠᠴᠠ ᠭᠠᠷᠭᠠᠵᠤ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠨᠢ ᠬᠤᠰᠢᠭᠤᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠭᠤᠶᠤᠴᠢᠯᠠᠯ ᠳᠤ ᠦᠨᠳᠦᠰᠦᠯᠡᠵᠦ ᠪᠡᠯᠡ ᠮᠥᠩᠭᠦ ᠰᠠᠯᠭᠠᠵᠤ ᠥᠭᠭᠦᠨ᠂ ᠬᠤᠰᠢᠭᠤᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠪᠡᠶ᠎ᠡ ᠶᠢᠨ ᠪᠠᠶᠢᠴᠠᠭᠠᠯᠲᠠ ᠬᠢᠯᠭᠡᠭᠰᠡᠨ ᠪᠠᠶᠢᠳᠠᠯ ᠢᠶᠠᠷ ᠡᠯ᠎ᠡ ᠪᠡᠶ᠎ᠡ ᠶᠢᠨ ᠪᠠᠶᠢᠴᠠᠭᠠᠯᠲᠠ ᠬᠢᠬᠦ ᠡᠮᠨᠡᠯᠭᠡ ᠶᠢᠨ ᠬᠤᠷᠢᠶ᠎ᠠ ᠲᠠᠢ ᠴᠠᠭ ᠳᠠᠷᠤᠢ ᠳᠤᠨᠢ ᠳ᠋ᠦᠩᠨᠡᠨ ᠪᠣᠳᠣᠨ᠎ᠠ᠃      ᠲᠠᠪᠤ᠂ ᠬᠢᠨᠠᠯᠲᠠ ᠬᠠᠮᠢᠶᠠᠷᠤᠯᠲᠠ      ᠬᠤᠰᠢᠭᠤᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ︽ᠣᠲᠤᠭ ᠬᠤᠰᠢᠭᠤᠨ ᠤ ᠠᠯᠪᠠᠲᠠᠨ ᠤ ᠡᠮᠴᠢᠯᠡᠭᠡᠨ ᠤ ᠨᠥᠬᠦᠪᠦᠷᠢ ᠶᠢᠨ ᠬᠠᠮᠢᠶᠠᠷᠤᠯᠲᠠ ᠶᠢᠨ ᠠᠷᠭ᠎ᠠ︾ ︵ᠣᠲᠤᠭ ᠵᠠᠰᠠᠭ ᠠᠯᠪᠠᠨ ᠲᠠᠷᠬᠠᠭᠠᠭᠰᠠᠨ ﹇2021﹈ 126 ᠳ᠋ᠤᠭᠠᠷ ᠲᠣᠭᠠᠲᠤ︶ ᠶᠢᠨ ᠱᠠᠭᠠᠷᠳᠠᠯᠭ᠎ᠠ ᠶᠣᠰᠣᠭᠠᠷ᠂ ᠬᠤᠶᠠᠷ ᠵᠢᠯ ᠳᠤ ᠨᠢᠭᠡ ᠤᠳᠠᠭᠠᠨ ᠤ ᠪᠡᠶ᠎ᠡ ᠶᠢᠨ ᠪᠠᠶᠢᠴᠠᠭᠠᠯᠲᠠ ᠬᠢᠬᠦ ᠶᠢᠨ ᠳᠠᠭᠠᠤ ᠪᠡᠶ᠎ᠡ ᠪᠠᠨ ᠪᠠᠶᠢᠴᠠᠭᠠᠯᠭᠠᠭᠴᠢ ᠶᠢ ᠬᠢᠨᠠᠨ ᠬᠠᠷᠭᠤᠭᠤᠯᠬᠤ᠂ ᠰᠠᠭᠤᠷᠢ ᠮᠥᠩᠭᠦ ᠶᠢ ᠬᠢᠨᠠᠨ ᠬᠠᠮᠢᠶᠠᠷᠬᠤ ᠪᠠ ᠳ᠋ᠦᠩᠨᠡᠨ ᠪᠣᠳᠣᠬᠤ ᠵᠡᠷᠭᠡ ᠠᠵᠢᠯ ᠢ ᠰᠠᠶᠢᠨ ᠬᠢᠵᠤ᠂ ᠡᠯ᠎ᠡ ᠪᠡᠶ᠎ᠡ ᠶᠢᠨ ᠪᠠᠶᠢᠴᠠᠭᠠᠯᠲᠠ ᠬᠢᠬᠦ ᠡᠮᠨᠡᠯᠭᠡ ᠶᠢᠨ ᠬᠤᠷᠢᠶ᠎ᠠ ᠶᠢᠨ ᠦᠨ᠎ᠡ ᠬᠠᠩᠰᠢ ᠶᠣᠰᠣᠭᠠᠷ ᠪᠠᠶᠢᠴᠠᠭᠠᠯᠲᠠ ᠬᠢᠭᠰᠡᠨ ᠡᠰᠡᠬᠦ ᠶᠢ ᠰᠣᠩᠭᠤᠨ ᠪᠠᠶᠢᠴᠠᠭᠠᠨ᠎ᠠ᠃ᠡᠯ᠎ᠡ ᠪᠡᠶ᠎ᠡ ᠶᠢᠨ ᠪᠠᠶᠢᠴᠠᠭᠠᠯᠲᠠ ᠬᠢᠬᠦ ᠡᠮᠨᠡᠯᠭᠡ ᠶᠢᠨ ᠬᠤᠷᠢᠶ᠎ᠠ ᠱᠠᠭᠠᠷᠳᠠᠯᠭ᠎ᠠ ᠶᠣᠰᠣᠭᠠᠷ ᠪᠡᠶ᠎ᠡ ᠶᠢᠨ ᠪᠠᠶᠢᠴᠠᠭᠠᠯᠲᠠ ᠬᠢᠬᠦ ᠠᠵᠢᠯ ᠲᠠᠢ ᠬᠠᠮᠵᠢᠯᠴᠠᠨ᠂ ᠲᠣᠭᠲᠠᠭᠠᠭᠰᠠᠨ ᠪᠡᠶ᠎ᠡ ᠶᠢᠨ ᠪᠠᠶᠢᠴᠠᠭᠠᠯᠲᠠ ᠶᠢᠨ ᠲᠥᠷᠥᠯ ᠵᠦᠢᠯ ᠵᠢᠴᠢ ᠦᠨ᠎ᠡ ᠬᠠᠩᠰᠢ ᠶᠣᠰᠣᠭᠠᠷ ᠪᠡᠶ᠎ᠡ ᠶᠢᠨ ᠪᠠᠶᠢᠴᠠᠭᠠᠯᠲᠠ ᠬᠢᠵᠤ᠂ ᠴᠠᠭ ᠳᠠᠷᠤᠢ ᠳᠤᠨᠢ ᠪᠡᠶ᠎ᠡ ᠶᠢᠨ ᠪᠠᠶᠢᠴᠠᠭᠠᠯᠲᠠ ᠶᠢᠨ ᠮᠡᠳᠡᠭᠦᠯᠦᠯᠲᠡ ᠭᠠᠷᠭᠠᠨ᠂ ᠲᠣᠭᠲᠠᠮᠠᠯ ᠬᠤᠭᠤᠴᠠᠭ᠎ᠠ ᠲᠠᠢ ᠪᠠᠷ ᠬᠤᠰᠢᠭᠤᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠳᠤ ᠪᠦᠷᠢᠳᠬᠡᠭᠰᠡᠨ ᠬᠤᠯᠪᠣᠭᠳᠠᠯ ᠪᠦᠬᠦᠢ ᠲᠤᠭ᠎ᠠ ᠪᠠᠷᠢᠮᠲᠠ ᠵᠡᠷᠭᠡ ᠶᠢ ᠬᠠᠩᠭᠠᠨ᠎ᠠ᠃      ᠵᠢᠷᠭᠤᠭ᠎ᠠ᠂ ᠠᠵᠢᠯ ᠤᠨ ᠱᠠᠭᠠᠷᠳᠠᠯᠭ᠎ᠠ      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠨ᠎ᠠ᠃ ᠪᠦᠬᠦ ᠬᠤᠰᠢᠭᠤᠨ ᠤ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠺᠠᠳ᠋ᠷ ᠠᠵᠢᠯᠲᠠᠨ ᠤ ᠡᠷᠡᠭᠦᠯ ᠮᠡᠨᠳᠦ ᠶᠢᠨ ᠪᠠᠶᠢᠴᠠᠭᠠᠯᠲᠠ ᠪᠣᠯ ᠨᠢᠭᠡ ᠲᠥᠷᠥᠯ ᠤᠨ ᠴᠢᠬᠤᠯᠠ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠬᠤᠷ ᠠᠵᠢᠯ ᠤᠨ ᠡᠭᠦᠷᠭᠡ ᠬᠦᠨᠳᠦ᠂ ᠬᠤᠯᠪᠣᠭᠳᠠᠬᠤ ᠬᠥᠮᠥᠨ ᠠᠷᠪᠢᠨ᠂ ᠪᠡᠶ᠎ᠡ ᠶᠢᠨ ᠪᠠᠶᠢᠴᠠᠭᠠᠯᠲᠠ ᠶᠢᠨ ᠦᠶᠡᠯᠡᠯ ᠤᠨ ᠬᠤᠭᠤᠴᠠᠭ᠎ᠠ ᠤᠷᠲᠤ᠂ ᠵᠣᠬᠢᠶᠠᠨ ᠪᠠᠶᠢᠭᠤᠯᠬᠤ ᠳᠤ ᠬᠦᠴᠢᠷᠳᠡᠯ ᠶᠡᠭᠡ ᠪᠠᠶᠢᠨ᠎ᠠ᠃ ᠡᠯ᠎ᠡ ᠪᠠᠶᠢᠭᠤᠯᠭ᠎ᠠ ᠨᠢᠭᠡᠴᠢ ᠨᠢᠭᠲᠠ ᠬᠠᠮᠵᠢᠯᠴᠠᠵᠤ᠂ ᠬᠠᠮᠲᠤᠷᠠᠵᠤ ᠠᠵᠢᠯᠯᠠᠨ᠂ ᠵᠣᠬᠢᠶᠠᠨ ᠪᠠᠶᠢᠭᠤᠯᠤᠨ ᠬᠡᠷᠡᠭᠵᠢᠭᠦᠯᠬᠦ ᠠᠵᠢᠯ ᠢ ᠰᠠᠶᠢᠨ ᠬᠢᠵᠤ᠂ ᠬᠤᠰᠢᠭᠤᠨ ᠤ ᠺᠠᠳ᠋ᠷ ᠠᠵᠢᠯᠲᠠᠨ ᠤ ᠡᠷᠡᠭᠦᠯ ᠮᠡᠨᠳᠦ ᠶᠢᠨ ᠪᠠᠶᠢᠴᠠᠭᠠᠯᠲᠠ ᠶᠢᠨ ᠠᠵᠢᠯ ᠢ ᠡᠮᠬᠢ ᠲᠢᠭᠯᠢᠮ ᠲᠠᠢ ᠥᠷᠨᠢᠭᠦᠯᠵᠦ᠂ ᠪᠣᠳᠠᠲᠤ ᠠᠮᠵᠢᠯᠲᠠ ᠣᠯᠬᠤ ᠶᠢ ᠪᠠᠲᠤᠯᠠᠨ᠎ᠠ᠃      ︵ᠬᠤᠶᠠᠷ︶ ᠬᠠᠮᠵᠢᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠨ᠎ᠠ᠃ ᠡᠯ᠎ᠡ ᠰᠤᠮᠤ ᠪᠠᠯᠭᠠᠰᠤ᠂ ᠡᠯ᠎ᠡ ᠬᠠᠮᠢᠶ᠎ᠠ ᠪᠦᠬᠦᠢ ᠪᠠᠶᠢᠭᠤᠯᠭ᠎ᠠ ᠪᠠᠶᠢᠭᠤᠯᠭ᠎ᠠ ᠶᠢᠨ ᠢᠶᠠᠨ ᠡᠷᠡᠭᠦᠯ ᠮᠡᠨᠳᠦ ᠶᠢᠨ ᠪᠠᠶᠢᠴᠠᠭᠠᠯᠲᠠ ᠬᠢᠬᠦ ᠳᠤ ᠨᠡᠶᠢᠴᠡᠬᠦ ᠬᠥᠮᠥᠰ ᠢ ᠲᠦᠷᠭᠡᠨ ᠪᠦᠷᠢᠳᠬᠡᠨ᠂ ᠬᠤᠰᠢᠭᠤᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠲᠠᠢ ᠪᠡᠶ᠎ᠡ ᠶᠢᠨ ᠪᠠᠶᠢᠴᠠᠭᠠᠯᠲᠠ ᠬᠢᠯᠭᠡᠬᠦ ᠬᠥᠮᠥᠰ ᠤᠨ ᠨᠡᠷᠡᠰ ︵ᠬᠠᠷᠭᠤᠭᠤᠯᠬᠤ ᠭᠠᠵᠠᠷ᠄ ᠵᠠᠰᠠᠭ ᠤᠨ ᠶᠠᠪᠤᠳᠠᠯ ᠤᠨ A ᠠᠰᠠᠷ ᠤᠨ 009 ᠠᠯᠪᠠᠨ ᠭᠡᠷ᠂ ᠬᠠᠷᠢᠯᠴᠠᠭᠴᠢ᠄ ᠰᠠᠶᠢᠨᠵᠠᠶᠠᠭ᠎ᠠ᠂ ᠬᠠᠷᠢᠯᠴᠠᠬᠤ ᠤᠲᠠᠰᠤ᠄ 15947658731︶ ᠢ ᠬᠠᠷᠭᠤᠭᠤᠯᠤᠨ ᠪᠠᠶᠢᠴᠠᠭᠠᠵᠤ᠂ ᠰᠠᠶᠢᠨ ᠤᠬᠠᠭᠤᠯᠵᠤ ᠳᠠᠶᠢᠴᠢᠯᠠᠨ᠂ ᠺᠠᠳ᠋ᠷ ᠠᠵᠢᠯᠲᠠᠨ ᠤ ᠤᠶᠢᠯᠠᠭᠠᠵᠤ ᠮᠡᠳᠡᠬᠦ ᠨᠣᠷᠮ᠎ᠡ ᠪᠠ ᠪᠡᠶ᠎ᠡ ᠶᠢᠨ ᠪᠠᠶᠢᠴᠠᠭᠠᠯᠲᠠ ᠳᠤ ᠣᠷᠣᠯᠴᠠᠬᠤ ᠨᠣᠷᠮ᠎ᠡ ᠶᠢ ᠳᠡᠭᠡᠭᠰᠢᠯᠡᠭᠦᠯᠵᠦ᠂ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠣᠷᠴᠢᠨ ᠠᠬᠤᠢ ᠶᠢ ᠪᠤᠢ ᠪᠣᠯᠭᠠᠨ᠎ᠠ᠃ ᠬᠤᠰᠢᠭᠤᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠡᠯ᠎ᠡ ᠬᠠᠮᠢᠶ᠎ᠠ ᠪᠦᠬᠦᠢ ᠪᠠᠶᠢᠭᠤᠯᠭ᠎ᠠ ᠲᠠᠢ ᠬᠠᠷᠢᠯᠴᠠᠭ᠎ᠠ ᠪᠠᠨ ᠴᠢᠩᠭᠠᠳᠬᠠᠵᠤ ᠂ ᠪᠡᠶ᠎ᠡ ᠶᠢᠨ ᠪᠠᠶᠢᠴᠠᠭᠠᠯᠲᠠ ᠶᠢ ᠵᠣᠬᠢᠶᠠᠨ ᠪᠠᠶᠢᠭᠤᠯᠬᠤ ᠳᠤ ᠣᠷᠣᠰᠢᠵᠤ ᠪᠠᠶᠢᠭ᠎ᠠ ᠬᠦᠴᠢᠷᠳᠡᠯ ᠠᠰᠠᠭᠤᠳᠠᠯ ᠢ ᠳᠠᠷᠤᠶᠢᠬᠠᠨ ᠵᠣᠬᠢᠴᠠᠭᠤᠯᠵᠤ ᠰᠢᠢᠳᠪᠦᠷᠢᠯᠡᠨ᠎ᠡ᠃ ᠡᠯ᠎ᠡ ᠪᠡᠶ᠎ᠡ ᠶᠢᠨ ᠪᠠᠶᠢᠴᠠᠭᠠᠯᠲᠠ ᠬᠢᠬᠦ ᠡᠮᠨᠡᠯᠭᠡ ᠶᠢᠨ ᠬᠤᠷᠢᠶ᠎ᠠ ᠪᠡᠶ᠎ᠡ ᠶᠢᠨ ᠪᠠᠶᠢᠴᠠᠭᠠᠯᠲᠠ ᠳᠤ ᠣᠷᠣᠯᠴᠠᠬᠤ ᠪᠠᠶᠢᠭᠤᠯᠭ᠎ᠠ ᠨᠢᠭᠡᠴᠢ ᠲᠠᠢ ᠬᠠᠷᠢᠯᠴᠠᠭ᠎ᠠ ᠪᠠᠨ ᠴᠢᠩᠭᠠᠳᠬᠠᠵᠤ᠂ ᠪᠡᠶ᠎ᠡ ᠶᠢᠨ ᠪᠠᠶᠢᠴᠠᠭᠠᠯᠲᠠ ᠬᠢᠬᠦ ᠠᠴᠠ ᠡᠮᠦᠨ᠎ᠡ ᠭᠤᠷᠪᠠᠨ ᠡᠳᠦᠷ ᠲᠤ ᠪᠡᠶ᠎ᠡ ᠶᠢᠨ ᠪᠠᠶᠢᠴᠠᠭᠠᠯᠲᠠ ᠬᠢᠬᠦ ᠴᠠᠭ᠂ ᠱᠠᠭᠠᠷᠳᠠᠯᠭ᠎ᠠ ᠵᠢᠴᠢ ᠠᠩᠬᠠᠷᠬᠤ ᠵᠦᠢᠯᠡᠰ ᠢ ᠮᠡᠳᠡᠭᠳᠡᠨ᠎ᠡ ᠂ ᠪᠡᠶ᠎ᠡ ᠪᠠᠨ ᠪᠠᠶᠢᠴᠠᠭᠠᠯᠭᠠᠭᠴᠢ ᠠᠵᠢᠯ ᠪᠤᠶᠤ ᠪᠣᠳᠠᠲᠤ ᠪᠠᠶᠢᠳᠠᠯ ᠠᠴᠠ ᠪᠣᠯᠵᠤ ᠲᠣᠭᠲᠠᠭᠰᠠᠨ ᠴᠠᠭ ᠲᠠᠭᠠᠨ ᠪᠡᠶ᠎ᠡ ᠶᠢᠨ ᠪᠠᠶᠢᠴᠠᠭᠠᠯᠲᠠ ᠬᠢᠯᠭᠡᠵᠦ ᠴᠢᠳᠠᠬᠤ ᠦᠭᠡᠢ ᠪᠣᠯ ᠂ ᠲᠣᠭᠲᠠᠭᠰᠠᠨ ᠡᠮᠨᠡᠯᠭᠡ ᠶᠢᠨ ᠬᠤᠷᠢᠶ᠎ᠠ ᠠᠴᠠ ᠨᠥᠬᠦᠵᠦ ᠪᠠᠶᠢᠴᠠᠭᠠᠯᠭᠠᠬᠤ ᠴᠠᠭ ᠢ ᠨᠢᠭᠡᠳᠦᠯᠲᠡᠢ ᠲᠥᠯᠥᠪᠯᠡᠵᠦ ᠲᠣᠬᠢᠷᠠᠭᠤᠯᠤᠨ᠎ᠠ︔ ᠪᠡᠶ᠎ᠡ ᠶᠢᠨ ᠪᠠᠶᠢᠴᠠᠭᠠᠯᠲᠠ ᠬᠢᠵᠤ ᠪᠠᠷᠠᠭᠰᠠᠨ ᠤ ᠳᠠᠷᠠᠭ᠎ᠠ᠂ ᠪᠣᠳᠠᠲᠠᠢ ᠪᠡᠶ᠎ᠡ ᠶᠢᠨ ᠪᠠᠶᠢᠴᠠᠭᠠᠯᠲᠠ ᠬᠢᠭᠰᠡᠨ ᠬᠥᠮᠥᠰ ᠤᠨ ᠨᠡᠷᠡᠰ ᠢ ᠲᠣᠭᠲᠠᠭᠰᠠᠨ ᠴᠠᠭ ᠲᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠳᠤ ᠴᠠᠭ ᠳᠠᠷᠤᠢ ᠲᠤᠨᠢ ᠬᠠᠷᠢᠭᠤ ᠲᠤᠰᠬᠠᠵᠤ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠲᠤᠰᠢᠶᠠᠬᠤ ᠳᠤ ᠲᠤᠭ᠎ᠠ ᠪᠠᠷᠢᠮᠲᠠ ᠶᠢᠨ ᠪᠠᠲᠤᠯᠠᠭ᠎ᠠ ᠬᠠᠩᠭᠠᠨ᠎ᠠ᠃      ︵ᠭᠤᠷᠪᠡ︶ ᠠᠵᠢᠯ ᠢ ᠰᠠᠶᠢᠨ ᠨᠠᠶᠢᠳᠠᠪᠤᠷᠢᠵᠢᠭᠤᠯᠤᠨ᠎ᠠ᠃ ᠡᠯ᠎ᠡ ᠪᠡᠶ᠎ᠡ ᠶᠢᠨ ᠪᠠᠶᠢᠴᠠᠭᠠᠯᠲᠠ ᠬᠢᠬᠦ ᠡᠮᠨᠡᠯᠭᠡ ᠶᠢᠨ ᠬᠤᠷᠢᠶ᠎ᠠ ᠠᠵᠢᠯ ᠤᠨ ᠡᠭᠦᠷᠭᠡ ᠪᠠ ᠡᠷᠭᠢᠯᠲᠡ ᠶᠢᠨ ᠪᠠᠶᠢᠳᠠᠯ ᠢᠶᠠᠨ ᠭᠦᠢᠴᠡᠳ ᠪᠣᠳᠣᠯᠬᠢᠯᠠᠵᠤ᠂ ᠪᠡᠶ᠎ᠡ ᠶᠢᠨ ᠪᠠᠶᠢᠴᠠᠭᠠᠯᠲᠠ ᠬᠢᠬᠦ ᠴᠠᠭ᠂ ᠶᠠᠪᠤᠴᠠ ᠪᠠ ᠡᠮᠨᠡᠯᠭᠡ ᠶᠢᠨ ᠠᠵᠢᠯᠲᠠᠨ ᠢ ᠭᠦᠢᠴᠡᠳ ᠲᠣᠬᠢᠷᠠᠭᠤᠯᠣᠨ᠂ ᠲᠤᠰᠬᠠᠢ ᠮᠡᠷᠭᠡᠵᠢᠯᠲᠡᠨ ᠤᠷᠢᠵᠤ ᠪᠡᠶ᠎ᠡ ᠶᠢᠨ ᠪᠠᠶᠢᠴᠠᠭᠠᠯᠲᠠ ᠶᠢᠨ ᠠᠵᠢᠯ ᠢ ᠵᠢᠯᠣᠭᠤᠳᠤᠭᠤᠯᠵᠤ᠂ ᠪᠡᠶ᠎ᠡ ᠶᠢᠨ ᠪᠠᠶᠢᠴᠠᠭᠠᠯᠲᠠ ᠶᠢᠨ ᠦᠷ᠎ᠡ ᠳ᠋ᠦᠩ ᠤᠨ ᠣᠨᠣᠪᠴᠢᠲᠠᠢ᠂ ᠪᠦᠲᠦᠮᠵᠢᠲᠡᠢ᠂ ᠴᠢᠨᠠᠷᠲᠠᠢ ᠪᠠᠶᠢᠬᠤ ᠶᠢ ᠪᠠᠲᠤᠯᠠᠨ᠎ᠠ︔ ᠠᠵᠢᠯ ᠢᠶᠠᠨ ᠰᠠᠶᠢᠨ ᠬᠢᠭᠰᠡᠨ ᠦᠭᠡᠢ᠂ ᠬᠤᠪᠢ ᠶᠢᠨ ᠨᠢᠭᠤᠴᠠ ᠶᠢ ᠵᠠᠳᠠᠷᠠᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢ ᠬᠠᠮᠢᠶ᠎ᠠ ᠪᠦᠬᠦᠢ ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠵᠦ᠂ ᠬᠠᠷᠢᠭᠤᠴᠠᠯᠭ᠎ᠠ ᠨᠡᠬᠡᠮᠵᠢᠯᠡᠨ᠎ᠡ᠃ ᠡᠯ᠎ᠡ ᠪᠡᠶ᠎ᠡ ᠶᠢᠨ ᠪᠠᠶᠢᠴᠠᠭᠠᠯᠲᠠ ᠬᠢᠬᠦ ᠡᠮᠨᠡᠯᠭᠡ ᠶᠢᠨ ᠬᠤᠷᠢᠶ᠎ᠠ ᠡᠯᠧᠺᠲᠷᠦᠨ ᠡᠷᠡᠭᠦᠯ ᠮᠡᠨᠳᠦ ᠶᠢᠨ ᠪᠠᠶᠢᠴᠠᠭᠠᠯᠲᠠ ᠶᠢᠨ ᠳᠠᠩᠰᠠ ᠡᠪᠬᠡᠮᠡᠯ ᠢ ᠲᠣᠬᠢᠲᠠᠢ ᠬᠠᠳᠠᠭᠠᠯᠠᠵᠤ᠂ ᠠᠰᠠᠭᠤᠵᠤ ᠪᠠᠶᠢᠴᠠᠭᠠᠬᠤ ᠳᠤ ᠪᠡᠯᠡᠬᠡᠨ ᠪᠣᠯᠭᠠᠨ᠎ᠠ᠃ ᠡᠯ᠎ᠡ ᠭᠠᠵᠠᠷ ᠣᠷᠣᠨ ᠡᠯ᠎ᠡ ᠪᠠᠶᠢᠭᠤᠯᠭ᠎ᠠ ᠲᠤᠰ ᠲᠥᠷᠥᠯ ᠤᠨ ᠠᠷᠠᠳ ᠢ ᠬᠠᠷᠠᠭᠠᠯᠵᠠᠬᠤ ᠪᠣᠳᠠᠲᠤ ᠶᠠᠪᠤᠳᠠᠯ ᠢ ᠰᠠᠶᠢᠨ ᠬᠢᠵᠤ᠂ ᠥᠷᠭᠡᠨ ᠣᠯᠠᠨ ᠺᠠᠳ᠋ᠷ ᠠᠵᠢᠯᠲᠠᠨ ᠳᠤ ᠬᠤᠰᠢᠭᠤᠨ ᠤ ᠨᠠᠮ ᠤᠨ ᠬᠤᠷᠢᠶ᠎ᠠ ᠶᠢᠨ ᠬᠠᠶᠢᠷ᠎ᠠ ᠬᠠᠯᠠᠮᠵᠢ ᠶᠢ ᠮᠡᠳᠡᠷᠡᠭᠦᠯᠦᠨ᠎ᠡ᠃      ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠬᠠᠷᠢᠯᠴᠠᠭᠴᠢ᠄ ᠴᠢᠶᠡᠩ ᠱᠢ ᠹᠠᠨᠭ᠌ ︵13624877662︶      ᠬᠤᠰᠢᠭᠤᠨ ᠤ ᠬᠤᠶᠠᠳᠤᠭᠠᠷ ᠠᠷᠠᠳ ᠤᠨ ᠡᠮᠨᠡᠯᠭᠡ ᠶᠢᠨ ᠬᠤᠷᠢᠶᠠᠨ ᠤ ᠬᠠᠷᠢᠯᠴᠠᠭᠴᠢ᠄ ᠵᠠᠩ ᠱᠤᠸᠠᠨ ᠯᠢᠶᠡᠩ ︵13190801855︶      ᠬᠤᠰᠢᠭᠤᠨ ᠤ ᠮᠣᠩᠭᠤᠯ ᠡᠮᠨᠡᠯᠭᠡ ᠶᠢᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶᠠᠨ ᠤ ᠬᠠᠷᠢᠯᠴᠠᠭᠴᠢ᠄ ᠳᠠᠶᠢᠴᠢᠨᠪᠠᠭᠠᠲᠤᠷ ︵13190801855︶      ᠬᠤᠰᠢᠭᠤᠨ ᠤ ᠭᠤᠸᠠᠩ ᠵᠢᠢ ᠬᠢᠲᠠᠳ ᠡᠮᠨᠡᠯᠭᠡ ᠶᠢᠨ ᠬᠤᠷᠢᠶᠠᠨ ᠤ ᠬᠠᠷᠢᠯᠴᠠᠭᠴᠢ᠄ ᠭᠦᠸᠧ ᠢᠤᠢ ᠹᠸᠡᠭ ︵15547713482︶      ᠬᠤᠰᠢᠭᠤᠨ ᠤ ᠷᠧᠨ ᠡᠾᠧ ᠡᠮᠨᠡᠯᠭᠡ ᠶᠢᠨ ᠬᠤᠷᠢᠶᠠᠨ ᠤ ᠬᠠᠷᠢᠯᠴᠠᠭᠴᠢ᠄ ᠱᠠᠩ ᠵᠢᠶᠡᠨ ᠢᠤᠢ ︵15804875678︶ᠳᠠᠭᠠᠯᠳᠤᠭᠤᠯᠤᠯ᠄       ⒈ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠪᠡᠶ᠎ᠡ ᠶᠢᠨ ᠪᠠᠶᠢᠴᠠᠭᠠᠯᠲᠠ ᠳᠤ ᠣᠷᠣᠯᠴᠠᠭᠴᠢ ᠶᠢᠨ ᠨᠡᠷᠡᠰ ︵ᠵᠠᠭᠪᠤᠷ︶      ⒉ᠣᠲᠤᠭ ᠬᠤᠰᠢᠭᠤᠨ ᠤ ᠺᠠᠳ᠋ᠷ ᠠᠵᠢᠯᠲᠠᠨ ᠤ ᠡᠷᠡᠭᠦᠯ ᠮᠡᠨᠳᠦ ᠶᠢᠨ ᠪᠠᠶᠢᠴᠠᠭᠠᠯᠲᠠ ᠶᠢᠨ ᠲᠥᠷᠥᠯ ᠵᠦᠢᠯ ᠤᠨ ᠬᠥᠰᠦᠨᠦᠭᠳᠠᠭᠠᠯᠳᠤᠭᠤᠯᠤᠯ 1            ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠪᠡᠶ᠎ᠡ ᠶᠢᠨ ᠪᠠᠶᠢᠴᠠᠭᠠᠯᠲᠠ ᠳᠤ ᠣᠷᠣᠯᠴᠠᠭᠴᠢ ᠶᠢᠨ ᠨᠡᠷᠡᠰ ︵ᠵᠠᠭᠪᠤᠷ︶      ᠪᠠᠶᠢᠭᠤᠯᠭ᠎ᠠ ᠨᠢᠭᠡᠴᠢ ᠶᠢᠨ ᠨᠡᠷᠡᠶᠢᠳᠦᠯ ︵ᠭᠤᠣᠯᠯᠠᠨ ᠬᠠᠮᠢᠶᠠᠷᠬᠤ ᠪᠠᠶᠢᠭᠤᠯᠭ᠎ᠠ ᠶᠢᠨ ᠠᠯᠪᠠᠨ ᠲᠠᠮᠠᠭ᠎ᠠ︶᠄ᠳᠠᠭᠠᠯᠳᠤᠭᠤᠯᠤᠯ 2      ᠣᠲᠤᠭ ᠬᠤᠰᠢᠭᠤᠨ ᠤ ᠺᠠᠳ᠋ᠷ ᠠᠵᠢᠯᠲᠠᠨ ᠤ ᠡᠷᠡᠭᠦᠯ ᠮᠡᠨᠳᠦ ᠶᠢᠨ ᠪᠠᠶᠢᠴᠠᠭᠠᠯᠲᠠ ᠶᠢᠨ ᠲᠥᠷᠥᠯ ᠵᠦᠢᠯ ᠤᠨ ᠬᠥᠰᠦᠨᠦᠭ ︵ᠡᠷᠡᠭᠲᠡᠢ︶      ᠣᠲᠤᠭ ᠬᠤᠰᠢᠭᠤᠨ ᠤ ᠺᠠᠳ᠋ᠷ ᠠᠵᠢᠯᠲᠠᠨ ᠤ ᠡᠷᠡᠭᠦᠯ ᠮᠡᠨᠳᠦ ᠶᠢᠨ ᠪᠠᠶᠢᠴᠠᠭᠠᠯᠲᠠ ᠶᠢᠨ ᠲᠥᠷᠥᠯ ᠵᠦᠢᠯ ᠤᠨ ᠬᠥᠰᠦᠨᠦᠭ ︵ᠡᠮᠡᠭᠲᠡᠢ︶ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ               2023 ᠣᠨ ᠤ 1 ᠰᠠᠷ᠎ᠠ ᠶᠢᠨ 18 ᠤ ᠡᠳᠦᠷ ᠳᠠᠷᠤᠮᠠᠯᠯᠠᠨ ᠲᠠᠷᠬᠠᠭᠠᠪᠠ 
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ