ᠵᠠᠰᠠᠭ ᠤᠨ ᠣᠷᠳᠣᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2023/1/31
ᠬᠤᠰᠢᠭᠤᠨ ᠤ ᠠᠷᠪᠡᠨ ᠨᠠᠢᠮᠠᠳᠤᠭᠠᠷ ᠬᠤᠭᠤᠴᠡᠭᠠᠨ ᠤ ᠠᠷᠡᠳ ᠤᠨ ᠲᠦᠯᠣᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠤᠳᠠᠭᠠᠨ ᠤ ᠬᠤᠷᠠᠯ ᠤᠨ ᠪᠢᠴᠢᠭ ᠮᠡᠲ᠋ᠧᠷᠢᠶᠡᠯ ︵ᠬᠤᠷᠢᠨ ᠨᠢᠭᠡ︶                          ᠵᠠᠰᠠᠭ ᠤᠨ ᠣᠷᠳᠣᠨ ᠤ ᠠᠵᠢᠯ ᠤᠨ ᠢᠯᠡᠳᠬᠡᠯ                                 — 2023 ᠣᠨ ᠤ 1 ᠳ᠋ᠦ᠋ᠭᠡᠷ ᠰᠠᠷ᠎ᠠ ᠶᠢᠨ 31 ᠤ ᠡᠳᠣᠷ ᠣᠳᠤᠭ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠦᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠤᠳᠠᠭᠠᠨ ᠤ ᠬᠤᠷᠠᠯ ᠲᠡᠭᠡᠷ᠎ᠡ                                 ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠳᠠᠷᠤᠭ᠎ᠠ      ᠸᠠᠩ ᠭᠦᠸᠧ ᠴᠢᠤᠸᠠᠨᠲᠥᠯᠦᠭᠡᠯᠡᠭᠴᠢᠳ ᠡ᠄      ᠤᠳᠤ ᠪᠢ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠢ ᠲᠥᠯᠥᠭᠡᠯᠡᠨ ᠶᠡᠭᠡ ᠬᠤᠷᠠᠯ ᠳᠤ ᠠᠵᠢᠯ ᠤᠨ ᠢᠯᠡᠳᠬᠡᠯ ᠬᠢᠶ᠎ᠡ᠂ ᠬᠢᠨᠠᠨ ᠵᠥᠪᠯᠡᠬᠦ ᠪᠤᠯᠪᠠᠤ᠂ ᠲᠡᠷᠡᠴᠢᠯᠡᠨ ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ ᠤ ᠬᠡᠰᠢᠭᠦᠳ ᠪᠠ ᠬᠤᠷᠠᠯ ᠳᠤ ᠰᠤᠯᠠ ᠤᠷᠤᠯᠴᠠᠵᠤ ᠪᠠᠶᠢᠭ᠎ᠠ ᠨᠥᠬᠦᠳ ᠰᠠᠨᠠᠯ ᠢᠶᠠᠨ ᠳᠤᠷᠠᠳᠬᠤ ᠪᠤᠯᠪᠠᠤ᠃      ᠨᠢᠭᠡ᠂ 2022 ᠣᠨ ᠤ ᠠᠵᠢᠯ ᠤᠨ ᠡᠷᠭᠢᠴᠡᠭᠦᠯᠦᠯ      ᠨᠢᠭᠡ ᠵᠢᠯ ᠤᠨ ᠲᠤᠷᠰᠢ᠂ ᠬᠤᠰᠢᠭᠤ ᠳᠠᠶᠠᠭᠠᠷ ᠢᠶᠠᠨ ᠨᠠᠮ ᠤᠨ ᠲᠥᠪ ᠬᠤᠷᠢᠶ᠎ᠠ ᠶᠢᠨ ︽ᠬᠢᠵᠢᠭ ᠤᠨ ᠪᠠᠶᠢᠳᠠᠯ ᠢ ᠰᠡᠷᠭᠡᠶᠢᠯᠡᠬᠦ᠂ ᠠᠵᠦ ᠠᠬᠤᠢ ᠶᠢ ᠲᠣᠭᠲᠠᠪᠤᠷᠢᠵᠢᠭᠤᠯᠬᠤ᠂ ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ︾ ᠴᠢᠬᠤᠯᠠ ᠱᠠᠭᠠᠷᠳᠠᠯᠭ᠎ᠠ ᠶᠢ ᠡᠷᠡᠰ ᠲᠣᠭᠤᠰᠢᠯᠠᠭᠤᠯᠵᠤ᠂ ᠬᠢᠵᠢᠭ ᠤᠨ ᠪᠠᠶᠢᠳᠠᠯ᠂ ᠭᠠᠨᠭ᠌ ᠬᠠᠭᠰᠠᠷᠠᠭᠠᠨ᠂ ᠦᠶᠡᠷ ᠤᠰᠤᠳᠤᠯ ᠪᠠ ᠠᠵᠦ ᠠᠬᠤᠢ ᠶᠢᠨ ᠤᠷᠤᠭᠤᠳᠠᠯ ᠵᠡᠷᠭᠡ ᠣᠯᠠᠨ ᠲᠠᠯ᠎ᠠ ᠶᠢᠨ ᠳᠠᠷᠤᠭᠠᠰᠤ ᠶᠢ ᠪᠦᠲᠦᠮᠵᠢᠲᠡᠢ ᠠᠷᠭᠠᠴᠠᠭᠠᠨ᠂ ᠴᠢᠨᠠᠷ ᠰᠠᠶᠢᠲᠠᠢ ᠬᠥᠭᠵᠢᠯᠲᠡ ᠶᠢ ᠡᠷᠴᠢᠮᠲᠡᠢ ᠠᠬᠢᠭᠤᠯᠪᠠ᠃      —— ᠶᠡᠷᠦᠩᠬᠡᠶᠢᠯᠡᠭᠰᠡᠨ ᠪᠣᠳᠠᠲᠤ ᠬᠦᠴᠦᠨ ᠳᠡᠭᠡᠭᠰᠢᠯᠡᠪᠡ᠃ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 614 ᠳ᠋ᠦᠩᠰᠢᠭᠤᠷ ᠲᠥᠭᠦᠷᠢᠭ ᠬᠦᠷᠪᠡ︔ ᠲᠣᠭᠲᠠᠮᠠᠯ ᠬᠥᠷᠥᠩᠭᠡ ᠶᠢᠨ ᠪᠡᠯᠡ ᠣᠷᠤᠭᠤᠯᠤᠯᠲᠠ ᠵᠠᠭᠤᠨ ᠳ᠋ᠦᠩᠰᠢᠭᠤᠷ ᠲᠥᠭᠦᠷᠢᠭ ᠢ ᠳᠠᠪᠠᠵᠦ᠂ 16.8% ᠪᠠᠷ ᠨᠡᠮᠡᠭᠳᠡᠪᠡ︔ ᠬᠡᠪᠴᠢᠶᠡᠵᠢᠯ ᠠᠴᠠ ᠳᠡᠭᠡᠭᠰᠢᠬᠢ ᠠᠵᠦ ᠦᠢᠯᠡᠳᠪᠦᠷᠢ ᠶᠢᠨ ᠨᠡᠮᠡᠭᠳᠡᠯ ᠥᠷᠲᠡᠭ 5.3% ᠪᠠᠷ ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ ᠪᠣᠳᠠᠰ ᠤᠨ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠲᠤᠭ᠎ᠠ 32.7 ᠳ᠋ᠦᠩᠰᠢᠭᠤᠷ ᠲᠥᠭᠦᠷᠢᠭ ᠬᠦᠷᠪᠡ︔ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ 48.9 ᠳ᠋ᠦᠩᠰᠢᠭᠤᠷ ᠲᠥᠭᠦᠷᠢᠭ ᠪᠡᠶᠡᠯᠡᠭᠦᠯᠵᠦ᠂ 51.8% ᠪᠠᠷ ᠨᠡᠮᠡᠭᠳᠡᠪᠡ︔ ᠶᠡᠷᠦᠩᠬᠡᠶᠢᠯᠡᠭᠰᠡᠨ ᠪᠣᠳᠠᠲᠤ ᠬᠦᠴᠦᠨ ᠪᠦᠬᠦ ᠤᠯᠤᠰ ᠤᠨ ᠵᠠᠭᠤᠨ ᠬᠦᠴᠦᠷᠬᠡᠭ ᠰᠢᠶᠠᠨ ᠤ 93 ᠳ᠋ᠤᠭᠠᠷ ᠲᠤ ᠣᠷᠣᠵᠤ᠂ ᠪᠠᠷᠠᠭᠤᠨ ᠣᠷᠣᠨ ᠤ ᠠᠷᠪᠠᠨ ᠲᠠᠪᠤᠳᠤᠭᠠᠷ ᠲᠤ ᠵᠢᠭᠰᠠᠭᠠᠭᠳᠠᠪᠠ᠃ 100 ᠭᠤᠣᠯᠳᠠᠯᠭᠠᠲᠤ ᠲᠥᠷᠥᠯ ᠵᠦᠢᠯ ᠢ ᠠᠮᠵᠢᠯᠲᠠᠲᠠᠢ ᠬᠡᠷᠡᠭᠵᠢᠭᠦᠯᠵᠦ᠂ ᠳ᠋ᠦᠩ ᠹᠦ᠋ ᠰᠢᠨ᠎ᠡ ᠡᠨᠧᠷᠭᠢ ᠶᠢᠨ ᠮᠠᠲ᠋ᠧᠷᠢᠶᠠᠯ ᠵᠡᠷᠭᠡ 24 ᠦᠢᠯᠡᠳᠬᠦ ᠦᠢᠯᠡᠰ ᠤᠨ ᠲᠥᠷᠥᠯ ᠵᠦᠢᠯ᠂ ᠣᠷᠳᠣᠰ ᠤᠨ ᠰᠢᠨ᠎ᠡ ᠶᠢ ᠡᠭᠦᠳᠬᠦ ᠦᠢᠯᠡᠳᠪᠦᠷᠢ ᠵᠡᠷᠭᠡ 13 ᠮᠡᠷᠭᠡᠵᠢᠯ ᠥᠭᠡᠷᠡᠴᠢᠯᠡᠬᠦ ᠲᠥᠷᠥᠯ ᠵᠦᠢᠯ ᠢ ᠪᠦᠬᠦ ᠲᠠᠯ᠎ᠠ ᠪᠠᠷ ᠲᠦᠷᠭᠡᠳᠬᠡᠨ᠂ ᠵᠢᠶᠠᠨ ᠶᠤᠸᠠᠨ ᠹᠦ᠋᠂ ᠳ᠋ᠦᠩ ᠿᠢ ᠮᠢᠩ ᠶᠤᠸᠠᠨ ᠵᠡᠷᠭᠡ ᠲᠥᠷᠥᠯ ᠵᠦᠢᠯ ᠤᠳ ᠢ ᠬᠡᠷᠡᠭᠵᠢᠭᠦᠯᠵᠦ᠂ ᠱᠧᠨ ᠮᠠ ᠵᠢᠶᠠᠠ ᠶᠤᠸᠠᠨ᠂ ᠤᠯᠤᠰ ᠤᠨ ᠡᠨᠧᠷᠭᠢ ᠮᠸᠡᠭ ᠰᠢ ᠵᠡᠷᠭᠡ ᠵᠠᠭᠤᠨ ᠳ᠋ᠦᠩᠰᠢᠭᠤᠷ ᠲᠥᠭᠦᠷᠢᠭ ᠤᠨ ᠭᠤᠣᠯᠳᠠᠯᠭᠠᠲᠤ ᠲᠥᠷᠥᠯ ᠵᠦᠢᠯ ᠤᠳ ᠢ ᠪᠣᠳᠠᠲᠠᠢ ᠨᠠᠶᠢᠳᠠᠪᠤᠷᠢᠵᠢᠭᠤᠯᠪᠠ᠃      —— ᠠᠵᠦ ᠦᠢᠯᠡᠰ ᠬᠥᠭᠵᠢᠪᠡ᠃ ᠪᠦᠬᠦ ᠤᠯᠤᠰ ᠤᠨ ᠲᠠᠷᠢᠶᠠᠯᠠᠩ ᠮᠠᠯ ᠠᠵᠦ ᠠᠬᠤᠢ ᠶᠢᠨ ᠣᠳᠣᠬᠢᠴᠢᠯᠠᠯᠲᠠ ᠶᠢᠨ ᠵᠢᠱᠢᠶ᠎ᠡ ᠦᠵᠡᠭᠦᠯᠬᠦ ᠣᠷᠣᠨ ᠤ ᠪᠠᠶᠢᠭᠤᠯᠤᠯᠲᠠ ᠶᠢ ᠯᠠᠪᠳᠠᠭᠤᠨ ᠠᠬᠢᠭᠤᠯᠵᠤ᠂ 6 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ ᠨᠡᠮᠡᠭᠳᠡᠭᠦᠯᠦᠨ᠂ ᠠᠮᠤ ᠪᠤᠳᠠᠭᠠᠨ ᠤ ᠤᠨᠠᠯᠲᠠ 5 ᠳ᠋ᠦᠩᠰᠢᠭᠤᠷ ᠵᠢᠩ ᠢ ᠳᠠᠪᠠᠵᠤ᠂ ᠮᠠᠯ ᠤᠨ ᠲᠤᠭ᠎ᠠ ᠶᠢ 210 ᠲᠦᠮᠡ ᠣᠷᠴᠢᠮ ᠲᠣᠭᠲᠠᠪᠤᠷᠢᠵᠢᠭᠤᠯᠤᠨ᠂ ᠨᠤᠤᠯᠤᠭᠤᠷ ᠤᠨ ᠭᠠᠷᠤᠯᠲᠠ 1200 ᠲᠣᠨ ᠳᠤ ᠬᠦᠷᠴᠦ᠂ ᠣᠷᠢᠶᠠᠮᠠᠭ ᠵᠠᠮᠠᠭ ᠤᠨ ᠦᠢᠯᠡᠳᠪᠦᠷᠢᠯᠡᠯ ᠤᠨ ᠥᠷᠲᠡᠭ ᠢ 5 ᠳ᠋ᠦᠩᠰᠢᠭᠤᠷ ᠲᠥᠭᠦᠷᠢᠭ ᠪᠡᠶᠡᠯᠡᠭᠦᠯᠪᠡ᠃ ᠦᠮᠡᠬᠡᠶᠢᠨᠠᠭᠤᠷ ᠤᠨ ᠨᠤᠲᠤᠭ ᠤᠨ ᠳᠠᠬᠢᠶ᠎ᠠ ᠪᠦᠬᠦ ᠤᠯᠤᠰ ᠤᠨ ᠰᠢᠨ᠎ᠡ ᠨᠡᠷᠡᠲᠦ ᠨᠤᠲᠤᠭ ᠤᠨ ᠭᠠᠷᠤᠯᠲᠠ ᠶᠢᠨ ᠲᠠᠷᠢᠶᠠᠯᠠᠩ ᠤᠨ ᠪᠦᠲᠦᠭᠡᠭᠳᠡᠬᠦᠨ ᠤ ᠨᠡᠷᠡᠰ ᠲᠤ ᠵᠢᠭᠰᠠᠭᠠᠭᠳᠠᠵᠤ᠂ ᠠᠷᠪᠠᠰ ᠤᠨ ᠢᠮᠠᠭᠠᠨ ᠮᠢᠬ᠎ᠠ ᠪᠦᠬᠦ ᠤᠯᠤᠰ ᠤᠨ ᠠᠷᠪᠠᠨ ᠶᠡᠭᠡ ᠢᠮᠠᠭᠠᠨ ᠮᠢᠬᠠᠨ ᠤ ᠨᠡᠷᠡᠲᠦ ᠲᠡᠮᠳᠡᠭ ᠤᠨ ᠲᠡᠷᠢᠭᠦᠨ ᠳᠤ ᠪᠠᠶᠢᠷᠢᠯᠠᠪᠠ᠃ ᠠᠵᠦ ᠦᠢᠯᠡᠳᠪᠦᠷᠢ ᠶᠢᠨ ᠪᠡᠯᠡ ᠣᠷᠤᠭᠤᠯᠤᠯᠲᠠ ᠶᠢ 3.2% ᠢᠶᠠᠷ ᠨᠡᠮᠡᠭᠳᠡᠭᠦᠯᠵᠦ᠂ ᠦᠢᠯᠡᠳᠬᠦ ᠦᠢᠯᠡᠰ ᠤᠨ ᠦᠢᠯᠡᠳᠪᠦᠷᠢᠯᠡᠯ ᠤᠨ ᠥᠷᠲᠡᠭ ᠤᠨ ᠡᠵᠡᠯᠡᠬᠦ ᠬᠠᠷᠢᠴᠠᠯ 58% ᠳᠤ ᠬᠦᠷᠦᠨ᠂ ᠨᠡᠭᠦᠷᠡᠰᠦᠨ ᠤ ᠲᠡᠷᠢᠭᠦᠨ ᠤ ᠦᠢᠯᠡᠳᠪᠦᠷᠢᠯᠡᠯ ᠤᠨ ᠴᠢᠳᠠᠪᠤᠷᠢ ᠶᠢᠨ ᠡᠵᠡᠯᠡᠬᠦ ᠬᠠᠷᠢᠴᠠᠯ ᠢ 70% ᠪᠣᠯᠭᠠᠨ ᠨᠡᠮᠡᠭᠳᠡᠭᠦᠯᠵᠦ᠂ ᠰᠢᠨ᠎ᠡ ᠡᠨᠧᠷᠭᠢ ᠪᠠᠷ ᠴᠠᠬᠢᠯᠭᠠᠨ ᠭᠠᠷᠭᠠᠬᠤ ᠬᠡᠮᠵᠢᠶ᠎ᠡ 1.3GW ᠬᠦᠷᠦᠨ᠂ ᠬᠡᠪᠴᠢᠶᠡᠵᠢᠯ ᠠᠴᠠ ᠳᠡᠭᠡᠭᠰᠢᠬᠢ ᠠᠵᠦ ᠦᠢᠯᠡᠳᠪᠦᠷᠢ ᠶᠢᠨ ᠠᠵᠦ ᠠᠬᠤᠶᠢᠯᠠᠯ ᠰᠢᠨ᠎ᠡ ᠪᠠᠷ 7 ᠨᠡᠮᠡᠭᠳᠡᠵᠦ᠂ ᠪᠣᠬᠢᠷᠲᠤᠯ ᠦᠭᠡᠢ ᠨᠡᠭᠦᠷᠡᠰᠦ ᠪᠠᠷ ᠰᠠᠭᠤᠷᠢ ᠪᠣᠯᠭᠠᠭᠰᠠᠨ ᠰᠢᠨ᠎ᠡ ᠮᠠᠲ᠋ᠧᠷᠢᠶᠠᠯ ᠤᠨ ᠰᠠᠭᠤᠷᠢᠨ ᠭᠠᠵᠠᠷ ᠠᠩᠬ᠎ᠠ ᠪᠦᠷᠢᠯᠳᠦᠨ᠂ ᠣᠶᠤᠨᠴᠢ ᠬᠦᠷᠢᠶᠡᠯᠡᠩ ᠲᠣᠭᠤᠷᠢᠭ᠂ ᠪᠣᠬᠢᠷᠲᠤᠯ ᠦᠭᠡᠢ ᠬᠦᠷᠢᠶᠡᠯᠡᠩ ᠲᠣᠭᠤᠷᠢᠭ᠂ ᠳᠡᠭᠡᠳᠦ ᠰᠢᠨ᠎ᠡ ᠮᠡᠷᠭᠡᠵᠢᠯ ᠤᠨ ᠬᠦᠷᠢᠶᠡᠯᠡᠩ ᠲᠣᠭᠤᠷᠢᠭ ᠤᠨ ᠪᠠᠶᠢᠭᠤᠯᠤᠯᠲᠠ ᠴᠥᠮ ᠢᠯᠡᠷᠬᠡᠢ ᠪᠦᠲᠦᠮᠵᠢ ᠣᠯᠪᠠ᠃ ᠲᠠᠯ᠎ᠠ ᠨᠤᠲᠤᠭ ᠤᠨ ᠵᠢᠭᠤᠯᠴᠢᠯᠠᠯ ᠤᠨ ᠬᠤᠣᠰ ᠲᠣᠭᠤᠷᠢᠯ ᠱᠤᠭᠤᠮ ᠤᠨ ᠦᠵᠡᠮᠵᠢ ᠶᠢᠨ ᠴᠡᠭ᠂ ᠰᠦᠯᠵᠢᠶᠡᠨ ᠤ ᠨᠡᠷᠡᠲᠦ ᠵᠢᠭᠤᠯᠴᠢᠯᠠᠯ ᠤᠨ ᠭᠠᠵᠠᠷ ᠵᠢᠴᠢ ᠢᠵᠢ ᠲᠦᠬᠦᠷ ᠦᠢᠯᠡᠴᠢᠯᠡᠭᠡᠨ ᠤ ᠲᠥᠬᠦᠭᠡᠷᠦᠮᠵᠢ ᠶᠢᠨ ᠪᠠᠶᠢᠭᠤᠯᠤᠯᠲᠠ ᠶᠢ ᠡᠮᠬᠢ ᠳᠢᠭᠯᠢᠮ ᠲᠠᠢ ᠪᠠᠷ ᠠᠬᠢᠭᠤᠯᠵᠤ᠂ ᠠᠷᠵᠠᠢ ᠴᠢᠯᠠᠭᠤᠨ ᠠᠭᠤᠢ ᠶᠢᠨ ᠬᠠᠭᠤᠴᠢ ᠰᠤᠳᠤᠯᠤᠯ ᠢ ᠠᠭᠤᠳᠠᠯᠬᠤ ᠵᠡᠷᠭᠡ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯ ᠢ ᠡᠷᠴᠢᠮᠲᠡᠢ ᠠᠬᠢᠭᠤᠯᠤᠨ᠂ ᠤᠯᠠᠭᠠᠨᠮᠥ᠋ᠴᠢᠷ ᠪᠦᠬᠦ ᠣᠷᠣᠨ ᠤ ᠤᠳᠬ᠎ᠠ ᠤᠷᠠᠯᠢᠭ ᠤᠨ ᠨᠠᠶᠢᠷ ᠲᠤ ᠲᠡᠷᠢᠭᠦᠨ ᠱᠠᠩᠨᠠᠯ ᠬᠦᠷᠲᠡᠪᠡ᠃ ᠡᠯᠧᠺᠲᠷᠦᠨ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠲᠥᠪ ᠵᠢᠴᠢ ᠭᠤᠷᠪᠠᠨ ᠱᠠᠲᠤᠨ ᠤ ᠢᠵᠢ ᠲᠦᠬᠦᠷ ᠦᠢᠯᠡᠴᠢᠯᠡᠭᠡᠨ ᠤ ᠥᠷᠲᠡᠭᠡ ᠶᠢᠨ ᠥᠭᠡᠷᠡᠴᠢᠯᠡᠯᠲᠡ ᠶᠢ ᠪᠡᠶᠡᠯᠡᠭᠦᠯᠪᠡ᠃ ᠥᠪᠡᠷᠲᠡᠭᠡᠨ ᠵᠠᠰᠠᠬᠤ ᠣᠷᠣᠨ ᠤ ᠠᠩᠬᠠᠳᠤᠭᠠᠷ ᠪᠦᠯᠦᠭ ᠰᠢᠶᠠᠨ ᠤ ᠬᠡᠪᠴᠢᠶᠡᠨ ᠤ ᠭᠠᠳᠠᠨᠠᠬᠢ ᠠᠵᠦ ᠠᠬᠤᠢ ᠠᠷᠠᠯᠵᠢᠶ᠎ᠠ ᠨᠢ ᠲᠡᠭ ᠢ ᠳᠠᠪᠠᠵᠤ ᠨᠡᠮᠡᠭᠳᠡᠭᠰᠡᠨ ᠵᠢᠱᠢᠶ᠎ᠡ ᠦᠵᠡᠭᠦᠯᠬᠦ ᠰᠢᠶᠠᠨ ᠢᠶᠠᠷ ᠦᠨᠡᠯᠡᠭᠳᠡᠪᠡ᠃      —— ᠠᠮᠢ ᠠᠬᠤᠢ ᠣᠷᠴᠢᠨ ᠲᠣᠭᠤᠷᠢᠨ ᠰᠠᠶᠢᠵᠢᠷᠠᠪᠠ᠃ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ᠂ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠳᠦᠷᠢᠮ ᠢ ᠴᠢᠩᠭ᠎ᠠ ᠬᠡᠷᠡᠭᠵᠢᠭᠦᠯᠵᠦ᠂ ︽ᠣᠢ ᠰᠢᠭᠤᠢ ᠶᠢᠨ ᠳᠠᠷᠤᠭ᠎ᠠ ᠶᠢᠨ ᠳᠦᠷᠢᠮ︾᠂ ︽ᠭᠤᠣᠯ ᠮᠦᠷᠡᠨ ᠨᠠᠭᠤᠷ ᠴᠥᠬᠦᠷᠥᠮ ᠤᠨ ᠳᠠᠷᠤᠭ᠎ᠠ ᠶᠢᠨ ᠳᠦᠷᠢᠮ︾ ᠢ ᠪᠦᠲᠦᠮᠵᠢᠲᠡᠢ ᠨᠠᠶᠢᠳᠠᠪᠤᠷᠢᠵᠢᠭᠤᠯᠤᠨ᠂ 122 ᠲᠦᠮᠡᠨ ᠮᠦ ᠣᠢ ᠰᠢᠭᠤᠢ ᠨᠤᠲᠤᠭ ᠪᠡᠯᠴᠢᠭᠡᠷ ᠢ ᠰᠡᠷᠭᠦᠭᠡᠵᠦ᠂ ᠦᠵᠦᠭᠦᠷ ᠭᠤᠣᠯ ᠵᠡᠷᠭᠡ ᠭᠤᠣᠯ ᠤᠨ ᠵᠠᠮ ᠢ 32 ᠺᠢᠯᠤᠮᠧᠲᠷ ᠵᠠᠰᠠᠨ᠂ ᠬᠠᠲᠤᠨ ᠭᠤᠣᠯ ᠤᠨ ᠬᠥᠪᠡᠭᠡ ᠳᠠᠭᠠᠤ ᠶᠢᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠲᠥᠷᠥᠯ ᠵᠦᠢᠯ ᠢ ᠡᠮᠬᠢ ᠳᠢᠭᠯᠢᠮ ᠲᠠᠢ ᠪᠠᠷ ᠬᠡᠷᠡᠭᠵᠢᠭᠦᠯᠵᠦ᠂ ᠤᠯᠤᠰ ᠤᠨ ᠡᠵᠡᠮᠰᠢᠯᠲᠦ ᠣᠭᠲᠣᠯᠣᠭᠠᠰᠤ ᠶᠢᠨ ᠤᠰᠤᠨ ᠤ ᠴᠢᠨᠠᠷ ᠢ ᠰᠠᠶᠢᠵᠢᠷᠠᠭᠤᠯᠪᠠ᠃ ᠴᠢ ᠫᠠᠠ ᠵᠢᠩ ᠤᠨ ᠨᠢᠭᠡᠳᠦᠯᠲᠡᠢ ᠪᠠᠷ ᠤᠰᠤ ᠬᠠᠩᠭᠠᠬᠤ ᠢᠨᠵᠧᠨᠧᠷᠢᠩ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ 12 ᠨᠡᠭᠦᠷᠡᠰᠦᠨ ᠤ ᠠᠭᠤᠷᠬᠠᠢ ᠤᠰᠤᠨ ᠤ ᠡᠬᠢ ᠰᠤᠷᠪᠤᠯᠵᠢ ᠶᠢ ᠬᠠᠮᠠᠭᠠᠯᠠᠵᠤ ᠨᠡᠭᠦᠷᠡᠰᠦ ᠮᠠᠯᠲᠠᠬᠤ᠂ ᠬᠦᠷᠢᠶᠡᠯᠡᠩ ᠲᠣᠭᠤᠷᠢᠭ ᠤᠨ 26 ᠭᠤᠣᠯᠳᠠᠯᠭᠠᠲᠤ ᠠᠵᠦ ᠠᠬᠤᠶᠢᠯᠠᠯ ᠤᠰᠤ ᠠᠷᠪᠢᠯᠠᠬᠤ ᠥᠭᠡᠷᠡᠴᠢᠯᠡᠯᠲᠡ ᠶᠢ ᠪᠦᠬᠦᠨ ᠢ ᠪᠡᠶᠡᠯᠡᠭᠦᠯᠦᠨ᠂ ᠨᠡᠶᠢᠲᠡᠯᠢᠭ ᠬᠡᠷᠡᠭ ᠤᠨ ᠵᠢᠱᠢᠶ᠎ᠡ ᠪᠠᠷ ᠴᠡᠭᠴᠡᠯᠡᠨ ᠰᠠᠶᠢᠵᠢᠷᠠᠭᠤᠯᠬᠤ ᠠᠵᠢᠯ ᠮᠡᠳᠡᠭᠳᠡᠮ᠎ᠡ ᠠᠮᠵᠢᠯᠲᠠ ᠣᠯᠪᠠ᠃ ᠪᠦᠬᠦ ᠤᠯᠤᠰ ᠤᠨ ᠠᠩᠬᠠᠳᠠᠭᠴᠢ ︽ᠲᠠᠪᠤᠨ ᠰᠠᠭᠤᠷᠢ︾ ᠬᠠᠮᠵᠢᠯᠴᠠᠵᠤ ᠠᠭᠠᠷ ᠮᠠᠨᠳᠠᠯ ᠤᠨ ᠣᠷᠴᠢᠨ ᠲᠣᠭᠤᠷᠢᠨ ᠢ ᠬᠢᠨᠠᠨ ᠬᠡᠮᠵᠢᠬᠦ ᠲᠣᠭᠲᠠᠯᠴᠠᠭ᠎ᠠ᠂ ᠪᠦᠬᠦ ᠣᠷᠣᠨ ᠤ ᠠᠩᠬᠠᠳᠠᠭᠴᠢ ︽ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠮᠢᠶᠠᠷᠤᠭᠴᠢ︾ ᠶᠢ ᠪᠣᠳᠠᠲᠠᠢ ᠬᠡᠷᠡᠭᠯᠡᠵᠦ᠂ 11 ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠳᠤ ᠦᠨᠡᠯᠡᠯᠲᠡ ᠬᠢᠯᠭᠡᠨ᠂ ᠠᠭᠤᠷᠬᠠᠢ ᠶᠢᠨ ᠡᠷᠬᠡ ᠶᠢ ᠡᠮᠬᠢᠯᠡᠬᠦ ᠠᠵᠢᠯ ᠳᠤ ᠰᠢᠪᠲᠤᠯᠤᠯᠲᠠ ᠭᠠᠷᠭᠠᠵᠤ᠂ ᠪᠣᠬᠢᠷᠲᠤᠯ ᠦᠭᠡᠢ ᠲᠣᠭᠤᠰᠤ ᠳᠡᠭᠳᠡᠭᠡᠬᠦ ᠦᠭᠡᠢ ᠪᠠᠷ ᠲᠡᠭᠡᠭᠡᠪᠦᠷᠢᠯᠡᠬᠦ ᠠᠵᠢᠯ ᠱᠠᠲᠤᠴᠢ ᠴᠢᠨᠠᠷᠲᠠᠢ ᠪᠦᠲᠦᠮᠵᠢ ᠣᠯᠣᠨ᠂ PM10᠂ PM2.5 ᠪᠠ ᠰᠢᠯᠢᠳᠡᠭ ᠰᠠᠶᠢᠨ ᠡᠳᠦᠷ ᠤᠨ ᠲᠤᠭ᠎ᠠ ᠦᠷᠭᠦᠯᠵᠢᠯᠡᠨ ︽ᠬᠤᠶᠠᠷ ᠢ ᠪᠠᠭᠤᠷᠠᠭᠤᠯᠵᠤ ᠨᠢᠭᠡ ᠶᠢ ᠨᠡᠮᠡᠭᠳᠡᠭᠦᠯᠬᠦ︾ ᠶᠢ ᠪᠡᠶᠡᠯᠡᠭᠦᠯᠵᠦ᠂ ᠴᠢ ᠫᠠᠠ ᠵᠢᠩ ᠮᠸᠡᠭ ᠰᠢ ᠣᠷᠣᠨ ᠤ ᠠᠮᠢ ᠠᠬᠤᠢ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯᠯᠠᠭ᠎ᠠ ᠶᠢ ᠯᠠᠪᠳᠠᠭᠤᠨ ᠥᠷᠨᠢᠭᠦᠯᠦᠨ᠂ ᠪᠣᠳᠠᠲᠤ ᠪᠦᠲᠦᠮᠵᠢ ᠭᠠᠷᠭᠠᠪᠠ᠃ ︽ᠡᠨᠧᠷᠭᠢ ᠶᠢᠨ ᠬᠤᠷᠣᠭᠳᠠᠯ ᠪᠠ ᠪᠣᠬᠢᠷᠲᠤᠯ ᠤᠨ ᠭᠠᠳᠠᠭᠰᠢᠯᠠᠭᠤᠯᠤᠯᠲᠠ ᠶᠡᠭᠡ︾ ᠪᠠᠶᠢᠬᠤ ᠶᠢ ᠴᠢᠩᠭ᠎ᠠ ᠡᠵᠡᠮᠳᠡᠵᠦ᠂ ︽ᠡᠨᠧᠷᠭᠢ ᠶᠢᠨ ᠬᠤᠷᠣᠭᠳᠠᠯ ᠤᠨ ᠬᠡᠮᠵᠢᠶ᠎ᠡ ᠪᠠ ᠬᠦᠴᠦᠯᠡᠴᠡ ᠶᠢ ᠡᠵᠡᠮᠳᠡᠬᠦ︾ ᠶᠢ ᠨᠢᠭᠡᠳᠦᠯᠲᠡᠢ ᠲᠥᠯᠥᠪᠵᠢᠭᠦᠯᠦᠨ᠂ ᠪᠣᠰᠤᠭ᠎ᠠ ᠳᠥᠷᠪᠡᠯᠵᠢᠨ ᠮᠧᠲᠷ ᠲᠠᠬᠢ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢᠨ ᠲᠣᠭᠠᠴᠢᠯᠠᠭᠰᠠᠨ ᠰᠢᠰᠲ᠋ᠧᠮ ᠢ ᠡᠬᠢᠯᠡᠭᠦᠯᠦᠨ ᠪᠠᠶᠢᠭᠤᠯᠵᠤ᠂ ᠲᠦᠮᠡᠨ ᠲᠥᠭᠦᠷᠢᠭ ᠲᠠᠬᠢ GDP ᠶᠢᠨ ᠡᠨᠧᠷᠭᠢ ᠶᠢᠨ ᠬᠤᠷᠣᠭᠳᠠᠯ ᠢ ᠬᠤᠶᠠᠷ ᠵᠢᠯ ᠳᠤ ᠨᠡᠶᠢᠲᠡ 13% ᠪᠠᠷ ᠪᠠᠭᠤᠷᠠᠭᠤᠯᠤᠨ᠂ ᠲᠣᠮᠣ ᠬᠠᠲᠠᠭᠤ ᠬᠠᠶᠠᠭᠳᠠᠮᠠᠯ ᠢ ᠶᠡᠷᠦᠩᠬᠡᠶᠢᠯᠡᠨ ᠠᠰᠢᠭᠯᠠᠭᠰᠠᠨ ᠨᠣᠷᠮ᠎ᠠ 60% ᠰᠢᠬᠠᠮ ᠪᠣᠯᠪᠠ᠃      —— ᠥᠭᠡᠷᠡᠴᠢᠯᠡᠯᠲᠡ ᠰᠢᠨ᠎ᠡ ᠡᠭᠦᠳᠦᠯᠲᠡ ᠳᠠᠪᠰᠢᠯᠲᠠ ᠲᠠᠢ ᠪᠣᠯᠪᠠ᠃ ᠵᠠᠰᠠᠭ ᠤᠨ ᠶᠠᠪᠤᠳᠠᠯ ᠤᠨ ᠦᠢᠯᠡᠴᠢᠯᠡᠭᠡ ᠪᠦᠬᠦ ᠣᠷᠣᠨ ᠤ ᠡᠮᠦᠨ᠎ᠡ ᠨᠢ ᠵᠢᠭᠰᠠᠭᠠᠭᠳᠠᠵᠤ᠂ ︽ᠨᠢᠭᠡ ᠰᠦᠯᠵᠢᠶ᠎ᠡ ᠪᠠᠷ ᠭᠦᠢᠴᠡᠳᠬᠡᠬᠦ᠂ ᠭᠠᠷ ᠤᠲᠠᠰᠤᠨ ᠳᠡᠭᠡᠷ᠎ᠡ ᠭᠦᠢᠴᠡᠳᠬᠡᠬᠦ᠂ ᠪᠣᠯᠵᠣᠨ ᠭᠦᠢᠴᠡᠳᠬᠡᠬᠦ᠂ ᠬᠠᠪᠰᠤᠷᠤᠨ ᠣᠷᠣᠯᠠᠨ ᠭᠦᠢᠴᠡᠳᠬᠡᠬᠦ᠂ ᠣᠨᠴᠠᠭᠠᠢ ᠶᠠᠪᠤᠳᠠᠯ ᠢ ᠣᠨᠴᠠᠭᠠᠢ ᠪᠠᠷ ᠭᠦᠢᠴᠡᠳᠬᠡᠬᠦ︾ ᠠᠵᠢᠯ ᠢ ᠬᠡᠪᠰᠢᠭᠦᠯᠦᠨ᠂ ︽ᠭᠡᠷᠡᠴᠢ ᠦᠨᠡᠮᠯᠡᠯ ᠤᠨ ᠬᠦᠴᠦᠨ ᠲᠠᠢ ᠬᠤᠭᠤᠴᠠᠭ᠎ᠠ ᠶᠢ ᠰᠦᠯᠵᠢᠶᠡᠨ ᠳᠡᠭᠡᠷ᠎ᠡ ᠰᠢᠭᠤᠳ ᠦᠷᠭᠦᠯᠵᠢᠯᠡᠭᠦᠯᠬᠦ︾ ᠦᠢᠯᠡᠴᠢᠯᠡᠭᠡ ᠨᠢ ᠠᠵᠦ ᠠᠬᠤᠶᠢᠯᠠᠯ ᠪᠠ ᠠᠷᠠᠳ ᠣᠯᠠᠨ ᠳᠤ ᠳᠥᠭᠦᠮ ᠦᠵᠡᠭᠦᠯᠵᠦ᠂ ︽ᠮᠸᠡᠭ ᠴᠢ ᠲᠦᠡᠭ︾ ᠢ ᠰᠦᠯᠵᠢᠶᠡᠨ ᠳᠡᠭᠡᠷ᠎ᠡ ᠠᠵᠢᠯᠯᠠᠭᠤᠯᠤᠨ᠂ ︽ᠶᠡᠷᠦᠩᠬᠡᠶᠢᠯᠡᠭᠰᠡᠨ ᠨᠢᠭᠡ ᠴᠣᠩᠬᠤᠪᠴᠢ︾ ᠶᠢ ᠪᠦᠬᠦ ᠲᠠᠯ᠎ᠠ ᠪᠠᠷ ᠳᠡᠯᠭᠡᠷᠡᠭᠦᠯᠵᠦ᠂ ︽ᠭᠠᠴᠠᠭ᠎ᠠ ᠲᠣᠰᠬᠤᠨ ᠤ ᠱᠠᠲᠤᠨ ᠤ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡ + ᠰᠢᠤᠳᠠᠨᠴᠢ ᠬᠠᠪᠰᠤᠷᠴᠤ ᠣᠷᠣᠯᠠᠨ ᠭᠦᠢᠴᠡᠳᠬᠡᠬᠦ︾ ᠵᠠᠭᠪᠤᠷ ᠢ ᠪᠦᠬᠦ ᠣᠷᠣᠨ ᠳᠤ ᠳᠡᠯᠭᠡᠷᠡᠭᠦᠯᠪᠡ᠃ 50 ᠳ᠋ᠦᠩᠰᠢᠭᠤᠷ ᠣᠷᠴᠢᠮ ᠤᠨ ᠭᠠᠶᠢᠯᠢ ᠵᠠᠷᠤᠳᠠᠯ ᠢ ᠬᠥᠩᠭᠡᠷᠡᠭᠦᠯᠵᠦ ᠪᠠᠭᠤᠷᠠᠭᠤᠯᠤᠨ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ 2.2 ᠲᠦᠮᠡ ᠶᠢ ᠳᠠᠪᠠᠪᠠ᠃ ᠢ ᠵᠸᠡᠭ ᠬᠢᠮᠢ ᠶᠢᠨ ᠠᠵᠦ ᠦᠢᠯᠡᠳᠪᠦᠷᠢ ᠶᠢᠨ ᠠᠨᠲ᠋ᠠᠷᠠᠼᠧᠨ ᠲᠣᠰᠣ ᠶᠢ ᠭᠦᠨᠵᠡᠭᠡᠢ ᠪᠣᠯᠪᠠᠰᠤᠷᠠᠭᠤᠯᠬᠤ ᠵᠢᠴᠢ ᠦᠯᠡᠳᠡᠭᠳᠡᠯ ᠢᠯᠴᠢ ᠪᠠᠷ ᠴᠠᠬᠢᠯᠭᠠᠨ ᠭᠠᠷᠭᠠᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠨᠢ ᠪᠦᠬᠦ ᠬᠤᠲᠠ ᠶᠢᠨ ᠠᠩᠬᠠᠳᠠᠭᠴᠢ ᠫᠠᠶᠢᠰᠠ ᠡᠯᠭᠦᠵᠦ ᠬᠤᠳᠠᠯᠳᠤᠬᠤ ︽ᠪᠠᠷᠢᠮᠵᠢᠶᠠᠲᠤ ᠭᠠᠵᠠᠷ︾ ᠪᠣᠯᠪᠠ᠃ ᠵᠸᠡᠭ ᠲᠠᠢ ᠶᠠ ᠶᠤᠸᠠᠨ ᠰᠠᠭᠤᠭᠠᠯᠢ ᠲᠣᠭᠤᠷᠢᠭ ︽ᠪᠠᠶᠢᠰᠢᠩ ᠲᠤᠰᠢᠶᠠᠬᠤ ᠳᠤ ᠦᠨᠡᠮᠯᠡᠯ ᠢ ᠴᠤ ᠥᠭᠬᠦ︾ ᠶᠢ ᠪᠡᠶᠡᠯᠡᠭᠦᠯᠪᠡ᠃ ᠮᠦ ᠪᠦᠷᠢ ᠶᠢᠨ ᠳᠤᠮᠳᠠᠴᠢ ᠬᠡᠮᠵᠢᠭᠳᠡᠯ ᠢ ᠬᠢᠨᠠᠨ ᠰᠢᠯᠭᠠᠷᠠᠭᠤᠯᠵᠤ ᠦᠨᠡᠯᠡᠬᠦ ᠲᠣᠭᠲᠠᠯᠴᠠᠭ᠎ᠠ ᠶᠢ ᠪᠦᠲᠦᠮᠵᠢᠲᠡᠢ ᠪᠠᠶᠢᠭᠤᠯᠵᠤ᠂ ᠬᠦᠷᠢᠶᠡᠯᠡᠩ ᠲᠣᠭᠤᠷᠢᠭ ᠤᠨ ᠪᠣᠳᠠᠲᠤ ᠪᠦᠲᠦᠮᠵᠢ ᠶᠢᠨ ᠥᠭᠡᠷᠡᠴᠢᠯᠡᠯᠲᠡ ᠶᠢ ᠡᠮᠬᠢ ᠳᠢᠭᠯᠢᠮ ᠲᠠᠢ ᠠᠬᠢᠭᠤᠯᠤᠨ᠂ ᠤᠯᠤᠰ ᠤᠨ ᠥᠮᠴᠢᠯᠡᠯᠲᠦ ᠠᠵᠦ ᠠᠬᠤᠶᠢᠯᠠᠯ ᠤᠨ ᠬᠠᠮᠢᠶᠠᠷᠤᠯᠲᠠ ᠶᠢᠨ ᠳᠠᠪᠬᠤᠷᠭ᠎ᠠ ᠶᠢ ᠥᠷᠢᠰᠦᠯᠳᠦᠭᠦᠯᠦᠨ ᠠᠵᠢᠯ ᠤᠨ ᠪᠠᠶᠢᠷᠢ ᠳᠤ ᠭᠠᠷᠭᠠᠬᠤ᠂ ᠨᠡᠶᠢᠭᠡᠮ ᠤᠨ ᠳᠠᠭᠠᠭᠠᠮᠠᠯ ᠢ ᠤᠷᠢᠨ ᠬᠡᠷᠡᠭᠯᠡᠬᠦ ᠠᠵᠢᠯ ᠢ ᠪᠦᠬᠦ ᠲᠠᠯ᠎ᠠ ᠪᠠᠷ ᠡᠬᠢᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ︽ᠭᠤᠷᠪᠡ ᠶᠢ ᠬᠤᠪᠢᠷᠠᠭᠤᠯᠬᠤ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠪᠡ᠃ ︽ᠣᠶᠣᠨ ᠬᠤᠷᠠᠭᠰᠠᠨ ᠣᠲᠤᠭ︾ ᠤᠨ ᠴᠢᠳᠠᠪᠤᠷᠢᠲᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠥᠷᠥ ᠶᠢᠨ ᠪᠣᠳᠣᠯᠭ᠎ᠠ ᠶᠢ ᠲᠣᠭᠲᠠᠭᠠᠵᠤ ᠨᠡᠶᠢᠲᠡᠯᠡᠪᠡ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠤᠨ ᠨᠡᠭᠡᠭᠡᠭᠰᠡᠨ ᠶᠡᠷᠦᠩᠬᠡᠢ ᠵᠠᠷᠤᠳᠠᠯ 18 ᠳ᠋ᠦᠩᠰᠢᠭᠤᠷ ᠲᠥᠭᠦᠷᠢᠭ ᠢ ᠳᠠᠪᠠᠵᠦ᠂ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠦ ᠠᠬᠤᠶᠢᠯᠠᠯ 32 ᠬᠦᠷᠦᠨ᠂ ᠪᠦᠬᠦ ᠬᠤᠲᠠ ᠳᠤ ᠲᠡᠷᠢᠭᠦᠯᠡᠪᠡ᠃ ᠣᠷᠳᠣᠰ ᠤᠨ ᠴᠠᠬᠢᠯᠭᠠᠨ ᠢᠶᠠᠷ ᠬᠠᠶᠢᠯᠤᠭᠤᠯᠬᠤ ᠪᠦᠯᠦᠭᠯᠡᠯ ᠤᠯᠤᠰ ᠤᠨ ᠠᠵᠦ ᠠᠬᠤᠶᠢᠯᠠᠯ ᠤᠨ ᠮᠡᠷᠭᠡᠵᠢᠯ ᠤᠨ ᠲᠥᠪ ᠢᠶᠠᠷ ᠵᠥᠪᠰᠢᠶᠡᠷᠡᠭᠳᠡᠨ᠂ ᠪᠥᠭᠡᠭᠡᠨᠡᠷᠡᠯ ᠡᠾᠯᠤᠷᠤ᠋ ᠡᠸ᠋ᠲ᠋ᠠ ᠵᠢᠴᠢ ᠢᠳᠡᠮᠡᠬᠡᠢ ᠱᠥᠯᠲᠤ VCM ᠶᠢ ᠤᠯᠠᠷᠢᠭᠤᠯᠬᠤ ᠲᠣᠨᠣᠭᠯᠠᠯ ᠤᠨ ᠮᠡᠷᠭᠡᠵᠢᠯ ᠢ ᠲᠡᠰ ᠳᠡᠪᠰᠢᠭᠦᠯᠵᠦ ᠥᠭᠡᠷᠡᠴᠢᠯᠡᠬᠦ ᠵᠡᠷᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢ ᠤᠯᠠᠷᠢᠭᠤᠯᠬᠤ ᠲᠥᠷᠥᠯ ᠵᠦᠢᠯ ᠣᠯᠠᠨ ᠠᠷᠪᠢᠨ ᠠᠵᠢᠯ ᠲᠥᠷᠥᠯ ᠤᠨ ᠠᠩᠬᠠᠷᠤᠯ ᠢ ᠲᠠᠲᠠᠪᠠ᠃      —— ᠬᠤᠲᠠ ᠬᠥᠳᠡᠭᠡ ᠠᠭᠤᠰᠤᠯᠴᠠᠨ ᠬᠥᠭᠵᠢᠪᠡ᠃ ᠪᠦᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠱᠠᠲᠤᠴᠢ ᠴᠢᠨᠠᠷᠲᠠᠢ ᠦᠷ᠎ᠡ ᠪᠦᠲᠦᠭᠡᠯ ᠣᠯᠵᠦ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠥᠪᠵᠢᠭᠦᠯᠭᠡ ᠶᠢ ᠠᠩᠬ᠎ᠠ ᠠᠯᠬᠤᠮ ᠨᠠᠶᠢᠷᠠᠭᠤᠯᠪᠠ᠃ ᠬᠤᠲᠠ ᠶᠢ ᠰᠢᠨᠡᠴᠢᠯᠡᠬᠦ ᠪᠠ ᠪᠠᠶᠢᠴᠠᠭᠠᠬᠤ ᠠᠵᠢᠯ ᠢ ᠦᠷᠭᠦᠯᠵᠢᠯᠡᠨ ᠠᠬᠢᠭᠤᠯᠤᠨ᠂ ᠤᠮᠪᠠᠯᠲᠠ ᠶᠢᠨ ᠣᠷᠳᠣᠨ ᠵᠢᠴᠢ ᠫᠢᠩᠫᠠᠩ ᠪᠥᠮᠪᠦᠭᠡ ᠥᠳᠦᠨ ᠪᠥᠮᠪᠦᠭᠡ ᠶᠢᠨ ᠣᠷᠳᠣᠨ᠂ ᠡᠷᠡᠭᠦᠯᠵᠢᠯ ᠰᠤᠪᠢᠯᠠᠯ ᠤᠨ ᠲᠥᠪ ᠵᠡᠷᠭᠡ ᠰᠠᠭᠤᠷᠢ ᠲᠥᠬᠦᠭᠡᠷᠦᠮᠵᠢ ᠪᠠ ᠬᠤᠲᠠ ᠶᠢᠨ ᠶᠠᠪᠤᠳᠠᠯ ᠤᠨ ᠥᠭᠡᠷᠡᠴᠢᠯᠡᠯᠲᠡ ᠲᠡᠰ ᠳᠡᠪᠰᠢᠭᠦᠯᠦᠯᠲᠡ ᠶᠢᠨ ᠢᠨᠵᠧᠨᠧᠷᠢᠩ ᠢ 25 ᠬᠡᠷᠡᠭᠵᠢᠭᠦᠯᠵᠦ᠂ 61 ᠰᠠᠭᠤᠭᠠᠯᠢ ᠲᠣᠭᠤᠷᠢᠭ ᠢ ᠥᠭᠡᠷᠡᠴᠢᠯᠡᠵᠦ ᠵᠠᠰᠠᠨ᠂ ᠰᠢᠨ᠎ᠡ ᠪᠠᠷ 3 ᠢᠯᠴᠢ ᠰᠣᠯᠢᠬᠤ ᠥᠷᠲᠡᠭᠡ ᠪᠠᠶᠢᠭᠤᠯᠵᠤ᠂ 21.5 ᠺᠢᠯᠤᠮᠧᠲᠷ ᠤᠨ ᠳᠤᠯᠠᠭᠠᠯᠠᠭ᠎ᠠ ᠬᠠᠩᠭᠠᠬᠤ ᠬᠤᠭᠤᠯᠠᠢ ᠶᠢ ᠤᠭᠰᠠᠷᠠᠨ᠂ ᠠᠷᠠᠳ ᠲᠤ ᠳᠥᠭᠦᠮ ᠦᠵᠡᠭᠦᠯᠬᠦ ᠲᠡᠷᠭᠡ ᠵᠣᠭᠰᠣᠭᠠᠬᠤ ᠲᠠᠯᠠᠪᠤᠷ ᠢ 64 ᠭᠠᠷᠭᠠᠵᠤ᠂ ᠠᠮᠢᠳᠤᠷᠠᠯ ᠤᠨ ᠬᠤᠭ ᠨᠣᠪᠰᠢ ᠶᠢ ᠬᠤᠣᠷ ᠦᠭᠡᠢ ᠪᠣᠯᠭᠠᠨ ᠰᠢᠢᠳᠪᠦᠷᠢᠯᠡᠭᠰᠡᠨ ᠨᠣᠷᠮ᠎ᠠ 98% ᠳᠤ ᠬᠦᠷᠦᠨ᠂ ᠪᠠᠶᠢᠭᠤᠯᠤᠭᠰᠠᠨ ᠲᠣᠭᠤᠷᠢᠭ ᠲᠤ ᠤᠰᠤ ᠴᠠᠬᠢᠯᠭᠠᠨ ᠬᠡᠢ ᠳᠤᠯᠠᠭᠠᠯᠠᠭ᠎ᠠ ᠬᠠᠩᠭᠠᠭᠰᠠᠨ ᠨᠣᠷᠮ᠎ᠠ 100% ᠳᠤ ᠬᠦᠷᠪᠡ᠃ ᠪᠣᠭᠤᠲᠦ ᠠᠴᠠ ᠢᠷᠭᠠᠢ ᠬᠦᠷᠬᠦ ᠲᠦᠷᠭᠡᠨ ᠤ ᠲᠡᠮᠦᠷ ᠵᠠᠮ ᠤᠨ ᠭᠠᠵᠠᠷ ᠰᠢᠷᠣᠢ ᠶᠢ ᠲᠠᠲᠠᠪᠤᠷᠢᠯᠠᠨ ᠨᠤᠷᠠᠭᠠᠵᠤ ᠨᠡᠭᠦᠯᠭᠡᠬᠦ ᠠᠵᠢᠯ ᠢ ᠪᠦᠬᠦᠨ ᠢ ᠳᠠᠭᠤᠰᠬᠠᠵᠤ᠂ ᠨᠡᠶᠢᠳᠡᠮ ᠬᠡᠷᠡᠭᠯᠡᠭᠡᠨ ᠤ ᠨᠢᠰᠬᠡᠯ ᠤᠨ ᠲᠠᠯᠠᠪᠠᠢ ᠶᠢᠨ ᠭᠤᠣᠯ ᠪᠠᠷᠢᠯᠭ᠎ᠠ ᠶᠢ ᠪᠠᠷᠢᠪᠠ᠃ ᠬᠠᠲᠤᠨ ᠭᠤᠣᠯ ᠤᠨ ᠭᠤᠷᠪᠠᠳᠤᠭᠠᠷ ᠬᠤᠭᠤᠴᠠᠭᠠᠨ ᠤ ᠬᠠᠰᠢᠯᠭ᠎ᠠ ᠳᠠᠯᠠᠩ ᠤᠨ ᠢᠨᠵᠧᠨᠧᠷᠢᠩ ᠢ ᠪᠦᠬᠦ ᠲᠠᠯ᠎ᠠ ᠪᠠᠷ ᠠᠬᠢᠭᠤᠯᠤᠨ᠂ ᠤᠰᠤ ᠬᠠᠩᠭᠠᠬᠤ ᠶᠢ ᠪᠠᠲᠤᠯᠠᠬᠤ ᠪᠠ ᠠᠷᠠᠴᠢᠯᠠᠨ ᠬᠠᠮᠠᠭᠠᠯᠠᠬᠤ ᠢᠨᠵᠧᠨᠧᠷᠢᠩ ᠢ 12 ᠬᠡᠷᠡᠭᠵᠢᠭᠦᠯᠵᠦ᠂ 450 ᠺᠢᠯᠤᠮᠧᠲᠷ ᠤᠨ ᠴᠠᠬᠢᠯᠭᠠᠨ ᠳᠠᠮᠵᠢᠭᠤᠯᠵᠤ ᠬᠤᠪᠢᠰᠬᠠᠬᠤ ᠤᠲᠠᠰᠤ ᠶᠢ ᠰᠢᠨ᠎ᠡ ᠪᠠᠷ ᠲᠠᠲᠠᠬᠤ ᠪᠤᠶᠤ ᠥᠭᠡᠷᠡᠴᠢᠯᠡᠨ ᠲᠠᠲᠠᠵᠤ᠂ 190 ᠬᠦᠴᠦᠳᠡᠯ ᠥᠭᠡᠷᠡᠴᠢᠯᠡᠭᠴᠢ ᠶᠢᠨ ᠪᠠᠭᠲᠠᠭᠠᠮᠵᠢ ᠶᠢ ᠨᠡᠮᠡᠭᠳᠡᠭᠦᠯᠦᠨ᠂ 162 ᠺᠢᠯᠣᠮᠧᠲᠷ ᠤᠨ ᠬᠥᠳᠡᠭᠡ ᠶᠢᠨ ᠵᠠᠮ ᠵᠠᠰᠠᠵᠤ᠂ ᠰᠢᠨ᠎ᠡ ᠪᠠᠷ 57 ᠴᠢᠮᠡᠭᠡ ᠬᠤᠯᠪᠣᠭᠠᠨ ᠤ ᠥᠷᠲᠡᠭᠡ ᠴᠡᠭ ᠪᠠᠶᠢᠭᠤᠯᠪᠠ᠃       —— ᠠᠷᠠᠳ ᠤᠨ ᠠᠮᠢᠳᠤᠷᠠᠯ ᠰᠠᠶᠢᠵᠢᠷᠠᠪᠠ᠃ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ 6 ᠲᠥᠷᠥᠯ ᠵᠦᠢᠯ ᠢ ᠠᠬᠢᠴᠠ ᠶᠣᠰᠣᠭᠠᠷ ᠪᠦᠬᠦᠨ ᠢ ᠪᠡᠶᠡᠯᠡᠭᠦᠯᠪᠡ᠃ 8000 ᠭᠠᠷᠤᠢ ᠬᠦᠮᠦᠨ ᠳᠤ ᠠᠵᠢᠯ ᠣᠯᠭᠤᠵᠤ᠂ ᠬᠤᠲᠠ ᠪᠠᠯᠭᠠᠰᠤᠨ ᠤ ᠬᠦᠮᠦᠨ ᠠᠮᠠ ᠶᠢᠨ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 3.7% ᠶᠢᠨ ᠳᠣᠲᠣᠷ᠎ᠠ ᠬᠢᠵᠠᠭᠠᠷᠯᠠᠪᠠ᠃ ᠡᠮᠴᠢᠯᠡᠭᠡᠨ ᠤ ᠳᠠᠭᠠᠳᠬᠠᠯ ᠤᠨ DIP ᠵᠠᠷᠤᠳᠠᠯ ᠲᠤᠰᠢᠶᠠᠬᠤ ᠥᠭᠡᠷᠡᠴᠢᠯᠡᠯᠲᠡ ᠨᠢ ᠪᠦᠬᠦ ᠣᠷᠣᠨ ᠤ ᠲᠤᠷᠰᠢᠯᠲᠠ ᠶᠢᠨ ᠴᠡᠭ ᠪᠣᠯᠵᠤ᠂ ᠬᠤᠲᠠ ᠬᠥᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠪᠤᠷᠢ ᠶᠢᠨ ᠪᠠᠷᠢᠮᠵᠢᠶ᠎ᠠ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠲᠤᠭ᠎ᠠ ᠶᠢ ᠨᠡᠮᠡᠭᠳᠡᠭᠦᠯᠪᠡ᠃ ᠳᠠᠬᠢᠨ ᠶᠠᠳᠠᠭᠤᠷᠠᠬᠤ ᠶᠢ ᠰᠡᠷᠭᠡᠶᠢᠯᠡᠨ ᠠᠵᠢᠭᠯᠠᠬᠤ ᠪᠠ ᠲᠥᠪᠯᠡᠷᠡᠭᠦᠯᠦᠨ ᠲᠡᠳᠬᠦᠬᠦ ᠠᠵᠢᠯ ᠢ ᠬᠥᠳᠡᠯᠦᠩᠭᠦᠢ ᠥᠷᠨᠢᠭᠦᠯᠪᠡ᠃ ᠳ᠋ᠦᠩᠰᠢᠭᠤᠷ ᠰᠢᠬᠠᠮ ᠲᠥᠭᠦᠷᠢᠭ ᠤᠨ ᠪᠠᠴᠢᠮ ᠪᠠᠶᠢᠳᠠᠯ ᠢ ᠠᠷᠭᠠᠴᠠᠭᠠᠵᠤ ᠭᠠᠨᠩ ᠲᠠᠢ ᠲᠡᠮᠡᠴᠡᠬᠦ ᠪᠡᠯᠡ ᠮᠥᠩᠭᠦ ᠵᠠᠷᠤᠴᠠᠭᠤᠯᠵᠤ᠂ ᠭᠠᠮᠰᠢᠭ ᠠᠴᠠ ᠠᠪᠤᠷᠠᠬᠤ ᠲᠡᠵᠢᠭᠡᠯ ᠡᠪᠡᠰᠦ ᠪᠣᠷᠳᠤᠭ᠎ᠠ ᠨᠥᠭᠡᠴᠡᠯᠡᠬᠦ ᠬᠥᠮᠥᠷᠭᠡ ᠶᠢ ᠰᠢᠨ᠎ᠡ ᠪᠠᠷ 3 ᠪᠠᠶᠢᠭᠤᠯᠤᠨ᠂ 2.8 ᠲᠦᠮᠡᠨ ᠲᠣᠨ ᠳᠤᠯᠠᠭᠠᠯᠠᠭ᠎ᠠ ᠶᠢᠨ ᠨᠡᠭᠦᠷᠡᠰᠦ᠂ ᠡᠩ ᠤᠨ ᠦᠨᠡᠲᠦ ᠨᠡᠭᠦᠷᠡᠰᠦ ᠬᠤᠪᠢᠶᠠᠪᠠ᠃ ᠴᠢ ᠫᠡᠡ ᠵᠢᠩ ᠤᠨ ᠳᠥᠷᠪᠡᠳᠦᠭᠡᠷ ᠪᠠᠭ᠎ᠠ ᠰᠤᠷᠭᠠᠭᠤᠯᠢ ᠵᠡᠷᠭᠡ 28 ᠭᠤᠣᠯᠳᠠᠯᠭᠠᠲᠤ ᠲᠥᠷᠥᠯ ᠵᠦᠢᠯ ᠢ ᠡᠬᠢᠯᠡᠵᠦ ᠪᠠᠶᠢᠭᠤᠯᠤᠨ᠂ 133 ᠪᠠᠭᠰᠢ ᠶᠢ ᠤᠷᠢᠨ ᠠᠪᠴᠢᠷᠠᠵᠤ᠂ ᠪᠠᠭᠰᠢ ᠨᠠᠷ ᠲᠤ ᠠᠵᠢᠯ ᠤᠨ ᠪᠠᠶᠢᠷᠢ ᠪᠣᠯᠣᠨ ᠮᠡᠷᠭᠡᠵᠢᠯ ᠤᠨ ᠴᠣᠯᠠ ᠶᠢᠨ ᠵᠡᠷᠭᠡ ᠲᠡᠰ ᠲᠣᠭᠲᠠᠭᠠᠬᠤ ᠠᠵᠢᠯ ᠢ ᠪᠦᠬᠦᠨ ᠢ ᠪᠡᠶᠡᠯᠡᠭᠦᠯᠦᠨ᠂ ᠮᠣᠩᠭᠤᠯ ᠬᠢᠲᠠᠳ ᠢᠶᠠᠷ ᠬᠢᠴᠢᠶᠡᠯᠯᠡᠭᠰᠡᠨ ᠰᠤᠷᠤᠭᠴᠢᠳ ᠤᠨ ᠳᠡᠭᠡᠳᠦ ᠰᠤᠷᠭᠠᠭᠤᠯᠢ ᠶᠢᠨ ᠵᠢᠩᠭᠢᠨᠢ ᠠᠩᠭᠢ ᠳᠤ ᠰᠢᠯᠭᠠᠭᠳᠠᠭᠰᠠᠨ ᠨᠣᠷᠮ᠎ᠠ ᠲᠤᠰ ᠲᠤᠰ ᠨᠡᠮᠡᠭᠳᠡᠭᠡᠳ 77.5% ᠪᠠ 71.5% ᠪᠣᠯᠪᠠ᠃ ᠮᠣᠩᠭᠤᠯ ᠡᠮᠨᠡᠯᠭᠡ ᠶᠢᠨ ᠪᠡᠶ᠎ᠡ ᠰᠡᠳᠬᠢᠴᠡ ᠶᠢᠨ ᠬᠢᠴᠢᠶᠡᠯ ᠢ ᠠᠮᠵᠢᠯᠲᠠᠲᠠᠢ ᠡᠷᠬᠢᠯᠡᠨ᠂ ᠠᠯᠪᠠᠨ ᠠᠴᠠ ᠡᠷᠬᠢᠯᠡᠭᠰᠡᠨ ᠭᠤᠷᠪᠠᠨ ᠡᠮᠨᠡᠯᠭᠡ ᠶᠢᠨ ᠬᠤᠷᠢᠶᠠᠨ ᠤ ᠬᠤᠷᠢᠶᠠᠨ ᠳᠠᠷᠤᠭ᠎ᠠ ᠶᠢ ᠰᠣᠩᠭᠤᠨ ᠤᠷᠢᠵᠦ᠂ 133 ᠡᠮᠴᠢᠯᠡᠭᠡᠨ ᠤ ᠮᠡᠷᠭᠡᠵᠢᠯ ᠤᠨ ᠴᠢᠳᠠᠪᠤᠷᠢᠲᠠᠨ ᠢ  ᠡᠯᠰᠡᠵᠦ ᠬᠡᠷᠡᠭᠯᠡᠨ᠂ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠬᠠᠯᠠᠭᠤᠷᠠᠯ ᠤᠨ ᠡᠭᠦᠳᠡᠨ ᠡᠮᠨᠡᠯᠭᠡ ᠪᠠ ᠲᠣᠭᠠᠴᠢᠯᠠᠭᠰᠠᠨ ᠴᠢᠰᠤᠨ ᠰᠤᠳᠠᠯ ᠰᠡᠭᠦᠳᠡᠷᠯᠡᠬᠦ ᠮᠠᠰᠢᠨ ᠵᠡᠷᠭᠡ ᠡᠮᠴᠢᠯᠡᠭᠡᠨ ᠤ ᠲᠣᠨᠤᠭ ᠲᠥᠬᠦᠭᠡᠷᠦᠮᠵᠢ ᠨᠦᠭᠦᠳ ᠢ ᠠᠰᠢᠭᠯᠠᠯᠲᠠ ᠳᠤ ᠣᠷᠣᠭᠤᠯᠪᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠦᠬᠦ ᠲᠠᠯ᠎ᠠ ᠪᠠᠷ ᠪᠠᠲᠤ ᠴᠣᠭᠴᠠᠯᠠᠵᠤ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠠᠵᠢᠯ ᠢ ᠡᠷᠴᠢᠮᠲᠡᠢ ᠠᠬᠢᠭᠤᠯᠤᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠢ ᠦᠷᠭᠦᠯᠵᠢᠯᠡᠨ ᠭᠦᠨᠵᠡᠭᠡᠶᠢᠷᠡᠭᠦᠯᠪᠡ᠃ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠳᠤ ᠴᠣᠬᠢᠯᠲᠠ ᠥᠭᠴᠦ ᠵᠠᠰᠠᠯᠲᠠ ᠬᠢᠬᠦ ᠲᠡᠷᠢᠭᠦᠨ ᠤ ᠲᠤᠷᠰᠢᠯᠭ᠎ᠠ ᠶᠢ ᠪᠦᠬᠦ ᠬᠤᠲᠠ ᠳᠤ ᠳᠡᠯᠭᠡᠷᠡᠭᠦᠯᠪᠡ᠃ ᠬᠤᠰᠢᠭᠤ ᠱᠠᠲᠤᠨ ᠤ ᠶᠡᠷᠦᠩᠬᠡᠶᠢᠯᠡᠨ ᠵᠠᠰᠠᠬᠤ ᠲᠥᠪ ᠢ ᠬᠡᠷᠡᠭᠯᠡᠯᠲᠡ ᠳᠤ ᠣᠷᠣᠭᠤᠯᠵᠤ᠂ ᠵᠥᠷᠢᠴᠡᠯ ᠵᠢᠭᠤᠷᠠᠯᠳᠤᠭᠠᠨ ᠢ ᠲᠣᠬᠢᠲᠠᠢ ᠰᠢᠢᠳᠪᠦᠷᠢᠯᠡᠨ᠂ ᠨᠠᠮ ᠤᠨ ᠪᠠᠶᠢᠭᠤᠯᠤᠯᠲᠠ ᠪᠠᠷ ᠠᠷᠠᠳ ᠤᠨ ᠵᠥᠷᠢᠴᠡᠯ ᠡᠶᠡᠳᠡᠭᠦᠯᠬᠦ ᠶᠢ ᠬᠥᠲᠥᠯᠥᠨ ᠳᠠᠭᠠᠭᠤᠯᠬᠤ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠵᠠᠭᠪᠤᠷ ᠨᠢ ᠪᠦᠬᠦ ᠤᠯᠤᠰ ᠤᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠬᠡᠷᠡᠭ ᠤᠨ ᠵᠢᠱᠢᠶ᠎ᠡ ᠪᠣᠯᠪᠠ᠃ ᠣᠶᠣᠨ ᠤ ᠪᠣᠯᠪᠠᠰᠤᠨ ᠤ ᠪᠠᠶᠢᠭᠤᠯᠤᠯᠲᠠ᠂ ᠴᠡᠷᠢᠭ ᠠᠷᠠᠳ ᠬᠠᠮᠲᠤ ᠪᠠᠷ ᠪᠠᠶᠢᠭᠤᠯᠬᠤ᠂ ᠡᠮᠡᠭᠲᠡᠶᠢᠴᠦᠳ ᠬᠡᠦᠬᠡᠳ᠂ ᠶᠠᠰᠤ ᠴᠢᠨᠠᠷ ᠲᠤ ᠬᠢᠨᠠᠯᠲᠠ ᠲᠠᠯᠪᠢᠬᠤ᠂ ᠳᠠᠩᠰᠠ ᠡᠪᠬᠡᠮᠡᠯ ᠲᠡᠦᠬᠡ ᠣᠶᠢᠯᠠᠯᠭ᠎ᠠ᠂ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ᠂ ᠠᠷᠠᠳ ᠤᠨ ᠠᠭᠠᠷ ᠤᠨ ᠰᠡᠷᠭᠡᠶᠢᠯᠡᠯᠲᠡ ᠴᠠᠭ ᠠᠭᠤᠷ᠂ ᠲᠤᠭ᠎ᠠ ᠪᠦᠷᠢᠳᠬᠡᠯ ᠤᠨ ᠪᠠᠶᠢᠴᠠᠭᠠᠯᠲᠠ᠂ ᠠᠮᠤ ᠪᠤᠳᠠᠭ᠎ᠠ ᠬᠠᠩᠭᠠᠨ ᠪᠣᠷᠣᠯᠠᠭᠤᠯᠭ᠎ᠠ᠂ ᠨᠠᠰᠤᠲᠠᠶᠢᠴᠤᠳ᠂ ᠵᠡᠮᠳᠡᠭᠴᠦᠳ ᠪᠣᠯᠣᠨ ᠨᠢᠭᠦᠯᠡᠰᠦᠩᠭᠦᠢ ᠶᠢᠨ ᠦᠢᠯᠡᠰ ᠵᠡᠷᠭᠡ ᠠᠵᠢᠯ ᠴᠥᠮ ᠳᠠᠪᠰᠢᠯᠲᠠ ᠲᠠᠢ ᠪᠣᠯᠪᠠ᠃      ᠲᠥᠯᠥᠭᠡᠯᠡᠭᠴᠢᠳ ᠠ᠋︕ ᠨᠢᠭᠡ ᠵᠢᠯ ᠤᠨ ᠲᠤᠷᠰᠢ᠂ ᠪᠢᠳᠠ ᠢᠮᠠᠭᠲᠠ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ᠂ ᠲᠥᠪ ᠤᠨ ᠪᠠ ᠳᠡᠭᠡᠳᠦ ᠱᠠᠲᠤᠨ ᠤ ᠵᠢᠭᠠᠪᠤᠷᠢ ᠱᠠᠭᠠᠷᠳᠠᠯᠭ᠎ᠠ ᠶᠢ ᠰᠤᠷᠤᠯᠴᠠᠨ ᠲᠣᠭᠤᠰᠢᠯᠠᠭᠤᠯᠬᠤ ᠶᠢ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ᠂ ᠪᠠᠶᠢᠩᠭᠤ ᠶᠢᠨ ᠬᠤᠷᠠᠯ ᠤᠨ ᠲᠡᠷᠢᠭᠦᠨ ᠴᠢᠬᠤᠯᠠ ᠵᠥᠪᠯᠡᠬᠦ ᠰᠡᠳᠦᠪ ᠪᠣᠯᠭᠠᠵᠤ᠂ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠶᠢ ᠪᠠᠲᠤᠲᠠᠢ ᠠᠬᠢᠭᠤᠯᠤᠨ᠂ ᠬᠠᠤᠯᠢᠵᠢᠯ ᠵᠠᠰᠠᠭ ᠤᠨ ᠣᠷᠳᠣᠨ ᠤ ᠪᠠᠶᠢᠭᠤᠯᠤᠯᠲᠠ ᠶᠢ ᠭᠦᠨᠵᠡᠭᠡᠶᠢᠷᠡᠭᠦᠯᠪᠡ᠃ ᠬᠤᠰᠢᠭᠤ ᠳᠠᠷᠤᠭ᠎ᠠ ᠬᠦᠷᠢᠶᠡᠯᠡᠩ ᠲᠣᠭᠤᠷᠢᠭ ᠲᠤ ᠭᠦᠨᠵᠡᠭᠡᠶᠢᠷᠡᠬᠦ ᠠᠵᠢᠯ ᠤᠨ ᠲᠣᠭᠲᠠᠴᠠ ᠶᠢ ᠪᠦᠲᠦᠮᠵᠢᠲᠡᠢ ᠡᠷᠭᠢᠯᠳᠦᠭᠦᠯᠵᠦ᠂ ᠵᠠᠰᠠᠭ ᠵᠠᠬᠢᠷᠭᠠᠨ ᠤ ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠵᠤ ᠵᠠᠷᠭᠤ ᠬᠦᠯᠢᠶᠡᠭᠰᠡᠨ ᠨᠣᠷᠮ᠎ᠠ 100% ᠳᠤ ᠬᠦᠷᠦᠨ᠂ ︽ᠵᠠᠭᠠᠯᠳᠤᠯᠭ᠎ᠠ ᠶᠢ ᠬᠦᠯᠢᠶᠡᠨ ᠠᠪᠤᠪᠠᠯ ᠳᠠᠷᠤᠢ ᠳᠤᠨᠢ ᠰᠢᠢᠳᠪᠦᠷᠢᠯᠡᠬᠦ︾ ᠬᠠᠮᠲᠤᠷᠠᠭᠰᠠᠨ ᠳᠦᠷᠢᠮ ᠢ ᠡᠷᠴᠢᠮᠲᠡᠢ ᠨᠠᠶᠢᠳᠠᠪᠤᠷᠢᠵᠢᠭᠤᠯᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠣᠨ ᠤ ᠬᠢᠨᠠᠯᠲᠠ᠂ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ᠂ ᠵᠠᠰᠠᠭ ᠵᠠᠬᠢᠷᠭᠠᠨ ᠤ ᠬᠢᠨᠠᠨ ᠪᠣᠳᠣᠯᠲᠠ ᠶᠢᠨ ᠬᠢᠨᠠᠯᠲᠠ ᠪᠠ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠨ᠂ ᠠᠷᠠᠳ ᠤᠨ ᠲᠥᠯᠥᠭᠡᠯᠡᠭᠴᠢᠳ ᠤᠨ 104 ᠬᠤᠪᠢ ᠰᠠᠨᠠᠭᠤᠯᠭ᠎ᠠ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ 105 ᠬᠤᠪᠢ ᠰᠠᠨᠠᠯ ᠳᠤᠷᠠᠳᠤᠯᠭ᠎ᠠ ᠶᠢ ᠭᠦᠢᠴᠡᠳᠬᠡᠪᠡ᠃ ︽ᠠᠯᠪᠠᠨ ᠤ ᠭᠤᠷᠪᠠᠨ ᠵᠠᠷᠤᠳᠠᠯ︾ ᠤᠨ ᠨᠡᠮᠡᠭᠳᠡᠯ ᠢ ᠪᠦᠲᠦᠮᠵᠢᠲᠡᠢ ᠬᠤᠷᠢᠭᠯᠠᠨ᠂ ᠳᠠᠯᠳᠠ ᠥᠷᠢ ᠶᠢ ᠢᠯᠭᠠᠷᠠᠭᠤᠯᠬᠤ ᠡᠭᠦᠷᠭᠡ ᠶᠢ ᠲᠦᠷᠦᠭᠦᠯᠡᠨ ᠪᠡᠶᠡᠯᠡᠭᠦᠯᠵᠦ᠂ ︽ᠲᠠᠪᠤ ᠶᠢ ᠲᠤᠶᠢᠯᠪᠤᠷᠢᠲᠠᠢ ᠪᠠᠶᠢᠴᠠᠭᠠᠬᠤ︾ ᠠᠵᠢᠯᠯᠠᠭ᠎ᠠ ᠶᠢ ᠬᠦᠴᠦᠲᠡᠢ ᠠᠬᠢᠭᠤᠯᠤᠨ᠂ ︽ᠣᠯᠠᠨ ᠲᠦᠮᠡᠨ ᠳᠤ ᠪᠣᠳᠠᠲᠤ ᠠᠵᠢᠯ ᠬᠢᠵᠦ ᠥᠭᠬᠦ︾ ᠠᠵᠢᠯ ᠢ ᠭᠦᠨᠵᠡᠭᠡᠢ ᠥᠷᠨᠢᠭᠦᠯᠵᠦ᠂ ᠵᠠᠰᠠᠭ ᠤᠨ ᠣᠷᠳᠣᠨ ᠤ ᠨᠡᠶᠢᠲᠡ ᠶᠢᠨ ᠢᠲᠡᠭᠡᠮᠵᠢ ᠶᠢᠨ ᠬᠦᠴᠦᠨ᠂ ᠠᠷᠠᠳ ᠣᠯᠠᠨ ᠤ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃      ᠲᠥᠯᠥᠭᠡᠯᠡᠭᠴᠢᠳ ᠠ᠋︕ ᠭᠤᠷᠪᠠᠨ ᠵᠢᠯ ᠤᠨ ᠲᠤᠷᠰᠢ᠂ ᠰᠢᠨ᠎ᠡ ᠲᠢᠲᠢᠮᠯᠢᠭ ᠠᠭᠤᠰᠬᠢᠨ ᠥᠷᠪᠢᠰᠦᠯ ᠤᠨ ᠬᠢᠵᠢᠭ ᠤᠨ ᠠᠬᠢᠨ ᠳᠠᠬᠢᠨ ᠳᠠᠭᠠᠷᠢᠯᠲᠠ ᠶᠢᠨ ᠡᠮᠦᠨ᠎ᠡ᠂ ᠪᠢᠳᠠ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠢᠮᠠᠭᠲᠠ ᠪᠠᠷᠢᠮᠲᠠᠯᠠᠵᠤ᠂ ᠴᠠᠭ ᠮᠥᠴᠡ ᠲᠠᠢ ᠤᠷᠤᠯᠳᠤᠨ᠂ ᠸᠢᠷᠦ᠋ᠰ ᠬᠢᠵᠢᠭ  ᠲᠠᠢ ᠵᠣᠷᠢᠭᠲᠠᠢ ᠲᠡᠮᠡᠴᠡᠵᠦ᠂ ᠬᠢᠵᠢᠭ ᠤᠨ ᠬᠠᠯᠳᠠᠪᠤᠷᠢᠯᠠᠵᠤ ᠣᠷᠣᠵᠤ ᠢᠷᠡᠬᠦ ᠶᠢ ᠴᠢᠩᠭ᠎ᠠ ᠬᠤᠷᠢᠭᠯᠠᠨ᠂ ᠪᠦᠬᠦ ᠬᠦᠴᠦᠨ ᠢᠶᠠᠷ ᠢᠶᠠᠨ ᠬᠢᠵᠢᠭ ᠢ ᠰᠡᠷᠭᠡᠶᠢᠯᠡᠨ ᠡᠵᠡᠮᠳᠡᠵᠦ᠂ ᠡᠷᠡᠰ ᠰᠢᠭᠤᠷᠬᠠᠢ ᠬᠠᠳᠠᠨ ᠵᠣᠷᠢᠭ᠂ ᠨᠠᠷᠢᠯᠢᠭ ᠣᠨᠣᠪᠴᠢᠲᠠᠢ ᠠᠷᠭ᠎ᠠ ᠪᠣᠳᠣᠯᠭ᠎ᠠ ᠪᠠᠷ ᠨᠡᠶᠢᠭᠡᠮ ᠤᠨ ᠠᠮᠤᠷ ᠲᠣᠭᠲᠠᠭᠤᠨ᠂ ᠠᠷᠠᠳ ᠲᠦᠮᠡᠨ ᠤ ᠠᠮᠤᠷ ᠲᠦᠪᠰᠢᠨ ᠢ ᠬᠠᠮᠠᠭᠠᠯᠠᠪᠠ᠃ ᠪᠦᠬᠦ ᠬᠤᠰᠢᠭᠤᠨ ᠤ ᠥᠷᠭᠡᠨ ᠣᠯᠠᠨ ᠡᠮᠨᠡᠯᠭᠡ ᠶᠢᠨ ᠠᠵᠢᠯᠲᠠᠨ᠂ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ  ᠲᠤᠰᠠᠯᠠᠬᠤ ᠴᠠᠭᠳᠠᠭ᠎ᠠ᠂ ᠭᠠᠴᠠᠭ᠎ᠠ ᠲᠣᠰᠬᠤᠨ ᠨᠡᠶᠢᠭᠡᠮ ᠲᠣᠭᠤᠷᠢᠭ ᠤᠨ ᠠᠵᠢᠯᠲᠠᠨ᠂ ᠰᠠᠶᠢᠨ ᠳᠤᠷᠠᠴᠤᠳ᠂ ᠨᠠᠮ ᠤᠨ ᠭᠡᠰᠢᠭᠦᠨ ᠺᠠᠳ᠋ᠷ ᠪᠠ ᠠᠷᠠᠳ ᠠᠴᠠ ᠡᠵᠡᠩᠨᠡᠭᠰᠡᠨ ᠠᠵᠦ ᠠᠬᠤᠶᠢᠯᠠᠯᠲᠠᠳ ︽ᠣᠲᠤᠭ ᠤᠨ ᠬᠠᠯᠠᠭᠤᠨ ᠳᠤᠯᠠᠭᠠᠨ︾ ᠢ ᠣᠯᠠᠨᠲᠠ ᠳᠠᠮᠵᠢᠭᠤᠯᠤᠨ᠂ ︽ᠣᠲᠤᠭ ᠤᠨ ᠬᠤᠷᠳᠤᠴᠠ︾ ᠶᠢ ᠡᠭᠦᠳᠴᠦ᠂ ︽ᠣᠲᠤᠭ ᠤᠨ ᠡᠭᠦᠷᠭᠡ ᠬᠠᠷᠢᠭᠤᠴᠠᠯᠭ᠎ᠠ︾ ᠶᠢ ᠢᠯᠡᠷᠡᠭᠦᠯᠦᠨ᠂ ᠰᠢᠷᠭᠠᠭᠤ ᠬᠥᠳᠡᠯᠮᠦᠷᠢ ᠪᠠᠷ ᠢᠶᠠᠨ ᠪᠣᠯᠣᠳ ᠮᠡᠲᠦ ᠪᠠᠲᠤ ᠬᠠᠯᠬᠠᠪᠴᠢ ᠶᠢ ᠴᠣᠭᠴᠠᠯᠠᠵᠤ᠂ ᠠᠷᠢᠭᠤᠨ ᠬᠠᠶᠢᠷ᠎ᠠ ᠪᠠᠷ ᠢᠶᠠᠨ ᠬᠢᠵᠢᠭ ᠲᠠᠢ ᠲᠡᠮᠡᠴᠡᠬᠦ ᠠᠭᠤᠤ ᠶᠡᠭᠡ ᠵᠣᠷᠢᠭ ᠰᠠᠨᠠᠭ᠎ᠠ ᠶᠢ ᠲᠠᠶᠢᠯᠪᠤᠷᠢᠯᠠᠪᠠ᠃ ᠲᠡᠳᠡᠨ ᠤ ᠡᠨᠡ ᠬᠦ ᠪᠠᠭᠠᠲᠤᠷᠯᠢᠭ ᠦᠢᠯᠡ ᠠᠵᠢᠯᠯᠠᠭ᠎ᠠ ᠨᠢ ᠪᠢᠳᠠᠨ ᠤ ᠦᠨᠢᠳᠡ ᠴᠡᠭᠡᠵᠢᠯᠡᠭᠦᠰᠢᠲᠡᠢ ᠬᠠᠮᠲᠤ ᠶᠢᠨ ᠳᠤᠷᠠᠳᠬᠠᠯ ᠪᠣᠯᠬᠤ ᠶᠣᠰᠣᠲᠠᠢ᠃ ᠣᠲᠤᠭ ᠤᠨ ᠣᠯᠣᠭᠰᠠᠨ ᠠᠮᠵᠢᠯᠲᠠ ᠪᠦᠲᠦᠮᠵᠢ ᠪᠠ ᠢᠷᠠᠭᠤ ᠠᠯᠳᠠᠷ ᠤᠨ ᠦᠨᠳᠦᠰᠦ ᠨᠢ ᠰᠢ  ᠶᠢᠨ ᠫᠢᠡᠭ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠳᠤ ᠪᠠᠶᠢᠵᠦ᠂ ᠵᠠᠩᠭᠢᠯᠠᠭ᠎ᠠ ᠨᠢ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠤ ᠪᠣᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠠᠴᠠ ᠰᠠᠯᠵᠦ ᠴᠢᠳᠠᠬᠤ ᠦᠭᠡᠢ᠂ ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠣᠶᠣᠨ ᠤᠬᠠᠭᠠᠨ ᠪᠠ ᠬᠦᠴᠦ ᠬᠥᠳᠡᠯᠮᠦᠷᠢ ᠠᠴᠠ ᠰᠠᠯᠵᠦ ᠴᠢᠳᠠᠬᠤ ᠦᠭᠡᠢ ᠶᠤᠮ᠃ ᠠᠳᠡ᠂ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ᠂ ᠡᠯ᠎ᠡ ᠠᠵᠢᠯ ᠤᠨ ᠹᠷᠣᠨᠲ ᠳᠡᠭᠡᠷ᠎ᠡ ᠭᠠᠪᠰᠢᠭᠠᠶᠢᠯᠠᠨ ᠠᠵᠢᠯᠯᠠᠵᠤ ᠪᠠᠶᠢᠭ᠎ᠠ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠪᠠ ᠡᠯ᠎ᠡ ᠲᠠᠯ᠎ᠠ ᠶᠢᠨ ᠬᠢᠨ᠂ ᠪᠦᠬᠦ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠳᠤ ᠡᠷᠬᠢᠮ ᠳᠡᠭᠡᠳᠦ ᠬᠦᠨᠳᠦᠳᠬᠡᠯ ᠪᠠ ᠴᠢᠩ ᠦᠨᠡᠨᠴᠢ ᠲᠠᠯᠠᠷᠬᠠᠯ ᠢᠶᠠᠨ ᠳᠡᠪᠰᠢᠭᠦᠯᠵᠦ ᠪᠠᠶᠢᠨ᠎ᠠ︕      ᠲᠥᠯᠥᠭᠡᠯᠡᠭᠴᠢᠳ ᠠ᠋︕ ᠥᠩᠭᠡᠷᠡᠭᠰᠡᠨ ᠤ ᠣᠯᠣᠭᠰᠠᠨ ᠠᠮᠵᠢᠯᠲᠠ ᠪᠦᠲᠦᠮᠵᠢ ᠪᠣᠯ ᠰᠢᠨᠲᠠᠷᠠᠰᠢ ᠦᠭᠡᠢ ᠰᠢᠷᠭᠠᠭᠤ ᠴᠢᠷᠮᠠᠶᠢᠭᠰᠠᠨ ᠤ ᠦᠷ᠎ᠡ ᠳ᠋ᠦᠩ ᠮᠥᠨ᠂ ᠢᠷᠡᠭᠡᠳᠦᠢ ᠶᠢᠨ ᠲᠤᠬᠠᠢ ᠰᠠᠶᠢᠨ ᠰᠠᠶᠢᠬᠠᠨ ᠬᠦᠰᠡᠯ ᠡᠷᠡᠮᠡᠯᠵᠡᠯ ᠨᠢ ᠡᠷᠡᠯᠬᠡᠭᠯᠡᠨ ᠤᠷᠤᠭᠰᠢᠯᠠᠬᠤ ᠶᠠᠪᠤᠴᠠ ᠳᠤ ᠪᠡᠶᠡᠯᠡᠭᠳᠡᠬᠦ ᠨᠢ ᠯᠠᠪᠲᠠᠢ᠃ ᠵᠠᠰᠠᠭ ᠤᠨ ᠣᠷᠳᠣᠨ ᠤ ᠠᠵᠢᠯ ᠨᠢ ᠪᠦᠬᠦ ᠬᠤᠰᠢᠭᠤᠨ ᠤ ᠠᠷᠠᠳ ᠲᠦᠮᠡᠨ ᠤ ᠬᠦᠰᠡᠯ ᠨᠠᠶᠢᠳᠠᠯᠭ᠎ᠠ ᠲᠠᠢ ᠪᠠᠰᠠ ᠵᠣᠬᠢᠬᠤ ᠵᠥᠷᠢᠶ᠎ᠡ ᠲᠠᠢ ᠪᠠᠶᠢᠵᠦ᠂ ᠠᠵᠦ ᠠᠬᠤᠢ ᠨᠡᠶᠢᠭᠡᠮ ᠤᠨ ᠬᠥᠭᠵᠢᠯᠲᠡ ᠳᠤ ᠴᠥᠭᠡᠨ ᠪᠤᠰᠤ ᠬᠦᠴᠢᠷᠳᠡᠯ ᠲᠤᠯᠭᠠᠷᠠᠵᠤ ᠪᠠᠶᠢᠬᠤ ᠶᠢ ᠪᠢᠳᠠ ᠰᠡᠷᠭᠡᠭ ᠢᠶᠠᠷ ᠲᠠᠨᠢᠵᠤ ᠣᠯᠪᠠ᠃ ᠬᠤᠶᠢᠰᠢᠳᠠ ᠶᠢᠨ ᠨᠢᠭᠡ ᠬᠤᠭᠤᠴᠠᠭᠠᠨ ᠳᠤ᠂ ᠪᠢᠳᠠ ᠦᠷᠭᠦᠯᠵᠢᠯᠡᠨ ᠬᠤᠷᠸ᠎ᠠ ᠪᠠᠶᠢᠳᠠᠯ ᠡᠳᠦᠷ ᠢᠷᠡᠬᠦᠶ᠎ᠡ ᠪᠣᠳᠤᠯᠢᠶᠠᠨᠲᠠᠢ ᠪᠣᠯᠵᠦ ᠪᠠᠶᠢᠭ᠎ᠠ ᠬᠢᠭᠡᠳ ᠣᠷᠣᠨ ᠲᠣᠭᠤᠷᠢᠭ ᠤᠨ ᠥᠷᠢᠰᠦᠯᠳᠦᠭᠡᠨ ᠲᠦᠷᠭᠡᠨ ᠬᠤᠪᠢᠷᠠᠵᠤ ᠪᠠᠶᠢᠭ᠎ᠠ ᠬᠤᠣᠰ ᠬᠤᠪᠢᠷᠠᠯᠲᠠ᠂ ᠶᠡᠷᠦᠩᠬᠡᠢ ᠬᠡᠮᠵᠢᠶ᠎ᠡ ᠶᠢ ᠨᠡᠮᠡᠭᠳᠡᠭᠦᠯᠬᠦ ᠬᠢᠭᠡᠳ ᠪᠦᠲᠦᠴᠡ ᠶᠢ ᠰᠢᠯᠢᠳᠡᠭᠵᠢᠭᠦᠯᠬᠦ ᠳᠠᠪᠬᠤᠷ ᠰᠢᠯᠭᠠᠯᠲᠠ᠂ ᠤᠯᠠᠮᠵᠢᠯᠠᠯᠲᠤ ᠬᠥᠳᠡᠯᠭᠡᠬᠦ ᠡᠨᠧᠷᠭᠢ ᠪᠠᠭᠤᠷᠠᠵᠤ ᠪᠠᠶᠢᠬᠤ ᠬᠢᠭᠡᠳ ᠰᠢᠨ᠎ᠡ ᠪᠠᠷ ᠮᠠᠨᠳᠤᠭᠰᠠᠨ ᠬᠥᠳᠡᠯᠭᠡᠬᠦ ᠡᠨᠧᠷᠭᠢ ᠬᠦᠷᠦᠯᠴᠡᠬᠦ ᠦᠭᠡᠢ ᠪᠠᠶᠢᠬᠤ ᠬᠤᠣᠰ ᠬᠦᠴᠢᠷᠳᠡᠯ ᠳᠤ ᠲᠤᠯᠭᠠᠷᠠᠵᠤ᠂ ᠬᠤᠲᠠ ᠶᠢᠨ ᠦᠢᠯᠡᠴᠢᠯᠡᠭᠡᠨ ᠤ ᠴᠢᠳᠠᠮᠵᠢ ᠰᠠᠶᠢᠨ ᠪᠤᠰᠤ ᠪᠠᠶᠢᠬᠤ ᠬᠢᠭᠡᠳ ᠴᠢᠨᠠᠷ ᠲᠡᠰ ᠣᠬᠢ ᠪᠤᠰᠤ ᠪᠠᠶᠢᠬᠤ ᠬᠤᠣᠰ ᠳᠠᠷᠤᠭᠠᠰᠤ ᠶᠢ ᠠᠷᠭᠠᠴᠠᠭᠠᠨ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠡᠰ ᠳᠠᠪᠬᠤᠷᠭ᠎ᠠ ᠶᠢ ᠳᠡᠭᠡᠭᠰᠢᠯᠡᠭᠦᠯᠬᠦ ᠬᠢᠭᠡᠳ ᠰᠠᠶᠢᠨ ᠰᠠᠶᠢᠬᠠᠨ ᠠᠮᠢᠳᠤᠷᠠᠯ ᠤᠨ ᠬᠦᠰᠡᠯ ᠨᠠᠶᠢᠳᠠᠯᠭ᠎ᠠ ᠨᠡᠩ ᠥᠨᠳᠥᠷ ᠪᠠᠶᠢᠬᠤ ᠬᠤᠣᠰ ᠬᠠᠷᠢᠭᠤᠴᠠᠯᠭ᠎ᠠ ᠶᠢ ᠡᠭᠦᠷᠭᠡᠯᠡᠬᠦ ᠪᠣᠯᠣᠨ᠎ᠠ᠃ ᠡᠶᠢᠮᠦ ᠠᠴᠠ᠂ ᠪᠢᠳᠠ ᠡᠷᠴᠢᠮᠲᠡᠢ ᠠᠷᠭ᠎ᠠ ᠬᠡᠮᠵᠢᠶ᠎ᠡ ᠠᠪᠴᠦ᠂ ᠨᠠᠷᠢᠨ ᠬᠢᠨᠠᠮᠠᠭᠠᠢ ᠰᠢᠢᠳᠪᠦᠷᠢᠯᠡᠨ᠎ᠡ᠃      ᠬᠤᠶᠠᠷ᠂ 2023 ᠣᠨ ᠤ ᠠᠵᠢᠯ ᠤᠨ ᠲᠣᠬᠢᠷᠠᠭᠤᠯᠭ᠎ᠠ      2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠤᠷᠤᠯᠴᠠᠵᠤ ᠲᠣᠭᠤᠰᠢᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ᠂ ︽ᠠᠷᠪᠠᠨ ᠳᠥᠷᠪᠡᠳᠦᠭᠡᠷ ᠲᠠᠪᠤᠨ ᠵᠢᠯ ︾ ᠤᠨ ᠲᠥᠯᠥᠪᠵᠢᠭᠦᠯᠭᠡ ᠶᠢᠨ ᠳᠡᠭᠡᠷᠡᠬᠢ ᠶᠢ ᠵᠠᠯᠭᠠᠮᠵᠢᠯᠠᠨ ᠳᠣᠷᠣᠭᠰᠢ ᠤᠯᠠᠮᠵᠢᠯᠠᠬᠤ ᠵᠠᠩᠭᠢᠯᠠᠭ᠎ᠠ ᠶᠢᠨ ᠨᠢᠭᠡ ᠵᠢᠯ ᠮᠥᠨ᠃ ᠪᠦᠬᠦ ᠤᠯᠤᠰ ᠤᠨ ᠵᠠᠭᠤᠨ ᠬᠦᠴᠦᠷᠬᠡᠭ ᠰᠢᠶᠠᠨ ᠳᠤ ᠣᠷᠣᠭᠰᠠᠨ ᠰᠢᠨ᠎ᠡ ᠡᠬᠢᠯᠡᠯᠲᠡ ᠶᠢᠨ ᠴᠡᠭ ᠳᠡᠭᠡᠷ᠎ᠡ ᠵᠣᠭᠰᠣᠵᠤ᠂ ᠵᠠᠰᠠᠭ ᠤᠨ ᠣᠷᠳᠣᠨ ᠤ ᠠᠵᠢᠯ ᠢ ᠰᠠᠶᠢᠨ ᠬᠢᠬᠦ ᠳᠤ᠂ ᠡᠷᠬᠡᠪᠰᠢ ᠰᠢ ᠶᠢᠨ ᠫᠢᠡᠭ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠤᠷᠤᠯᠴᠠᠵᠤ ᠲᠣᠭᠤᠰᠢᠯᠠᠭᠤᠯᠤᠨ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠢ᠂ ᠪᠦᠬᠦ ᠲᠠᠯ᠎ᠠ ᠪᠠᠷ ᠲᠣᠭᠤᠰᠢᠯᠠᠭᠤᠯᠤᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠢ ᠦᠢᠯᠡᠴᠢᠯᠡᠵᠦ ᠠᠭᠤᠰᠤᠯᠴᠠᠨ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠵᠤ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠦᠨ᠂ ᠬᠥᠭᠵᠢᠯᠲᠡ ᠪᠣᠯᠣᠨ ᠠᠮᠤᠷ ᠲᠦᠪᠰᠢᠨ ᠢ ᠨᠡᠩ ᠰᠠᠶᠢᠨ ᠨᠢᠭᠡᠳᠦᠯᠲᠡᠢ ᠲᠥᠯᠥᠪᠯᠡᠵᠦ᠂ ︽ᠲᠠᠪᠤᠨ ᠶᠡᠭᠡ ᠡᠭᠦᠷᠭᠡ︾ ᠪᠠ ︽ᠵᠢᠱᠢᠶᠡᠴᠢ ᠥᠪᠥᠷ ᠮᠣᠩᠭᠤᠯ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠱᠠᠭᠠᠷᠳᠠᠯᠭ᠎ᠠ ᠳᠤ ᠲᠣᠭᠤᠷᠢᠭᠤᠯᠤᠨ᠂ ︽ᠭᠤᠷᠪᠠᠨ ᠳᠥᠷᠪᠡ︾ ᠬᠠᠷᠠᠯᠲᠠ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠨᠠᠢᠮᠠᠨ ᠵᠢᠱᠢᠶ᠎ᠡ ᠦᠵᠡᠭᠦᠯᠬᠦ︾ ᠪᠠᠷ ᠭᠠᠷᠳᠠᠴᠠ ᠪᠣᠯᠭᠠᠨ᠂ ᠠᠮᠢ ᠠᠬᠤᠢ ᠶᠢ ᠤᠷᠢᠳᠠᠪᠠᠷ ᠪᠣᠳᠣᠯᠬᠢᠯᠠᠵᠤ᠂ ᠪᠣᠬᠢᠷᠲᠤᠯ ᠦᠭᠡᠢ ᠪᠠᠷ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠯᠠᠪᠳᠠᠭᠤᠨ ᠪᠠᠲᠤᠲᠠᠢ ᠵᠠᠮᠨᠠᠨ᠂ ᠨᠡᠩ ᠥᠨᠳᠥᠷ ᠲᠡᠰ ᠳᠠᠪᠬᠤᠷᠭ᠎ᠠ ᠠᠴᠠ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠬᠥᠭᠵᠢᠯᠲᠡ ᠶᠢ ᠠᠬᠢᠭᠤᠯᠤᠨ ᠂ ᠠᠷᠠᠳ ᠤᠨ ᠠᠮᠢᠳᠤᠷᠠᠯ ᠢ ᠰᠠᠶᠢᠵᠢᠷᠠᠭᠤᠯᠵᠤ᠂ ᠪᠦᠬᠦ ᠤᠯᠤᠰ ᠤᠨ ᠵᠠᠭᠤᠨ ᠬᠦᠴᠦᠷᠬᠡᠭ ᠰᠢᠶᠠᠨ ᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ᠂ ᠡᠯᠢᠭᠡᠨ ᠬᠠᠶᠢᠷᠠᠲᠤ ᠣᠲᠤᠭ ᠢᠶᠠᠨ ᠪᠦᠲᠦᠭᠡᠨ ᠪᠠᠶᠢᠭᠤᠯᠤᠨ᠎ᠠ᠃      ᠶᠡᠷᠦᠩᠬᠡᠶᠢᠯᠡᠨ ᠪᠣᠳᠣᠯᠬᠢᠯᠠᠭᠠᠳ᠂ ᠥᠨᠥ ᠵᠢᠯ ᠤᠨ ᠠᠵᠦ ᠠᠬᠤᠢ ᠨᠡᠶᠢᠭᠡᠮ ᠤᠨ ᠬᠥᠭᠵᠢᠯᠲᠡ ᠶᠢᠨ ᠵᠢᠱᠢᠭᠰᠡᠨ ᠭᠤᠣᠯ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 7% ᠣᠷᠴᠢᠮ ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠦ ᠦᠢᠯᠡᠳᠪᠦᠷᠢ ᠶᠢᠨ ᠨᠡᠮᠡᠭᠳᠡᠯ ᠥᠷᠲᠡᠭ ᠢ 8% ᠣᠷᠴᠢᠮ ᠨᠡᠮᠡᠭᠳᠡᠭᠦᠯᠦᠨ᠂ ᠲᠣᠭᠲᠠᠮᠠᠯ ᠬᠥᠷᠥᠩᠭᠡ ᠶᠢᠨ ᠪᠡᠯᠡ ᠣᠷᠤᠭᠤᠯᠤᠯᠲᠠ ᠶᠢ 20% ᠠᠴᠠ ᠳᠡᠭᠡᠭᠰᠢ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠪᠣᠳᠠᠰ ᠤᠨ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠲᠤᠭ᠎ᠠ ᠶᠢ 6% ᠣᠷᠴᠢᠮ ᠨᠡᠮᠡᠭᠳᠡᠭᠦᠯᠦᠨ᠂ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ 2% ᠣᠷᠴᠢᠮ ᠨᠡᠮᠡᠭᠳᠡᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠪᠣᠯᠣᠨ ᠠᠵᠦ ᠠᠬᠤᠢ ᠶᠢᠨ ᠬᠥᠭᠵᠢᠯᠲᠡ ᠶᠢ ᠵᠡᠷᠭᠡ ᠳᠤᠨᠢ ᠨᠡᠮᠡᠭᠳᠡᠭᠦᠯᠦᠨ᠎ᠡ᠃ ᠡᠯ᠎ᠡ ᠲᠥᠷᠥᠯ ᠤᠨ ᠠᠵᠢᠯ ᠢ ᠨᠢᠭᠡᠳᠦᠯᠲᠡᠢ ᠲᠥᠯᠥᠪᠯᠡᠵᠦ ᠠᠬᠢᠭᠤᠯᠤᠭᠰᠠᠨ ᠰᠠᠭᠤᠷᠢᠨ ᠳᠡᠭᠡᠷ᠎ᠡ᠂ ᠳᠣᠣᠷᠠᠬᠢ ᠶᠢᠰᠦᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠨ ᠬᠢᠨ᠎ᠡ᠃      —— ᠠᠵᠦ ᠦᠢᠯᠡᠳᠪᠦᠷᠢ ᠶᠢ ᠬᠥᠭᠵᠢᠭᠦᠯᠬᠦ ᠠᠵᠢᠯ ᠢ ᠰᠠᠶᠢᠨ ᠬᠢᠵᠦ᠂ ᠬᠤᠰᠢᠭᠤ ᠪᠠᠨ ᠬᠦᠴᠦᠷᠬᠡᠭᠵᠢᠭᠦᠯᠬᠦ ᠶᠢ ᠠᠬᠢᠭᠤᠯᠤᠨ᠎ᠠ᠃ ︽ᠨᠡᠭᠦᠷᠡᠰᠦ ᠪᠠᠷ ᠰᠠᠭᠤᠷᠢᠯᠠᠭᠤᠯᠤᠭᠰᠠᠨ ᠳᠠᠭᠠᠯᠲᠠ ᠪᠦᠲᠦᠭᠡᠭᠳᠡᠬᠦᠨ ᠢ ᠬᠥᠭᠵᠢᠭᠦᠯᠬᠦ︾ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦ ᠤᠯᠤᠰ ᠤᠨ ᠪᠣᠬᠢᠷᠲᠤᠯ ᠦᠭᠡᠢ ᠬᠡᠦᠷᠡᠰᠦ ᠶᠢᠨ ᠰᠠᠭᠤᠷᠢᠨ ᠭᠠᠵᠠᠷ ᠢ ᠪᠠᠶᠢᠭᠤᠯᠤᠨ᠂ ᠠᠵᠤ ᠦᠢᠯᠡᠰ ᠢ ᠢᠵᠢ ᠪᠦᠷᠢᠳᠦᠭᠦᠯᠬᠦ᠂ ᠴᠡᠭ ᠬᠡᠯᠬᠢᠶ᠎ᠡ ᠶᠢ ᠬᠠᠮᠵᠢᠯᠴᠠᠭᠤᠯᠬᠤ᠂ ᠴᠢᠳᠠᠪᠤᠷᠢ ᠲᠡᠰ ᠢ ᠳᠡᠭᠡᠭᠰᠢᠯᠡᠭᠦᠯᠬᠦ ᠶᠢ ᠪᠡᠶᠡᠯᠡᠭᠦᠯᠵᠦ᠂ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠰᠠᠭᠤᠷᠢᠨ ᠭᠠᠵᠠᠷ᠂ ᠡᠨᠧᠷᠬᠢ ᠶᠢᠨ ᠪᠣᠬᠢᠷᠲᠤᠯ ᠦᠭᠡᠢ ᠦᠢᠯᠡᠳᠪᠦᠷᠢᠯᠡᠯ ᠬᠡᠷᠡᠭᠯᠡᠭᠡᠨ ᠤ ᠰᠠᠭᠤᠷᠢᠨ ᠭᠠᠵᠠᠷ᠂ ᠰᠢᠨ᠎ᠡ ᠡᠨᠧᠷᠬᠢ ᠦᠢᠯᠡᠳᠬᠦ ᠨᠦᠬᠡᠴᠡᠯᠡᠬᠦ ᠠᠰᠢᠭᠯᠠᠬᠤ ᠶᠢ ᠨᠢᠭᠡ ᠴᠣᠭᠴᠠᠵᠢᠭᠤᠯᠤᠭᠰᠠᠨ ᠰᠠᠭᠤᠷᠢᠨ ᠭᠠᠵᠠᠷ ᠢ ᠪᠠᠶᠢᠭᠤᠯᠤᠨ᠎ᠠ᠃ ᠤᠯᠠᠮᠵᠢᠯᠠᠯᠲᠤ ᠠᠵᠦ ᠦᠢᠯᠡᠰ ᠢ ᠲᠡᠰ ᠳᠡᠪᠰᠢᠭᠦᠯᠦᠨ᠎ᠡ᠃ ᠠᠵᠦ ᠦᠢᠯᠡᠰ ᠤᠨ ᠰᠠᠭᠤᠷᠢ ᠶᠢ ᠳᠡᠭᠡᠳᠦ ᠲᠡᠰᠵᠢᠬᠦᠯᠬᠦ ᠪᠠ ᠠᠵᠦ ᠦᠢᠯᠡᠰ ᠤᠨ ᠬᠡᠯᠬᠢᠶ᠎ᠡ ᠶᠢ ᠣᠳᠣᠬᠢᠴᠢᠯᠠᠬᠤ ᠠᠵᠢᠯ ᠢ ᠴᠢᠩᠭ᠎ᠠ ᠠᠳᠬᠤᠨ᠂ ᠤᠯᠤᠰ ᠤᠨ ᠡᠨᠧᠷᠬᠢ ᠮᠸᠡᠭ ᠰᠢ ᠶᠢᠨ ᠪᠣᠬᠢᠷᠲᠤᠯ ᠦᠭᠡᠢ ᠪᠠᠷ ᠬᠡᠦᠷᠰᠢᠭᠦᠯᠬᠦ ᠶᠢ ᠲᠡᠰ ᠳᠡᠪᠰᠢᠭᠦᠯᠵᠦ ᠥᠭᠡᠷᠡᠴᠢᠯᠡᠬᠦ᠂ ᠱᠧᠨ ᠮᠠ ᠵᠢᠶᠡᠨ ᠶᠣᠸᠠᠨ ᠤ 60 ᠲᠦᠮᠡᠨ ᠲᠤᠨ ᠤ ᠡᠲ᠋ᠠ ᠬᠤᠶᠠᠷᠴᠢ ᠭᠦᠴᠢᠯ᠂ ᠱᠤᠸᠡᠩ ᠰᠢᠠ ᠤ ᠣᠷᠴᠢᠨ ᠲᠣᠭᠤᠷᠢᠨ ᠢ ᠬᠠᠮᠠᠭᠠᠯᠠᠬᠤ ᠴᠢᠳᠠᠮᠵᠢᠲᠤ ᠪᠦᠷᠬᠦᠪᠴᠢ ᠵᠡᠷᠭᠡ ᠨᠢᠭᠡ ᠪᠦᠯᠦᠭ ᠠᠵᠤ ᠦᠢᠯᠡᠰ ᠢ ᠤᠷᠲᠤᠳᠬᠠᠬᠤ ᠪᠠ ᠰᠠᠭᠤᠷᠢ ᠶᠢ ᠲᠠᠬᠢᠨ ᠪᠦᠲᠦᠭᠡᠬᠦ ᠢᠨᠵᠧᠨᠧᠷᠢᠩ ᠢ ᠠᠬᠢᠭᠤᠯᠵᠤ᠂ ᠳᠣᠣᠷᠠᠳᠤ ᠤᠷᠤᠰᠬᠠᠯ ᠤᠨ ᠠᠮᠢᠳᠤ ᠪᠣᠳᠠᠰ ᠢ ᠵᠠᠳᠠᠷᠠᠭᠤᠯᠵᠤ ᠪᠣᠯᠬᠤ ᠮᠠᠲ᠋ᠧᠷᠢᠶᠠᠯ᠂ ᠨᠢᠯᠤᠨ ᠨᠡᠬᠡᠮᠡᠯ᠂ ᠢᠨᠵᠧᠨᠧᠷᠢᠩ ᠤᠨ ᠰᠦᠯᠢᠶᠣᠣ᠂ ᠦᠨᠳᠤᠷ ᠴᠢᠳᠠᠮᠵᠢᠲᠤ ᠪᠦᠷᠬᠦᠪᠴᠢ ᠵᠡᠷᠭᠡ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠎ᠠ᠃ ᠵᠢᠶᠦ᠋ᠨ ᠵᠸᠡᠭ ᠤᠨ ᠥᠪᠡᠷᠲᠡᠭᠡᠨ ᠪᠡᠯᠡᠳᠬᠡᠭᠰᠡᠨ ᠨᠡᠭᠦᠷᠡᠰᠦ ᠪᠠᠷ ᠴᠠᠬᠢᠯᠭᠠᠨ ᠭᠠᠷᠭᠠᠬᠤ ᠦᠢᠯᠡᠳᠪᠦᠷᠢ ᠶᠢ ᠲᠠᠬᠢᠨ ᠠᠰᠢᠭᠯᠠᠵᠤ ᠪᠣᠯᠬᠤ ᠡᠨᠧᠷᠬᠢ ᠪᠠᠷ ᠣᠷᠣᠯᠠᠭᠤᠯᠬᠤ ᠵᠡᠷᠭᠡ ᠲᠡᠰ ᠳᠡᠪᠰᠢᠭᠦᠯᠵᠦ ᠥᠭᠡᠷᠡᠴᠢᠯᠡᠬᠦ ᠲᠥᠷᠥᠯ ᠵᠦᠢᠯ ᠢ 5 ᠬᠡᠷᠡᠭᠵᠢᠭᠦᠯᠦᠨ᠂ ᠨᠡᠭᠦᠷᠡᠰᠦ ᠶᠢ ᠣᠶᠤᠨᠴᠢ ᠪᠠᠷ ᠨᠡᠭᠡᠭᠡᠨ ᠮᠠᠯᠲᠠᠬᠤ ᠭᠠᠵᠠᠷ ᠢ ᠰᠢᠨ᠎ᠡ ᠪᠠᠷ 12 ᠪᠣᠢ ᠪᠣᠯᠭᠠᠵᠤ᠂ ᠣᠶᠤᠨᠴᠢᠯᠠᠭᠰᠠᠨ ᠠᠭᠤᠷᠬᠠᠢ ᠶᠢᠨ ᠬᠤᠣᠨᠳᠤᠭ ᠢ 3 ᠭᠠᠷᠭᠠᠨ᠂ ᠨᠡᠭᠦᠷᠡᠰᠦᠨ ᠤ ᠲᠡᠷᠢᠭᠦᠨ ᠤ ᠦᠢᠯᠡᠳᠪᠦᠷᠢᠯᠡᠯ ᠤᠨ ᠴᠢᠳᠠᠪᠤᠷᠢ ᠶᠢᠨ ᠡᠵᠡᠯᠡᠬᠦ ᠬᠠᠷᠢᠴᠠᠯ ᠢ 75% ᠠᠴᠠ ᠳᠠᠪᠠᠭᠤᠯᠤᠨ᠎ᠠ᠃ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠵᠠᠭᠠᠶᠢᠷᠠᠭᠤᠯᠤᠨ᠎ᠠ᠃ ᠣᠷᠣᠨ ᠪᠠᠶᠢᠷᠢ ᠡᠵᠡᠯᠡᠬᠦ ᠤᠬᠠᠮᠰᠠᠷ ᠢ ᠴᠢᠩᠭᠠᠳᠬᠠᠨ᠂ ᠰᠠᠯᠬᠢ ᠭᠡᠷᠡᠯ ᠤᠰᠤᠳᠦ᠋ᠷᠦᠭᠴᠢ ᠨᠥᠭᠡᠴᠡ ᠬᠡᠷᠡᠭᠯᠡᠯᠲᠡ ᠶᠢ ᠨᠢᠭᠡ ᠴᠣᠭᠴᠠᠵᠢᠭᠤᠯᠤᠭᠰᠠᠨ ᠬᠥᠭᠵᠢᠯᠲᠡ ᠶᠢ ᠳᠡᠮᠵᠢᠵᠦ᠂ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠵᠠᠮ ᠢ ᠨᠡᠭᠡᠭᠡᠨ᠎ᠡ᠃ ᠳ᠋ᠦᠩ ᠵᠢᠩ ᠤᠨ ᠰᠢᠨ᠎ᠡ ᠡᠨᠧᠷᠬᠢ ᠶᠢᠨ ᠴᠤᠯᠤ ᠲᠡᠯᠡᠰᠲᠤ ᠴᠠᠬᠢᠭᠤᠷ᠂ ᠪᠤᠦ ᠰᠢᠠ ᠤ ᠰᠢᠨ᠎ᠡ ᠡᠨᠧᠷᠬᠢ ᠶᠢᠨ ᠳᠡᠭᠡᠳᠦ ᠲᠡᠰ ᠤᠨ ᠤᠶᠤᠨᠴᠢᠯᠠᠭᠰᠠᠨ ᠦᠢᠯᠡᠳᠬᠡᠯ ᠵᠢᠴᠢ ᠪᠣᠬᠢᠷᠲᠤᠯ ᠦᠭᠡᠢ ᠴᠠᠬᠢᠯᠭᠠᠨ ᠤ ᠣᠷᠣᠭᠤᠯᠤᠯᠲᠠ ᠪᠠᠶᠢᠭᠤᠯᠤᠯᠲᠠ ᠵᠡᠷᠭᠡ ᠲᠥᠷᠥᠯ ᠵᠦᠢᠯ ᠢ ᠡᠬᠢᠯᠡᠭᠦᠯᠵᠦ ᠪᠠᠶᠢᠭᠤᠯᠤᠨ᠎ᠠ᠃ ᠱᠧᠨ ᠨᠸᠡᠭ ᠪᠸᠢ ᠹᠠᠨᠭ᠌ ᠡᠨᠧᠷᠭᠢ ᠰᠠᠯᠬᠢ ᠭᠡᠷᠡᠯ ᠢᠶᠠᠷ ᠤᠰᠤᠲᠥ᠋ᠷᠥᠭᠴᠢ ᠦᠢᠯᠡᠳᠬᠦ ᠵᠡᠷᠭᠡ 15 ᠰᠢᠨ᠎ᠡ ᠡᠨᠧᠷᠭᠢ ᠶᠢᠨ ᠲᠥᠷᠥᠯ ᠵᠦᠢᠯ ᠤᠨ ᠲᠣᠣᠷ ᠢ ᠨᠡᠶᠢᠯᠡᠭᠦᠯᠦᠨ ᠴᠠᠬᠢᠯᠭᠠᠨ ᠬᠠᠩᠭᠠᠬᠤ ᠶᠢ ᠳᠡᠮᠵᠢᠵᠦ᠂ ᠰᠢᠨ᠎ᠡ ᠡᠨᠧᠷᠬᠢ ᠶᠢᠨ ᠮᠠᠰᠢᠨ ᠴᠣᠭᠴᠠᠯᠠᠪᠤᠷᠢ ᠶᠢ 1.5 GW ᠠᠴᠠ ᠳᠡᠭᠡᠭᠰᠢ ᠨᠡᠮᠡᠭᠳᠡᠭᠦᠯᠦᠨ᠂ ᠬᠦᠷᠢᠶᠡᠯᠡᠩ ᠲᠣᠭᠤᠷᠢᠭ ᠤᠨ ᠪᠣᠬᠢᠷᠲᠤᠯ ᠦᠭᠡᠢ ᠴᠠᠬᠢᠯᠭᠠᠨ ᠢᠶᠠᠷ ᠣᠷᠣᠯᠠᠭᠤᠯᠬᠤ ᠨᠤᠷᠮ᠎ᠡ ᠶᠢ 30% ᠠᠴᠠ ᠳᠠᠪᠠᠭᠤᠯᠬᠤ ᠪᠠᠷ ᠴᠢᠷᠮᠠᠶᠢᠨ᠎ᠠ᠃ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠨ᠎ᠠ᠃ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠠᠶᠠᠯᠢᠭᠵᠢᠭᠤᠯᠵᠤ᠂ ᠠᠵᠦ ᠠᠬᠤᠶᠢᠯᠠᠯ ᠲᠠᠢ ᠬᠤᠯᠪᠣᠭᠳᠠᠭᠰᠠᠨ ᠲᠥᠷᠥ ᠶᠢᠨ ᠪᠣᠳᠣᠯᠭ᠎ᠠ ᠶᠢᠨ ︽ᠨᠢᠭᠡ ᠥᠷᠲᠡᠭᠡ ᠮᠠᠶ᠋ᠢᠭ︾ ᠤᠨ ᠲᠠᠪᠴᠠᠩ ᠢ ᠪᠠᠶᠢᠭᠤᠯᠤᠨ᠂ ᠠᠵᠦ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ︽ᠭᠤᠶᠤᠴᠢᠯᠠᠬᠤ ᠦᠭᠡᠢ ᠪᠠᠷ ᠰᠢᠭᠤᠳ ᠬᠦᠷᠲᠡᠬᠦ︾᠂ ᠨᠥᠬᠦᠪᠦᠷᠢ ᠮᠥᠩᠭᠦ ᠶᠢ ︽ᠰᠢᠭᠤᠳ ᠪᠠᠭᠤᠯᠭᠠᠵᠤ ᠲᠦᠷᠭᠡᠨ ᠬᠡᠷᠡᠭᠵᠢᠭᠦᠯᠵᠦ ᠬᠦᠷᠲᠡᠭᠡᠬᠦ︾ ᠶᠢ ᠪᠡᠶᠡᠯᠡᠭᠦᠯᠵᠦ᠂ ᠭᠠᠵᠠᠷ ᠰᠢᠷᠣᠢ᠂ ᠤᠰᠤ ᠴᠠᠬᠢᠯᠭᠠᠨ ᠬᠠᠩᠭᠠᠬᠤ ᠪᠠ ᠣᠷᠴᠢᠨ ᠲᠣᠭᠤᠷᠢᠨ ᠤ ᠦᠨᠡᠯᠡᠯᠲᠡ ᠬᠢᠯᠭᠡᠬᠦ ᠵᠡᠷᠭᠡ ᠬᠦᠴᠢᠷ ᠠᠰᠠᠭᠤᠳᠠᠯ ᠢ ᠣᠨᠣᠪᠴᠢᠲᠠᠢ ᠰᠢᠢᠳᠪᠦᠷᠢᠯᠡᠨ᠂ ︽ᠨᠢᠭᠡ ᠠᠵᠦ ᠠᠬᠤᠶᠢᠯᠠᠯ ᠳᠤ ᠨᠢᠭᠡ ᠠᠷᠭ᠎ᠠ ᠪᠣᠳᠣᠯᠭ᠎ᠠ ᠠᠪᠴᠦ︾ ᠬᠦᠴᠢᠷᠳᠡᠯ ᠢ ᠨᠢ ᠰᠢᠢᠳᠪᠦᠷᠢᠯᠡᠵᠦ᠂ ᠠᠵᠦ ᠠᠬᠤᠶᠢᠯᠠᠯ ᠢ ᠲᠡᠳᠬᠦᠬᠦ ᠦᠢᠯᠡᠴᠢᠯᠡᠭᠡ ᠶᠢ ᠢᠮᠠᠭᠲᠠ ᠬᠠᠩᠭᠠᠨ᠎ᠠ᠃ ︽ᠠᠵᠦ ᠠᠬᠤᠶᠢᠯᠠᠯ ᠢ ᠬᠠᠪᠰᠤᠷᠤᠨ ᠵᠠᠬᠢᠶᠠᠯᠠᠭ᠎ᠠ ᠣᠯᠬᠤ᠂ ᠠᠵᠦ ᠠᠬᠤᠶᠢᠯᠠᠯ ᠢ ᠬᠠᠪᠰᠤᠷᠴᠤ ᠵᠠᠬ᠎ᠠ ᠳᠡᠯᠭᠡᠭᠦᠷ ᠬᠠᠶᠢᠬᠤ︾ ᠠᠵᠢᠯᠯᠠᠭ᠎ᠠ ᠥᠷᠨᠢᠭᠦᠯᠵᠦ᠂ ᠬᠤᠯᠪᠣᠭᠳᠠᠯ ᠪᠦᠬᠦᠢ ᠠᠵᠦ ᠠᠬᠤᠶᠢᠯᠠᠯ ᠬᠢᠭᠡᠳ ᠬᠡᠯᠬᠢᠶᠡᠨ ᠤ ᠡᠵᠡᠨ ᠠᠵᠦ ᠠᠬᠤᠶᠢᠯᠠᠯ ᠤᠨ ᠵᠠᠬ᠎ᠠ ᠳᠡᠯᠭᠡᠭᠦᠷᠴᠢᠯᠡᠨ ᠠᠪᠴᠠᠯᠳᠤᠬᠤ ᠶᠢ ᠬᠥᠲᠥᠯᠥᠨ ᠵᠢᠯᠣᠭᠤᠳᠴᠤ᠂ ᠠᠵᠦ ᠠᠬᠤᠢ ᠶᠢᠨ ᠭᠠᠷᠤᠯᠲᠠ ᠶᠢᠨ ᠴᠢᠨᠠᠷ ᠴᠢᠨᠰᠠᠭ᠎ᠠ ᠪᠠ ᠦᠷ᠎ᠡ ᠠᠰᠢᠭ ᠢ ᠪᠠᠲᠤᠯᠠᠨ᠎ᠠ᠃ ᠨᠡᠭᠡᠭᠡᠯᠲᠡ ᠶᠢᠨ ᠲᠣᠭᠤᠷᠢᠭ ᠲᠤ ᠡᠷᠬᠡ ᠣᠯᠭᠤᠵᠤ ᠳᠠᠬᠢᠵᠤ ᠲᠡᠰ ᠳᠡᠪᠰᠢᠭᠦᠯᠦᠨ᠂ ︽ᠠᠮᠠᠯᠠᠯᠲᠠ ᠶᠢᠨ ᠳᠦᠷᠢᠮ + ᠪᠠᠷᠢᠮᠵᠢᠶᠠᠲᠤ ᠭᠠᠵᠠᠷ + ᠪᠦᠬᠦᠨ ᠢ ᠣᠷᠣᠯᠠᠨ ᠭᠦᠢᠴᠡᠳᠬᠡᠬᠦ︾ ᠵᠠᠭᠪᠤᠷ ᠢ ᠪᠠᠶᠢᠭᠤᠯᠤᠨ᠂ ︽ᠬᠦᠷᠢᠶᠡᠯᠡᠩ ᠲᠣᠭᠤᠷᠢᠭ ᠳᠣᠲᠣᠷᠠᠬᠢ ᠶᠠᠪᠤᠳᠠᠯ ᠢ ᠬᠦᠷᠢᠶᠡᠯᠡᠩ ᠲᠣᠭᠤᠷᠢᠭ ᠳᠣᠲᠣᠷ᠎ᠠ ᠪᠠᠨ ᠭᠦᠢᠴᠡᠳᠬᠡᠬᠦ︾ ᠲᠦᠪᠰᠢᠨ ᠢ ᠳᠡᠭᠡᠭᠰᠢᠯᠡᠭᠦᠯᠦᠨ᠎ᠡ᠃      —— ᠣᠨᠴᠠᠯᠢᠭ ᠲᠠᠢ ᠠᠵᠦ ᠦᠢᠯᠡᠰ ᠢ ᠬᠥᠭᠵᠢᠭᠦᠯᠬᠦ ᠠᠵᠢᠯ ᠢ ᠰᠠᠶᠢᠨ ᠬᠢᠵᠦ᠂ ᠠᠷᠠᠳ ᠢ ᠴᠢᠨᠡᠭᠡᠯᠢᠭᠵᠢᠭᠦᠯᠬᠦ ᠶᠢ ᠠᠬᠢᠭᠤᠯᠤᠨ᠎ᠠ᠃ ᠠᠵᠦ ᠦᠢᠯᠡᠳᠪᠦᠷᠢᠵᠢᠭᠦᠯᠬᠦ ᠣᠶᠢᠯᠠᠭᠠᠭᠳᠠᠬᠤᠨ ᠢᠶᠠᠷ ᠲᠠᠷᠢᠶᠠᠯᠠᠩ ᠮᠠᠯ ᠠᠵᠦ ᠠᠬᠤᠢ ᠶᠢᠨ ᠣᠳᠣᠬᠢᠴᠢᠯᠠᠯᠲᠠ ᠶᠢ ᠠᠬᠢᠭᠤᠯᠤᠨ᠂ ᠬᠥᠭᠵᠢᠯᠲᠡ ᠶᠢᠨ ᠰᠢᠨ᠎ᠡ ᠣᠶᠢᠯᠠᠭᠠᠭᠳᠠᠬᠤᠨ ᠢᠶᠠᠷ ᠦᠢᠯᠡᠴᠢᠯᠡᠭᠡᠨ ᠤ ᠦᠢᠯᠡᠰ ᠤᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠵᠤ᠂ ᠠᠷᠠᠳ ᠢ ᠴᠢᠨᠡᠭᠡᠯᠢᠭᠵᠢᠬᠦᠯᠬᠦ ᠣᠨᠴᠠᠯᠢᠭ ᠲᠠᠢ ᠠᠵᠦ ᠦᠢᠯᠡᠰ ᠤᠨ ᠬᠥᠭᠵᠢᠯᠲᠡ ᠶᠢᠨ ᠠᠬᠢᠴᠠ ᠶᠢ ᠲᠦᠷᠭᠡᠳᠬᠡᠨ᠂ ᠡᠵᠡᠯᠡᠬᠦ ᠬᠠᠷᠢᠴᠠᠯ ᠢ ᠨᠢ ᠨᠡᠮᠡᠭᠳᠡᠭᠦᠯᠵᠦ᠂ ᠴᠢᠨᠠᠷ ᠴᠢᠨᠰᠠᠭ᠎ᠠ ᠦᠷ᠎ᠡ ᠠᠰᠢᠭ ᠢ ᠨᠢ ᠳᠡᠭᠡᠭᠰᠢᠯᠡᠭᠦᠯᠦᠨ᠎ᠡ᠃ ᠣᠨᠴᠠᠯᠢᠭ ᠲᠠᠢ ᠲᠠᠷᠢᠶᠠᠯᠠᠩ ᠮᠠᠯ ᠠᠵᠦ ᠠᠬᠤᠢ ᠶᠢ ᠨᠠᠷᠢᠯᠢᠭ ᠬᠥᠭᠵᠢᠭᠦᠯᠦᠨ᠎ᠡ᠃ 1 ᠳ᠋ᠦᠩᠰᠢᠭᠤᠷ ᠲᠥᠭᠦᠷᠢᠭ ᠤᠨ ︽ᠠᠵᠦ ᠦᠢᠯᠡᠳᠪᠦᠷᠢ ᠶᠢᠨ ᠣᠷᠣᠯᠭ᠎ᠠ ᠪᠠᠷ ᠲᠠᠷᠢᠶᠠᠯᠠᠩ ᠤᠨ ᠬᠤᠬᠢᠷᠠᠯ ᠢ ᠨᠥᠬᠦᠪᠦᠷᠢᠯᠡᠬᠦ︾ ᠠᠵᠦ ᠦᠢᠯᠡᠰ ᠢ ᠲᠡᠳᠬᠦᠬᠦ ᠪᠡᠯᠡ ᠣᠷᠣᠭᠤᠯᠵᠤ᠂ ︽ᠣᠲᠤᠭ ᠬᠤᠰᠢᠭᠤᠨ ᠤ ᠲᠠᠷᠢᠶᠠᠯᠠᠩ ᠮᠠᠯ ᠠᠵᠦ ᠠᠬᠤᠢ ᠶᠢᠨ ᠴᠢᠨᠠᠷ ᠰᠠᠶᠢᠲᠠᠢ ᠬᠥᠭᠵᠢᠯᠲᠡ 1 + N ᠲᠥᠰᠥᠯ︾ ᠢ ᠪᠣᠳᠠᠲᠠᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠨ᠎ᠠ᠃ ︽ᠨᠤᠤᠯᠤᠭᠤᠷ ᠢᠶᠠᠷ ᠮᠠᠯ ᠠᠵᠦ ᠠᠬᠤᠢ ᠶᠢ ᠬᠥᠭᠵᠢᠭᠦᠯᠬᠦ︾ ᠶᠢ ᠪᠠᠷᠢᠮᠲᠠᠯᠠᠵᠤ᠂ 1436 ᠢᠮᠠᠭᠠᠨ ᠨᠤᠤᠯᠤᠭᠤᠷ ᠤᠨ ᠦᠢᠯᠡᠳᠪᠦᠷᠢᠯᠡᠯ ᠤᠨ ᠰᠠᠭᠤᠷᠢᠨ ᠭᠠᠵᠠᠷ᠂ ᠤᠤᠯ ᠡᠭᠦᠯᠳᠡᠷ ᠢ ᠪᠣᠶᠢᠵᠢᠭᠤᠯᠬᠤ ᠰᠠᠭᠤᠷᠢᠨ ᠭᠠᠵᠠᠷ ᠢ ᠪᠠᠶᠢᠭᠤᠯᠤᠨ᠂ ᠠᠷᠪᠠᠰ ᠤᠨ ᠨᠤᠤᠯᠤᠭᠤᠷ ᠤᠨ ᠢᠮᠠᠭᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠭᠠᠷᠭᠠᠵᠤ᠂ ᠡᠭᠦᠯᠳᠡᠷ ᠤᠨ ᠡᠬᠢ ᠪᠠᠶᠠᠯᠢᠭ ᠢ ᠬᠠᠮᠠᠭᠠᠯᠠᠬᠤ ᠪᠠ ᠰᠠᠶᠢᠨ ᠡᠭᠦᠯᠳᠡᠷ ᠤᠨ ᠬᠡᠪᠴᠢᠶ᠎ᠡ ᠶᠢ ᠥᠷᠭᠡᠳᠬᠡᠬᠦ ᠵᠡᠷᠭᠡ ︽ᠬᠤᠶᠠᠷ ᠶᠡᠭᠡ ᠠᠵᠢᠯᠯᠠᠭ᠎ᠠ︾ ᠥᠷᠨᠢᠭᠦᠯᠦᠨ᠂  100 ᠪᠠᠷᠢᠮᠵᠢᠶᠠᠵᠢᠭᠰᠠᠨ ᠣᠶᠤᠨᠴᠢ ᠮᠠᠯᠵᠢᠯ ᠤᠨ ᠲᠠᠯᠠᠪᠠᠢ ᠶᠢᠨ ᠵᠢᠱᠢᠶ᠎ᠡ ᠦᠵᠡᠭᠦᠯᠬᠦ ᠡᠷᠦᠬᠡ᠂ 200 ᠭᠤᠣᠯ ᠡᠭᠦᠯᠳᠡᠷ ᠤᠨ ᠰᠦᠷᠦᠭ ᠢ ᠪᠣᠢ ᠪᠣᠯᠭᠠᠨ᠎ᠠ᠃ ᠰᠢᠩ ᠭᠤᠸᠠᠩ ᠪᠦᠯᠦᠭᠯᠡᠯ ᠤᠨ ᠬᠥᠳᠡᠭᠡ ᠲᠣᠰᠬᠤᠨ ᠢ ᠬᠥᠭᠵᠢᠭᠦᠯᠬᠦ ᠲᠠᠷᠢᠶᠠᠯᠠᠩ ᠮᠠᠯ ᠠᠵᠦ ᠠᠬᠤᠢ ᠶᠢᠨ ᠶᠡᠷᠦᠩᠬᠡᠶᠢᠯᠡᠭᠰᠡᠨ ᠴᠣᠭᠴᠠ᠂ ᠤᠯᠠᠭᠠᠬᠤᠰᠤ ᠶᠢᠨ ᠨᠡᠶᠢᠲᠡ ᠪᠠᠷ ᠢᠶᠠᠨ ᠴᠢᠨᠡᠭᠡᠯᠢᠭᠵᠢᠬᠦ ᠨᠡᠶᠢᠭᠡᠮ ᠲᠣᠭᠤᠷᠢᠭ ᠤᠨ ᠪᠠᠶᠢᠭᠤᠯᠤᠯᠲᠠ ᠵᠡᠷᠭᠡ 87 ᠭᠤᠣᠯᠳᠠᠯᠭᠠᠲᠤ ᠲᠥᠷᠥᠯ ᠵᠦᠢᠯ ᠢ ᠠᠬᠢᠭᠤᠯᠤᠨ᠂ ᠮᠠᠯᠴᠢᠨ ᠲᠠᠷᠢᠶᠠᠴᠢᠨ ᠪᠣᠯᠣᠨ ᠠᠵᠦ ᠠᠬᠤᠶᠢᠯᠠᠯ ᠤᠨ ᠠᠰᠢᠭ ᠲᠤᠰᠠ ᠶᠢ ᠬᠤᠯᠪᠣᠭᠰᠠᠨ ᠬᠠᠷᠢᠴᠠᠯ ᠢ 75% ᠠᠴᠠ ᠳᠡᠭᠡᠭᠰᠢ ᠬᠦᠷᠭᠡᠨ᠎ᠡ᠃ ᠣᠷᠢᠶᠠᠮᠠᠭ ᠵᠠᠮᠠᠭ ᠤᠨ ᠠᠵᠦ ᠠᠬᠤᠶᠢᠯᠠᠯ ᠢ ᠨᠡᠶᠢᠯᠡᠭᠦᠯᠦᠨ᠂ ᠪᠦᠲᠦᠭᠡᠭᠳᠡᠬᠦᠨ ᠰᠤᠳᠤᠯᠤᠨ ᠨᠡᠭᠡᠭᠡᠬᠦ ᠴᠢᠳᠠᠪᠤᠷᠢ ᠶᠢ ᠳᠡᠭᠡᠭᠰᠢᠯᠡᠭᠦᠯᠵᠦ᠂ ᠠᠵᠦ ᠦᠢᠯᠡᠰ ᠤᠨ ᠬᠡᠯᠬᠢᠶ᠎ᠡ ᠶᠢ ᠤᠷᠲᠤᠳᠬᠠᠨ᠂ ᠵᠢᠯ ᠤᠨ ᠦᠢᠯᠡᠳᠪᠦᠷᠢᠯᠡᠯ ᠤᠨ ᠥᠷᠲᠡᠭ ᠢ 10 ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠪᠠᠷ ᠴᠢᠷᠮᠠᠶᠢᠨ᠎ᠠ᠃ ︽ᠠᠷᠪᠠᠰ︾ ᠤᠨ ᠣᠷᠣᠨ ᠲᠣᠭᠤᠷᠢᠭ ᠤᠨ ᠣᠯᠠᠨ ᠨᠡᠶᠢᠲᠡ ᠶᠢᠨ ᠨᠡᠷᠡᠲᠦ ᠲᠡᠮᠳᠡᠭ ᠢ ᠠᠯᠳᠠᠷᠰᠢᠭᠤᠯᠤᠨ᠂ ᠠᠯᠠᠰᠢᠨ ᠦᠬᠡᠷ᠂ ᠠᠯᠠᠰᠢᠨ ᠬᠤᠨᠢ᠂ ᠨᠤᠲᠤᠭ ᠤᠨ ᠳᠠᠬᠢᠶ᠎ᠠ ᠵᠡᠷᠭᠡ ᠣᠨᠴᠠᠯᠢᠭ ᠲᠠᠢ ᠠᠵᠦ ᠦᠢᠯᠡᠰ ᠢ ᠲᠥᠪᠯᠡᠷᠡᠭᠦᠯᠦᠨ ᠪᠣᠶᠢᠵᠢᠭᠤᠯᠵᠤ᠂ ᠨᠡᠩ ᠣᠯᠠᠨ ᠪᠣᠷᠣᠯᠠᠭᠤᠯᠭ᠎ᠠ ᠰᠠᠶᠢᠲᠠᠢ᠂ ᠨᠡᠷᠡᠲᠡᠢ ᠪᠦᠲᠦᠭᠡᠭᠳᠡᠬᠦᠨ ᠢ ᠬᠢᠵᠦ ᠭᠠᠷᠭᠠᠨ᠎ᠠ᠃ ᠰᠣᠶᠣᠯ ᠵᠢᠭᠤᠯᠴᠢᠯᠠᠯ ᠤᠨ ᠦᠢᠯᠡᠰ ᠢ ᠪᠤᠵᠠᠭᠠᠶᠢᠷᠠᠭᠤᠯᠤᠨ᠎ᠠ᠃ ᠬᠠᠩᠭᠠᠯᠭ᠎ᠠ ᠶᠢᠨ ᠲᠠᠯ᠎ᠠ ᠪᠠᠷ ᠬᠦᠴᠦᠯᠡᠬᠦ ᠶᠢ ᠨᠡᠩ ᠴᠢᠬᠤᠯᠠᠴᠢᠯᠠᠵᠤ᠂ ᠲᠠᠯ᠎ᠠ ᠨᠤᠲᠤᠭ ᠤᠨ ᠰᠣᠶᠣᠯ ᠢ ᠪᠡᠶᠡᠴᠢᠯᠡᠨ ᠣᠶᠢᠯᠠᠭᠠᠬᠤ ᠪᠠ ᠪᠡᠶ᠎ᠡ ᠰᠤᠪᠢᠯᠠᠬᠤ ᠭᠠᠵᠠᠷ ᠢ ᠪᠠᠶᠢᠭᠤᠯᠬᠤ ᠪᠠᠷ ᠬᠠᠷᠠᠯᠲᠠ ᠪᠠᠨ ᠪᠣᠯᠭᠠᠨ᠂ ᠬᠤᠪᠢᠰᠬᠠᠯᠲᠤ ᠵᠢᠭᠤᠯᠴᠢᠯᠠᠯ ᠤᠨ ᠡᠬᠢ ᠪᠠᠶᠠᠯᠢᠭ ᠢ ᠬᠠᠮᠠᠭᠠᠯᠠᠨ ᠠᠰᠢᠭᠯᠠᠬᠤ ᠶᠢ ᠴᠢᠩᠭᠠᠳᠬᠠᠵᠤ᠂ ᠪᠤᠯᠤᠩ ᠨᠠᠭᠤᠷ᠂ ᠪᠢ ᠬᠠᠢ ᠶᠠᠩ ᠭᠤᠸᠠᠩ ᠵᠡᠷᠭᠡ ᠵᠢᠭᠤᠯᠴᠢᠯᠠᠯ ᠤᠨ ᠦᠵᠡᠮᠵᠢ ᠶᠢᠨ ᠣᠷᠣᠨ ᠢ ᠨᠡᠭᠡᠭᠡᠵᠦ ᠬᠥᠭᠵᠢᠭᠦᠯᠦᠨ᠂ ᠰᠣᠶᠣᠯ ᠤᠨ ᠡᠭᠦᠳᠦᠯᠲᠡ ᠶᠢᠨ ᠬᠦᠷᠢᠶᠡᠯᠡᠩ ᠢ ᠡᠬᠢᠯᠡᠭᠦᠯᠦᠨ ᠪᠠᠶᠢᠭᠤᠯᠵᠤ᠂ ᠪᠡᠶ᠎ᠡ ᠰᠤᠪᠢᠯᠠᠬᠤ ᠢᠳᠡᠭᠡᠨ ᠡᠮ ᠤᠨ ᠵᠦᠢᠯ᠂ ᠡᠷᠡᠭᠦᠯ ᠮᠡᠨᠳᠦ ᠶᠢᠨ ᠬᠠᠮᠢᠶᠠᠷᠤᠯᠲᠠ᠂ ᠵᠤᠭ᠎ᠠ ᠰᠡᠯᠡᠭᠦᠴᠡᠯ ᠨᠠᠰᠤᠲᠠᠨ ᠤ ᠠᠰᠠᠷᠠᠮᠵᠢ ᠵᠡᠷᠭᠡ ᠡᠷᠡᠭᠦᠯᠵᠢᠯ ᠰᠤᠪᠢᠯᠠᠯ ᠤᠨ ᠰᠢᠨ᠎ᠡ ᠡᠵᠡᠩᠨᠡᠯᠲᠡ ᠶᠢᠨ ᠪᠠᠶᠢᠳᠠᠯ ᠢ ᠪᠣᠢ ᠪᠣᠯᠭᠠᠨ᠂ ︽ᠳᠥᠷᠪᠡᠨ ᠤᠯᠠᠷᠢᠯ ᠤᠨ ᠡᠷᠡᠭᠦᠯᠵᠢᠯ ᠰᠣᠪᠢᠯᠠᠯ︾ ᠤᠨ ᠰᠢᠨ᠎ᠡ ᠨᠡᠷᠡᠲᠦ ᠲᠡᠮᠳᠡᠭ ᠢ ᠡᠭᠦᠳᠦᠨ᠎ᠡ᠃ ᠠᠷᠠᠯᠵᠢᠶ᠎ᠠ ᠬᠤᠳᠠᠯᠳᠤᠭ᠎ᠠ ᠪᠠᠷᠠᠭᠠᠠ ᠤ ᠬᠦᠢᠯᠬᠡᠬᠡ ᠶᠢᠨ ᠦᠢᠯᠡᠰ ᠢ ᠬᠦᠴᠦᠷᠬᠡᠭᠵᠢᠭᠦᠯᠦᠨ᠎ᠡ᠃ ᠰᠠᠭᠤᠭᠠᠯᠢ ᠠᠷᠠᠳ ᠤᠨ ᠬᠡᠷᠡᠭᠯᠡᠭᠡᠨ ᠤ ᠣᠷᠴᠢᠨ ᠢ ᠰᠢᠯᠢᠳᠡᠭᠴᠢᠯᠡᠵᠦ᠂ ᠴᠠᠭ ᠤᠨ ᠤᠷᠤᠰᠬᠠᠯ ᠲᠠᠢ ᠨᠡᠶᠢᠴᠡᠭᠰᠡᠨ ᠰᠥᠨᠢ ᠶᠢᠨ ᠵᠠᠬ᠎ᠠ ᠳᠡᠯᠭᠡᠭᠦᠷ᠂ ᠥᠷᠯᠥᠭᠡ ᠶᠢᠨ ᠵᠠᠬ᠎ᠠ ᠳᠡᠯᠭᠡᠭᠦᠷ᠂ ᠬᠤᠲᠠ ᠬᠥᠳᠡᠭᠡ ᠶᠢᠨ ᠴᠤᠭᠯᠠᠭ᠎ᠠ ᠮᠠᠶᠢᠮᠠᠢ ᠵᠡᠷᠭᠡ ᠣᠯᠠᠨ ᠲᠠᠯ᠎ᠠ ᠶᠢᠨ ᠬᠡᠷᠡᠭᠯᠡᠭᠡᠨ ᠤ ᠪᠠᠶᠢᠳᠠᠯ ᠢ ᠪᠦᠷᠢᠯᠳᠦᠭᠦᠯᠦᠨ᠂ ᠬᠤᠲᠠ ᠪᠠᠯᠭᠠᠰᠤᠨ ᠤ ᠬᠡᠷᠡᠭᠯᠡᠭᠡ ᠶᠢ ᠬᠥᠭᠵᠢᠭᠡᠨ᠎ᠡ᠃ ᠥᠪᠡᠷᠮᠢᠴᠡ ᠣᠨᠴᠠᠯᠢᠭ ᠲᠠᠢ ᠵᠠᠬᠢᠶᠠᠯᠠᠨ ᠦᠶᠯᠡᠳᠬᠦ᠂ ᠰᠢᠭᠤᠳ ᠨᠡᠪᠲᠡᠷᠡᠭᠦᠯᠭᠡ ᠪᠠᠷ ᠪᠠᠷᠠᠭ᠎ᠠ ᠪᠣᠷᠣᠯᠠᠭᠤᠯᠬᠤ ᠶᠢ ᠴᠢᠩᠭᠠᠳᠬᠠᠵᠤ᠂ ᠴᠢᠨᠠᠷ ᠰᠠᠶᠢᠨ ᠣᠨᠴᠠᠯᠢᠭ ᠲᠠᠢ ᠪᠦᠲᠦᠭᠡᠭᠳᠡᠬᠦᠨ ᠢ ᠪᠣᠷᠣᠯᠠᠭᠤᠯᠬᠤ ᠠᠷᠭ᠎ᠠ ᠵᠠᠮ ᠢ ᠥᠷᠭᠡᠳᠬᠡᠨ᠂ ᠵᠢᠯ ᠤᠨ ᠳᠣᠲᠣᠷ᠎ᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠰᠦᠯᠵᠢᠶᠡᠨ ᠳᠡᠭᠡᠷ᠎ᠡ ᠠᠷᠠᠯᠵᠢᠶᠠᠯᠠᠬᠤ ᠲᠤᠭ᠎ᠠ ᠶᠢ 30% ᠪᠠᠷ ᠨᠡᠮᠡᠭᠳᠡᠭᠦᠯᠵᠦ᠂ ᠪᠥᠭᠡᠮ ᠢᠶᠠᠷ ᠪᠣᠷᠣᠯᠠᠭᠤᠯᠬᠤ ᠪᠠ ᠵᠢᠵᠢᠭᠯᠡᠨ ᠪᠣᠷᠣᠯᠠᠭᠤᠯᠬᠤ᠂ ᠬᠤᠨᠣᠭᠯᠠᠬᠤ᠂ ᠢᠳᠡᠭᠡᠨ ᠤᠮᠳᠠᠭᠠᠨ ᠤ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠢ ᠰᠢᠨ᠎ᠡ ᠪᠠᠷ 10 ᠨᠡᠮᠡᠭᠳᠡᠭᠦᠯᠦᠨ᠂ ᠨᠤᠲᠤᠭ ᠤᠨ ᠡᠯᠧᠺᠲᠷᠣᠨ ᠬᠤᠳᠠᠯᠳᠤᠭᠠᠨ ᠤ ᠵᠠᠬ᠎ᠠ ᠳᠡᠯᠭᠡᠭᠦᠷ ᠤᠨ ᠭᠤᠣᠯ ᠴᠣᠭᠴᠠ ᠶᠢ 25 ᠪᠣᠯᠭᠠᠵᠤ᠂ ᠣᠲᠤᠭ ᠤᠨ ᠪᠦᠲᠦᠭᠡᠭᠳᠡᠬᠦᠨ ᠢ ᠪᠥᠬᠦ ᠤᠯᠤᠰ ᠲᠤ ᠠᠯᠳᠠᠷᠰᠢᠭᠤᠯᠤᠨ᠎ᠠ᠃      —— ᠪᠣᠬᠢᠷᠲᠤᠯ ᠦᠭᠡᠢ ᠪᠠᠷ ᠬᠥᠭᠵᠢᠭᠦᠯᠬᠦ ᠠᠵᠢᠯ ᠢ ᠰᠠᠶᠢᠨ ᠬᠢᠵᠤ᠂ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠶᠢ ᠠᠬᠢᠭᠤᠯᠤᠨ᠎ᠠ᠃ ᠨᠡᠶᠢᠭᠡᠮ ᠤᠨ ᠡᠬᠢ ᠪᠠᠶᠠᠯᠢᠭ ᠢ ᠠᠰᠢᠭᠯᠠᠬᠤ ᠦᠷ᠎ᠡ ᠠᠰᠢᠭ ᠪᠠ ᠬᠢᠷᠢ ᠲᠦᠪᠰᠢᠨ ᠢ ᠳᠡᠭᠡᠭᠰᠢᠯᠡᠭᠦᠯᠵᠦ᠂ ᠠᠮᠢ ᠠᠬᠤᠢ ᠶᠢ ᠤᠷᠢᠳᠠᠪᠠᠷ ᠪᠣᠳᠣᠯᠬᠢᠯᠠᠭᠰᠠᠨ᠂ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢᠨ ᠰᠢᠨ᠎ᠡ ᠪᠠᠶᠢᠳᠠᠯ ᠢ ᠪᠤᠢ ᠪᠣᠯᠭᠠᠨ᠎ᠠ᠃ ᠨᠢᠭᠡᠳᠬᠡᠵᠦ ᠲᠠᠬᠢᠨ ᠲᠣᠬᠢᠷᠠᠭᠤᠯᠤᠨ ᠴᠢᠳᠠᠪᠤᠷᠢ ᠲᠡᠰ ᠢ ᠳᠡᠭᠡᠭᠰᠢᠯᠡᠭᠦᠯᠦᠨ᠎ᠡ᠃ ᠦᠢᠯᠡᠳᠪᠦᠷᠢᠯᠡᠯ ᠤᠨ ᠴᠢᠳᠠᠪᠤᠷᠢ ᠶᠢ ᠰᠣᠯᠢᠬᠤ ᠲᠥᠷᠥ ᠶᠢᠨ ᠪᠣᠳᠣᠯᠭ᠎ᠠ ᠶᠢ ᠠᠰᠢᠭᠯᠠᠵᠤ᠂ ᠮᠢᠩᠭᠠᠨ ᠲᠦᠮᠡᠨ ᠲᠣᠨ ᠤ ᠲᠡᠰ ᠤᠨ ᠬᠡᠦᠷᠡᠰᠦ ᠬᠢᠮᠢ ᠶᠢᠨ ᠦᠢᠯᠡᠳᠪᠦᠷᠢᠯᠡᠯ ᠤᠨ ᠴᠢᠳᠠᠪᠤᠷᠢ ᠶᠢ ᠲᠠᠬᠢᠨ ᠲᠣᠬᠢᠷᠠᠭᠤᠯᠤᠨ᠂ ᠴᠠᠬᠢᠭᠤᠷ ᠲᠡᠮᠦᠷ᠂ ᠴᠠᠬᠢᠯᠠᠭᠤᠷ ᠴᠢᠯᠠᠭᠤ ᠶᠢᠨ ᠦᠢᠯᠡᠳᠪᠦᠷᠢᠯᠡᠯ ᠤᠨ ᠴᠢᠳᠠᠪᠤᠷᠢ ᠶᠢ ᠰᠣᠯᠢᠵᠤ᠂ ᠨᠡᠭᠦᠷᠡᠰᠦᠨ ᠠᠭᠤᠷᠬᠠᠢ᠂ ᠨᠡᠭᠦᠷᠡᠰᠦᠨ ᠤ ᠪᠤᠰᠤ ᠠᠭᠤᠷᠬᠠᠢ ᠪᠠ ᠨᠡᠭᠦᠷᠡᠰᠦ ᠣᠬᠢᠶᠠᠬᠤ ᠦᠢᠯᠡᠳᠪᠦᠷᠢ ᠶᠢ ᠨᠢᠭᠡᠳᠬᠡᠨ᠂ ᠡᠬᠢ ᠪᠠᠶᠠᠯᠢᠭ ᠢ ᠲᠣᠬᠢᠷᠠᠭᠤᠯᠬᠤ ᠦᠷ᠎ᠡ ᠪᠦᠲᠦᠮᠵᠢ ᠪᠠ ᠭᠤᠣᠯ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃ ᠠᠷᠪᠢᠯᠠᠨ ᠡᠷᠴᠢᠮᠵᠢᠭᠦᠯᠵᠦ ᠣᠷᠣᠨ ᠵᠠᠢ ᠭᠠᠷᠭᠠᠨ᠎ᠠ᠃ ᠤᠰᠤᠨ ᠤ ᠡᠬᠢ ᠪᠠᠶᠠᠯᠢᠭ ᠢ ᠬᠠᠮᠠᠭᠠᠯᠠᠬᠤ ᠬᠠᠮᠤᠭ ᠤᠨ ᠴᠢᠩᠭ᠎ᠠ ᠳᠦᠷᠢᠮ ᠢ ᠬᠡᠷᠡᠭᠵᠢᠭᠦᠯᠵᠦ᠂ ︽︿ᠤᠰᠤ ᠪᠠᠷ ᠲᠦᠷᠪᠡ ᠶᠢ ᠲᠣᠭᠲᠠᠭᠠᠬᠤ﹀ ᠪᠠᠷ ᠴᠢᠨᠠᠷ ᠰᠠᠶᠢᠲᠠᠢ ᠬᠥᠭᠵᠢᠯᠲᠡ ᠶᠢ ᠬᠥᠲᠥᠯᠥᠨ ᠵᠢᠯᠣᠭᠤᠳᠤᠭᠤᠯᠵᠤ ᠠᠬᠢᠭᠤᠯᠬᠤ ᠠᠵᠢᠯ ᠤᠨ ᠬᠡᠷᠡᠭᠵᠢᠭᠦᠯᠬᠦ ᠲᠥᠰᠥᠯ︾ ᠢ ᠲᠣᠭᠲᠠᠭᠠᠨ᠂ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠠᠰᠢᠭᠯᠠᠭᠰᠠᠨ ᠠᠵᠢᠯᠯᠠᠭ᠎ᠠ ᠶᠢ ᠴᠢᠩᠭ᠎ᠠ ᠵᠠᠰᠠᠵᠤ᠂ ᠤᠰᠤᠨ ᠤ ᠡᠬᠢ ᠰᠣᠷᠪᠣᠯᠵᠢ ᠶᠢᠨ ᠣᠶᠤᠨᠴᠢᠯᠠᠭᠰᠠᠨ ᠬᠢᠨᠠᠨ ᠬᠠᠮᠢᠶᠠᠷᠤᠯᠲᠠ ᠶᠢᠨ ᠳᠠᠪᠴᠠᠩ ᠢ ᠪᠦᠲᠦᠮᠵᠢᠲᠡᠢ ᠠᠵᠢᠯᠯᠠᠭᠤᠯᠤᠨ᠂ ᠤᠰᠤᠨ ᠤ ᠡᠷᠬᠡ ᠶᠢ ᠡᠷᠦᠬᠡ ᠳᠤ ᠬᠤᠪᠢᠶᠠᠷᠢᠯᠠᠵᠤ᠂ 164 ᠠᠵᠤ ᠠᠬᠤᠶᠢᠯᠠᠯ ᠤᠨ ᠤᠰᠤ ᠠᠷᠪᠢᠯᠠᠬᠤ ᠥᠭᠡᠷᠡᠴᠢᠯᠡᠯᠲᠡ ᠶᠢ ᠪᠡᠶᠡᠯᠡᠭᠦᠯᠦᠨ᠂ ᠲᠦᠮᠡᠨ ᠲᠦᠭᠦᠷᠢᠭ ᠲᠠᠬᠢ GDP ᠶᠢᠨ ᠤᠰᠤᠨ ᠤ ᠬᠤᠷᠣᠭᠳᠠᠯ ᠢ ᠵᠠᠭᠤᠨ ᠤ 2 ᠬᠤᠪᠢ ᠪᠠᠷ ᠪᠠᠭᠤᠷᠠᠭᠤᠯᠤᠨ᠎ᠠ᠃ 46 ᠡᠾᠧᠺᠲ᠋ᠡᠷ ᠤᠨ ᠬᠢᠨᠠᠨ ᠵᠥᠪᠰᠢᠶᠡᠷᠡᠭᠰᠡᠨ ᠴᠤ ᠬᠠᠩᠭᠠᠭᠠᠳᠤᠢ ᠭᠠᠵᠠᠷ ᠰᠢᠷᠣᠢ᠂ ᠰᠤᠯᠠ ᠲᠠᠯᠪᠢᠵᠤ ᠪᠠᠶᠢᠭ᠎ᠠ ᠭᠠᠵᠠᠷ ᠰᠢᠷᠣᠢ ᠶᠢ ᠠᠰᠢᠭᠯᠠᠵᠤ᠂ ᠮᠦ ᠪᠦᠷᠢ ᠶᠢᠨ ᠳᠤᠮᠳᠠᠴᠢ ᠭᠠᠶᠢᠯᠢ ᠶᠢᠨ ᠣᠷᠣᠯᠭ᠎ᠠ᠂ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ ᠬᠢᠨᠠᠨ ᠰᠢᠯᠭᠠᠷᠠᠭᠤᠯᠵᠤ ᠦᠨᠡᠯᠡᠬᠦ ᠲᠣᠭᠲᠠᠯᠴᠠᠭ᠎ᠠ ᠶᠢ ᠲᠡᠭᠦᠯᠳᠡᠷᠵᠢᠭᠦᠯᠦᠨ᠂ ᠬᠦᠷᠢᠶᠡᠯᠡᠩ ᠲᠣᠭᠤᠷᠢᠭ ᠤᠨ ᠮᠦ ᠪᠦᠷᠢ ᠶᠢᠨ ᠳᠤᠮᠳᠠᠴᠢ ᠦᠢᠯᠡᠳᠪᠦᠷᠢᠯᠡᠯ ᠤᠨ ᠥᠷᠲᠡᠭ ᠢ 230 ᠲᠦᠮᠡᠨ ᠲᠦᠭᠦᠷᠢᠭ ᠠᠴᠠ ᠳᠠᠪᠠᠭᠤᠯᠤᠨ᠎ᠠ᠃ ᠡᠨᠧᠷᠬᠢ ᠬᠡᠷᠡᠭᠯᠡᠬᠦ ᠲᠥᠰᠥᠪ ᠤᠨ ᠬᠠᠮᠢᠶᠠᠷᠤᠯᠲᠠ ᠶᠢ ᠰᠢᠯᠢᠳᠡᠭᠴᠢᠯᠡᠵᠦ᠂ ᠠᠵᠤ ᠠᠬᠤᠶᠢᠯᠠᠯ ᠤᠨ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠢ 50 ᠠᠴᠠ ᠳᠡᠭᠡᠭᠰᠢ ᠬᠡᠷᠡᠭᠵᠢᠭᠦᠯᠦᠨ᠂ ᠪᠣᠰᠤᠭ᠎ᠠ ᠳᠥᠷᠪᠡᠯᠵᠢᠨ ᠮᠧᠲᠷ ᠪᠦᠷᠢ ᠶᠢᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ ᠬᠡᠮᠵᠢᠬᠦ ᠲᠤᠭᠠᠴᠢᠯᠠᠭᠰᠠᠨ ᠰᠢᠰᠲ᠋ᠧᠮ ᠢ ᠠᠵᠢᠯᠯᠠᠭᠤᠯᠵᠤ᠂ ᠪᠦᠬᠦ ᠤᠯᠤᠰ ᠤᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢᠨ ᠡᠷᠬᠡ ᠶᠢ ᠵᠠᠬ᠎ᠠ ᠳᠡᠯᠭᠡᠭᠦᠷ ᠲᠤ ᠠᠷᠠᠯᠵᠢᠶᠠᠯᠠᠬᠤ ᠳᠤ ᠢᠳᠡᠪᠬᠢᠲᠡᠢ ᠣᠷᠣᠯᠴᠠᠨ᠂ ᠡᠨᠧᠷᠬᠢ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ ᠵᠢᠱᠢᠶ᠎ᠡ ᠦᠵᠡᠭᠦᠯᠬᠦ ᠣᠷᠣᠨ ᠢ ᠪᠠᠶᠢᠭᠤᠯᠤᠨ᠎ᠠ᠃ ᠣᠷᠴᠢᠯᠳᠣᠭᠤᠯᠣᠨ ᠠᠰᠢᠭᠯᠠᠵᠤ ᠴᠢᠨᠠᠷ ᠴᠢᠨᠰᠠᠭ᠎ᠠ ᠦᠷ᠎ᠡ ᠠᠰᠢᠭ ᠢ ᠨᠡᠮᠡᠭᠳᠡᠭᠦᠯᠦᠨ᠎ᠡ᠃ ᠪᠦᠬᠦ ᠠᠵᠢᠯ ᠲᠥᠷᠥᠯ ᠤᠨ ᠳᠣᠣᠷ᠎ᠠ ᠨᠡᠭᠦᠷᠡᠰᠦᠲᠥ᠋ᠷᠥᠭᠴᠢᠲᠦ ᠣᠷᠴᠢᠯ ᠬᠥᠭᠵᠢᠯᠲᠡ ᠶᠢ ᠲᠦᠷᠭᠡᠳᠬᠡᠨ᠂ ᠳᠣᠲᠣᠭᠠᠳᠤᠬᠢ ᠡᠬᠢ ᠪᠠᠶᠠᠯᠢᠭ ᠤᠨ ᠰᠠᠶᠢᠨ ᠡᠷᠭᠢᠯᠲᠡ ᠶᠢ ᠠᠬᠢᠭᠤᠯᠵᠤ᠂ ᠠᠵᠤ ᠦᠢᠯᠡᠰ ᠤᠨ ᠬᠡᠯᠬᠢᠶ᠎ᠡ᠂ ᠬᠠᠩᠭᠠᠯᠭ᠎ᠠ ᠶᠢᠨ ᠬᠡᠯᠬᠢᠶ᠎ᠡ ᠶᠢ ᠪᠣᠬᠢᠷᠲᠤᠯ ᠦᠭᠡᠢ ᠪᠠᠷ ᠬᠥᠭᠵᠢᠭᠦᠯᠬᠦ ᠲᠦᠪᠰᠢᠨ ᠢ ᠳᠡᠭᠡᠭᠰᠢᠯᠡᠭᠦᠯᠦᠨ᠎ᠡ᠃ ᠨᠡᠭᠦᠷᠡᠰᠦᠨ ᠴᠢᠯᠠᠭᠤ᠂ ᠨᠡᠭᠦᠷᠡᠰᠦᠨ ᠦᠨᠡᠰᠦ ᠵᠡᠷᠭᠡ ᠲᠤᠮᠦ ᠬᠠᠲᠠᠭᠤ ᠬᠠᠶᠠᠭᠳᠠᠮᠠᠯ ᠢ ᠶᠡᠷᠦᠩᠬᠡᠶᠢᠯᠡᠨ ᠠᠰᠢᠭᠯᠠᠬᠤ ᠲᠥᠰᠥᠯ ᠢ ᠰᠢᠰᠲ᠋ᠧᠮ ᠲᠠᠢ ᠪᠠᠷ ᠲᠣᠭᠲᠠᠭᠠᠵᠤ᠂ ᠢᠤᠢ ᠶᠠᠩ ᠱᠢ ᠳ᠋ᠠᠢ ᠶᠢᠨ ᠲᠤᠨᠤᠮᠠᠯ ᠨᠡᠭᠦᠷᠡᠰᠦ ᠶᠢ ᠪᠣᠬᠢᠷᠲᠤᠯ ᠦᠭᠡᠢ ᠪᠠᠷ ᠪᠦᠲᠦᠮᠵᠢᠲᠡᠢ ᠠᠰᠢᠭᠯᠠᠬᠤ᠂ ᠳ᠋ᠦᠩ ᠴᠧᠨ ᠬᠤᠢ ᠲᠦᠡᠭ ᠤᠨ ᠨᠡᠭᠦᠷᠡᠰᠦᠨ ᠴᠢᠯᠠᠭᠤ ᠪᠠᠷ ᠠᠮᠢ ᠠᠬᠤᠢ ᠳᠤ ᠬᠡᠷᠡᠭᠯᠡᠬᠦ ᠬᠥᠷᠥᠰᠥ ᠰᠢᠷᠣᠢ ᠦᠢᠯᠡᠳᠬᠦ ᠵᠢᠴᠢ ᠭᠤᠸᠠᠩ ᠨᠠ᠂ ᠳ᠋ᠦᠩ ᠿᠢ᠂ ᠵᠢᠶᠡᠨ ᠶᠤᠸᠠᠨ ᠤ ᠨᠡᠭᠦᠷᠡᠰᠦᠨ ᠴᠢᠯᠠᠭᠤ ᠪᠠᠷ ᠴᠠᠬᠢᠯᠭᠠᠨ ᠭᠠᠷᠭᠠᠬᠤ ᠣᠷᠴᠢᠨ ᠲᠣᠭᠤᠷᠢᠨ ᠢ ᠬᠠᠮᠠᠭᠠᠯᠠᠬᠤ ᠪᠠᠷᠢᠯᠭ᠎ᠠ ᠶᠢᠨ ᠮᠠᠲ᠋ᠧᠷᠢᠶᠠᠯ ᠬᠢᠬᠦ ᠵᠡᠷᠭᠡ ᠵᠢᠱᠢᠶ᠎ᠡ ᠦᠵᠡᠭᠦᠯᠬᠦ ᠴᠢᠨᠠᠷᠲᠠᠢ ᠬᠠᠲᠠᠭᠤ ᠬᠠᠶᠠᠭᠳᠠᠮᠠᠯ ᠢ ᠶᠡᠷᠦᠩᠬᠡᠶᠢᠯᠡᠨ ᠠᠰᠢᠭᠯᠠᠬᠤ 10 ᠲᠥᠷᠥᠯ ᠵᠦᠢᠯ ᠢ ᠡᠬᠢᠯᠡᠭᠦᠯᠦᠨ᠂ ᠲᠤᠮᠦ ᠬᠠᠲᠠᠭᠤ ᠬᠠᠶᠠᠭᠳᠠᠮᠠᠯ ᠢ ᠶᠡᠷᠦᠩᠬᠡᠶᠢᠯᠡᠨ ᠠᠰᠢᠭᠯᠠᠬᠤ ᠨᠤᠷᠮ᠎ᠠ ᠶᠢ 65% ᠠᠴᠠ ᠳᠡᠭᠡᠭᠰᠢ ᠬᠦᠷᠭᠡᠨ᠎ᠡ᠃      —— ᠣᠷᠴᠢᠨ ᠲᠣᠭᠤᠷᠢᠨ ᠤ ᠬᠠᠮᠠᠭᠠᠯᠠᠯᠲᠠ ᠶᠢ ᠰᠠᠶᠢᠨ ᠬᠢᠵᠤ᠂ ᠠᠮᠢ ᠠᠬᠤᠢ ᠶᠢᠨ ᠬᠥᠭᠵᠢᠯᠲᠡ ᠶᠢ ᠠᠬᠢᠭᠤᠯᠤᠨ᠎ᠠ᠃ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠱᠠᠭᠠᠷᠳᠠᠯᠭ᠎ᠠ ᠶᠢ ᠭᠦᠨᠵᠡᠭᠡᠢ ᠲᠣᠭᠤᠰᠢᠯᠠᠭᠤᠯᠵᠤ᠂ ᠥᠬᠠᠢ ᠵᠢᠴᠢ ᠣᠶᠢᠷ᠎ᠠ ᠬᠠᠪᠢ ᠶᠢᠨ ᠭᠠᠵᠠᠷ ᠣᠷᠣᠨ ᠤ ᠠᠮᠢ ᠠᠬᠤᠢ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ ᠶᠢ ᠪᠠᠶᠢᠩᠭᠤ ᠥᠷᠨᠢᠭᠦᠯᠦᠨ᠂ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠤᠨ᠎ᠠ᠃ ᠠᠮᠢ ᠠᠬᠤᠢ ᠶᠢᠨ ᠰᠡᠷᠭᠦᠭᠡᠯᠲᠡ ᠶᠢ ᠪᠠᠲᠤᠲᠠᠢ ᠠᠬᠢᠭᠤᠯᠤᠨ᠎ᠠ᠃ ᠠᠭᠤᠯᠠ ᠤᠰᠤ ᠤᠢ ᠰᠢᠭᠤᠢ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠰᠢᠰᠲ᠋ᠧᠮ ᠲᠠᠢ ᠵᠠᠰᠠᠬᠤ ᠠᠵᠢᠯ ᠢ ᠨᠢᠭᠡᠳᠦᠯᠲᠡᠢ ᠲᠥᠯᠦᠪᠯᠡᠵᠤ᠂ ︽ᠣᠢ ᠰᠢᠭᠤᠢ ᠶᠢᠨ ᠳᠠᠷᠤᠭ᠎ᠠ ᠶᠢᠨ ᠳᠦᠷᠢᠮ︾ ᠢ ᠴᠢᠩᠭ᠎ᠠ ᠬᠡᠷᠡᠭᠵᠢᠭᠦᠯᠦᠨ᠂ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠭᠰᠡᠨ ᠬᠠᠤᠯᠢ ᠵᠥᠷᠢᠴᠡᠭᠰᠡᠨ ᠠᠵᠢᠯᠯᠠᠭ᠎ᠠ ᠶᠢ ᠴᠡᠭᠴᠡᠯᠡᠬᠦ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ 24 ᠲᠦᠮᠡᠨ ᠮᠦ ᠶᠢᠨ ᠣᠢ ᠰᠢᠭᠤᠢ ᠶᠢᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠬᠢᠵᠤ᠂ 32 ᠲᠦᠮᠡᠨ ᠮᠦ ᠶᠢᠨ ᠨᠤᠲᠤᠭ ᠪᠡᠯᠴᠢᠭᠡᠷ ᠤᠨ ᠠᠮᠢ ᠠᠬᠤᠢ ᠶᠢ ᠰᠡᠷᠭᠦᠭᠡᠨ᠂ 321 ᠲᠦᠮᠡᠨ ᠮᠧᠲᠷ ᠤᠨ ᠲᠣᠣᠷ ᠬᠦᠷᠢᠶ᠎ᠡ ᠲᠠᠲᠠᠵᠤ ᠪᠢᠲᠡᠭᠦᠮᠵᠢᠯᠡᠨ᠎ᠡ᠃ ︽ᠭᠤᠣᠯ ᠮᠥᠷᠡᠨ ᠨᠠᠭᠤᠷ ᠴᠥᠬᠦᠷᠤᠮ ᠤᠨ ᠳᠠᠷᠤᠭ᠎ᠠ ᠶᠢᠨ ᠳᠦᠷᠢᠮ︾ ᠢ ᠴᠢᠩᠭ᠎ᠠ ᠬᠡᠷᠡᠭᠵᠢᠭᠦᠯᠦᠨ᠂ ᠮᠸᠡᠭ ᠰᠢ ᠶᠢᠨ ᠬᠠᠳᠤᠨ ᠭᠤᠤᠯ ᠤᠨ ᠬᠦᠪᠡᠭᠡ ᠳᠠᠭᠠᠤ ᠶᠢᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ ᠠᠬᠢᠭᠤᠯᠵᠤ᠂ ︽ᠳᠤᠷ᠎ᠠ ᠪᠠᠷ ᠡᠵᠡᠯᠡᠬᠦ ᠮᠠᠯᠲᠠᠬᠤ ᠣᠪᠣᠭᠠᠯᠠᠬᠤ ᠪᠠᠶᠢᠭᠤᠯᠬᠤ ᠶᠢ ᠴᠡᠭᠴᠡᠯᠡᠬᠦ︾᠂ ᠪᠤᠵᠠᠷ ᠤᠰᠤ ᠭᠠᠳᠠᠭᠰᠢᠯᠠᠭᠤᠯᠬᠤ ᠠᠮᠠᠰᠠᠷ ᠢ ᠪᠠᠶᠢᠴᠠᠭᠠᠵᠤ ᠴᠡᠭᠴᠡᠯᠡᠬᠦ᠂ ᠤᠰᠤᠨ ᠰᠤᠷᠪᠤᠯᠵᠢ ᠶᠢᠨ ᠭᠠᠵᠠᠷ ᠢ ᠬᠠᠮᠠᠭᠠᠯᠠᠬᠤ ᠠᠵᠢᠯ ᠢ ᠪᠦᠬᠦ ᠲᠠᠯ᠎ᠠ ᠪᠠᠷ ᠰᠠᠶᠢᠨ ᠬᠢᠨ᠎ᠡ᠃ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠪᠦᠬᠦ ᠲᠠᠯ᠎ᠠ ᠪᠠᠷ ᠵᠠᠰᠠᠵᠤ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠢ ᠤᠷᠲᠤ ᠬᠤᠭᠤᠴᠠᠭ᠎ᠠ ᠪᠠᠷ ᠰᠠᠶᠢᠨ ᠬᠠᠮᠠᠭᠠᠯᠠᠨ᠎ᠠ᠃ ᠠᠮᠢ ᠠᠬᠤᠢ ᠶᠢᠨ ᠡᠪᠡᠰᠦ ᠪᠡᠯᠴᠢᠭᠡᠷ ᠤᠨ ᠦᠢᠯᠡᠰ ᠢ ᠶᠡᠬᠡᠪᠡᠷ ᠬᠥᠭᠵᠢᠭᠦᠯᠵᠦ᠂ ᠵᠡᠭᠦᠨ ᠬᠤᠶᠢᠲᠤ ᠶᠢᠨ ᠪᠠᠭᠰᠢ ᠶᠢᠨ ᠶᠡᠭᠡ ᠰᠤᠷᠭᠠᠭᠤᠯᠢ ᠶᠢᠨ ᠡᠯᠡᠰᠦᠷᠬᠡᠭᠵᠢᠵᠦ ᠴᠦᠯᠯᠡᠷᠬᠡᠭᠵᠢᠭᠰᠡᠨ ᠢ ᠵᠠᠰᠠᠬᠤ ᠡᠷᠳᠡᠮ ᠰᠢᠨᠵᠢᠯᠡᠭᠡᠨ ᠤ ᠪᠦᠯᠬᠦᠮ ᠢ ᠤᠷᠢᠵᠦ ᠠᠪᠴᠢᠷᠠᠨ᠂ ᠥᠷᠭᠡᠨ ᠠᠭᠤᠳᠠᠮ ᠨᠤᠲᠤᠭ ᠪᠡᠯᠴᠢᠭᠡᠷ ᠡᠯᠡᠰᠦ ᠮᠠᠩᠬ᠎ᠠ ᠶᠢ ︽ᠡᠷᠳᠡᠨᠢᠰ ᠴᠤᠭᠯᠠᠭᠤᠯᠬᠤ ᠰᠠᠩ︾᠂ ︽ᠨᠡᠭᠦᠷᠡᠰᠦᠲᠥ᠋ᠷᠥᠭᠴᠢ ᠬᠤᠷᠠᠭᠤᠯᠬᠤ ᠬᠥᠮᠦᠷᠬᠡ ︾ ᠪᠣᠯᠭᠠᠨ᠎ᠠ᠃ ᠪᠣᠬᠢᠷᠲᠤᠯ ᠢ ᠦᠷᠭᠦᠯᠵᠢᠯᠡᠨ ᠴᠢᠩᠭ᠎ᠠ ᠰᠡᠷᠭᠡᠶᠢᠯᠡᠨ ᠵᠠᠰᠠᠨ᠎ᠠ᠃ ︽ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠮᠢᠶᠠᠷᠤᠭᠴᠢ︾ ᠬᠢᠭᠡᠳ ︽ᠰᠦᠯᠵᠢᠶᠡᠨ ᠳᠡᠭᠡᠷᠡᠬᠢ ᠲᠠᠪᠤᠨ ᠰᠠᠭᠤᠷᠢ + ᠰᠦᠯᠵᠢᠶᠡᠨ ᠭᠠᠳᠠᠨᠠᠬᠢ ᠲᠣᠣᠷᠴᠢᠯᠠᠯ︾ ᠤᠨ ᠵᠠᠰᠠᠯᠲᠠ ᠶᠢᠨ ᠵᠠᠭᠪᠤᠷ ᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ᠡᠯ᠎ᠡ ᠲᠥᠷᠥᠯ ᠤᠨ ᠠᠵᠤ ᠠᠬᠤᠶᠢᠯᠠᠯ ᠤᠨ ᠭᠠᠳᠠᠭᠰᠢᠯᠠᠭᠤᠯᠤᠯᠲᠠ ᠶᠢᠨ ᠬᠢᠵᠠᠭᠠᠷᠯᠠᠬᠤ ᠲᠤᠭ᠎ᠠ ᠶᠢᠨ ᠪᠦᠬᠦ ᠶᠠᠪᠤᠴᠠ ᠶᠢ ᠤᠯᠤᠰ ᠤᠨ ᠪᠠᠷᠢᠮᠵᠢᠶ᠎ᠠ ᠳᠤ ᠬᠦᠷᠭᠡᠬᠦ ᠶᠢ ᠠᠬᠢᠭᠤᠯᠤᠨ᠎ᠠ᠃ ︽ᠨᠡᠭᠦᠷᠡᠰᠦ ᠶᠢ ᠲᠠᠷᠠᠬᠠᠢ ᠪᠤᠲᠠᠷᠬᠠᠢ ᠰᠢᠲᠠᠭᠠᠵᠤ ᠪᠠᠶᠢᠭᠰᠠᠨ ᠢ ᠲᠥᠪᠯᠡᠷᠡᠭᠦᠯᠦᠨ ᠰᠢᠲᠠᠭᠠᠬᠤ ᠪᠣᠯᠭᠠᠵᠤ ᠥᠭᠡᠷᠡᠴᠢᠯᠡᠬᠦ︾ ᠲᠤᠰᠬᠠᠢ ᠠᠵᠢᠯᠯᠠᠭ᠎ᠠ ᠥᠷᠨᠢᠭᠦᠯᠵᠦ᠂ ᠪᠠᠶ᠋ᠬᠠᠣᠰᠣ ᠨᠡᠭᠦᠷᠡᠰᠦᠨ ᠠᠭᠤᠷᠬᠠᠢ ᠠᠴᠠ ᠰᠢ ᠳ᠋ᠠ ᠨᠡᠭᠦᠷᠡᠰᠦ ᠣᠬᠢᠶᠠᠬᠤ ᠦᠢᠯᠡᠳᠪᠦᠷᠢ ᠬᠦᠷᠲᠡᠯ᠎ᠡ ᠪᠦᠰᠡ ᠪᠠᠷ ᠲᠡᠭᠡᠭᠡᠪᠦᠷᠢᠯᠡᠬᠦ ᠵᠡᠷᠭᠡ ᠭᠤᠣᠯᠳᠠᠯᠭ᠎ᠠ  ᠲᠠᠢ ᠲᠥᠷᠥᠯ ᠵᠦᠢᠯ ᠢ ᠪᠠᠶᠢᠭᠤᠯᠵᠤ ᠠᠰᠢᠭᠯᠠᠯᠲᠠ ᠳᠤ ᠣᠷᠣᠭᠤᠯᠤᠨ᠂ 1000 ᠠᠴᠠ ᠳᠡᠭᠡᠭᠰᠢᠬᠢ ᠰᠢᠨ᠎ᠡ ᠡᠨᠧᠷᠬᠢ ᠶᠢᠨ ᠮᠠᠰᠢᠨ ᠲᠡᠷᠬᠡ ᠶᠢ ᠬᠡᠷᠡᠭᠯᠡᠯᠲᠡ ᠳᠤ ᠣᠷᠣᠭᠤᠯᠤᠨ᠎ᠠ᠃ ᠠᠷᠢᠭᠤᠨ ᠴᠡᠪᠡᠷ ᠡᠨᠧᠷᠬᠢ ᠪᠠᠷ ᠳᠤᠯᠠᠭᠠᠯᠠᠭ᠎ᠠ ᠬᠠᠩᠭᠠᠵᠤ᠂ ᠴᠠᠬᠢᠯᠭᠠᠨ ᠢᠶᠠᠷ ᠨᠡᠭᠦᠷᠡᠰᠦ ᠶᠢ ᠣᠷᠣᠯᠠᠭᠤᠯᠬᠤ᠂ ᠰᠢᠲᠠᠮᠠᠬᠠᠢ ᠬᠡᠢ ᠪᠠᠷ ᠨᠡᠭᠦᠷᠡᠰᠦ ᠶᠢ ᠣᠷᠣᠯᠠᠭᠤᠯᠬᠤ᠂ ᠲᠠᠷᠠᠬᠠᠢ ᠮᠠᠶ᠋ᠢᠭ ᠤᠨ ᠭᠡᠷᠡᠯ ᠴᠡᠨᠡᠭ᠂ ᠲᠠᠷᠠᠬᠠᠢ ᠮᠠᠶ᠋ᠢᠭ ᠤᠨ ᠰᠠᠯᠬᠢ ᠴᠠᠬᠢᠯᠭᠠᠨ ᠵᠡᠷᠭᠡ ᠰᠢᠨ᠎ᠡ ᠡᠨᠧᠷᠬᠢ ᠶᠢᠨ ᠠᠰᠢᠭᠯᠠᠯᠲᠠ ᠶᠢ ᠠᠬᠢᠭᠤᠯᠤᠨ᠂ ᠠᠭᠠᠷ ᠮᠠᠨᠳᠠᠯ ᠤᠨ ᠰᠢᠯᠢᠳᠡᠭ ᠰᠠᠶᠢᠨ ᠡᠳᠦᠷ ᠤᠨ ᠲᠤᠭ᠎ᠠ ᠶᠢ 85% ᠠᠴᠠ ᠳᠡᠭᠡᠭᠰᠢ ᠬᠦᠷᠭᠡᠬᠦ ᠪᠠᠷ ᠴᠢᠷᠮᠠᠶᠢᠨ᠎ᠠ᠃ ᠬᠦᠨᠳᠦ ᠲᠡᠮᠦᠷᠯᠢᠭ ᠤᠨ ᠪᠣᠬᠢᠷᠲᠤᠯ ᠢ ᠴᠢᠩᠭ᠎ᠠ ᠵᠠᠰᠠᠵᠤ᠂ ᠬᠠᠲᠠᠭᠤ ᠬᠠᠶᠠᠭᠳᠠᠮᠠᠯ ᠢ ᠪᠤᠯᠠᠬᠤ ᠲᠠᠯᠠᠪᠤᠷ ᠢ 2 ᠪᠠᠶᠢᠭᠤᠯᠵᠤ ᠠᠰᠢᠭᠯᠠᠯᠲᠠ ᠳᠤ ᠣᠷᠣᠭᠤᠯᠤᠨ᠎ᠠ᠃ ᠠᠮᠢ ᠠᠬᠤᠢ ᠶᠢᠨ ᠪᠣᠯᠪᠠᠰᠤᠨ ᠤ ᠲᠥᠪᠰᠢᠨ ᠢ ᠳᠡᠭᠡᠭᠰᠢᠯᠡᠭᠦᠯᠦᠨ᠎ᠡ᠃ ᠦᠷᠭᠦᠯᠵᠢ ᠭᠠᠨᠭ᠌ ᠲᠠᠢ ᠲᠡᠮᠡᠴᠡᠬᠦ ᠰᠡᠳᠬᠢᠬᠦᠢ ᠶᠢ ᠪᠤᠢ ᠪᠣᠯᠭᠠᠵᠤ᠂ ᠬᠠᠮᠠᠭᠠᠯᠠᠯᠲᠠ ᠬᠢᠭᠡᠳ ᠬᠥᠭᠵᠢᠯᠲᠡ ᠶᠢᠨ ᠬᠠᠷᠢᠴᠠᠭ᠎ᠠ ᠶᠢ ᠨᠢᠭᠡᠳᠦᠯᠲᠡᠢ ᠲᠥᠯᠥᠪᠯᠡᠨ᠂ ︽ᠬᠡᠪᠴᠢᠶᠡᠵᠢᠭᠦᠯᠦᠨ ᠲᠡᠵᠢᠭᠡᠬᠦ︾ ᠦᠨᠳᠦᠰᠦᠨ ᠠᠷᠭ᠎ᠠ ᠵᠠᠮ ᠢᠶᠠᠷ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ᠂ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠪᠠ ᠲᠣᠭᠤᠷᠢᠭ ᠬᠤᠪᠢᠶᠠᠨ ᠡᠭᠡᠯᠵᠢᠯᠡᠨ ᠮᠠᠯᠵᠢᠬᠤ ᠲᠥᠷᠥ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠵᠦ᠂ ᠨᠤᠲᠤᠭ ᠪᠡᠯᠴᠢᠭᠡᠷ ᠤᠨ ᠰᠡᠷᠭᠦᠭᠡᠯᠲᠡ ᠶᠢ ᠠᠬᠢᠭᠤᠯᠤᠨ᠎ᠠ᠃ ︽ᠳᠥᠷᠪᠡ ᠶᠢ ᠡᠵᠡᠮᠳᠡᠬᠦ︾ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠲᠠᠷᠢᠶᠠᠨ ᠡᠮ ᠪᠠ ᠬᠢᠮᠢ ᠶᠢᠨ ᠪᠣᠷᠳᠣᠭᠤᠷ ᠤᠨ ᠬᠡᠷᠡᠭᠯᠡᠯᠲᠡ ᠶᠢᠨ ᠬᠡᠮᠵᠢᠶ᠎ᠡ ᠶᠢ ᠪᠠᠭᠤᠷᠠᠭᠤᠯᠤᠨ᠂ ᠬᠡᠷᠡᠭᠯᠡᠭᠰᠡᠨ ᠪᠦᠷᠬᠦᠭᠴᠢ ᠶᠢ 100 % ᠪᠠᠷ ᠬᠤᠷᠢᠶᠠᠨ ᠠᠪᠴᠤ᠂ ᠮᠠᠯ ᠵᠢᠭᠦᠷᠲᠡᠨ ᠤ ᠢᠯᠭᠠᠳᠠᠰᠤ ᠶᠢ ᠶᠡᠷᠦᠩᠬᠡᠶᠢᠯᠡᠨ ᠠᠰᠢᠭᠯᠠᠬᠤ ᠨᠤᠷᠮ᠎ᠠ ᠶᠢ 92 % ᠲᠤ ᠬᠦᠷᠭᠡᠨ᠎ᠡ᠃      —— ᠤᠶᠠᠯᠳᠤᠭᠤᠯᠤᠨ ᠬᠥᠭᠵᠢᠭᠦᠯᠬᠦ ᠠᠵᠢᠯ ᠢ ᠰᠠᠶᠢᠨ ᠬᠢᠵᠤ᠂ ᠵᠣᠬᠢᠴᠠᠩᠭᠤᠢ ᠬᠥᠭᠵᠢᠯᠲᠡ ᠶᠢ ᠠᠬᠢᠭᠤᠯᠤᠨ᠎ᠠ᠃᠃ ᠪᠦᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠬᠢᠭᠡᠳ ᠦᠵᠡᠰᠭᠦᠯᠡᠩᠳᠣ ᠰᠠᠶᠢᠬᠠᠨ ᠬᠥᠳᠡᠭᠡ ᠲᠤᠰᠬᠤᠨ ᠢ ᠪᠦᠲᠦᠭᠡᠨ ᠪᠠᠶᠢᠭᠤᠯᠬᠤ ᠪᠠᠷ ᠭᠠᠷᠳᠠᠴᠠ ᠪᠣᠯᠭᠠᠵᠤ᠂ ᠪᠦᠬᠦ ᠠᠷᠠᠳ ᠢᠶᠠᠷ ᠢᠶᠠᠨ ᠬᠠᠮᠲᠤᠪᠠᠷ ᠪᠠᠶᠢᠭᠤᠯᠵᠤ ᠬᠠᠮᠲᠤᠪᠠᠷ ᠡᠭᠦᠳᠦᠨ᠂ ᠤᠯᠠᠭᠠᠨᠪᠠᠯᠭᠠᠰᠣ ᠴᠢ ᠫᠠᠨ ᠵᠢᠩ ᠪᠠᠯᠭᠠᠰᠤ ︽ᠬᠤᠶᠠᠷ ᠪᠠᠯᠭᠠᠰᠤ︾ ᠶᠢ ᠰᠠᠶᠢᠨ ᠪᠠᠶᠢᠭᠤᠯᠵᠤ᠂ ᠳᠥᠷᠪᠡᠨ ᠲᠣᠭᠤᠷᠢᠭ ᠤᠨ ᠬᠥᠭᠵᠢᠯᠲᠡ ᠶᠢᠨ ︽ᠨᠠᠶᠢᠷᠠᠯ ᠬᠥᠭᠵᠢᠮ︾ ᠢ ᠬᠥᠭᠵᠢᠮᠳᠡᠨ᠂ ᠣᠯᠠᠨ ᠲᠦᠮᠡᠨ ᠤ ᠬᠦᠷᠲᠡᠭᠡᠮᠵᠢ ᠶᠢᠨ ᠲᠥᠷᠦᠭᠳᠡᠯ᠂ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ ︽ᠰᠢᠨᠵᠢᠯᠡᠬᠦ ᠤᠬᠠᠭᠠᠨᠴᠢ ᠵᠣᠷᠢᠭ ᠰᠠᠨᠠᠭ᠎ᠠ︾ ᠪᠠᠷ ᠲᠥᠯᠥᠪᠵᠢᠭᠦᠯᠦᠨ᠎ᠡ᠃ ︽ᠨᠢᠭᠡ ᠭᠤᠣᠯ᠂ ᠨᠢᠭᠡ ᠭᠤᠣᠯᠳᠠᠯᠭ᠎ᠠ᠂ ᠳᠥᠷᠪᠡᠨ ᠵᠢᠵᠢᠭ︾ ᠬᠥᠭᠵᠢᠯᠲᠡ ᠶᠢᠨ ᠪᠠᠶᠢᠷᠢᠯᠠᠭᠤᠯᠤᠯᠲᠠ ᠶᠣᠰᠣᠭᠠᠷ᠂ ᠬᠤᠰᠢᠭᠤ᠂ ᠪᠠᠯᠭᠠᠰᠤ᠂ ᠭᠠᠴᠠᠭ᠎ᠠ ᠲᠤᠰᠬᠤᠨ ᠭᠤᠷᠪᠠᠨ ᠱᠠᠲᠤᠨ ᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠶᠡᠷᠦᠩᠬᠡᠢ ᠲᠥᠯᠥᠪᠵᠢᠭᠦᠯᠭᠡ ᠶᠢ ᠨᠠᠶᠢᠷᠠᠭᠤᠯᠵᠤ ᠳᠠᠭᠤᠰᠬᠠᠨ᠂ ᠠᠵᠤ ᠦᠢᠯᠡᠰ ᠤᠨ ᠬᠥᠭᠵᠢᠯᠲᠡ ᠶᠢᠨ ᠴᠢᠳᠠᠮᠵᠢ ᠶᠢᠨ ᠪᠠᠶᠢᠷᠢ ᠲᠣᠭᠲᠠᠭᠠᠯᠲᠠ᠂ ᠬᠢᠵᠠᠭᠠᠷᠯᠠᠯ ᠤᠨ ᠨᠠᠷᠢᠨ ᠳᠠᠩᠰᠠ᠂ ᠬᠠᠮᠠᠭᠠᠯᠠᠯᠲᠠ ᠶᠢᠨ ᠨᠠᠷᠢᠨ ᠳᠠᠩᠰᠠ ᠶᠢ ᠤᠷᠭᠠᠨᠢᠭ ᠢᠶᠠᠷ ᠠᠪᠴᠠᠯᠳᠤᠭᠤᠯᠵᠤ᠂ ᠲᠥᠯᠥᠪᠵᠢᠭᠦᠯᠭᠡ ᠶᠢ ︽ᠨᠢᠭᠡ ᠬᠠᠭᠤᠳᠠᠰᠤ ᠵᠢᠷᠤᠭ︾ ᠢᠶᠠᠷ ᠪᠣᠯᠭᠠᠬᠤ ᠶᠢ ᠦᠨᠡᠨᠬᠦ ᠪᠡᠶᠡᠯᠡᠭᠦᠯᠦᠨ᠎ᠡ᠃ ︽ᠤᠷᠠᠨ ᠲᠠᠷᠬᠠᠨ ᠤ ᠵᠣᠷᠢᠭ ᠰᠠᠨᠠᠭ᠎ᠠ︾ ᠪᠠᠷ ᠪᠦᠲᠦᠭᠡᠨ ᠪᠠᠶᠢᠭᠤᠯᠤᠯᠲᠠ ᠶᠢ ᠠᠳᠬᠤᠨ᠎ᠠ᠃ ︽ᠵᠠᠰᠠᠭ ᠤᠨ ᠣᠷᠳᠣᠨ ᠬᠥᠲᠥᠯᠥᠨ ᠵᠢᠯᠤᠭᠤᠳᠬᠤ᠂ ᠵᠠᠬ᠎ᠠ ᠳᠡᠯᠭᠡᠭᠦᠷᠴᠢᠯᠡᠨ ᠡᠷᠭᠢᠯᠳᠦᠭᠦᠯᠬᠦ᠂ ᠣᠯᠠᠨ ᠲᠦᠮᠡᠨ ᠣᠷᠣᠯᠴᠠᠬᠤ︾ ᠬᠤᠲᠠ ᠶᠢᠨ ᠦᠷᠭᠦᠯᠵᠢᠯᠡᠭᠰᠡᠨ ᠬᠥᠭᠵᠢᠯᠲᠡ ᠶᠢᠨ ᠵᠠᠭᠪᠤᠷ ᠢ ᠰᠦᠪᠡᠭᠴᠢᠯᠡᠨ᠂ ᠬᠠᠭᠤᠴᠢᠨ ᠰᠠᠭᠤᠭᠠᠯᠢ ᠲᠣᠭᠤᠷᠢᠭ᠂ ᠴᠠᠬᠢᠯᠭᠠᠨ ᠤᠲᠠᠰᠤ᠂ ᠵᠡᠭᠡᠯᠢ ᠭᠤᠳᠤᠮᠵᠢ᠂ ᠳᠤᠯᠠᠭᠠᠯᠠᠭ᠎ᠠ ᠬᠠᠩᠭᠠᠬᠤ ᠬᠤᠭᠤᠯᠠᠢ ᠲᠣᠣᠷ ᠤᠨ ᠲᠤᠰᠬᠠᠢ ᠵᠠᠰᠠᠯᠲᠠ ᠬᠢᠵᠤ᠂ ᠲᠠᠮᠢᠷ ᠤᠨ ᠬᠥᠳᠡᠯᠭᠡᠭᠡᠨ ᠬᠢᠬᠦ ᠴᠡᠴᠡᠷᠯᠢᠭ᠂ ᠵᠢᠵᠢᠭ ᠴᠡᠴᠡᠷᠯᠢᠭ ᠤᠨ ᠪᠠᠶᠢᠭᠤᠯᠤᠯᠲᠠ ᠶᠢ ᠲᠦᠷᠭᠡᠳᠬᠡᠨ᠂ ᠣᠷᠴᠢᠯ ᠤᠰᠤᠨ ᠤ ᠲᠣᠭᠲᠠᠯᠴᠠᠭ᠎ᠠ ᠶᠢ ᠪᠤᠢ ᠪᠣᠯᠭᠠᠵᠤ᠂ ᠬᠤᠲᠠ ᠶᠢᠨ ᠲᠣᠭᠤᠷᠢᠭ ᠤᠨ ᠬᠤᠭᠤᠰᠤᠨ ᠭᠠᠵᠠᠷ ᠢ ᠨᠣᠭᠤᠭᠠᠷᠠᠭᠤᠯᠤᠨ᠎ᠠ᠃ ᠬᠦᠷᠢᠶᠡᠯᠡᠩ ᠲᠣᠭᠤᠷᠢᠭ ᠤᠨ ᠵᠠᠮ ᠵᠢᠴᠢ ᠢᠵᠢ ᠲᠦᠬᠦᠷ ᠬᠤᠭᠤᠯᠠᠢ ᠲᠣᠣᠷ ᠤᠨ ᠢᠨᠵᠧᠨᠧᠷᠢᠩ ᠢ 65 ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠤᠰᠤᠨ ᠤ ᠬᠠᠩᠭᠠᠯᠭ᠎ᠠ ᠶᠢ ᠪᠠᠲᠤᠯᠠᠬᠤ ᠢᠨᠵᠧᠨᠧᠷᠢᠩ ᠢ 6 ᠠᠬᠢᠭᠤᠯᠤᠨ᠂ 400 ᠺᠢᠯᠤᠮᠧᠲᠷ ᠤᠨ ᠦᠨᠳᠤᠷ ᠳᠣᠣᠷ᠎ᠠ ᠬᠦᠴᠦᠳᠡᠯᠲᠤ ᠴᠠᠬᠢᠯᠭᠠᠨ ᠤᠲᠠᠰᠤ᠂ 100 ᠴᠠᠬᠢᠯᠭᠠᠨ ᠬᠦᠴᠦᠳᠡᠯ ᠥᠭᠡᠷᠡᠴᠢᠯᠡᠭᠴᠢ ᠶᠢ ᠰᠢᠨ᠎ᠡ ᠪᠠᠷ ᠪᠠᠶᠢᠭᠤᠯᠤᠨ ᠥᠭᠡᠷᠡᠴᠢᠯᠡᠵᠦ᠂ S216᠂ ᠮᠸᠡᠭ ᠰᠢ ᠠᠴᠠ ᠺᠠᠷᠺᠦ᠋ᠯ ᠬᠤᠨᠢᠨ ᠲᠠᠯᠠᠪᠡᠢ ᠬᠦᠷᠬᠦ ᠲᠡᠮᠦᠷ ᠵᠠᠮ ᠤᠨ ᠪᠠᠶᠢᠭᠤᠯᠤᠯᠲᠠ ᠶᠢ ᠲᠦᠷᠭᠡᠳᠬᠡᠨ᠂ ᠨᠡᠶᠢᠲᠡᠮ ᠬᠡᠷᠡᠭᠯᠡᠭᠡᠨ ᠤ ᠨᠢᠰᠬᠡᠯ ᠤᠨ ᠲᠠᠯᠠᠪᠠᠢ ᠶᠢ ᠪᠠᠶᠢᠭᠤᠯᠤᠨ ᠳᠠᠭᠤᠰᠬᠠᠵᠤ᠂ ᠮᠠᠯᠵᠢᠬᠤ ᠲᠠᠷᠢᠶᠠᠯᠠᠬᠤ ᠣᠷᠣᠨ ᠤ ᠴᠢᠮᠡᠭᠡ ᠬᠤᠯᠪᠣᠭ᠎ᠠ ᠶᠢᠨ ᠲᠣᠬᠢᠶ᠎ᠡ ᠶᠢ ᠰᠠᠶᠢᠵᠢᠷᠠᠭᠤᠯᠬᠤ ᠢᠨᠵᠧᠨᠧᠷᠢᠩ ᠢ ᠬᠡᠷᠡᠭᠵᠢᠭᠦᠯᠦᠨ᠂ 5G ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠲᠠ ᠶᠢ ᠠᠬᠢᠭᠤᠯᠤᠨ᠎ᠠ᠃ ︽ᠬᠤᠸᠠᠷ ᠬᠠᠳᠬᠤᠬᠤ ᠵᠣᠷᠢᠭ ᠰᠠᠨᠠᠭ᠎ᠠ︾ ᠪᠠᠷ ᠬᠠᠮᠢᠶᠠᠷᠤᠯᠲᠠ ᠶᠢ ᠠᠳᠬᠤᠨ᠎ᠠ᠃ ︽ᠵᠡᠭᠡᠯᠢ ᠭᠤᠳᠤᠮᠵᠢ ᠶᠢᠨ ᠳᠠᠷᠤᠭ᠎ᠠ ᠶᠢᠨ ᠳᠦᠷᠢᠮ︾᠂ ︽ᠪᠠᠶᠢᠭᠤᠯᠭ᠎ᠠ + ᠺᠣᠳ᠋ ︾ ᠤᠨ ᠳᠦᠷᠢᠮ ᠢ ᠠᠬᠢᠭᠤᠯᠤᠨ᠂ ︽ᠵᠠᠰᠠᠮᠠᠯ ᠵᠠᠮ ᠳᠤ ᠠᠯᠪᠠᠯᠠᠬᠤ︾ ᠠᠵᠢᠯᠯᠠᠭ᠎ᠠ ᠥᠷᠨᠢᠭᠦᠯᠵᠦ᠂ ︽ᠬᠤᠲᠠ ᠶᠢᠨ ᠶᠡᠭᠡ ᠲᠠᠷᠢᠬᠢ︾ ᠶᠢ ᠪᠤᠢ ᠪᠣᠯᠭᠠᠨ᠂ ︽ᠲᠤᠭᠠᠴᠢᠯᠠᠭᠰᠠᠨ ᠬᠤᠲᠠ ᠶᠢᠨ ᠬᠠᠮᠢᠶᠠᠷᠤᠯᠲᠠ︾᠂ ︽ᠣᠶᠤᠨᠴᠢ ᠵᠠᠮ ᠬᠠᠷᠢᠯᠴᠠᠭ᠎ᠠ︾ ᠵᠡᠷᠭᠡ ᠨᠢᠭᠡ ᠪᠦᠯᠦᠭ ᠬᠡᠷᠡᠭᠯᠡᠭᠡᠨ ᠢ ᠰᠦᠯᠵᠢᠶᠡᠨ ᠳᠤ ᠭᠠᠷᠭᠠᠬᠤ ᠶᠢ ᠠᠬᠢᠭᠤᠯᠤᠨ᠎ᠠ᠃ ᠨᠢᠭᠡ ᠪᠦᠯᠦᠭ ᠴᠠᠬᠢᠯᠭᠠᠨ ᠴᠡᠨᠡᠭᠯᠡᠬᠦ ᠥᠷᠲᠡᠭᠡ ᠪᠠ ᠣᠶᠤᠨᠴᠢ ᠲᠡᠷᠭᠡ ᠵᠣᠭᠰᠣᠭᠠᠬᠤ ᠲᠠᠯᠠᠪᠤᠷ᠂ ᠣᠶᠣᠨᠴᠢ ᠴᠠᠬᠢᠯᠭᠠᠨ ᠳ᠋ᠸᠡᠭ ᠤᠨ ᠪᠠᠭᠠᠨ᠎ᠠ ᠶᠢ ᠲᠦᠷᠭᠡᠨ ᠪᠠᠶᠢᠭᠤᠯᠤᠨ᠎ᠠ᠃ ᠬᠤᠲᠠ ᠪᠠᠯᠭᠠᠰᠤᠨ ᠤ ᠠᠮᠢᠨ ᠰᠤᠳᠠᠰᠤᠨ ᠤ ᠠᠮᠤᠷ ᠲᠦᠪᠰᠢᠨ ᠤ ᠢᠨᠵᠧᠨᠧᠷᠢᠩ ᠢ ᠬᠡᠷᠡᠭᠵᠢᠭᠦᠯᠵᠦ᠂ ᠬᠤᠲᠠ ᠪᠠᠯᠭᠠᠰᠤᠨ ᠤ ᠪᠠᠶᠢᠴᠠᠭᠠᠯᠲᠠ ᠦᠨᠡᠯᠡᠯᠲᠡ ᠶᠢ ᠴᠢᠩᠭᠠᠳᠬᠠᠨ᠂ ᠪᠠᠶᠢᠭᠠᠯᠢ ᠶᠢᠨ ᠰᠢᠲᠠᠮᠠᠬᠠᠢ ᠬᠡᠢ ᠶᠢᠨ ᠬᠤᠭᠤᠯᠠᠢ ᠲᠣᠣᠷ ᠤᠨ ᠥᠭᠡᠷᠡᠴᠢᠯᠡᠯᠲᠡ ᠪᠠ ᠪᠣᠷᠣᠭᠠᠨ ᠤ ᠤᠰᠤ ᠪᠤᠵᠠᠷ ᠤᠰᠤ ᠭᠠᠳᠠᠭᠰᠢᠯᠠᠭᠤᠯᠬᠤ ᠬᠤᠭᠤᠯᠠᠢ ᠶᠢ ᠲᠡᠭᠦᠯᠳᠡᠷᠵᠢᠭᠦᠯᠬᠦ ᠠᠵᠢᠯᠯᠠᠭ᠎ᠠ ᠥᠷᠨᠢᠭᠦᠯᠵᠦ᠂ ᠬᠤᠲᠠ ᠶᠢᠨ ᠲᠣᠭᠤᠷᠢᠭ ᠤᠨ ᠠᠮᠤᠷ ᠲᠦᠪᠰᠢᠨ ᠤ ᠳᠠᠯᠳᠡ ᠭᠡᠮ ᠪᠠ ᠤᠰᠤ ᠭᠠᠳᠠᠭᠰᠢᠯᠠᠭᠤᠯᠤᠯᠲᠠ ᠶᠢᠨ ᠰᠠᠭᠠᠳ ᠬᠠᠷᠰᠢ ᠶᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠨ᠎ᠡ᠃ ᠬᠥᠳᠡᠭᠡ ᠲᠤᠰᠬᠤᠨ ᠤ ᠰᠠᠭᠤᠷᠢ ᠲᠥᠬᠦᠭᠡᠷᠦᠮᠵᠢ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠪᠠᠶᠢᠷᠢᠯᠠᠭᠤᠯᠤᠯᠲᠠ ᠶᠢ ᠨᠢᠭᠡᠳᠦᠯᠲᠡᠢ ᠲᠥᠯᠥᠪᠯᠡᠵᠦ᠂ ᠬᠤᠲᠠ ᠬᠥᠳᠡᠭᠡ ᠶᠢᠨ ᠠᠭᠤᠯᠵᠠᠷ ᠤᠨ ᠲᠤᠰᠬᠠᠢ ᠴᠡᠭᠴᠡᠯᠡᠯᠲᠡ ᠥᠷᠨᠢᠭᠦᠯᠦᠨ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠲᠣᠭᠤᠷᠢᠨ ᠢ ᠰᠠᠶᠢᠵᠢᠷᠠᠭᠤᠯᠵᠤ᠂ 2 ᠳᠠᠭᠤᠷᠢᠶᠠᠯ ᠦᠵᠡᠭᠦᠯᠬᠦ ᠰᠤᠮᠤ ᠪᠠᠯᠭᠠᠰᠤ ᠪᠠᠶᠢᠭᠤᠯᠤᠨ᠂ 12 ᠭᠠᠴᠠᠭ᠎ᠠ ᠲᠤᠰᠬᠤᠨ ᠢ ᠭᠤᠶᠤᠵᠢᠭᠤᠯᠤᠨ ᠣᠶᠢᠵᠢᠭᠤᠯᠵᠤ᠂ 40 % ᠠᠴᠠ ᠳᠡᠭᠡᠭᠰᠢᠬᠢ ᠭᠡᠷ ᠤᠨ ᠬᠦᠷᠢᠶ᠎ᠡ ᠶᠢ ᠦᠵᠡᠰᠭᠦᠯᠡᠩᠳᠣ ᠰᠠᠶᠢᠬᠠᠨ ᠭᠡᠷ ᠤᠨ ᠬᠦᠷᠢᠶ᠎ᠡ ᠪᠣᠯᠭᠠᠨ ᠪᠦᠲᠦᠭᠡᠨ ᠪᠠᠶᠢᠭᠤᠯᠬᠤ ᠶᠢ ᠠᠬᠢᠭᠤᠯᠤᠨ᠎ᠠ᠃      —— ᠥᠭᠡᠷᠡᠴᠢᠯᠡᠯᠲᠡ ᠶᠢ ᠰᠠᠶᠢᠨ ᠬᠢᠵᠤ᠂ ᠨᠡᠭᠡᠭᠡᠯᠲᠡ ᠬᠥᠭᠵᠢᠯᠲᠡ ᠶᠢ ᠠᠬᠢᠭᠤᠯᠤᠨ᠎ᠠ᠃ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠨᠡᠭᠡᠭᠡᠯᠲᠡ ᠶᠢ ᠥᠷᠭᠡᠳᠬᠡᠬᠦ ᠪᠠᠷ ᠬᠥᠭᠵᠢᠯᠲᠡ ᠶᠢᠨ ᠬᠦᠴᠢᠷ ᠠᠰᠠᠭᠤᠳᠠᠯ ᠢ ᠰᠢᠢᠳᠪᠣᠷᠢᠯᠡᠵᠣ᠂ ᠬᠥᠭᠵᠢᠯᠲᠡ ᠶᠢᠨ ᠳᠠᠪᠠᠭᠤᠯᠢᠭ ᠢ ᠨᠡᠮᠡᠭᠳᠡᠭᠦᠯᠬᠦ ︽ᠠᠯᠲᠠᠨ ᠲᠦᠯᠬᠢᠭᠦᠷ︾ ᠪᠣᠯᠭᠠᠨ᠂ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠵᠦ᠂ ᠰᠢᠨ᠎ᠡ ᠬᠥᠭᠵᠢᠯᠲᠡ ᠶᠢᠨ  ᠪᠠᠶᠢᠷᠢᠰᠢᠯ ᠳᠤ ᠦᠨᠳᠤᠷ ᠬᠢᠷᠢ ᠲᠦᠪᠰᠢᠨ ᠢᠶᠠᠷ ᠦᠢᠯᠡᠴᠢᠯᠡᠵᠦ ᠠᠭᠤᠰᠤᠯᠴᠠᠨ᠎ᠠ᠃ ᠬᠤᠳᠠᠯᠳᠤᠭ᠎ᠠ ᠡᠷᠬᠢᠯᠡᠬᠦ ᠰᠢᠯᠢᠳᠡᠭ ᠣᠷᠴᠢᠨ ᠨᠥᠬᠦᠴᠡᠯ ᠢ ᠪᠣᠢ ᠪᠣᠯᠭᠠᠨ᠎ᠠ᠃ ᠭᠤᠷᠪᠠᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠬᠠᠷᠢᠴᠠᠩᠭᠤᠢ ᠲᠥᠪᠯᠡᠷᠡᠩᠭᠦᠢ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢᠨ ᠥᠭᠡᠷᠡᠴᠢᠯᠡᠯᠲᠡ ᠶᠢ ᠢᠳᠡᠪᠬᠢᠲᠡᠢ ᠠᠬᠢᠭᠤᠯᠤᠨ᠂ ᠳᠤᠲᠠᠭᠤᠳᠠᠯ ᠢ ᠬᠦᠯᠢᠴᠡᠨ ᠬᠦᠯᠢᠶᠡᠨ ᠰᠢᠢᠳᠪᠦᠷᠢᠯᠡᠬᠦ ᠠᠷᠭ᠎ᠠ ᠵᠠᠮ ᠪᠠ ᠡᠷᠬᠡ ᠮᠡᠳᠡᠯ ᠢ ᠪᠥᠷᠢᠨᠰᠢᠭᠦᠯᠵᠤ᠂ ︽ᠨᠢᠭᠡ ᠰᠦᠯᠵᠢᠶ᠎ᠡ ᠪᠠᠷ ᠨᠡᠶᠢᠲᠡᠮ ᠭᠦᠢᠴᠡᠳᠬᠡᠬᠦ︾ ᠳᠤ ᠴᠠᠭ ᠤᠨ ᠵᠦᠷᠢᠶ᠎ᠡ ᠦᠭᠡᠢ᠂ ︽ᠨᠢᠭᠡ ᠴᠣᠩᠬᠤᠪᠴᠢ ᠪᠠᠷ ᠬᠦᠯᠢᠶᠡᠨ ᠰᠢᠢᠳᠪᠦᠷᠢᠯᠡᠬᠦ︾ ᠳᠤ ᠰᠢᠢᠳᠪᠦᠷᠢᠯᠡᠵᠦ ᠳᠡᠶᠢᠯᠬᠦ ᠦᠭᠡᠢ ᠤᠴᠢᠷ ᠦᠭᠡᠢ᠂ ︽ᠯᠠᠪᠯᠠᠵᠤ ᠵᠠᠯᠭᠠᠯᠳᠤᠭ᠎ᠠ ᠬᠢᠬᠦ︾ ᠳᠤ ᠰᠠᠭᠠᠳ ᠦᠭᠡᠢ᠂ ︽ᠳᠣᠲᠣᠨᠣ ᠦᠢᠯᠡᠴᠢᠯᠡᠭᠡ ᠬᠠᠩᠭᠠᠬᠤ︾ ᠳᠤ ᠠᠰᠠᠭᠤᠳᠠᠯ ᠦᠭᠡᠢ ᠪᠠᠶᠢᠬᠤ ᠶᠢ ᠪᠡᠶᠡᠯᠡᠭᠦᠯᠦᠨ᠎ᠡ᠃ ᠵᠠᠰᠠᠭ ᠵᠠᠬᠢᠷᠭᠠᠨ ᠤ ᠲᠣᠷᠭᠠᠭᠤᠯᠢ ᠶᠢᠨ ︽ᠲᠣᠷᠭᠠᠭᠤᠯᠢ ᠠᠴᠠ ᠬᠡᠯᠲᠦᠷᠢᠭᠦᠯᠬᠦ︾᠂ ︽ᠬᠥᠩᠭᠡᠨ ᠢᠶᠠᠷ ᠲᠣᠷᠭᠠᠬᠤ︾ ᠨᠠᠷᠢᠨ ᠳᠠᠩᠰᠠ ᠶᠢ ᠲᠣᠭᠲᠠᠭᠠᠨ ᠲᠡᠭᠦᠯᠳᠡᠷᠵᠢᠭᠦᠯᠵᠦ᠂ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ ᠬᠢᠵᠠᠭᠠᠷᠯᠠᠯ ᠤᠨ ᠨᠠᠷᠢᠨ ᠳᠠᠩᠰᠠ ᠶᠢ ᠨᠠᠶᠢᠳᠠᠪᠤᠷᠢᠵᠢᠭᠤᠯᠤᠨ᠎ᠠ᠃ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠢ 10᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢ 2000 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ᠃ ᠭᠤᠣᠯᠳᠠᠯᠭ᠎ᠠ ᠲᠠᠢ ᠬᠦᠷᠢᠶ᠎ᠡ ᠬᠡᠪᠴᠢᠶᠡᠨ ᠤ ᠥᠭᠡᠷᠡᠴᠢᠯᠡᠯᠲᠡ ᠶᠢ ᠠᠬᠢᠭᠤᠯᠤᠨ᠎ᠠ᠃ᠲᠤᠭᠠᠴᠢᠯᠠᠭᠰᠠᠨ ᠠᠵᠤ ᠠᠬᠤᠢ᠂ ᠲᠤᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠤᠨ᠂ ︽ᠳ᠋ᠥᠸᠧ ᠳ᠋ᠥᠸᠧ ᠫᠢᠡᠭ︾ ᠢ ᠠᠰᠢᠭᠯᠠᠨ ᠨᠡᠶᠢᠭᠡᠮ ᠤᠨ ᠵᠠᠰᠠᠯᠲᠠ ᠶᠢ ᠴᠢᠩᠭᠠᠳᠬᠠᠵᠤ᠂ ᠬᠡᠷᠡᠭᠯᠡᠭᠡ ᠶᠢᠨ ᠲᠡᠰ ᠢ ᠳᠡᠪᠰᠢᠭᠦᠯᠦᠨ᠎ᠡ ᠃ ᠡᠳ᠋ ᠤᠨ ᠵᠠᠰᠠᠭ ᠭᠠᠶᠢᠯᠢ ᠲᠠᠲᠠᠪᠤᠷᠢ ᠶᠢᠨ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠬᠢᠵᠤ᠂ ᠲᠥᠰᠥᠪ ᠨᠠᠶᠢᠷᠠᠭᠤᠯᠬᠤ ᠶᠢ ᠠᠮᠵᠢᠯᠲᠠ ᠪᠦᠲᠦᠮᠵᠢ ᠦᠷ᠎ᠡ ᠪᠦᠲᠦᠭᠡᠯ ᠤᠨ ᠬᠡᠷᠡᠭᠯᠡᠯᠲᠡ ᠲᠠᠢ ᠬᠤᠯᠪᠣᠭᠳᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠬᠦᠷᠢᠶᠡᠯᠡᠩ ᠲᠣᠭᠤᠷᠢᠭ ᠤᠨ ᠠᠮᠵᠢᠯᠲᠠ ᠪᠦᠲᠦᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠪᠠᠷᠢᠮᠵᠢᠶᠠᠲᠤ ᠭᠠᠵᠠᠷ︾᠂ ︽ᠭᠠᠵᠠᠷ ᠢ ᠠᠪᠤᠮᠠᠭᠴᠠ ᠪᠠᠷᠢᠯᠭ᠎ᠠ ᠪᠠᠨ ᠡᠬᠢᠯᠡᠭᠦᠯᠬᠦ︾ ᠵᠠᠭᠪᠤᠷ ᠢ ᠳᠡᠯᠭᠡᠷᠡᠭᠦᠯᠦᠨ᠎ᠡ᠃ ᠤᠯᠤᠰ ᠤᠨ ᠥᠮᠴᠢᠯᠠᠯᠲᠤ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠯᠤᠰ ᠤᠨ ᠥᠮᠴᠢᠯᠠᠯᠲᠤ ᠠᠵᠤ ᠠᠬᠤᠶᠢᠯᠠᠯ ᠢ ᠦᠷᠲᠡᠭ ᠡᠭᠦᠳᠬᠦ᠂ ᠨᠡᠮᠡᠭᠳᠡᠯ ᠠᠪᠴᠢᠷᠠᠬᠤ ᠡᠵᠡᠩᠨᠡᠯᠲᠡ ᠶᠢᠨ ᠭᠤᠣᠯ ᠴᠣᠭᠴᠠ ᠪᠣᠯᠭᠠᠨ᠎ᠠ᠃ ᠴᠢᠯᠦᠭᠡᠲᠡᠢ ᠶᠠᠪᠣᠯᠴᠠᠵᠤ ᠬᠤᠷᠰᠢᠯᠴᠠᠭ᠎ᠠ ᠬᠢᠬᠦ ᠶᠢ ᠭᠦᠨᠵᠡᠭᠡᠶᠢᠷᠡᠭᠦᠯᠦᠨ᠎ᠡ᠃ ᠤᠯᠤᠰ ᠤᠨ ᠪᠠᠷᠠᠭᠤᠨ ᠣᠷᠣᠨ ᠤ ᠡᠬᠡ ᠬᠠᠭᠤᠷᠠᠢ ᠳᠠᠯᠠᠢ ᠶᠢᠨ ᠰᠢᠨ᠎ᠡ ᠵᠠᠮ ᠢ ᠬᠠᠮᠲᠤᠷᠠᠨ ᠪᠠᠶᠢᠭᠤᠯᠬᠤ ᠠᠵᠠ ᠲᠣᠬᠢᠶᠠᠯ ᠢ ᠵᠠᠪᠳᠤᠵᠤ᠂ ᠬᠥᠬᠡᠬᠤᠳᠡ ᠪᠣᠭᠤᠲᠤ ᠣᠷᠳᠣᠰ ᠲᠡᠮᠡᠭᠡᠲᠦ ᠶᠢᠨ ᠬᠤᠲᠠ ᠶᠢᠨ ᠰᠦᠷᠦᠭᠵᠢᠯ ᠤᠨ ᠪᠠᠶᠢᠭᠤᠯᠤᠯᠲᠠ ᠪᠠ ᠬᠥᠬᠡᠬᠤᠲᠠ ᠪᠣᠭᠤᠲᠤ ᠣᠷᠳᠣᠰ ᠥᠬᠠᠢ ᠶᠢᠨ ᠨᠢᠭᠡ ᠴᠣᠭᠴᠠᠵᠢᠭᠰᠠᠨ ᠬᠥᠭᠵᠢᠯᠲᠡ ᠳᠤ ᠰᠠᠨᠠᠭᠠᠴᠢᠯᠠᠭ᠎ᠠ ᠠᠴᠠ ᠪᠠᠨ ᠣᠷᠣᠯᠴᠠᠨ᠎ᠠ᠃ ᠴᠠᠬᠢᠭᠤᠷ ᠲᠡᠮᠦᠷ᠂ PVC ᠵᠡᠷᠭᠡ ᠳᠠᠪᠠᠭᠤᠯᠢᠭ ᠣᠨᠴᠠᠯᠢᠭ ᠲᠠᠢ ᠦᠢᠯᠡᠳᠬᠦᠨ ᠢ ᠭᠠᠳᠠᠭᠰᠢ ᠭᠠᠷᠭᠠᠬᠤ ᠠᠷᠠᠯᠵᠢᠶ᠎ᠠ ᠶᠢ ᠥᠷᠭᠡᠳᠬᠡᠵᠦ᠂ ᠵᠢᠯ ᠤᠨ ᠳᠣᠲᠣᠷᠠᠬᠢ ᠭᠠᠳᠠᠭᠠᠳᠤ ᠠᠷᠠᠯᠵᠢᠶ᠎ᠠ ᠶᠢᠨ ᠲᠤᠭ᠎ᠠ ᠶᠢ 10% ᠪᠠᠷ ᠨᠡᠮᠡᠭᠳᠡᠭᠦᠯᠦᠨ᠎ᠡ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠬᠦᠴᠦᠯᠡᠨ ᠠᠬᠢᠭᠤᠯᠵᠤ᠂ ᠠᠵᠤ ᠦᠢᠯᠡᠰ ᠤᠨ ᠬᠥᠭᠵᠢᠭᠦᠯᠦᠯᠲᠡ ᠶᠢᠨ ᠰᠠᠭᠤᠷᠢ ᠮᠥᠩᠭᠦ ᠶᠢᠨ ᠬᠦᠲᠤᠯᠤᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠴᠢᠬᠤᠯᠠ ᠶᠡᠭᠡ ᠲᠥᠷᠥᠯ ᠵᠦᠢᠯ ᠢ ᠴᠢᠨᠠᠷᠲᠠᠢ ᠣᠷᠣᠭᠤᠯᠤᠨ ᠠᠪᠴᠢᠷᠠᠵᠤ ᠪᠠᠶᠢᠭᠤᠯᠬᠤ ᠠᠵᠢᠯ ᠤᠨ ᠳᠦᠷᠢᠮ ᠲᠣᠭᠲᠠᠭᠠᠵᠤ᠂ ᠵᠢᠯ ᠤᠨ ᠳᠣᠲᠣᠷ᠎ᠠ 100 ᠳ᠋ᠦᠩᠰᠢᠭᠤᠷ ᠲᠦᠭᠦᠷᠢᠭ ᠠᠴᠠ ᠳᠡᠭᠡᠭᠰᠢᠬᠢ 10 ᠭᠤᠣᠯᠳᠠᠯᠭ᠎ᠠ ᠲᠠᠢ ᠲᠥᠷᠥᠯ ᠵᠦᠢᠯ ᠤᠨ ᠭᠡᠷ᠎ᠡ ᠲᠣᠭᠲᠠᠨ᠂ 80 ᠳ᠋ᠦᠩᠰᠢᠭᠤᠷ ᠲᠦᠭᠦᠷᠢᠭ ᠠᠴᠠ ᠳᠡᠭᠡᠭᠰᠢᠬᠢ ᠪᠡᠯᠡ ᠮᠥᠩᠭᠦ ᠶᠢ ᠨᠠᠶᠢᠳᠠᠪᠤᠷᠢᠵᠢᠭᠤᠯᠤᠨ᠎ᠠ᠃      —— ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯ ᠢ ᠰᠠᠶᠢᠨ ᠬᠢᠵᠤ᠂ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠤᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠴᠢᠳᠠᠪᠤᠷᠢ ᠶᠢ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠬᠢᠭᠡᠳ ᠠᠵᠤ ᠦᠢᠯᠡᠰ ᠤᠨ ᠬᠥᠭᠵᠢᠯᠲᠡ ᠶᠢ ᠨᠢᠭᠲᠠ ᠤᠶᠠᠯᠳᠤᠭᠤᠯᠤᠨ᠂ ᠣᠲᠤᠭ ᠤᠨ ᠬᠥᠭᠵᠢᠯᠲᠡ ᠳᠠᠬᠢ ᠰᠢᠨ᠎ᠡ ᠡᠭᠦᠳᠣᠯᠳᠡ ᠶᠢᠨ ᠠᠮᠢᠵᠢᠷᠠᠯ ᠤᠨ ᠬᠦᠴᠦᠨ ᠢ ᠭᠦᠢᠴᠡᠳ ᠬᠥᠭᠵᠢᠭᠡᠵᠦ ᠪᠠᠳᠠᠷᠠᠭᠤᠯᠤᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠡᠭᠦᠰᠦᠯᠲᠡ ᠶᠢᠨ ᠭᠠᠵᠠᠷ ᠢ ᠪᠦᠲᠦᠭᠡᠨ ᠪᠠᠶᠢᠭᠤᠯᠤᠨ᠎ᠠ᠃ 5000 ᠲᠦᠮᠡᠨ ᠲᠦᠭᠦᠷᠢᠭ ᠤᠨ ᠲᠤᠰ ᠱᠠᠲᠤᠨ ᠤ ᠰᠤᠳᠤᠯᠤᠨ ᠨᠡᠭᠡᠭᠡᠯᠲᠡ ᠶᠢᠨ ᠵᠠᠷᠤᠳᠠᠯ ᠵᠠᠷᠤᠴᠠᠭᠤᠯᠤᠨ᠂ ᠪᠦᠬᠦ ᠨᠡᠶᠢᠭᠡᠮ ᠤᠨ ᠰᠣᠳᠣᠯᠣᠨ ᠨᠡᠭᠡᠭᠡᠯᠲᠡ ᠶᠢᠨ ᠵᠠᠷᠤᠳᠠᠯ ᠢ 20 ᠳ᠋ᠦᠩᠰᠢᠭᠤᠷ ᠲᠦᠭᠦᠷᠢᠭ ᠢ ᠳᠠᠪᠠᠭᠤᠯᠤᠨ᠎ᠠ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠳᠤ ᠨᠢᠭᠡᠳ ᠨᠢᠭᠡ ᠪᠠᠷ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠴᠠᠭᠠᠯᠲᠠ︾ ᠬᠢᠵᠤ᠂ ᠰᠣᠳᠣᠯᠣᠨ ᠨᠡᠭᠡᠭᠡᠯᠲᠡ ᠶᠢᠨ ᠠᠵᠢᠯᠯᠠᠭ᠎ᠠ ᠶᠢ ᠨᠡᠶᠢᠲᠡᠮ ᠥᠷᠨᠢᠭᠦᠯᠦᠨ᠎ᠡ᠃ ᠤᠷᠤᠨ ᠨᠤᠲᠤᠭ ᠤᠨ ᠳᠠᠭᠠᠭᠤᠯᠤᠭᠴᠢ ᠠᠵᠤ ᠠᠬᠤᠶᠢᠯᠠᠯ ᠨᠢ ᠡᠷᠳᠡᠮ ᠰᠢᠨᠵᠢᠯᠡᠭᠡᠨ ᠤ ᠰᠤᠳᠤᠯᠭᠠᠨ ᠤ ᠬᠦᠷᠢᠶᠡᠯᠡᠩ ᠲᠠᠢ ᠬᠠᠮᠲᠤᠪᠠᠷ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠪᠠᠶᠢᠭᠤᠯᠬᠤ ᠶᠢ ᠳᠡᠮᠵᠢᠵᠦ᠂ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠵᠢᠴᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠳᠤᠮᠳᠠ ᠪᠠᠭ᠎ᠠ ᠠᠵᠤ ᠠᠬᠤᠶᠢᠯᠠᠯ ᠢ 10 ᠠᠴᠠ ᠳᠡᠭᠡᠭᠰᠢ ᠪᠣᠶᠢᠵᠢᠭᠤᠯᠤᠨ᠂ ᠥᠪᠡᠷᠲᠡᠭᠡᠨ ᠵᠠᠰᠠᠬᠤ ᠣᠷᠣᠨ ᠤ ᠳᠡᠭᠡᠳᠦ ᠰᠢᠨ᠎ᠡ ᠮᠡᠷᠭᠡᠵᠢᠯ ᠤᠨ ᠬᠦᠷᠢᠶᠡᠯᠡᠩ ᠲᠣᠭᠤᠷᠢᠭ ᠢ ᠡᠭᠦᠳᠦᠨ ᠪᠠᠶᠢᠭᠤᠯᠤᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠤᠯᠠᠷᠢᠭᠤᠯᠬᠤ ᠰᠢᠯᠢᠳᠡᠭ ᠰᠣᠩᠭᠤᠯᠲᠠ ᠶᠢᠨ ᠭᠠᠵᠠᠷ ᠢ ᠡᠭᠦᠳᠦᠨ ᠪᠠᠶᠢᠭᠤᠯᠤᠨ᠎ᠠ᠃ᠣᠷᠳᠣᠰ ᠨᠣᠣᠯᠣᠭᠤᠷ᠂ ᠱᠤᠸᠡᠩ ᠰᠢᠠ ᠵᠡᠷᠭᠡ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠤᠨ ᠰᠣᠳᠣᠯᠣᠨ ᠨᠡᠭᠡᠭᠡᠵᠦ ᠬᠡᠷᠡᠭᠯᠡᠬᠦ ᠴᠢᠳᠠᠪᠤᠷᠢ ᠶᠢ ᠳᠡᠭᠡᠭᠰᠢᠯᠡᠭᠦᠯᠦᠨ᠂ ᠤᠯᠤᠰ ᠤᠨ ᠳᠣᠲᠣᠭᠠᠳᠤ ᠳᠠᠬᠢ ᠨᠢᠭᠡ ᠪᠦᠯᠦᠭ ᠠᠩᠬᠠᠨ ᠤ ᠦᠢᠯᠡᠳᠬᠦᠨ ᠢ ᠰᠤᠳᠤᠯᠤᠨ ᠭᠠᠷᠭᠠᠨ᠎ᠠ᠃ ᠲᠤ ᠸᠧᠢ ᠰᠢᠨ᠎ᠡ ᠮᠠᠲ᠋ᠧᠷᠢᠶᠠᠯ ᠤᠨ ᠦᠨᠳᠤᠷ ᠴᠢᠳᠠᠪᠬᠢᠲᠤ ᠪᠦᠭᠡᠭᠡᠨᠡᠷᠡᠯ ᠬᠦᠭᠦᠷᠲᠤ ᠬᠦᠴᠢᠯ ᠤᠨ ᠡᠰᠲ᠋ᠧᠷ ᠵᠡᠷᠭᠡ ᠵᠠᠩᠭᠢᠯᠠᠭ᠎ᠠ ᠶᠢᠨ ᠮᠡᠷᠭᠡᠵᠢᠯ ᠤᠨ ᠰᠢᠪᠲᠤᠯᠤᠯᠲᠠ ᠪᠠ ᠦᠷ᠎ᠡ ᠪᠦᠲᠦᠭᠡᠯ ᠤᠨ ᠤᠯᠠᠷᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ︽ᠤᠨᠳᠦᠦ ᠭᠠᠵᠠᠷ ᠪᠣᠶᠢᠵᠢᠭᠤᠯᠵᠤ᠂ ᠡᠭᠡᠭᠦᠯᠦᠨ ᠠᠪᠴᠢᠷᠠᠵᠤ ᠠᠰᠢᠭᠯᠠᠬᠤ︾ ᠶᠢ ᠳᠠᠶᠢᠴᠢᠯᠠᠨ᠂ ᠪᠠᠷᠠᠭᠤᠨ ᠣᠷᠣᠨ ᠤ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠣᠯᠢᠯᠴᠠᠭ᠎ᠠ ᠬᠢᠬᠦ︾ ᠲᠥᠪ ᠢ ᠪᠠᠶᠢᠭᠤᠯᠤᠨ᠎ᠠ᠃ ᠰᠢᠨ᠎ᠡ ᠶᠢ ᠡᠭᠦᠳᠬᠦ ᠴᠢᠳᠠᠪᠤᠷᠢᠲᠠᠨ ᠢ ᠬᠥᠲᠥᠯᠥᠨ ᠳᠠᠭᠠᠭᠤᠯᠬᠤ ᠭᠠᠵᠠᠷ ᠪᠣᠯᠭᠠᠨ᠎ᠠ᠃ ᠬᠤᠰᠢᠭᠤᠨ ᠤ ᠴᠢᠳᠠᠪᠤᠷᠢᠲᠠᠨ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ 18 ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ︽ᠨᠡᠭᠦᠳᠡᠯ ᠰᠢᠪᠠᠭᠤ︾ ᠮᠠᠶ᠋ᠢᠭ ᠢᠶᠠᠷ ᠤᠷᠢᠨ ᠬᠡᠷᠡᠭᠯᠡᠬᠦ᠂ ︽ᠣᠷᠣᠨ ᠠᠯᠤᠰᠯᠠᠨ︾ ᠴᠢᠳᠠᠪᠤᠷᠢᠲᠠᠨ ᠤᠷᠢᠬᠤ ᠠᠵᠢᠯ ᠢ ᠠᠬᠢᠭᠤᠯᠤᠨ᠂ ᠨᠢᠭᠡ ᠪᠦᠯᠦᠭ ︽ᠰᠤᠷᠭᠠᠨ ᠬᠥᠮᠥᠵᠢᠯ ᠤᠨ ᠨᠡᠷᠡᠲᠦ ᠪᠠᠭᠰᠢ︾᠂ ︽ᠡᠮᠨᠡᠯᠭᠡ ᠶᠢᠨ ᠨᠡᠷᠡᠲᠦ ᠡᠮᠴᠢ︾᠂ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠷᠡᠲᠦ ᠴᠢᠳᠠᠪᠤᠷᠢᠲᠠᠨ︾᠂ ︽ᠠᠵᠤ ᠦᠢᠯᠡᠰ ᠤᠨ ᠰᠢᠯᠢᠳᠡᠭ ᠢᠨᠵᠧᠨᠧᠷ︾ ᠢ ᠬᠥᠮᠥᠵᠢᠭᠦᠯᠵᠦ᠂ ᠨᠢᠭᠡ ᠪᠦᠯᠦᠭ ︽ᠣᠲᠤᠭ ᠤᠨ ᠰᠣᠳᠣᠨ ᠴᠢᠳᠠᠪᠤᠷᠢᠲᠠᠨ︾ ᠢ ᠦᠨᠡᠯᠡᠨ ᠲᠣᠭᠲᠠᠭᠠᠨ᠎ᠠ᠃ ᠴᠢᠳᠠᠪᠤᠷᠢᠲᠠᠨ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠰᠠᠭᠤᠷᠢᠨ ᠭᠠᠵᠠᠷ ᠲᠤ ᠲᠦᠰᠢᠭᠯᠡᠵᠦ᠂ ︽ᠨᠠᠷᠢᠯᠢᠭ ᠨᠢᠮᠪᠡᠢ ᠣᠨᠣᠪᠴᠢᠲᠠᠢ︾ ᠴᠢᠳᠠᠪᠤᠷᠢᠲᠠᠨ ᠤ ᠦᠢᠯᠡᠴᠢᠯᠡᠭᠡᠨ ᠤ ᠲᠣᠭᠲᠠᠯᠴᠠᠭ᠎ᠠ ᠶᠢ ᠪᠦᠷᠢᠯᠳᠦᠭᠦᠯᠦᠨ᠂ ᠳᠡᠭᠡᠳᠦ ᠮᠡᠷᠭᠡᠵᠢᠯ ᠤᠨ ᠴᠢᠳᠠᠪᠤᠷᠢᠲᠠᠨ᠂ ᠲᠤᠰᠬᠠᠢ ᠮᠡᠷᠭᠡᠵᠢᠯᠲᠡᠨ ᠢ 1000 ᠠᠴᠠ ᠳᠡᠭᠡᠭᠰᠢ᠂ ᠳᠡᠭᠡᠳᠦ ᠲᠡᠰ ᠤᠨ ᠴᠢᠳᠠᠪᠤᠷᠢᠲᠠᠨ ᠢ 50 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ᠃      —— ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠠᠵᠢᠯ ᠢ ᠰᠠᠶᠢᠨ ᠬᠢᠵᠤ᠂ ᠬᠥᠭᠵᠢᠯᠲᠡ ᠶᠢᠨ ᠦᠷ᠎ᠡ ᠠᠰᠢᠭ ᠢ ᠬᠠᠮᠲᠤᠪᠠᠷ ᠬᠦᠷᠲᠡᠬᠦ ᠶᠢ ᠠᠬᠢᠭᠤᠯᠤᠨ᠎ᠠ᠃ ᠠᠷᠠᠳ ᠤᠨ ᠠᠮᠢᠳᠤᠷᠠᠯ ᠤᠨ ᠶᠠᠪᠤᠳᠠᠯ ᠢ ᠵᠠᠰᠠᠭ ᠤᠨ ᠤᠷᠳᠣᠨ ᠤ ᠲᠡᠷᠢᠭᠦᠨ ᠴᠢᠬᠤᠯᠠ ᠤᠴᠢᠷ ᠢᠶᠠᠷ ᠦᠵᠡᠨ᠂ ᠣᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠬᠥᠭᠵᠢᠯᠲᠡ ᠶᠢᠨ ᠦᠷ᠎ᠡ ᠠᠰᠢᠭ ᠢ ᠬᠦᠷᠲᠡᠭᠡᠨ᠂ ᠣᠯᠠᠨ ᠲᠦᠮᠡᠨ ᠤ ᠵᠣᠯ ᠵᠢᠷᠭᠠᠯᠲᠤ ᠲᠥᠷᠦᠭᠳᠡᠯ ᠢ ᠨᠡᠮᠡᠭᠳᠡᠭᠦᠯᠦᠨ᠎ᠡ᠃ ︽ᠨᠢᠭᠡ ᠣᠷᠣᠯᠭ᠎ᠠ ᠨᠢᠭᠡ ᠪᠠᠲᠤᠯᠠᠭ᠎ᠠ︾ ᠶᠢ ᠲᠣᠭᠲᠠᠪᠤᠷᠢᠵᠢᠭᠤᠯᠵᠤ᠂ ᠣᠯᠠᠨ ᠲᠦᠮᠡᠨ ᠤ ᠠᠮᠢᠳᠤᠷᠠᠯ ᠤᠨ ᠨᠥᠬᠦᠴᠡᠯ ᠢ ᠬᠦᠴᠦᠯᠡᠨ ᠰᠠᠶᠢᠵᠢᠷᠠᠭᠤᠯᠤᠨ᠎ᠠ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠴᠡᠷᠢᠭ ᠤᠨ ᠠᠯᠪᠠ ᠠᠴᠠ ᠬᠠᠯᠠᠭᠳᠠᠭᠰᠠᠳ ᠵᠡᠷᠭᠡ ᠭᠤᠣᠯᠳᠠᠯᠭ᠎ᠠ ᠲᠠᠢ ᠬᠥᠮᠥᠰ ᠤᠨ ᠠᠵᠢᠯ ᠣᠯᠭᠤᠯᠲᠠ ᠶᠢ ᠪᠠᠲᠤᠯᠠᠵᠤ᠂ ᠮᠠᠯᠴᠢᠨ ᠲᠠᠷᠢᠶᠠᠴᠢᠨ ᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠢ ᠴᠢᠩᠭᠠᠳᠬᠠᠨ᠂ 5000 ᠭᠠᠷᠤᠢ ᠬᠥᠮᠥᠨ ᠳᠤ ᠰᠢᠨ᠎ᠡ ᠪᠠᠷ ᠠᠵᠢᠯ ᠣᠯᠭᠤᠨ᠎ᠠ᠃ ᠬᠤᠲᠠ ᠬᠥᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠪᠤᠷᠢ ᠶᠢᠨ ᠪᠠᠷᠢᠮᠵᠢᠶ᠎ᠠ ᠶᠢ ᠯᠠᠪᠳᠠᠭᠤᠨ ᠢᠶᠠᠷ ᠳᠡᠭᠡᠭᠰᠢᠯᠡᠭᠦᠯᠦᠨ᠂ ᠨᠡᠶᠢᠭᠡᠮ ᠤᠨ ᠳᠠᠭᠠᠳᠬᠠᠯ ᠳᠤ ᠣᠷᠣᠯᠴᠠᠬᠤ ᠨᠤᠷᠮ᠎ᠠ ᠶᠢ ᠦᠷᠭᠦᠯᠵᠢᠯᠡᠨ ᠳᠡᠭᠡᠭᠰᠢᠯᠡᠭᠦᠯᠵᠦ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠪᠠᠲᠤᠯᠠᠭ᠎ᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ᠃ ᠬᠥᠳᠡᠯᠮᠦᠷᠢ ᠶᠢᠨ ᠬᠠᠷᠢᠴᠠᠭ᠎ᠠ ᠶᠢ ᠬᠢᠨᠠᠨ ᠡᠵᠡᠮᠳᠡᠵᠦ ᠤᠷᠢᠳᠴᠢᠯᠠᠨ ᠰᠡᠷᠡᠮᠵᠢᠯᠡᠭᠦᠯᠬᠦ ᠪᠠ ᠴᠠᠯᠢᠩ ᠥᠷᠢᠲᠦᠭᠰᠡᠨ ᠠᠰᠠᠭᠤᠳᠠᠯ ᠢ ᠦᠨᠳᠦᠰᠦ ᠠᠴᠠ ᠨᠢ ᠵᠠᠰᠠᠬᠤ ᠠᠵᠢᠯ ᠤᠨ ᠬᠤᠯᠪᠣᠭᠠᠯᠠᠨ ᠬᠥᠳᠡᠯᠤᠯᠴᠡᠬᠦ ᠲᠣᠭᠲᠠᠴᠠ ᠶᠢ ᠲᠡᠭᠦᠯᠳᠡᠷᠵᠢᠭᠦᠯᠵᠦ᠂ ᠮᠠᠯᠴᠢᠨ ᠲᠠᠷᠢᠶᠠᠴᠢᠨ ᠬᠥᠯᠥᠰᠦᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃ ︽ᠨᠢᠭᠡ ᠡᠮᠴᠢᠯᠡᠭᠡ ᠨᠢᠭᠡ ᠰᠤᠷᠭᠠᠨ ᠬᠥᠮᠥᠵᠢᠯ︾ ᠢ ᠰᠢᠯᠢᠳᠡᠭᠴᠢᠯᠡᠵᠦ᠂ ᠣᠯᠠᠨ ᠲᠦᠮᠡᠨ ᠤ ᠨᠡᠩ ᠰᠠᠶᠢᠨ ᠬᠡᠷᠡᠭᠴᠡᠭᠡ ᠱᠠᠭᠠᠷᠳᠠᠯᠭ᠎ᠠ ᠶᠢ ᠬᠦᠴᠦᠯᠡᠨ ᠬᠠᠩᠭᠠᠨ᠎ᠠ᠃ ᠡᠷᠡᠭᠦᠯ ᠬᠠᠮᠠᠭᠠᠯᠠᠯ ᠡᠮᠴᠢᠯᠡᠭᠡᠨ ᠤ ᠬᠥᠭᠵᠢᠭᠦᠯᠦᠯᠲᠡ ᠳᠤ 5000 ᠲᠦᠮᠡᠨ ᠲᠦᠭᠦᠷᠢᠭ ᠠᠴᠠ ᠳᠡᠭᠡᠭᠰᠢ ᠪᠡᠯᠡ ᠮᠥᠩᠭᠦ ᠣᠷᠣᠭᠤᠯᠤᠨ᠎ᠠ᠃ ᠡᠮᠴᠢᠯᠡᠭᠡᠨ ᠤ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠦᠨ᠂ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠡᠮᠨᠡᠯᠭᠡ ᠳᠤ ᠰᠠᠭᠤᠬᠤ ᠠᠰᠠᠷ ᠢ ᠥᠷᠭᠡᠳᠬᠡᠵᠦ ᠪᠠᠶᠢᠭᠤᠯᠬᠤ ᠵᠡᠷᠭᠡ 8 ᠭᠤᠣᠯᠳᠠᠯᠭᠠᠲᠤ ᠲᠥᠷᠥᠯ ᠵᠦᠢᠯ ᠢ ᠬᠡᠷᠡᠭᠵᠢᠭᠦᠯᠵᠦ᠂ 150 ᠠᠴᠠ ᠳᠡᠭᠡᠭᠰᠢ ᠡᠮᠴᠢ ᠰᠤᠪᠢᠯᠠᠭᠴᠢ ᠶᠢ ᠣᠷᠣᠭᠤᠯᠵᠣ ᠠᠪᠴᠢᠷᠠᠨ ᠂ ᠠᠠ ᠵᠧᠨ ᠡᠮᠨᠡᠯᠭᠡ ᠶᠢᠨ ᠬᠤᠷᠢᠶᠠᠨ ᠤ ᠵᠠᠩ ᠮᠢᠩ ᠫᠷᠤᠹᠧᠰᠰᠤᠷ ᠤᠨ ︽ᠨᠡᠷᠡᠲᠦ ᠡᠮᠴᠢ ᠶᠢᠨ ᠠᠵᠢᠯᠯᠠᠬᠤ ᠥᠷᠥᠭᠡ︾ ᠶᠢ ᠭᠠᠷᠭᠠᠵᠤ᠂ ᠳᠤᠮᠳᠠᠳᠤ ᠤᠯᠤᠰ ᠤᠨ ᠠᠷᠠᠳ ᠤᠨ ᠠᠭᠠᠷ ᠤᠨ ᠠᠶᠠᠯᠠᠯ ᠤᠨ ᠶᠡᠷᠦᠩᠬᠡᠢ ᠡᠮᠨᠡᠯᠭᠡ ᠶᠢᠨ ᠬᠤᠷᠢᠶ᠎ᠠ ᠲᠠᠢ ᠨᠢᠭᠲᠠ ᠬᠡᠯᠪᠡᠷᠢ ᠶᠢᠨ ᠡᠮᠴᠢᠯᠡᠭᠡᠨ ᠤ ᠬᠤᠯᠪᠣᠭᠠᠲᠤ ᠴᠤᠭᠴᠨ ᠪᠠᠶᠢᠭᠤᠯᠬᠤ ᠶᠢ ᠠᠬᠢᠭᠤᠯᠤᠨ᠂ ᠣᠯᠠᠨ ᠲᠦᠮᠡᠨ ᠳᠤ ᠭᠡᠷ ᠤᠨ ᠢᠶᠠᠨ ᠡᠭᠦᠳᠡᠨ ᠳᠤ ᠨᠡᠷᠡᠲᠡᠢ ᠡᠮᠴᠢ ᠪᠠᠷ ᠡᠮᠴᠢᠯᠡᠭᠦᠯᠬᠦ ᠦᠢᠯᠡᠴᠢᠯᠡᠭᠡ ᠬᠠᠩᠭᠠᠨ᠎ᠠ᠃ ᠦᠨᠳᠦᠰᠦᠨ ᠡᠮᠴᠢᠯᠡᠭᠡ ᠶᠢ ᠲᠦᠭᠡᠮᠡᠯᠵᠢᠭᠦᠯᠬᠦ ᠢᠨᠵᠧᠨᠧᠷᠢᠩ ᠢ ᠬᠡᠷᠡᠭᠵᠢᠭᠦᠯᠦᠨ᠂ ᠡᠮᠡᠭᠲᠡᠶᠢᠴᠦᠳ ᠤᠨ ︽ᠬᠤᠶᠠᠷ ᠦᠮᠡᠨ︾ ᠤ ᠰᠢᠭᠰᠢᠨ ᠪᠠᠶᠢᠴᠠᠭᠠᠯᠲᠠ ᠶᠢᠨ ᠬᠠᠮᠤᠷᠬᠤ ᠬᠡᠪᠴᠢᠶ᠎ᠡ ᠪᠠ HPV ᠸᠠᠺᠽᠢᠨ ᠤ ᠲᠠᠷᠢᠯᠭ᠎ᠠ ᠲᠠᠷᠢᠬᠤ ᠨᠤᠷᠮ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠣᠨᠴᠠᠯᠢᠭᠲᠤ ᠲᠤᠰᠬᠠᠢ ᠰᠠᠯᠠᠭ᠎ᠠ ᠶᠢᠨ ᠡᠮᠴᠢᠯᠡᠭᠡᠨ ᠤ ᠲᠦᠪᠰᠢᠨ ᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠮᠣᠩᠭᠤᠯ ᠡᠮᠨᠡᠯᠭᠡ ᠶᠢᠨ ᠶᠠᠰᠤᠨ ᠤ ᠰᠠᠯᠠᠭ᠎ᠠ ᠵᠡᠷᠭᠡ ᠣᠨᠴᠠᠯᠢᠭᠲᠤ ᠲᠤᠰᠬᠠᠢ ᠰᠠᠯᠠᠭᠠᠨ ᠤ ᠪᠠᠶᠢᠭᠤᠯᠤᠯᠲᠠ ᠶᠢ ᠴᠢᠩᠭᠠᠳᠬᠠᠨ᠎ᠠ᠃ 1 ᠳ᠋ᠦᠩᠰᠢᠭᠤᠷ ᠲᠦᠭᠦᠷᠢᠭ ᠠᠴᠠ ᠳᠡᠭᠡᠭᠰᠢᠬᠢ ᠰᠤᠷᠭᠠᠨ ᠬᠥᠮᠥᠵᠢᠯ ᠢ ᠲᠡᠳᠬᠦᠬᠦ ᠲᠤᠰᠬᠠᠢ ᠪᠡᠯᠡ ᠮᠥᠩᠭᠦ ᠣᠷᠣᠭᠤᠯᠤᠨ᠎ᠠ᠃ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ ᠠᠮᠵᠢᠯᠲᠠ ᠪᠦᠲᠦᠮᠵᠢ ᠶᠢᠨ ᠴᠠᠯᠢᠩ ᠬᠥᠯᠥᠰᠦᠨ ᠤ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠠᠭᠰᠢ ᠨᠠᠷ ᠢ ᠥᠷᠢᠰᠦᠯᠳᠦᠭᠦᠯᠦᠨ ᠠᠵᠢᠯ ᠳᠤ ᠪᠠᠶᠢᠷᠢᠨ ᠳᠤ ᠭᠠᠷᠭᠠᠬᠤ ᠠᠵᠢᠯ ᠢ ᠠᠬᠢᠭᠤᠯᠵᠤ᠂ ᠰᠤᠷᠭᠠᠨ ᠬᠥᠮᠥᠵᠢᠯ ᠵᠢᠭᠠᠨ ᠰᠤᠷᠭᠠᠯᠲᠠ ᠶᠢᠨ ᠴᠢᠳᠠᠪᠤᠷᠢᠲᠠᠨ ᠢ 150 ᠠᠴᠠ ᠳᠡᠭᠡᠭᠰᠢ ᠣᠷᠣᠭᠤᠯᠵᠣ ᠠᠪᠴᠢᠷᠠᠨ᠎ᠠ᠃ ᠵᠢᠭᠠᠨ ᠰᠤᠷᠭᠠᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠰᠢᠶᠡᠨ ᠤ ᠱᠠᠲᠤᠨ ᠤ ᠤᠳᠤᠷᠢᠳᠤᠯᠭ᠎ᠠ ᠰᠤᠷᠭᠠᠭᠤᠯᠢ ᠶᠢ ᠬᠤᠯᠪᠣᠭᠠᠯᠠᠨ ᠳᠠᠭᠠᠭᠠᠴᠢᠯᠠᠬᠤ ᠲᠣᠭᠲᠠᠴᠠ ᠶᠢ ᠨᠠᠶᠢᠳᠠᠪᠤᠷᠢᠵᠢᠭᠤᠯᠤᠨ᠂ ᠵᠢᠭᠠᠨ ᠰᠤᠳᠤᠯᠤᠭᠴᠢ᠂ ᠠᠬᠠᠮᠠᠳ ᠪᠠᠭᠰᠢ ︽ᠰᠢᠭᠤᠳ ᠣᠷᠣᠵᠤ ᠬᠢᠴᠢᠶᠡᠯ ᠰᠣᠨᠣᠰᠬᠤ︾᠂ ︽ᠢᠯᠡ ᠪᠠᠷ ᠦᠨᠡᠯᠡᠬᠦ︾ ᠵᠡᠷᠭᠡ ᠴᠢᠩᠭ᠎ᠠ ᠠᠷᠭ᠎ᠠ ᠪᠠᠷᠢᠯ ᠢᠶᠠᠷ ᠵᠢᠭᠠᠨ ᠰᠤᠷᠭᠠᠯᠲᠠ ᠶᠢ ᠬᠢᠨᠠᠨ ᠵᠢᠯᠣᠭᠤᠳᠴᠦ᠂ ᠦᠷ᠎ᠡ ᠪᠦᠲᠦᠮᠵᠢ ᠶᠢ ᠮᠦᠷᠳᠡᠨ ᠪᠠᠶᠢᠴᠠᠭᠠᠨ᠎ᠠ᠃ ᠠᠵᠢᠯ ᠮᠡᠷᠭᠡᠵᠢᠯ ᠤᠨ ᠰᠤᠷᠭᠠᠨ ᠬᠥᠮᠥᠵᠢᠯ ᠢ ᠴᠢᠩᠭᠠᠳᠬᠠᠵᠤ᠂ ᠲᠤᠰᠬᠠᠢ ᠮᠡᠷᠭᠡᠵᠢᠯ ᠤᠨ ᠲᠣᠬᠢᠷᠠᠭᠤᠯᠭ᠎ᠠ ᠶᠢ ᠰᠢᠯᠢᠳᠡᠭᠴᠢᠯᠡᠨ᠂ ᠭᠤᠣᠯᠳᠠᠯᠭ᠎ᠠ ᠲᠠᠢ ᠠᠵᠤ ᠠᠬᠤᠶᠢᠯᠠᠯ ᠳᠤ 6 ᠪᠣᠳᠠᠲᠤ ᠰᠣᠷᠢᠯᠲᠠ ᠶᠢᠨ ᠰᠠᠭᠤᠷᠢᠨ ᠭᠠᠵᠠᠷ ᠢ ᠫᠠᠶᠢᠰᠠ ᠡᠯᠭᠦᠨ ᠪᠠᠶᠢᠭᠤᠯᠵᠤ᠂ ︽ᠵᠠᠬᠢᠶᠠᠯᠠᠭ᠎ᠠ ᠶᠢᠨ ᠠᠩᠭᠢ︾᠂ ︽ᠤᠷᠠᠨ ᠲᠠᠷᠬᠠᠨ ᠤ ᠠᠩᠭᠢ︾᠂ ︽ᠨᠡᠷ᠎ᠡ ᠵᠡᠭᠦᠬᠦ ᠠᠩᠭᠢ︾ ᠡᠷᠬᠢᠯᠡᠨ᠂ ᠴᠢᠳᠠᠪᠤᠷᠢᠲᠠᠨ ᠪᠠ ᠠᠵᠤ ᠠᠬᠤᠶᠢᠯᠠᠯ ᠤᠨ ᠨᠢᠭᠡ ᠨᠢᠭᠡ ᠪᠠᠨ ᠮᠡᠳᠡᠷᠡᠯᠴᠡᠨ᠂ ᠨᠢᠭᠡ ᠨᠢᠭᠡ ᠪᠠᠨ ᠬᠠᠪᠰᠤᠷᠴᠤ ᠠᠮᠵᠢᠯᠲᠠ ᠣᠯᠬᠤ ᠶᠢ ᠠᠬᠢᠭᠤᠯᠤᠨ᠎ᠠ᠃ ᠰᠤᠷᠭᠠᠭᠤᠯᠢ ᠡᠷᠬᠢᠯᠡᠬᠦ ᠨᠥᠬᠦᠴᠡᠯ ᠢ ᠬᠦᠴᠦᠯᠡᠨ ᠰᠠᠶᠢᠵᠢᠷᠠᠭᠤᠯᠵᠤ᠂ ᠤᠯᠠᠭᠠᠨᠪᠠᠯᠭᠠᠰᠤᠨ ᠤ ᠳᠤᠮᠳᠠᠳᠤ ᠰᠤᠷᠭᠠᠭᠤᠯᠢ ᠶᠢᠨ ᠶᠡᠷᠦᠩᠬᠡᠶᠢᠯᠡᠭᠰᠡᠨ ᠠᠰᠠᠷ ᠵᠡᠷᠭᠡ 15 ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠦᠨ᠂ ᠴᠢ ᠫᠠᠠ ᠵᠢᠩ ᠤᠨ ᠳᠥᠷᠪᠡᠳᠦᠭᠡᠷ᠂ ᠲᠠᠪᠤᠳᠤᠭᠠᠷ ᠪᠠᠭ᠎ᠠ ᠰᠤᠷᠭᠠᠭᠤᠯᠢ ᠶᠢ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠣᠷᠣᠭᠤᠯᠵᠣ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢ ᠰᠢᠨ᠎ᠡ ᠪᠠᠷ 1 ᠲᠥᠯᠥᠪᠯᠡᠵᠦ ᠪᠠᠶᠢᠭᠤᠯᠤᠨ᠎ᠠ᠃ ︽ᠨᠢᠭᠡ ᠨᠠᠰᠤᠲᠠᠨ ᠢ ᠠᠰᠠᠷᠠᠬᠤ ᠬᠦᠷᠢᠶᠡᠯᠡᠩ ᠨᠢᠭᠡ ᠬᠡᠦᠬᠡᠳ ᠤᠨ ᠴᠡᠴᠡᠷᠯᠢᠭ︾ ᠢ ᠪᠠᠲᠤᠯᠠᠵᠤ᠂ ᠣᠯᠠᠨ ᠲᠦᠮᠡᠨ ᠤ ᠬᠠᠯᠠᠮᠵᠢᠯᠠᠵᠤ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ᠨᠠᠰᠤᠵᠢᠯ ᠤᠨ ᠦᠢᠯᠡᠰ ᠪᠠ ︽ᠨᠠᠰᠤᠲᠠᠶᠢᠴᠤᠳ ᠤᠨ ᠦᠢᠯᠡᠰ︾ ᠢ ᠨᠢᠭᠡᠳᠦᠯᠲᠡᠢ ᠲᠥᠯᠥᠪᠯᠡᠵᠦ ᠬᠥᠭᠵᠢᠭᠦᠯᠦᠨ᠂ ᠶᠡᠷᠦᠩᠬᠡᠶᠢᠯᠡᠭᠰᠡᠨ ᠡᠷᠡᠭᠦᠯᠵᠢᠯ ᠰᠤᠪᠢᠯᠠᠯ ᠤᠨ ᠦᠢᠯᠡᠴᠢᠯᠡᠭᠡᠨ ᠤ ᠲᠥᠪ᠂ ᠨᠠᠰᠤᠲᠠᠶᠢᠴᠤᠳ ᠤᠨ ᠰᠣᠶᠣᠯ ᠲᠠᠮᠢᠷ ᠤᠨ ᠬᠥᠳᠡᠯᠭᠡᠭᠡᠨ ᠤ ᠲᠥᠪ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠣ᠂ ᠨᠢᠭᠡ ᠪᠦᠯᠦᠭ ᠨᠡᠶᠢᠭᠡᠮ ᠲᠣᠭᠤᠷᠢᠭ ᠲᠤ ᠭᠦᠨᠵᠡᠭᠡᠶᠢᠷᠡᠭᠰᠡᠨ ᠮᠠᠶ᠋ᠢᠭ ᠤᠨ ᠨᠠᠰᠤᠲᠠᠨ ᠢ ᠠᠰᠠᠷᠠᠬᠤ ᠦᠢᠯᠡᠴᠢᠯᠡᠭᠡᠨ ᠤ ᠶᠡᠷᠦᠩᠬᠡᠶᠢᠯᠡᠭᠰᠡᠨ ᠪᠡᠶᠡᠲᠦ ᠴᠣᠭᠴᠠ ᠶᠢ ᠪᠣᠢ ᠪᠣᠯᠭᠠᠨ᠎ᠠ᠃ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠡᠵᠡᠯᠡᠬᠦ ᠬᠠᠷᠢᠴᠠᠯ ᠢ 70% ᠳᠤ ᠬᠦᠷᠭᠡᠵᠦ᠂ ᠪᠡᠯᠡ ᠴᠤᠭᠯᠠᠭᠤᠯᠤᠨ 2 ᠠᠯᠪᠠᠨ ᠠᠴᠠ ᠡᠷᠬᠢᠯᠡᠭᠰᠡᠨ ᠨᠠᠶᠢᠳᠠᠨ ᠬᠥᠮᠥᠵᠢᠭᠦᠯᠬᠦ ᠪᠠᠶᠢᠭᠤᠯᠤᠮᠵᠢ ᠪᠠᠶᠢᠭᠤᠯᠤᠨ᠂ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠨᠢᠭᠡ ᠪᠦᠯᠦᠭ ᠨᠠᠶᠢᠳᠠᠨ ᠬᠥᠮᠥᠵᠢᠭᠦᠯᠬᠦ ᠲᠠᠯᠠᠪᠤᠷ ᠪᠠᠶᠢᠭᠤᠯᠤᠨ᠎ᠠ᠃ ︽ᠨᠢᠭᠡ ᠰᠣᠶᠣᠯ ᠨᠢᠭᠡ ᠲᠠᠮᠢᠷ︾ ᠢ ᠴᠢᠬᠤᠯᠠᠴᠢᠯᠠᠵᠤ᠂ ᠣᠯᠠᠨ ᠲᠦᠮᠡᠨ ᠤ ᠣᠶᠣᠨ ᠰᠠᠨᠠᠭᠠᠨ ᠤ ᠠᠮᠢᠳᠤᠷᠠᠯ ᠢ ᠬᠦᠴᠦᠯᠡᠨ ᠪᠠᠶᠠᠯᠢᠭᠵᠢᠭᠤᠯᠤᠨ᠎ᠠ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠨᠢᠮᠪᠡᠢ ᠨᠠᠶᠢᠳᠠᠪᠤᠷᠢᠵᠢᠭᠤᠯᠵᠤ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠬᠥᠮᠥᠵᠢᠭᠦᠯᠵᠦ ᠦᠢᠯᠡᠳᠦᠯᠭᠡᠵᠢᠭᠦᠯᠦᠨ᠎ᠡ᠃ ᠣᠯᠠᠨ ᠨᠡᠶᠢᠲᠡ ᠶᠢᠨ ᠰᠣᠶᠣᠯ ᠤᠨ ᠲᠥᠬᠦᠭᠡᠷᠦᠮᠵᠢ ᠶᠢ ᠰᠢᠨ᠎ᠡ ᠪᠠᠷ 5 ᠥᠷᠭᠡᠳᠬᠡᠨ ᠪᠠᠶᠢᠭᠤᠯᠵᠤ᠂ ᠤᠯᠠᠭᠠᠨᠮᠥ᠋ᠴᠢᠷ᠂ ᠰᠣᠨᠢᠨ ᠮᠡᠳᠡᠭᠡ ᠷᠠᠳᠢᠣ᠋ ᠲᠧᠯᠸᠢᠰ᠂ ᠰᠣᠶᠣᠯ ᠤᠷᠠᠯᠢᠭ ᠤᠨ ᠪᠦᠲᠦᠭᠡᠯᠲᠡ ᠶᠢᠨ ᠦᠢᠯᠡᠰ ᠤᠨ ᠲᠥᠪ ᠶᠣᠰᠣ ᠶᠢ ᠡᠷᠬᠢᠮᠯᠡᠵᠦ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠤᠨ᠎ᠠ᠃ ᠤᠷᠠᠨᠲᠦ᠋ᠰᠢ ᠶᠢᠨ ᠬᠠᠳᠠᠨ ᠵᠢᠷᠤᠭ ᠵᠡᠷᠭᠡ ᠭᠤᠣᠯᠳᠠᠯᠭ᠎ᠠ ᠲᠠᠢ ᠲᠡᠤᠬᠡ ᠶᠢᠨ ᠳᠤᠷᠠᠰᠬᠠᠯᠲᠤ ᠵᠦᠢᠯ ᠢ ᠰᠡᠯᠪᠢᠨ ᠵᠠᠰᠠᠬᠤ ᠢᠨᠵᠧᠨᠧᠷᠢᠩ ᠢ 4 ᠬᠡᠷᠡᠭᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠳᠣᠨ ᠢ ᠪᠠᠶᠢᠭᠤᠯᠵᠤ ᠠᠰᠢᠭᠯᠠᠯᠲᠠ ᠳᠤ ᠣᠷᠣᠭᠤᠯᠤᠨ᠂ ᠴᠢ ᠫᠠᠨ ᠵᠢᠩ ᠤᠨ ᠠᠵᠢᠯᠴᠢᠨ ᠤ ᠰᠣᠶᠣᠯ ᠤᠨ ᠣᠷᠳᠣᠨ ᠢ ᠲᠥᠯᠥᠪᠯᠡᠨ ᠪᠠᠶᠢᠭᠤᠯᠵᠤ᠂ ᠡᠯ᠎ᠡ ᠲᠥᠷᠥᠯ ᠤᠨ ᠰᠣᠳᠣᠨ ᠮᠥᠷᠥᠶᠢᠴᠡᠭᠡᠨ ᠢ ᠡᠷᠬᠢᠯᠡᠨ ᠬᠢᠨ᠎ᠡ᠃      —— ᠲᠣᠭᠲᠠᠭᠤᠨ ᠢ ᠪᠠᠲᠤᠯᠠᠬᠤ ᠠᠵᠢᠯ ᠢ ᠰᠠᠶᠢᠨ ᠬᠢᠵᠤ᠂ ᠠᠮᠤᠷ ᠲᠦᠪᠰᠢᠨ ᠬᠥᠭᠵᠢᠯᠲᠡ ᠶᠢ ᠠᠬᠢᠭᠤᠯᠤᠨ᠎ᠠ᠃ ᠰᠢᠰᠲ᠋ᠧᠮ ᠤᠨ ᠦᠵᠡᠯᠲᠡ᠂ ᠪᠦᠬᠦ ᠲᠠᠯ᠎ᠠ ᠶᠢᠨ ᠤᠬᠠᠮᠰᠠᠷ ᠢ ᠪᠠᠷᠢᠮᠲᠠᠯᠠᠵᠤ᠂ ᠰᠢᠰᠲ᠋ᠧᠮ ᠤᠨ ᠴᠢᠨᠠᠷᠲᠠᠢ ᠲᠦᠰᠢᠭᠦᠷᠢ ᠡᠭᠦᠰᠬᠡᠬᠦ ᠦᠭᠡᠢ ᠪᠠᠶᠢᠬᠤ ᠬᠤᠷᠢᠭ᠎ᠠ ᠱᠤᠭᠤᠮ ᠢ ᠪᠠᠲᠤ ᠰᠠᠬᠢᠨ᠂ ᠠᠮᠤᠷ ᠲᠣᠭᠲᠠᠭᠤᠨ ᠡᠷᠡᠭᠦᠯ ᠬᠥᠭᠵᠢᠯᠲᠡ ᠲᠠᠢ ᠠᠵᠤ ᠠᠬᠤᠢ ᠨᠡᠶᠢᠭᠡᠮ ᠤᠨ ᠣᠷᠴᠢᠨ ᠲᠣᠭᠤᠷᠢᠨ ᠢ ᠬᠦᠴᠦᠯᠡᠨ ᠪᠦᠷᠢᠯᠳᠦᠭᠦᠯᠦᠨ᠎ᠡ᠃ ᠣᠯᠠᠨ ᠨᠡᠶᠢᠲᠡ ᠶᠢᠨ ᠠᠮᠤᠷ ᠲᠦᠪᠰᠢᠨ ᠢ ᠢᠮᠠᠭᠲᠠ ᠠᠳᠬᠤᠨ᠎ᠠ᠃ ᠠᠶᠤᠯ ᠦᠭᠡᠢ ᠦᠢᠯᠡᠳᠪᠦᠷᠢᠯᠡᠯ ᠤᠨ ᠲᠤᠰᠬᠠᠢ ᠴᠡᠭᠴᠡᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢᠨ ᠦᠷ᠎ᠡ ᠪᠦᠲᠦᠭᠡᠯ ᠢ ᠰᠠᠶᠢᠨ ᠬᠡᠷᠡᠭᠯᠡᠵᠦ᠂ ︽ᠲᠥᠬᠦᠭᠡᠷᠦᠮᠵᠢ ᠶᠢᠨ ᠴᠠᠬᠢᠮ ᠢ ᠰᠣᠯᠢᠬᠤ︾᠂ ︽ᠦᠢᠯᠡᠳᠪᠦᠷᠢᠯᠡᠯ ᠤᠨ ᠱᠤᠭᠤᠮ ᠢ ᠰᠤᠯᠢᠬᠤ︾᠂ ︽ᠮᠠᠰᠢᠨ ᠬᠥᠮᠥᠨ ᠢᠶᠠᠷ ᠬᠥᠮᠥᠨ ᠢ ᠰᠣᠯᠢᠬᠤ︾ ᠶᠢ ᠲᠦᠷᠭᠡᠨ ᠪᠡᠶᠡᠯᠡᠭᠦᠯᠦᠨ᠂ ᠠᠮᠤᠷ ᠲᠦᠪᠰᠢᠨ ᠤ ᠲᠦᠪᠰᠢᠨ ᠢ ᠳᠡᠭᠡᠭᠰᠢᠯᠡᠭᠦᠯᠦᠨ᠎ᠡ᠃ ᠠᠪᠤᠷᠠᠨ ᠲᠤᠰᠠᠯᠠᠬᠤ ᠡᠩᠨᠡᠭᠡᠨ ᠤ ᠪᠠᠶᠢᠭᠤᠯᠤᠯᠲᠠ ᠪᠠ ᠡᠳ᠋ ᠪᠣᠳᠠᠰ ᠤᠨ ᠲᠣᠬᠢᠷᠠᠭᠤᠯᠭ᠎ᠠ ᠶᠢ ᠴᠢᠩᠭᠠᠳᠬᠠᠵᠤ᠂ ᠣᠨᠴᠠᠭᠠᠢ ᠮᠠᠭᠤ ᠴᠠᠭ ᠠᠭᠤᠷ᠂ ᠭᠠᠵᠠᠷ ᠰᠢᠨᠵᠢᠯᠡᠭᠡᠨ ᠤ ᠭᠠᠮᠰᠢᠭ ᠵᠡᠷᠭᠡ ᠬᠡᠨᠡᠳᠳᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠴᠢᠳᠠᠪᠤᠷᠢ ᠶᠢ ᠨᠡᠮᠡᠭᠳᠡᠭᠦᠯᠦᠨ᠎ᠡ᠃ ᠢᠳᠡᠭᠡᠨ ᠤ ᠠᠮᠤᠷ ᠲᠦᠪᠰᠢᠨ ᠤ ︽ᠳᠥᠷᠪᠡᠨ ᠬᠠᠮᠤᠭ ᠤᠨ ᠴᠢᠩᠭ᠎ᠠ︾ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠴᠢ ᠫᠠᠨ ᠵᠢᠩ ᠤᠨ ᠢᠳᠡᠭᠡᠨ ᠪᠣᠯᠪᠠᠰᠤᠷᠠᠭᠤᠯᠬᠤ ᠬᠦᠷᠢᠶᠡᠯᠡᠩ ᠪᠠ ᠪᠠᠷᠢᠮᠵᠢᠶᠠᠵᠢᠭᠰᠠᠨ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠢ ᠲᠦᠯᠦᠪᠯᠡᠵᠤ ᠪᠠᠶᠢᠭᠤᠯᠤᠨ᠎ᠠ᠃ ᠰᠢᠨ᠎ᠡ ᠴᠠᠭ ᠦᠶ᠎ᠡ ᠶᠢᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠢ ᠥᠷᠨᠢᠭᠦᠯᠵᠦ᠂ ᠬᠢᠵᠢᠭ ᠢ ᠪᠠᠶᠢᠩᠭᠤ ᠴᠢᠩᠭ᠎ᠠ ᠰᠡᠷᠭᠡᠶᠢᠯᠡᠨ ᠵᠠᠰᠠᠨ᠎ᠠ᠃ ᠠᠵᠤ ᠠᠬᠤᠢ ᠶᠢᠨ ᠠᠮᠤᠷ ᠲᠦᠪᠰᠢᠨ ᠢ ᠦᠷᠭᠦᠯᠵᠢᠯᠡᠨ ᠪᠠᠲᠤᠯᠠᠨ᠎ᠠ᠃ ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠠᠵᠤ ᠠᠬᠤᠶᠢᠯᠠᠯ ᠢ ᠬᠠᠪᠰᠤᠷᠴᠤ ᠬᠦᠴᠢᠷᠳᠡᠯ ᠢ ᠨᠢ ᠰᠢᠢᠳᠪᠣᠷᠢᠯᠡᠬᠦ ᠰᠠᠭᠤᠷᠢ ᠮᠥᠩᠭᠦ ᠶᠢ ᠰᠦᠪᠡᠭᠴᠢᠯᠡᠵᠦ ᠪᠠᠶᠢᠭᠤᠯᠤᠨ᠂ ᠠᠵᠤ ᠠᠬᠤᠶᠢᠯᠠᠯ ᠤᠨ ᠥᠪᠡᠷ ᠢ ᠪᠠᠨ ᠠᠪᠤᠷᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠨ᠎ᠠ᠃ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠬᠥᠭᠵᠢᠯᠲᠡ ᠶᠢᠨ ᠴᠢᠨᠠᠷ ᠴᠢᠨᠰᠠᠭ᠎ᠠ ᠦᠷ᠎ᠡ ᠠᠰᠢᠭ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠳᠤᠮᠳᠠ ᠬᠤᠭᠤᠴᠠᠭᠠᠨ ᠤ ᠦᠨᠡᠯᠡᠯᠲᠡ ᠶᠢ ᠬᠢᠵᠤ᠂ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠲᠡᠮ ᠪᠠᠶᠢᠴᠠᠭᠠᠯᠲᠠ ᠶᠢ ᠥᠷᠨᠢᠭᠦᠯᠦᠨ᠎ᠡ᠃ ᠨᠡᠶᠢᠭᠡᠮ ᠤᠨ ᠠᠮᠤᠷ ᠲᠦᠪᠰᠢᠨ ᠢ ᠡᠷᠡᠰ ᠭᠤᠶᠢᠪᠢᠰᠢ ᠦᠭᠡᠢ ᠬᠠᠮᠠᠭᠠᠯᠠᠨ᠎ᠠ᠃ ᠵᠥᠷᠢᠴᠡᠯ ᠵᠢᠭᠤᠷᠠᠯᠳᠤᠭᠠᠨ ᠢ ᠳᠠᠷᠠᠭᠠᠯᠠᠨ ᠪᠠᠶᠢᠴᠠᠭᠠᠵᠤ ᠰᠢᠢᠳᠪᠦᠷᠢᠯᠡᠬᠦ ᠶᠢ ᠭᠦᠨᠵᠡᠭᠡᠶᠢᠷᠡᠭᠦᠯᠦᠨ᠂ ︽ᠲᠠᠬᠢᠨ ᠳᠠᠪᠲᠠᠨ ᠵᠠᠬᠢᠳᠡᠯ ᠰᠣᠷᠪᠦᠯᠵᠢᠯᠠᠭ᠎ᠠ ᠬᠢᠬᠦ ᠳᠤ ᠵᠠᠰᠠᠯᠲᠠ ᠬᠢᠵᠤ᠂ ᠵᠠᠬᠢᠳᠠᠯ ᠰᠣᠷᠪᠦᠯᠵᠢᠯᠠᠭ᠎ᠠ ᠶᠢᠨ ᠳᠠᠷᠤᠭᠳᠠᠮᠠᠯ ᠬᠡᠷᠡᠭ ᠢ ᠰᠢᠢᠳᠪᠦᠷᠢᠯᠡᠬᠦ︾ ᠲᠤᠰᠬᠠᠢ ᠠᠵᠢᠯᠯᠠᠭ᠎ᠠ ᠥᠷᠨᠢᠭᠦᠯᠦᠨ᠎ᠡ᠃ ᠳᠣᠲᠣᠭᠠᠳᠤ ᠶᠢ ᠬᠠᠮᠠᠭᠠᠯᠠᠬᠤ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠮᠡᠳᠡᠭᠡ ᠵᠠᠩᠭᠢᠴᠢᠯᠠᠯᠳᠡ ᠶᠢᠨ ᠪᠠᠶᠢᠭᠤᠯᠤᠯᠲᠠ ᠶᠢ ᠠᠬᠢᠭᠤᠯᠵᠤ᠂ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤ ᠥᠷᠨᠢᠭᠦᠯᠦᠨ᠂ ᠡᠯ᠎ᠡ ᠲᠥᠷᠥᠯ ᠤᠨ ᠬᠠᠤᠯᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠰᠦᠯᠵᠢᠶ᠎ᠡ ᠶᠢᠨ ᠣᠷᠣᠨ ᠵᠠᠢ ᠶᠢ ᠲᠠᠰᠤᠷᠠᠯᠲᠠ ᠦᠭᠡᠢ ᠴᠡᠪᠡᠷᠰᠢᠭᠦᠯᠦᠨ᠂ ᠬᠤᠰᠢᠭᠤ ᠰᠢᠶᠡᠨ ᠤ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠴᠢᠮᠡᠭᠡ ᠬᠤᠯᠪᠣᠭ᠎ᠠ ᠰᠦᠯᠵᠢᠶ᠎ᠡ ᠶᠢᠨ ᠮᠡᠬᠡᠯᠡᠯ ᠦᠭᠡᠢ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠤᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠦᠷᠭᠦᠯᠵᠢᠯᠡᠨ ᠪᠠᠲᠤ ᠴᠣᠭᠴᠠᠯᠠᠵᠤ᠂ ᠪᠦᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠢ ᠠᠬᠢᠭᠤᠯᠤᠨ᠎ᠠ᠃      ᠲᠥᠯᠥᠭᠡᠯᠡᠭᠴᠢᠳ ᠡ︕ ᠪᠢᠳᠠ ᠪᠣᠳᠠᠲᠠᠢ ᠠᠵᠢᠯᠯᠠᠬᠤ ᠪᠠᠷ ᠴᠢᠬᠤᠯᠠ ᠬᠡᠪ ᠴᠢᠨᠠᠷ ᠢᠶᠠᠨ ᠪᠣᠯᠭᠠᠵᠤ᠂ ︽ᠭᠤᠷᠪᠠᠨ ᠡᠷᠬᠡᠪᠰᠢ︾ ᠶᠢ ᠡᠭᠦᠷᠢᠳᠡ ᠪᠠᠷᠢᠮᠲᠠᠯᠠᠨ᠂ ᠵᠠᠰᠠᠭ ᠤᠨ ᠣᠷᠳᠣᠨ ᠤ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠬᠦᠴᠦᠯᠡᠨ ᠳᠡᠭᠡᠭᠰᠢᠯᠡᠭᠦᠯᠵᠦ᠂ ᠠᠷᠠᠳ ᠲᠦᠮᠡᠨ ᠬᠠᠨᠤᠮᠵᠢᠲᠠᠢ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠤᠨ᠎ᠠ᠃ ᠡᠭᠦᠷᠭᠡ ᠬᠠᠷᠢᠭᠤᠴᠠᠯᠭ᠎ᠠ ᠪᠠᠨ ᠡᠷᠡᠰ ᠭᠦᠢᠴᠡᠳᠬᠡᠨ᠎ᠡ᠃ ᠰᠢ ᠶᠢᠨ ᠫᠢᠡᠭ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠶᠡᠷᠦᠩᠬᠡᠢ ᠱᠦᠵᠢ ᠰᠢ ᠶᠢᠨ ᠫᠢᠡᠭ ᠤᠨ ᠥᠪᠥᠷ ᠮᠣᠩᠭᠤᠯ ᠤᠨ ᠲᠤᠬᠠᠢ ᠬᠢᠭᠰᠡᠨ ᠴᠢᠬᠤᠯᠠ ᠶᠠᠷᠢᠶ᠎ᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠣᠷᠣᠯᠴᠠᠨ ᠲᠣᠭᠤᠰᠢᠯᠠᠭᠤᠯᠵᠤ ᠨᠠᠶᠢᠳᠠᠪᠤᠷᠢᠵᠢᠭᠤᠯᠤᠨ᠂ ︽ᠬᠤᠶᠠᠷ ᠢ ᠲᠣᠭᠲᠠᠭᠠᠬᠤ︾ ᠶᠢ ᠰᠢᠳᠤᠷᠭᠤ ᠪᠠᠷ ᠬᠦᠷᠢᠶᠡᠯᠡᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠦᠨ᠂ ᠬᠤᠲᠠ ᠶᠢᠨ ᠨᠠᠮ ᠤᠨ ᠬᠤᠷᠢᠶ᠎ᠠ ᠶᠢᠨ ᠳᠤᠷᠠᠳᠤᠭᠰᠠᠨ ︽ᠭᠤᠷᠪᠠᠨ ᠳᠥᠷᠪᠡ ︾ ᠪᠠᠶᠢᠯᠳᠤᠬᠤ ᠪᠣᠳᠣᠯᠭ᠎ᠠ ᠶᠢᠨ ᠬᠠᠷᠠᠯᠲᠠ ᠲᠠᠢ ᠨᠢᠭᠲᠠ ᠲᠣᠭᠤᠷᠢᠭᠤᠯᠵᠤ᠂ ᠨᠠᠮ ᠳᠠᠭᠠᠨ ᠬᠠᠷᠢᠴᠠᠯᠠᠰᠢ ᠦᠭᠡᠢ ᠦᠨᠡᠨᠴᠢ ᠪᠠᠶᠢᠬᠤ ᠶᠢ ᠪᠣᠳᠠᠲᠠᠢ ᠦᠢᠯᠡ ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠤᠨ᠎ᠠ᠃ ᠲᠥᠪ ᠭᠤᠣᠯᠴᠢ ᠪᠠᠷ ᠡᠷᠬᠡ ᠪᠠᠨ ᠬᠡᠷᠡᠭᠯᠡᠵᠦ ᠤᠭ ᠰᠠᠨᠠᠭ᠎ᠠ ᠪᠠᠨ ᠦᠢᠯᠡᠳᠦᠯᠭᠡᠵᠢᠭᠦᠯᠦᠨ᠎ᠡ᠃ ᠬᠠᠤᠯᠢᠵᠢᠯ ᠵᠠᠰᠠᠭ ᠤᠨ ᠣᠷᠳᠣᠨ ᠤ ᠪᠠᠶᠢᠭᠤᠯᠤᠯᠲᠠ ᠶᠢ ᠬᠦᠴᠥᠯᠡᠨ ᠠᠬᠢᠭᠤᠯᠵᠤ᠂ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠬᠠᠤᠯᠢ ᠶᠣᠰᠣᠨ ᠤ ᠴᠢᠨᠠᠷ ᠤᠨ ᠬᠢᠨᠠᠨ ᠪᠠᠶᠢᠴᠠᠭᠠᠯᠲᠠ ᠶᠢ ᠴᠢᠩᠭᠠᠳᠬᠠᠨ᠂ ᠵᠠᠰᠠᠭ ᠤᠨ ᠶᠠᠪᠤᠳᠠᠯ ᠤᠨ ᠨᠡᠶᠢᠲᠡᠯᠡᠯ ᠤᠨ ᠪᠠᠷᠢᠮᠵᠢᠶᠠᠵᠢᠭᠰᠠᠨ ᠲᠦᠪᠰᠢᠨ ᠢ ᠳᠡᠭᠡᠭᠰᠢᠯᠡᠭᠦᠯᠵᠦ᠂ ᠵᠠᠰᠠᠭ ᠵᠠᠬᠢᠷᠭᠠᠨ ᠤ ᠬᠠᠷᠢᠭᠤᠴᠠᠯᠭᠠᠲᠠᠨ ᠤ ᠰᠢᠭᠦᠯᠳᠡ ᠳᠤ ᠣᠷᠣᠯᠴᠠᠵᠤ ᠵᠠᠷᠭᠤ ᠬᠦᠯᠢᠶᠡᠬᠦ ᠳᠦᠷᠢᠮ ᠢ ᠨᠢᠮᠪᠡᠢ ᠨᠠᠶᠢᠳᠠᠪᠤᠷᠢᠵᠢᠭᠤᠯᠤᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶᠠᠨ ᠤ ᠬᠠᠤᠯᠢ ᠴᠠᠭᠠᠵᠠ ᠶᠢᠨ ᠬᠢᠨᠠᠯᠲᠠ ᠪᠠ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠨᠡᠶᠢᠭᠡᠮ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠨ᠎ᠡ᠃ ᠡᠷᠡᠮᠡᠬᠡᠶᠢᠯᠡᠨ ᠴᠢᠷᠮᠠᠶᠢᠵᠤ ᠦᠷ᠎ᠡ ᠪᠦᠲᠦᠮᠵᠢ ᠪᠠᠨ ᠳᠡᠭᠡᠭᠰᠢᠯᠡᠭᠦᠯᠦᠨ᠎ᠡ᠃ ︽ᠭᠤᠷᠪᠠᠨ ᠣᠯᠠᠨ᠂ ᠭᠤᠷᠪᠠᠨ ᠴᠥᠭᠡᠨ᠂ ᠭᠤᠷᠪᠠᠨ ᠤᠳᠠᠭᠠᠨ︾ ᠦᠵᠡᠭᠳᠡᠯ ᠢ ᠡᠷᠡᠰ ᠬᠤᠷᠢᠭᠯᠠᠨ᠂ ︽ᠢᠨᠵᠧᠨᠧᠷᠢᠩ ᠤᠨ ᠰᠡᠳᠬᠢᠬᠦᠢ︾ ᠶᠢ ᠪᠣᠢ ᠪᠣᠯᠭᠠᠵᠤ᠂ ᠣᠯᠠᠨ ᠬᠠᠷᠠᠯᠲᠠ ᠠᠴᠠ ᠬᠤᠪᠢᠷᠠᠯᠲᠠ ᠶᠢᠨ ᠲᠡᠩᠴᠡᠭᠦᠷᠢᠰᠢᠯ ᠢ ᠣᠯᠬᠤ᠂ ᠣᠯᠠᠨ ᠬᠦᠯᠢᠶᠡᠰᠦᠯᠡᠯ ᠠᠴᠠ ᠰᠢᠪᠲᠤᠯᠤᠯᠲᠠ ᠭᠠᠷᠭᠠᠬᠤ ᠪᠠᠷ ᠴᠢᠷᠮᠠᠶᠢᠨ᠂ ︽ᠣᠯᠠᠨ ᠬᠦᠴᠢᠷ ᠪᠡᠷᠬᠡᠰᠢᠶᠡᠯ︾ ᠢ ᠰᠢᠢᠳᠪᠣᠷᠢᠯᠡᠨ᠂ ︽ᠢᠩᠭᠢᠬᠦ ᠮᠥᠷᠲᠡᠭᠡᠨ ᠴᠢᠩᠭᠢᠬᠦ︾ ᠬᠠᠷᠠᠯᠲᠠ ᠶᠢ ᠪᠡᠶᠡᠯᠡᠭᠦᠯᠦᠨ᠎ᠡ᠃ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠎ᠠ᠃ ᠳᠠᠩᠰᠠ ᠲᠤᠰᠢᠶᠠᠬᠤ ᠤᠬᠠᠮᠰᠠᠷ᠂ ᠰᠢᠯᠭᠠᠯᠲᠠ ᠲᠤᠰᠢᠶᠠᠬᠤ ᠤᠬᠠᠮᠰᠠᠷ᠂ ᠦᠷ᠎ᠡ ᠪᠦᠲᠦᠭᠡᠯ ᠤᠨ ᠤᠬᠠᠮᠰᠠᠷ ᠢ ᠪᠤᠢ ᠪᠣᠯᠭᠠᠵᠤ᠂ ︽ᠡᠮᠦᠨ᠎ᠡ ᠹᠷᠣᠨᠲ ᠲᠤ ᠠᠵᠢᠯᠯᠠᠬᠤ ᠠᠷᠭ᠎ᠠ︾ ᠶᠢ ᠪᠠᠷᠢᠮᠲᠠᠯᠠᠨ᠂ ᠨᠠᠷᠢᠨ ᠳᠠᠩᠰᠠ ᠭᠠᠷᠭᠠᠬᠤ᠂ ᠪᠢᠲᠡᠭᠦᠮᠵᠢᠯᠡᠬᠦ ᠮᠠᠶ᠋ᠢᠭ ᠢᠶᠠᠷ ᠨᠠᠶᠢᠳᠠᠪᠤᠷᠢᠵᠢᠭᠤᠯᠤᠯᠲᠠ ᠶᠢ ᠠᠳᠬᠤᠬᠤ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠬᠤᠰᠢᠭᠤ ᠳᠠᠷᠤᠭ᠎ᠠ ᠬᠦᠷᠢᠶᠡᠯᠡᠩ ᠲᠣᠭᠤᠷᠢᠭ ᠲᠤ ᠭᠦᠨᠵᠡᠭᠡᠶᠢᠷᠡᠬᠦ ᠠᠵᠢᠯ ᠤᠨ ᠠᠷᠭ᠎ᠠ ᠪᠠᠷᠢᠯ ᠢ ᠰᠢᠯᠢᠳᠡᠭᠴᠢᠯᠡᠨ᠂ ᠣᠯᠠᠨ ᠲᠦᠮᠡᠨ ᠪᠠ ᠠᠵᠤ ᠠᠬᠤᠶᠢᠯᠠᠯ ᠤᠨ ᠵᠦᠢ ᠶᠣᠰᠣᠨ ᠤ ᠬᠦᠰᠡᠯ ᠱᠠᠭᠠᠷᠳᠠᠯᠭ᠎ᠠ ᠶᠢ ᠴᠠᠭ ᠳᠠᠷᠤᠢ  ᠳᠤᠨᠢ ᠪᠦᠲᠦᠮᠵᠢᠲᠡᠢ ᠰᠢᠢᠳᠪᠦᠷᠢᠯᠡᠨ᠎ᠡ᠃ ᠵᠣᠷᠢᠭᠲᠠᠢ ᠲᠡᠮᠡᠴᠡᠬᠦ ᠵᠣᠷᠢᠭ ᠰᠠᠨᠠᠭ᠎ᠠ ᠶᠢ ᠪᠠᠳᠠᠷᠠᠭᠤᠯᠵᠤ᠂ ᠵᠣᠷᠢᠭᠲᠠᠢ ᠲᠡᠮᠡᠴᠡᠬᠦ ᠴᠢᠳᠠᠪᠤᠷᠢ ᠪᠠᠨ ᠳᠡᠭᠡᠭᠰᠢᠯᠡᠭᠦᠯᠦᠨ᠂ ᠵᠥᠷᠢᠴᠡᠯ ᠲᠠᠭᠠᠷᠠᠪᠠᠯ ᠵᠠᠶᠢᠯᠠᠬᠤ ᠦᠭᠡᠢ᠂ ᠬᠦᠴᠢᠷᠳᠡᠯ ᠲᠤᠯᠭᠠᠷᠠᠪᠠᠯ ᠳᠤᠲᠠᠭᠠᠬᠤ ᠦᠭᠡᠢ᠂ ᠠᠰᠠᠭᠤᠳᠠᠯ ᠢ ᠰᠢᠢᠳᠪᠦᠷᠢᠯᠡᠬᠦ ᠳᠡᠭᠡᠨ ᠬᠤᠶᠢᠰᠢᠯᠠᠭᠤᠯᠬᠤ ᠦᠭᠡᠢ ᠪᠠᠷ ᠡᠭᠦᠷᠭᠡ ᠬᠠᠷᠢᠭᠤᠴᠠᠯᠭ᠎ᠠ ᠪᠠᠨ ᠰᠠᠶᠢᠨ ᠭᠦᠢᠴᠡᠳᠬᠡᠨ᠎ᠡ᠃ ᠲᠥᠪ ᠶᠣᠰᠣ ᠶᠢ ᠡᠷᠬᠢᠮᠯᠡᠵᠦ ᠰᠢᠨ᠎ᠡ ᠶᠢ ᠡᠭᠦᠳᠦᠨ ᠪᠣᠳᠠᠲᠤ ᠪᠦᠲᠦᠮᠵᠢ ᠶᠢ ᠴᠢᠬᠤᠯᠠᠴᠢᠯᠠᠨ᠎ᠠ᠃ ᠦᠨᠡᠨ ᠦᠭᠡ ᠶᠠᠷᠢᠵᠤ᠂ ᠬᠤᠭᠤᠰᠤᠨ ᠦᠭᠡ ᠳᠤᠲᠠᠭᠤ ᠶᠠᠷᠢᠨ᠂ ᠣᠯᠠᠨ ᠲᠦᠮᠡᠨ ᠳᠤ ᠠᠰᠢᠭᠲᠠᠢ ᠦᠭᠡ ᠶᠠᠷᠢᠨ᠎ᠠ᠃ ᠪᠣᠳᠠᠲᠤ ᠤᠴᠢᠷ ᠪᠦᠲᠦᠭᠡᠵᠦ᠂ ᠥᠩᠭᠡᠨ ᠲᠠᠯ᠎ᠠ ᠶᠢᠨ ᠠᠵᠢᠯ ᠬᠢᠬᠦ ᠶᠢ ᠳᠡᠪᠴᠢᠨ᠎ᠡ᠃ ᠦᠨᠳᠦᠰᠦᠨ ᠱᠠᠲᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠤ᠂ ︽ᠥᠩᠭᠡᠨ ᠲᠠᠯ᠎ᠠ︾ ᠶᠢ ᠬᠠᠷᠠᠬᠤ ᠦᠭᠡᠢ ᠪᠠᠷ ︽ᠪᠣᠳᠠᠲᠤ ᠪᠠᠶᠢᠳᠠᠯ︾ ᠢ ᠢᠯᠡᠭᠦᠬᠡᠨ ᠣᠶᠢᠯᠠᠭᠠᠨ᠎ᠠ᠃ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠭᠠᠳᠬᠠᠨ᠎ᠠ᠃ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠬᠡᠷᠡᠭᠵᠢᠭᠦᠯᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠢ ᠬᠦᠴᠦᠲᠡᠢ ᠠᠬᠢᠭᠤᠯᠤᠨ᠎ᠠ᠃ ᠬᠢᠨᠠᠨ ᠪᠣᠳᠣᠬᠤ ᠬᠢᠨᠠᠯᠲᠠ᠂ ᠲᠤᠭ᠎ᠠ ᠪᠦᠷᠢᠳᠬᠡᠯ ᠤᠨ ᠬᠢᠨᠠᠯᠲᠠ ᠪᠠ ᠰᠠᠬᠢᠯᠭ᠎ᠠ ᠪᠠᠲᠤ ᠬᠡᠷᠡᠭᠵᠢᠭᠦᠯᠬᠦ ᠬᠢᠨᠠᠯᠲᠠ ᠶᠢ ᠡᠷᠴᠢᠮᠵᠢᠭᠦᠯᠵᠦ᠂ ᠤᠯᠤᠰ ᠤᠨ ᠥᠮᠴᠢᠯᠡᠯᠲᠤ ᠡᠳ᠋ ᠬᠥᠷᠥᠩᠭᠡ᠂ ᠣᠯᠠᠨ ᠨᠡᠶᠢᠲᠡ ᠶᠢᠨ ᠡᠬᠢ ᠪᠠᠶᠠᠯᠢᠭ ᠵᠡᠷᠭᠡ ᠭᠤᠣᠯᠳᠠᠯᠭ᠎ᠠ ᠲᠠᠢ ᠬᠦᠷᠢᠶ᠎ᠡ ᠬᠡᠪᠴᠢᠶᠡᠨ ᠤ ᠬᠢᠨᠠᠨ ᠬᠠᠮᠢᠶᠠᠷᠤᠯᠲᠠ ᠶᠢ ᠴᠢᠩᠭᠠᠳᠬᠠᠨ᠂ ᠣᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃      ᠲᠥᠯᠥᠭᠡᠯᠡᠭᠴᠢᠳ ᠡ᠂ ᠵᠠᠭᠤᠨ ᠵᠢᠯ ᠤᠨ ᠠᠶᠠᠨ ᠳᠤ ᠡᠷᠡᠮᠡᠬᠡᠶᠢᠯᠡᠨ ᠣᠷᠣᠭᠰᠢᠯᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠪᠠᠷ ᠳᠠᠷᠪᠠᠭᠤᠯ ᠬᠡᠶᠢᠰᠬᠡᠨ ᠠᠶᠠᠯᠠᠮᠤᠢ᠃ ᠰᠢᠨᠲᠠᠷᠠᠰᠢ ᠦᠭᠡᠢ ᠰᠢᠷᠭᠠᠭᠤ ᠴᠢᠷᠮᠠᠶᠢᠮᠠᠨᠵᠢᠨ ᠰᠠᠶ᠋ᠢ ᠠᠷᠠᠳ ᠲᠦᠮᠡᠨ ᠤ ᠬᠦᠨᠳᠦ ᠨᠠᠶᠢᠳᠠᠯᠭ᠎ᠠ ᠶᠢ ᠬᠥᠰᠡᠷᠳᠡᠭᠦᠯᠬᠦ ᠦᠭᠡᠢ︕ ᠪᠢᠳ᠋ᠨ ᠰᠢ  ᠶᠢᠨ ᠫᠢᠡᠭ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠬᠥᠲᠥᠯᠥᠭᠦᠯᠦᠨ᠂ ᠢᠲᠡᠭᠡᠯ ᠵᠣᠷᠢᠭ ᠢᠶᠠᠨ ᠬᠥᠪᠴᠢᠯᠡᠵᠦ᠂ ᠦᠷᠭᠦᠯᠵᠢᠯᠡᠨ ᠲᠡᠮᠡᠴᠡᠨ᠂ ᠬᠦᠴᠢᠷ  ᠪᠡᠷᠬᠡ ᠶᠢ ᠲᠤᠭᠤᠯᠵᠤ᠂ ᠡᠷᠡᠯᠬᠡᠭᠯᠡᠨ ᠣᠷᠣᠭᠰᠢᠯᠠᠨ᠂ ᠣᠲᠤᠭ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠤᠶ᠎ᠠ︕      ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠠᠬᠢ ᠬᠠᠮᠢᠶ᠎ᠠ ᠪᠦᠬᠦᠢ ᠨᠡᠷ᠎ᠡ ᠲᠣᠮᠢᠶᠠᠨ ᠤ ᠲᠠᠶᠢᠯᠪᠤᠷᠢ      ⒈︽ᠲᠠᠪᠤᠨ ᠰᠠᠭᠤᠷᠢ︾ ᠬᠠᠮᠵᠢᠯᠴᠠᠬᠤ᠄ ᠠᠮᠢ ᠠᠬᠤᠶ ᠣᠷᠴᠢᠨ ᠲᠣᠭᠤᠷᠢᠨ ᠤ ᠶᠠᠮᠤᠨ ᠤ ᠳᠠᠭᠠᠭᠤᠯᠢ ᠣᠳᠣᠨ ᠤ ᠣᠷᠴᠢᠨ ᠲᠣᠭᠤᠷᠢᠨ ᠤ ᠬᠡᠷᠡᠭᠯᠡᠭᠡᠨ ᠤ ᠲᠥᠪ ᠠᠴᠠ ᠰᠢᠨ᠎ᠡ ᠶᠢ ᠡᠭᠦᠳᠦᠨ ᠪᠠᠶᠢᠭᠤᠯᠤᠭᠰᠠᠨ ᠲᠩᠷᠢ ᠶᠢᠨ ᠰᠠᠭᠤᠷᠢᠲᠤ ᠳᠠᠭᠠᠭᠤᠯᠢ ᠣᠲᠣ᠂ ᠣᠭᠲᠠᠷᠭᠤᠶ ᠶᠢᠨ ᠰᠠᠭᠤᠷᠢᠲᠤ ᠠᠯᠤᠰ ᠰᠡᠷᠡᠯ᠂ ᠠᠭᠠᠷ ᠤᠨ ᠠᠶᠠᠯᠠᠯ ᠤᠨ ᠵᠢᠯᠣᠭᠤᠴᠢ ᠥᠬᠡᠶ ᠨᠢᠰᠬᠡᠯ᠂ ᠬᠢᠨᠠᠨ ᠰᠢᠨᠵᠢᠬᠦ ᠨᠡᠭᠦᠳᠡᠯ ᠲᠡᠷᠭᠡ ᠪᠣᠯᠤᠨ ᠭᠠᠵᠠᠷ ᠳᠡᠭᠡᠷᠡᠬᠢ ᠠᠵᠢᠭᠯᠠᠯᠲᠠ ᠲᠠᠪᠤᠨ ᠵᠦᠶᠯ ᠤᠨ ᠠᠷᠭ᠎ᠠ ᠪᠠᠷᠢᠯ ᠢ ᠨᠢᠭᠡ ᠴᠣᠭᠴᠠᠵᠢᠭᠤᠯᠤᠭᠰᠠᠨ ︽ᠲᠠᠪᠤᠨ ᠰᠠᠭᠤᠷᠢ︾ ᠶᠢᠨ ᠠᠮᠢ ᠠᠬᠤᠶ ᠣᠷᠴᠢᠨ ᠲᠣᠭᠤᠷᠢᠨ ᠤ ᠪᠣᠰᠤᠭ᠎ᠠ ᠴᠣᠭᠴᠠᠲᠤ ᠠᠯᠤᠰ ᠰᠡᠷᠡᠯ ᠤᠨ ᠬᠢᠨᠠᠨ ᠬᠡᠮᠵᠢᠬᠦ ᠲᠣᠭᠲᠠᠯᠴᠠᠭ᠎ᠠ ᠪᠣᠯᠤᠨ᠎ᠠ᠃ ᠭᠤᠤᠯᠳᠠᠯᠭ᠎ᠠ ᠲᠠᠢ ᠣᠷᠣᠨ ᠲᠣᠭᠤᠷᠢᠭ᠂ ᠭᠤᠤᠯᠳᠠᠯᠭ᠎ᠠ ᠲᠠᠢ ᠬᠠᠷᠠᠯᠲᠠ ᠶᠢ ᠣᠬᠤᠷ ᠬᠤᠭᠤᠴᠠᠭᠠᠨ ᠳᠤ ᠣᠨᠣᠪᠴᠢᠲᠠᠢ ᠬᠠᠮᠵᠢᠯᠴᠠᠵᠤ ᠬᠢᠨᠠᠨ ᠬᠡᠮᠵᠢᠨ᠂ ᠪᠠᠶᠢᠭᠠᠯᠢ ᠶᠢᠨ ᠬᠢᠯᠢ ᠬᠢᠵᠠᠭᠠᠷ ᠢ ᠪᠥᠬᠦ ᠲᠠᠯ᠎ᠠ ᠪᠠᠷ᠂ ᠪᠦᠬᠦᠯᠢ ᠡᠳᠦᠷ ᠢᠶᠠᠷ ᠰᠠᠬᠢᠨ ᠬᠠᠮᠠᠭᠠᠯᠠᠵᠤ᠂ ᠠᠮᠢ ᠠᠬᠤᠶ ᠣᠷᠴᠢᠨ ᠲᠣᠭᠤᠷᠢᠨ ᠤ ᠬᠠᠮᠢᠶᠠᠷᠤᠯᠲᠠ ᠶᠢ ᠨᠠᠷᠢᠯᠢᠬᠵᠢᠭᠤᠯᠬᠤ᠂ ᠮᠡᠳᠡᠭᠡ ᠵᠠᠩᠬᠢᠴᠢᠯᠠᠬᠤ᠂ ᠤᠶᠤᠨᠴᠢᠯᠠᠬᠤ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ ᠴᠢᠳᠠᠨ᠎ᠠ᠃      ⒉︽ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠮᠢᠶᠠᠷᠤᠭᠴᠢ︾᠄ ᠨᠢᠭᠡ ᠵᠦᠶᠯ ᠤᠨ ︽ᠭᠡᠷ᠎ᠡ ᠲᠣᠭᠲᠠᠬᠤ ᠮᠠᠶ᠋ᠢᠭ ᠤᠨ ᠣᠷᠴᠢᠨ ᠲᠣᠭᠤᠷᠢᠨ ᠤ ᠦᠶᠯᠡᠴᠢᠯᠡᠭᠡ︾ ᠪᠣᠯᠤᠨ᠎ᠠ᠂ ᠭᠤᠤᠯᠳᠠᠭᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠦᠶᠯᠡᠴᠢᠯᠡᠭᠡᠨ ᠤ ᠠᠵᠤ ᠠᠬᠤᠶᠢᠯᠠᠯ ᠨᠢ ᠵᠠᠰᠠᠭ ᠤᠨ ᠣᠷᠳᠣᠨ᠂ ᠠᠵᠤ ᠠᠬᠤᠶᠢᠯᠠᠯ᠂ ᠬᠦᠷᠢᠶᠡᠯᠡᠩ ᠲᠣᠭᠤᠷᠢᠭ ᠲᠤ ᠭᠡᠷ᠎ᠡ ᠲᠣᠭᠲᠠᠬᠤ ᠮᠠᠶ᠋ᠢᠭ ᠤᠨ ᠶᠡᠷᠦᠩᠬᠡᠶᠢᠯᠡᠭᠰᠡᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠦᠶᠯᠡᠴᠢᠯᠡᠭᠡ ᠬᠠᠩᠭᠠᠵᠤ᠂ ᠡᠴᠦᠰ ᠲᠡᠭᠡᠨ ᠣᠯᠤᠭᠰᠠᠨ ᠪᠣᠬᠢᠷᠲᠤᠯ ᠢ ᠵᠠᠰᠠᠭᠰᠠᠨ ᠦᠷ᠎ᠡ ᠪᠦᠲᠦᠮᠵᠢ ᠪᠤᠶᠤ ᠠᠰᠢᠭ ᠣᠯᠵᠠᠪᠤᠷᠢ ᠪᠠᠨ ᠦᠵᠡᠵᠦ ᠪᠠᠶᠢᠭᠠᠳ ᠵᠠᠷᠤᠳᠠᠯ ᠬᠤᠷᠢᠶᠠᠨ᠎ᠠ᠂ ᠡᠨᠡ ᠪᠣᠯ ᠣᠷᠴᠢᠨ ᠲᠣᠭᠤᠷᠢᠨ ᠤ ᠪᠣᠬᠢᠷᠲᠤᠯ ᠢ ᠵᠠᠰᠠᠬᠤ ᠨᠢᠭᠡ ᠵᠦᠶᠯ ᠤᠨ ᠰᠢᠨ᠎ᠡ ᠪᠠᠷ ᠮᠠᠨᠳᠤᠭᠰᠠᠨ ᠬᠤᠳᠠᠯᠳᠤᠭᠠᠨ ᠤ ᠵᠠᠭᠪᠤᠷ ᠪᠣᠯᠤᠨ᠎ᠠ᠃      ⒊ ᠡᠮᠴᠢᠯᠡᠭᠡᠨ ᠤ ᠳᠠᠭᠠᠳᠬᠠᠯ ᠤᠨ DIP ᠵᠠᠷᠤᠳᠠᠯ ᠲᠤᠰᠢᠶᠠᠬᠤ᠄ ᠵᠣᠬᠢᠬᠤ ᠣᠷᠣᠨ ᠲᠣᠭᠤᠷᠢᠭ ᠳᠣᠲᠣᠷ᠎ᠠ᠂ ᠡᠮᠴᠢᠯᠡᠭᠡᠨ ᠤ ᠲᠥᠷᠥᠯ ᠵᠦᠢᠯ᠂ ᠡᠪᠡᠳᠴᠢᠨ ᠤ ᠲᠥᠷᠥᠯ᠂ ᠡᠳᠦᠷ ᠤᠨ ᠡᠪᠡᠳᠴᠢᠲᠡᠨ ᠤ ᠣᠷᠣ ᠶᠢᠨ ᠲᠤᠭ᠎ᠠ ᠵᠡᠷᠭᠡ ᠶᠢ ᠲᠣᠭᠲᠠᠭᠰᠠᠨ ᠴᠡᠭ ᠤᠨ ᠲᠤᠭ᠎ᠠ ᠪᠣᠯᠭᠠᠨ ᠬᠤᠪᠢᠷᠠᠭᠤᠯᠵᠤ᠂ ᠲᠤᠰ ᠣᠷᠣᠨ ᠲᠣᠭᠤᠷᠢᠭ ᠤᠨ ᠪᠣᠢ ᠪᠦᠬᠦᠢ ᠡᠮᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡᠨ ᠤ ᠦᠢᠯᠡᠴᠢᠯᠡᠭᠡ ᠬᠠᠩᠭᠠᠬᠤ ᠶᠡᠷᠦᠩᠬᠡᠢ ᠴᠡᠭ ᠤᠨ ᠲᠤᠭ᠎ᠠ ᠳᠤ ᠦᠨᠳᠦᠰᠦᠯᠡᠨ᠂ ᠳᠠᠬᠢᠭᠠᠳ ᠲᠤᠬᠠᠢ ᠶᠢᠨ ᠭᠠᠵᠠᠷ ᠤᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦᠨ ᠤ ᠵᠠᠷᠤᠯᠭ᠎ᠠ ᠶᠢᠨ ᠵᠣᠭᠤᠰᠤᠨ ᠲᠤᠭ᠎ᠠ ᠶᠢ ᠪᠣᠳᠣᠵᠤ᠂ ᠴᠡᠭ ᠤᠨ ᠲᠤᠭ᠎ᠠ ᠨᠢᠭᠡᠪᠦᠷᠢ ᠶᠢᠨ ᠲᠥᠯᠥᠭᠡᠯᠡᠭᠰᠡᠨ ᠥᠷᠲᠡᠭ ᠢ ᠲᠣᠭᠠᠴᠠᠵᠤ ᠭᠠᠷᠭᠠᠭᠰᠠᠨ ᠤ ᠳᠠᠷᠠᠭ᠎ᠠ᠂ ᠡᠮᠴᠢᠯᠡᠭᠡᠨ ᠤ ᠪᠠᠶᠢᠭᠤᠯᠤᠮᠵᠢ ᠨᠢᠭᠡᠪᠦᠷᠢ ᠶᠢᠨ ᠡᠴᠦᠰ ᠤᠨ ᠪᠣᠳᠠᠲᠠᠢ ᠣᠯᠣᠭᠰᠠᠨ ᠵᠣᠭᠤᠰᠤᠨ ᠲᠤᠭ᠎ᠠ ᠶᠢ ᠪᠣᠳᠣᠵᠤ ᠭᠠᠷᠭᠠᠨ᠎ᠠ᠃      ⒋︽ᠲᠠᠪᠤ ᠶᠢ ᠲᠤᠶᠢᠯᠪᠤᠷᠢᠲᠠᠢ ᠪᠠᠶᠢᠴᠠᠭᠠᠬᠤ︾᠄ ᠥᠪᠡᠷᠲᠡᠭᠡᠨ ᠵᠠᠰᠠᠬᠤ ᠣᠷᠣᠨ ᠠᠴᠠ ᠪᠠᠶᠢᠷᠢᠯᠠᠭᠤᠯᠵᠤ ᠥᠷᠨᠢᠭᠦᠯᠦᠭᠰᠡᠨ ᠵᠥᠪᠰᠢᠶᠡᠷᠡᠭᠦᠯᠬᠦ ᠪᠠᠷ ᠪᠠᠶᠢᠭ᠎ᠠ ᠲᠥᠷᠥᠯ ᠵᠦᠢᠯ᠂ ᠰᠤᠯᠠ ᠲᠠᠯᠪᠢᠵᠤ ᠪᠠᠶᠢᠭ᠎ᠠ ᠭᠠᠵᠠᠷ ᠰᠢᠷᠣᠢ᠂ ᠲᠤᠨᠤᠮᠠᠯ ᠪᠡᠯᠡ ᠮᠥᠩᠭᠦ᠂ ︽ᠬᠠᠭᠠᠰ ᠳᠤᠲᠠᠭᠤ ᠣᠷᠬᠢᠭᠰᠠᠨ︾ ᠪᠠᠷᠢᠯᠭ᠎ᠠ᠂ ᠨᠡᠭᠡᠭᠡᠯᠲᠡ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠵᠡᠷᠭᠡ ᠲᠠᠪᠤᠨ ᠲᠠᠯ᠎ᠠ ᠶᠢ ᠲᠤᠶᠢᠯᠪᠤᠷᠢᠲᠠᠢ ᠪᠠᠶᠢᠴᠠᠭᠠᠬᠤ ᠠᠵᠢᠯᠯᠠᠭ᠎ᠠ ᠶᠢ ᠵᠢᠭᠠᠵᠤ ᠪᠠᠶᠢᠨ᠎ᠠ᠂ ᠠᠵᠦ ᠠᠬᠤᠢ ᠶᠢᠨ ᠬᠦᠷᠢᠶ᠎ᠡ ᠬᠡᠪᠴᠢᠶᠡᠨ ᠳᠤ ᠤᠷᠲᠤ ᠬᠤᠭᠤᠴᠠᠭ᠎ᠠ ᠪᠠᠷ ᠣᠷᠣᠰᠢᠵᠤ ᠪᠠᠶᠢᠭ᠎ᠠ ᠴᠢᠨᠠᠷ ᠮᠠᠭᠤ ᠦᠷ᠎ᠡ ᠠᠰᠢᠭ ᠳᠣᠣᠷ᠎ᠠ᠂ ᠰᠤᠯᠠ ᠲᠠᠯᠪᠢᠵᠤ ᠪᠦᠷᠢᠯᠭᠡᠭᠰᠡᠨ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ ᠶᠤᠮ᠃      ⒌ ︽ᠲᠠᠪᠤᠨ ᠶᠡᠭᠡ ᠡᠭᠦᠷᠭᠡ︾᠄ ᠶᠡᠷᠦᠩᠬᠡᠶ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶ᠎ᠠ ᠠᠴᠠ ᠥᠪᠥᠷ ᠮᠣᠩᠭᠤᠯ ᠳᠤ ᠲᠣᠭᠲᠠᠭᠠᠭᠰᠠᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠪᠣᠯᠤᠨ᠎ᠠ᠂ ᠲᠤᠬᠠᠶᠢᠯᠠᠪᠠᠯ ᠥᠪᠥᠷ ᠮᠣᠩᠭᠤᠯ ᠢ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ  ᠶᠢᠨ ᠠᠮᠤᠷ ᠲᠦᠪᠰᠢᠨ ᠤ ᠬᠠᠯᠬᠠᠪᠴᠢ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠣᠭᠲᠠᠭᠤᠨ ᠤ ᠬᠠᠯᠬᠠᠪᠴᠢ ᠪᠣᠯᠭᠠᠨ ᠪᠥᠲᠥᠭᠡᠨ ᠪᠠᠶᠢᠭᠤᠯᠵᠤ᠂ ᠤᠯᠤᠰ  ᠤᠨ ᠴᠢᠬᠤᠯᠠ ᠡᠨᠧᠷᠭᠢ ᠪᠣᠯᠤᠨ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ  ᠤ ᠦᠶᠯᠡᠳᠪᠦᠷᠢᠯᠡᠯ ᠤᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠵᠤ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠴᠣᠭᠴᠠᠯᠠᠨ᠎ᠠ᠃      ⒍︽ᠭᠤᠷᠪᠠᠨ ᠳᠥᠷᠪᠡ︾᠄ ᠬᠤᠲᠠ ᠶᠢᠨ ᠨᠠᠮ ᠤᠨ ᠬᠤᠷᠢᠶ᠎ᠠ ᠠᠴᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠬᠡᠷᠬᠢᠨ ᠪᠦᠬᠦ ᠲᠠᠯ᠎ᠠ ᠪᠠᠷ ᠲᠣᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠢ ᠳᠤᠷᠠᠳᠤᠭᠰᠠᠨ ᠪᠣᠳᠠᠲᠠᠢ ᠠᠷᠭ᠎ᠠ ᠬᠡᠮᠵᠢᠶ᠎ᠡ ᠪᠣᠯᠣᠨ᠎ᠠ᠂ ᠳᠠᠷᠤᠢ ᠳᠡᠯᠡᠬᠡᠢ ᠶᠢᠨ ᠲᠡᠰ ᠤᠨ ᠡᠨᠧᠷᠭᠢ ᠶᠢᠨ ᠠᠵᠦ ᠦᠢᠯᠡᠰ᠂ ᠳᠡᠯᠡᠬᠡᠢ ᠶᠢᠨ ᠲᠡᠰ ᠤᠨ ᠣᠳᠣ ᠦᠶ᠎ᠡ ᠶᠢᠨ ᠨᠡᠭᠦᠷᠡᠰᠦ ᠬᠢᠮᠢ ᠶᠢᠨ ᠠᠵᠦ ᠦᠢᠯᠡᠳᠪᠦᠷᠢ ᠶᠢᠨ ᠠᠵᠦ ᠦᠢᠯᠡᠰ᠂ ᠳᠡᠯᠡᠬᠡᠢ ᠶᠢᠨ ᠲᠠᠰ ᠤᠨ ᠰᠢᠨ᠎ᠡ ᠡᠨᠧᠷᠭᠢ ᠶᠢᠨ ᠠᠵᠦ ᠦᠢᠯᠡᠰ᠂ ᠳᠡᠯᠡᠬᠡᠢ ᠶᠢᠨ ᠲᠡᠰ ᠤᠨ ᠢᠮᠠᠭᠠᠨ ᠨᠤᠤᠯᠤᠭᠤᠷ ᠤᠨ ᠠᠵᠦ ᠦᠢᠯᠡᠰ ᠵᠡᠷᠭᠡ ︽ᠳᠥᠷᠪᠡᠨ ᠳᠡᠯᠡᠬᠡᠢ ᠶᠢᠨ ᠲᠡᠰ ᠤᠨ ᠠᠵᠦ ᠦᠢᠯᠡᠰ︾ ᠢ ᠴᠣᠭᠴᠠᠯᠠᠵᠤ᠂ ᠠᠮᠢ ᠠᠬᠤᠢ ᠶᠢᠨ ᠵᠠᠰᠠᠯᠲᠠ ᠶᠢᠨ ᠬᠡᠪ ᠳᠠᠭᠤᠷᠢᠶᠠᠯ᠂ ᠪᠣᠯᠪᠠᠰᠤᠨ ᠬᠤᠲᠠ ᠶᠢᠨ ᠬᠡᠪ ᠳᠠᠭᠤᠷᠢᠶᠠᠯ᠂ ᠬᠠᠮᠲᠤ ᠪᠠᠷ ᠴᠢᠨᠡᠭᠡᠯᠢᠭᠵᠢᠬᠦ ᠶᠢᠨ ᠬᠡᠪ ᠳᠠᠭᠤᠷᠢᠶᠠᠯ᠂ ᠬᠤᠲᠠ ᠶᠢᠨ ᠬᠡᠪᠴᠢᠶᠡᠨ ᠤ ᠵᠠᠰᠠᠯᠲᠠ ᠶᠢᠨ ᠬᠡᠪ ᠳᠠᠭᠤᠷᠢᠶᠠᠯ ᠵᠡᠷᠭᠡ ︽ᠤᠯᠤᠰ ᠤᠨ ᠳᠥᠷᠪᠡᠨ ᠬᠡᠪ ᠳᠠᠭᠤᠷᠢᠶᠠᠯ︾ ᠢ ᠪᠦᠲᠦᠭᠡᠨ ᠪᠠᠶᠢᠭᠤᠯᠤᠨ᠂ ᠪᠦᠬᠦ ᠤᠯᠤᠰ ᠤᠨ ᠰᠢᠨ᠎ᠡ ᠶᠢ ᠡᠭᠦᠳᠬᠦ ᠠᠮᠢ ᠠᠬᠤᠢ ᠶᠢᠨ ᠲᠡᠷᠢᠭᠦᠨ᠂ ᠪᠦᠬᠦ ᠤᠯᠤᠰ ᠤᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠤᠨ ᠲᠡᠷᠢᠭᠦᠨ᠂ ᠪᠦᠬᠦ ᠤᠯᠤᠰ ᠤᠨ ᠲᠡᠷᠢᠭᠦᠨ ᠤ ᠬᠤᠲᠠ ᠶᠢᠨ ᠳᠦᠷᠢ ᠲᠥᠷᠬᠦ᠂ ᠪᠦᠬᠦ ᠤᠯᠤᠰ ᠤᠨ ᠲᠡᠷᠢᠭᠦᠨ ᠤ ᠺᠠᠳ᠋ᠷ ᠤᠨ ᠡᠩᠨᠡᠭᠡ ᠵᠡᠷᠭᠡ ᠪᠦᠬᠦ ᠤᠯᠤᠰ ᠤᠨ ᠳᠥᠷᠪᠡᠨ ᠲᠡᠷᠢᠭᠦᠨ ᠢ ᠡᠭᠦᠳᠬᠦ ᠶᠢ ᠵᠢᠭᠠᠵᠤ ᠪᠣᠢ᠃      ⒎ ︽ᠨᠠᠢᠮᠠᠨ ᠵᠢᠱᠢᠶ᠎ᠡ ᠦᠵᠡᠭᠦᠯᠬᠦ︾᠄ ᠬᠤᠰᠢᠭᠤ ᠨᠠᠮ ᠤᠨ ᠬᠤᠷᠢᠶ᠎ᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠨᠠᠢᠮᠠᠳᠤᠭᠠᠷ ᠪᠦᠭᠦᠳᠡ ︵ᠥᠷᠭᠡᠳᠬᠡᠭᠰᠡᠨ︶ ᠬᠤᠷᠠᠯ ᠵᠢᠴᠢ ᠪᠦᠬᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯ ᠳᠡᠭᠡᠷ᠎ᠡ ᠲᠣᠭᠲᠠᠭᠠᠭᠰᠠᠨ ᠬᠠᠷᠠᠯᠲᠠ ᠡᠭᠦᠷᠭᠡ ᠪᠣᠯᠣᠨ᠎ᠠ᠂ ᠳᠠᠷᠤᠢ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠰᠠᠭᠤᠷᠢᠨ ᠭᠠᠵᠠᠷ᠂ 1436 ᠢᠮᠠᠭᠠᠨ ᠨᠣᠣᠯᠤᠭᠤᠷ ᠤᠨ ᠦᠢᠯᠡᠳᠪᠦᠷᠢᠯᠡᠯ ᠤᠨ ᠰᠠᠭᠤᠷᠢᠨ ᠭᠠᠵᠠᠷ᠂ ᠡᠨᠧᠷᠬᠢ ᠶᠢᠨ ᠪᠣᠬᠢᠷᠲᠤᠯ ᠦᠭᠡᠢ ᠦᠢᠯᠡᠳᠪᠦᠷᠢᠯᠡᠯ ᠬᠡᠷᠡᠭᠯᠡᠭᠡᠨ ᠤ ᠰᠠᠭᠤᠷᠢᠨ ᠭᠠᠵᠠᠷ᠂ ᠰᠢᠨ᠎ᠡ ᠡᠨᠧᠷᠬᠢ ᠦᠢᠯᠡᠳᠬᠦ ᠨᠥᠬᠡᠴᠡᠯᠡᠬᠦ ᠠᠰᠢᠭᠯᠠᠬᠤ ᠶᠢ ᠨᠢᠭᠡ ᠴᠣᠭᠴᠠᠵᠢᠭᠤᠯᠤᠭᠰᠠᠨ ᠰᠠᠭᠤᠷᠢᠨ ᠭᠠᠵᠠᠷ ᠢ ᠪᠠᠭᠲᠠᠭᠠᠭᠰᠠᠨ ︽ᠳᠥᠷᠪᠡᠨ ᠰᠠᠭᠤᠷᠢᠨ ᠭᠠᠵᠠᠷ︾ ᠢ ᠪᠠᠶᠢᠭᠤᠯᠤᠨ᠎ᠠ︔ ᠠᠮᠢ ᠠᠬᠤᠢ ᠣᠷᠴᠢᠨ ᠲᠣᠭᠤᠷᠢᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠰᠢᠭᠤ᠂ ᠪᠦᠬᠦ ᠣᠷᠣᠨ ᠲᠣᠭᠤᠷᠢᠭ ᠤᠨ ᠪᠣᠯᠪᠠᠰᠤᠨ ᠢ ᠡᠭᠦᠳᠦᠨ ᠪᠠᠶᠢᠭᠤᠯᠤᠭᠰᠠᠨ ᠵᠢᠱᠢᠶ᠎ᠡ ᠦᠵᠡᠭᠦᠯᠬᠦ ᠬᠤᠰᠢᠭᠤ᠂ ᠮᠠᠯᠵᠢᠬᠤ ᠣᠷᠣᠨ ᠢ ᠬᠥᠭᠵᠢᠭᠦᠯᠦᠭᠰᠡᠨ ᠵᠢᠱᠢᠶ᠎ᠡ ᠦᠵᠡᠭᠦᠯᠬᠦ ᠬᠤᠰᠢᠭᠤ᠂ ᠬᠤᠰᠢᠭᠤ ᠰᠢᠶᠡᠨ ᠤ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠴᠢᠮᠡᠭᠡ ᠬᠤᠯᠪᠣᠭ᠎ᠠ ᠰᠦᠯᠵᠢᠶ᠎ᠡ ᠶᠢᠨ ᠮᠡᠬᠡᠯᠡᠯ ᠦᠭᠡᠢ ᠵᠢᠱᠢᠶ᠎ᠡ ᠦᠵᠡᠭᠦᠯᠬᠦ ᠬᠤᠰᠢᠭᠤ ᠶᠢ ᠪᠠᠭᠲᠠᠭᠠᠭᠰᠠᠨ ︽ᠳᠥᠷᠪᠡᠨ ᠵᠢᠱᠢᠶ᠎ᠡ ᠦᠵᠡᠭᠦᠯᠬᠦ ᠬᠤᠰᠢᠭᠤ ︾ ᠶᠢ ᠪᠠᠶᠢᠭᠤᠯᠤᠨ᠎ᠠ᠃      ⒏GW᠄ ᠴᠢᠳᠠᠮᠵᠢ ᠶᠢᠨ ᠨᠢᠭᠡᠴᠢ᠂ 1GW ᠨᠢ ᠨᠢᠭᠡ ᠵᠠᠭᠤᠨ ᠲᠦᠮᠡᠨ ᠺᠢᠯᠣᠸᠠᠲ ᠲᠠᠢ ᠲᠡᠩᠴᠡᠨ᠎ᠡ᠃      ⒐ ︽ᠪᠠᠶᠢᠭᠤᠯᠭ᠎ᠠ + ᠺᠣᠳ᠋︾᠄ ᠣᠶᠣᠨᠴᠢᠯᠠᠭᠰᠠᠨ ᠬᠤᠲᠠ ᠶᠢᠨ ᠬᠠᠮᠢᠶᠠᠷᠤᠯᠲᠠ ᠶᠢᠨ ᠪᠠᠶᠢᠭᠤᠯᠤᠯᠲᠠ ᠶᠢ ᠨᠠᠷᠢᠯᠢᠭᠵᠢᠭᠤᠯᠤᠨ ᠴᠢᠩᠭᠠᠳᠬᠠᠵᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠬᠤᠲᠠ ᠶᠢᠨ ᠬᠠᠮᠢᠶᠠᠷᠤᠯᠲᠠ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠳᠣᠲᠣᠭᠠᠳᠤ ᠶᠢ ᠬᠠᠮᠠᠭᠠᠯᠠᠬᠤ᠂ ᠴᠠᠬᠢᠯᠭᠠᠨ ᠬᠦᠴᠦᠨ᠂ ᠤᠰᠤᠨ ᠤ ᠶᠠᠪᠤᠳᠠᠯ᠂ ᠨᠡᠭᠦᠳᠡᠯ ᠴᠢᠮᠡᠭᠡ ᠬᠤᠯᠪᠣᠭ᠎ᠠ ᠵᠡᠷᠭᠡ ᠪᠠᠶᠢᠭᠤᠯᠭ᠎ᠠ ᠶᠢᠨ ᠣᠯᠠᠨ ᠨᠡᠶᠢᠲᠡ ᠶᠢᠨ ᠲᠥᠬᠦᠭᠡᠷᠦᠮᠵᠢ ᠶᠢᠨ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ ᠴᠤᠭᠯᠠᠭᠤᠯᠬᠤ ᠰᠢᠰᠲ᠋ᠧᠮ ᠢ ᠲᠡᠭᠦᠯᠳᠡᠷᠵᠢᠭᠦᠯᠦᠨ᠂ ᠬᠤᠤᠨᠳᠤᠭ ᠤᠨ ᠬᠠᠪᠬᠠᠭᠠᠰᠤ᠂ ᠵᠠᠮ ᠤᠨ ᠳ᠋ᠸᠡᠭ ᠤᠨ ᠪᠠᠭᠠᠨ᠎ᠠ᠂ ᠰᠢᠤᠳᠡᠨ ᠤ ᠬᠠᠶᠢᠷᠴᠠᠭ᠂ ᠨᠡᠶᠢᠲᠡ ᠶᠢᠨ ᠮᠠᠰᠢᠨ ᠲᠡᠷᠭᠡᠨ ᠤ ᠥᠷᠲᠡᠭᠡ ᠶᠢᠨ ᠫᠠᠶᠢᠰᠠ ᠵᠡᠷᠭᠡ ᠳᠤ ᠺᠣᠳ᠋ ᠬᠠᠳᠠᠬᠤ ᠶᠢ ᠵᠢᠭᠠᠵᠤ ᠪᠤᠢ᠃ ᠵᠢᠱᠢᠶᠡᠯᠡᠪᠡᠯ ᠬᠤᠤᠨᠳᠤᠭ ᠤᠨ ᠬᠠᠪᠬᠠᠭᠠᠰᠤ ᠶᠢ ᠭᠡᠭᠡᠬᠦ᠂ ᠵᠠᠮ ᠤᠨ ᠳ᠋ᠸᠡᠭ ᠤᠨ ᠪᠠᠭᠠᠨ᠎ᠠ ᠤᠨᠠᠬᠤ ᠵᠡᠷᠬᠡ ᠦᠵᠡᠭᠳᠡᠯ ᠭᠠᠷᠬᠤ ᠪᠤᠶᠤ ᠳᠡᠷᠭᠡᠳᠡ ᠨᠢ ᠭᠡᠨᠡᠳᠳᠡ ᠶᠢᠨ ᠬᠡᠷᠡᠭ ᠡᠭᠦᠰᠦᠭᠰᠡᠨ ᠪᠣᠯ᠂ ᠬᠤᠲᠠ ᠶᠢᠨ ᠠᠷᠠᠳ ᠤᠲᠠᠰᠤ ᠪᠠᠷ ᠺᠤᠳ᠋ ᠪᠠᠨ ᠶᠠᠷᠢᠪᠠᠯ ᠬᠤᠯᠪᠣᠭᠳᠠᠯ ᠪᠦᠬᠦᠢ ᠪᠠᠶᠢᠭᠤᠯᠭ᠎ᠠ ᠠᠴᠠ ᠳᠠᠷᠤᠶᠢᠬᠠᠨ ᠣᠴᠢᠵᠤ ᠰᠢᠢᠳᠪᠦᠷᠢᠯᠡᠨ᠎ᠡ᠃      ⒑ ︽ᠬᠤᠲᠠ ᠶᠢᠨ ᠶᠡᠭᠡ ᠲᠠᠷᠢᠬᠢ︾᠄ ᠢᠷᠡᠭᠡᠳᠣᠢ ᠳᠠᠬᠢ ᠬᠤᠲᠠ ᠶᠢᠨ ᠦᠷᠭᠦᠯᠵᠢᠯᠡᠭᠰᠡᠨ ᠬᠥᠭᠵᠢᠯᠲᠡ ᠳᠤ ᠲᠤᠯᠭᠠᠭᠤᠷᠢᠯᠠᠬᠤ ᠰᠢᠨ᠎ᠡ ᠰᠠᠭᠤᠷᠢ ᠲᠥᠬᠦᠭᠡᠷᠦᠮᠵᠢ ᠶᠢ ᠵᠢᠭᠠᠵᠤ ᠪᠠᠶᠢᠨ᠎ᠠ᠂ ᠲᠡᠭᠦᠨ ᠤ ᠭᠤᠤᠯ ᠴᠦᠮ᠎ᠡ ᠨᠢ ᠬᠤᠲᠠ ᠶᠢᠨ ᠪᠦᠬᠦ ᠲᠤᠭ᠎ᠠ ᠪᠠᠷᠢᠮᠲᠠ ᠪᠠᠷ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠢ ᠰᠢᠯᠢᠳᠡᠭᠴᠢᠯᠡᠬᠦ ᠳᠤ ᠪᠤᠢ᠂ ᠳᠠᠷᠤᠢ ᠬᠤᠲᠠ ᠶᠢᠨ ᠡᠷᠭᠢᠯᠲᠡ ᠶᠢᠨ ᠳᠤᠲᠠᠭᠳᠠᠯ ᠢ ᠨᠥᠬᠦᠪᠦᠷᠢᠯᠡᠬᠦ᠂ ᠬᠤᠲᠠ ᠶᠢᠨ ᠵᠠᠰᠠᠯᠲᠠ ᠶᠢᠨ ᠵᠠᠬᠪᠦᠷ ᠢ ᠰᠢᠨᠡᠴᠢᠯᠡᠬᠦ᠂ ᠬᠤᠲᠠ ᠶᠢᠨ ᠦᠢᠯᠡᠴᠢᠯᠡᠭᠡᠨ ᠤ ᠵᠠᠭᠪᠤᠷ ᠢ ᠰᠢᠨᠡᠴᠢᠯᠡᠬᠦ᠂ ᠬᠤᠲᠠ ᠶᠢᠨ ᠠᠵᠤ ᠦᠢᠯᠡᠰ ᠤᠨ ᠬᠥᠭᠵᠢᠯᠲᠡ ᠳᠤ ᠰᠢᠨ᠎ᠡ ᠰᠢᠪᠲᠤᠯᠤᠯᠲᠠ ᠭᠠᠷᠭᠠᠬᠤ ᠶᠢ ᠪᠡᠶᠡᠯᠡᠭᠦᠯᠦᠨ᠎ᠡ᠃      ⒒ ︽ᠨᠢᠭᠡ ᠭᠤᠣᠯ᠂ ᠨᠢᠭᠡ ᠭᠤᠣᠯᠳᠠᠯᠭ᠎ᠠ᠂ ᠳᠥᠷᠪᠡᠨ ᠵᠢᠵᠢᠭ︾᠄ ︽ᠨᠢᠭᠡ ᠭᠤᠤᠯ︾ ᠭᠡᠳᠡᠭ ᠨᠢ ᠤᠯᠠᠭᠠᠨᠪᠠᠯᠭᠠᠰᠣ ᠪᠠᠷ ᠭᠤᠣᠯ ᠪᠣᠯᠭᠠᠬᠤ ᠶᠢ ᠵᠢᠭᠠᠵᠤ ᠪᠤᠢ︔ ︽ᠨᠢᠭᠡ ᠭᠤᠣᠯᠳᠠᠯᠭ᠎ᠠ︾ ᠭᠡᠳᠡᠭ ᠨᠢ ᠴᠢ ᠫᠠᠨ ᠵᠢᠩ ᠢ ᠬᠤᠲᠠ ᠪᠣᠯᠣᠨ ᠠᠵᠤ ᠦᠢᠯᠡᠰ ᠢ ᠤᠶᠠᠯᠳᠤᠭᠤᠯᠤᠭᠰᠠᠨ ᠴᠢᠬᠤᠯᠠ ᠪᠠᠯᠭᠠᠰᠤ ᠪᠤᠯᠭᠠᠬᠤ ᠶᠢ ᠵᠢᠭᠠᠵᠤ ᠪᠤᠢ︔ ︽ᠳᠥᠷᠪᠡᠨ ᠵᠢᠵᠢᠭ︾ ᠭᠡᠳᠡᠭ ᠨᠢ ᠮᠸᠡᠭ ᠰᠢ ᠶᠢ ᠬᠠᠲᠤᠨ ᠭᠤᠤᠯ ᠤᠨ ᠬᠥᠪᠡᠭᠡ ᠳᠠᠭᠠᠤ ᠳᠠᠬᠢ ᠠᠮᠢ ᠠᠬᠤᠢ ᠶᠢᠨ ᠵᠢᠵᠢᠭ ᠪᠠᠯᠭᠠᠰᠤ᠂ ᠥᠮᠡᠬᠡᠶᠢᠨᠠᠭᠤᠷ ᠢ ᠬᠤᠪᠢᠰᠬᠠᠯᠲᠤ ᠵᠢᠭᠤᠯᠴᠢᠯᠠᠯ ᠤᠨ ᠵᠢᠵᠢᠭ ᠪᠠᠯᠭᠠᠰᠤ᠂ ᠠᠷᠪᠠᠰ ᠪᠠ ᠰᠦᠮᠡᠲᠦ ᠶᠢ ᠬᠤᠶᠠᠷ ᠰᠣᠳᠣᠨ ᠮᠠᠯᠵᠢᠯ ᠤᠨ ᠵᠢᠵᠢᠭ ᠰᠤᠮᠤ ᠪᠣᠯᠭᠠᠬᠤ ᠶᠢ ᠵᠢᠭᠠᠵᠤ ᠪᠤᠢ᠃      ⒓ ︽ᠨᠡᠷ᠎ᠡ ᠵᠡᠭᠦᠬᠦ ᠠᠩᠭᠢ︾᠄ ᠠᠵᠢᠯ ᠮᠡᠷᠭᠡᠵᠢᠯ ᠤᠨ ᠰᠤᠷᠭᠠᠭᠤᠯᠢ ᠨᠢ ᠬᠤᠷᠰᠢᠵᠤ ᠪᠠᠶᠢᠭ᠎ᠠ ᠠᠵᠤ ᠠᠬᠤᠶᠢᠯᠠᠯ ᠲᠠᠢ ᠬᠡᠯᠡᠯᠴᠡᠭᠡᠷ ᠲᠣᠭᠲᠠᠵᠤ᠂ ᠠᠩᠭᠢ ᠶᠢᠨ ᠨᠡᠷ᠎ᠡ ᠶᠢ ᠠᠵᠤ ᠠᠬᠤᠶᠢᠯᠠᠯ ᠤᠨ ᠨᠡᠷ᠎ᠡ ᠪᠠᠷ ᠨᠡᠷᠡᠶᠢᠳᠦᠨ᠂ ᠰᠤᠷᠭᠠᠭᠤᠯᠢ ᠪᠣᠯᠣᠨ ᠠᠵᠤ ᠠᠬᠤᠶᠢᠯᠠᠯ ᠬᠠᠮᠲᠤᠷᠠᠨ ᠰᠤᠷᠤᠭᠴᠢ ᠬᠥᠮᠥᠵᠢᠭᠦᠯᠵᠦ᠂ ᠲᠡᠭᠦᠰᠦᠭᠰᠡᠨ ᠰᠤᠷᠤᠭᠴᠢ ᠠᠵᠤ ᠠᠬᠤᠶᠢᠯᠠᠯ ᠤᠨ ᠱᠠᠭᠠᠷᠳᠠᠯᠭ᠎ᠠ ᠲᠠᠢ ᠨᠡᠶᠢᠴᠡᠪᠡᠯ ᠰᠢᠭᠤᠳ ᠠᠵᠤ ᠠᠬᠤᠶᠢᠯᠠᠯ ᠳᠤ ᠣᠴᠢᠵᠤ ᠠᠵᠢᠯᠯᠠᠬᠤ ᠶᠢ ᠵᠢᠭᠠᠵᠤ ᠪᠤᠢ᠃      ⒔ ︽ᠨᠠᠰᠤᠲᠠᠶᠢᠴᠤᠳ ᠤᠨ ᠠᠵᠤ ᠦᠢᠯᠡᠰ︾᠄ ᠨᠠᠰᠤᠲᠠᠶᠢᠴᠤᠳ ᠢᠶᠠᠷ ᠭᠤᠤᠯ ᠬᠡᠷᠡᠭᠯᠡᠭᠴᠢᠳ ᠢᠶᠠᠨ ᠪᠣᠯᠭᠠᠵᠤ᠂ ᠨᠠᠰᠤᠲᠠᠶᠢᠴᠤᠳ ᠤᠨ ᠦᠨᠳᠦᠰᠦᠨ ᠴᠢᠬᠤᠯᠠ ᠬᠡᠷᠡᠭᠴᠡᠭᠡ ᠳᠤ ᠦᠨᠳᠦᠰᠦᠯᠡᠭᠰᠡᠨ ᠠᠵᠤ ᠦᠢᠯᠡᠰ ᠢ ᠵᠢᠭᠠᠵᠤ ᠪᠤᠢ᠃      ⒕︽ᠭᠤᠷᠪᠠᠨ ᠣᠯᠠᠨ᠂ ᠭᠤᠷᠪᠠᠨ ᠴᠥᠭᠡᠨ᠂ ᠭᠤᠷᠪᠠᠨ ᠤᠳᠠᠭᠠᠨ︾᠄ ︽ᠭᠤᠷᠪᠠᠨ ᠣᠯᠠᠨ︾ ᠭᠡᠳᠡᠭ ᠨᠢ ᠬᠤᠷᠠᠯ ᠤᠯᠠᠨ᠂ ᠠᠵᠢᠯᠯᠠᠭ᠎ᠠ ᠣᠯᠠᠨ᠂ ᠭᠠᠳᠠᠭᠰᠢ ᠭᠠᠷᠬᠤ ᠨᠢ ᠣᠯᠠᠨ ᠢ ᠵᠢᠭᠠᠵᠤ ᠪᠤᠢ︔ ︽ᠭᠤᠷᠪᠠᠨ ᠴᠥᠭᠡᠨ︾ ᠭᠡᠳᠡᠭ ᠨᠢ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠴᠥᠭᠡᠨ᠂ ᠠᠵᠢᠯ ᠤᠨ ᠰᠡᠳᠬᠢᠴᠡ ᠴᠥᠭᠡᠨ᠂ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠨᠢ ᠴᠥᠭᠡᠨ ᠪᠠᠶᠢᠬᠤ ᠶᠢ ᠵᠢᠭᠠᠵᠤ ᠪᠤᠢ︔ ︽ᠭᠤᠷᠪᠠᠨ ᠤᠳᠠᠭᠠᠨ︾ ᠭᠡᠳᠡᠭ ᠨᠢ ᠰᠢᠢᠳᠪᠦᠷᠢᠲᠦ ᠪᠣᠳᠣᠯᠭ᠎ᠠ ᠲᠣᠭᠲᠠᠭᠠᠬᠤ ᠨᠢ ᠤᠳᠠᠭᠠᠨ᠂ ᠠᠵᠢᠯᠯᠠᠭ᠎ᠠ ᠠᠪᠬᠤ ᠨᠢ ᠤᠳᠠᠭᠠᠨ᠂ ᠦᠷ᠎ᠡ ᠳ᠋ᠦᠩ ᠭᠠᠷᠬᠤ ᠨᠢ ᠤᠳᠠᠭᠠᠨ ᠪᠠᠶᠢᠬᠤ ᠶᠢ ᠵᠢᠭᠠᠵᠤ ᠪᠤᠢ᠃ 
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ