ᠭᠤᠤ ᠬᠤᠸᠠᠢ ᠵᠢᠩ ᠤᠯᠠᠭᠠᠨᠪᠠᠯᠭᠠᠰᠤ ᠪᠣᠯᠤᠨ ᠠᠷᠪᠠᠰ ᠰᠤᠮᠤᠨ ᠳᠤ ᠭᠦᠨᠵᠡᠭᠡᠶᠢᠷᠡᠨ ᠲᠠᠷᠢᠶᠠᠯᠠᠩ ᠮᠠᠯ ᠠᠵᠤ ᠠᠬᠤᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/10/10
      10 ᠰᠠᠷ᠎ᠠ ᠶᠢᠨ 9 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠭᠤᠤ ᠬᠤᠸᠠᠢ ᠵᠢᠩ ᠤᠯᠠᠭᠠᠨᠪᠠᠯᠭᠠᠰᠤ ᠪᠣᠯᠤᠨ ᠠᠷᠪᠠᠰ ᠰᠤᠮᠤᠨ ᠳᠤ ᠭᠦᠨᠵᠡᠭᠡᠶᠢᠷᠡᠨ ᠲᠠᠷᠢᠶᠠᠯᠠᠩ ᠮᠠᠯ ᠠᠵᠤ ᠠᠬᠤᠶ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ ᠯᠢᠦ ᠷᠦᠢ᠂ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠨᠠᠰᠤᠨᠳᠡᠯᠭᠡᠷ ᠬᠠᠮᠲᠤ ᠪᠠᠶᠢᠴᠠᠭᠠᠨ ᠰᠤᠳᠤᠯᠤᠯᠲᠠ ᠬᠢᠪᠡ᠃
1.jpg
      ᠬᠤᠸᠠ ᠰᠢᠶᠠᠩ ᠲᠠᠷᠢᠶᠠᠯᠠᠩ ᠤᠢ ᠰᠢᠭᠤᠢ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠺᠣᠮᠫᠠᠨᠢ ᠳᠤ ᠬᠦᠷᠦᠭᠡᠳ ᠭᠤᠤ ᠬᠤᠸᠠᠢ ᠵᠢᠩ ᠠᠷᠪᠠᠰ ᠤᠨ ᠴᠠᠭᠠᠨ ᠢᠮᠠᠭ᠎ᠠ ᠲᠡᠵᠢᠭᠡᠨ ᠦᠷᠡᠵᠢᠭᠦᠯᠬᠦ ᠲᠦᠷᠦᠯ ᠵᠦᠢᠯ ᠪᠣᠯᠤᠨ ᠡᠪᠡᠰᠦ ᠪᠣᠷᠳᠤᠭ᠎ᠠ ᠶᠢᠨ ᠰᠤᠳᠤᠯᠭᠠᠨ ᠤ ᠬᠦᠷᠢᠶᠡᠯᠡᠩ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠠᠵᠤ ᠠᠬᠤᠶᠢᠯᠠᠯ ᠤᠨ ᠬᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠠᠶᠢᠷ᠎ᠠ ᠰᠡᠳᠬᠢᠯᠭᠡ ᠶᠢ ᠪᠤᠢ ᠪᠣᠯᠭᠠᠵᠤ᠂ ᠤᠳᠤ ᠦᠶ᠎ᠡ ᠶᠢᠨ ᠮᠠᠯ ᠠᠵᠤ ᠠᠬᠤᠢ ᠲᠠᠷᠢᠶᠠᠯᠠᠩ ᠢ ᠶᠡᠬᠡᠪᠡᠷ ᠬᠥᠭᠵᠢᠭᠦᠯᠵᠦ᠂ ᠲᠠᠷᠢᠶᠠᠴᠢᠨ ᠠᠵᠤ ᠠᠬᠤᠶᠢᠯᠠᠯ ᠤᠨ ᠠᠰᠢᠭ ᠲᠤᠰᠠ ᠶᠢ ᠬᠤᠯᠪᠣᠬᠤ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠤᠯᠠᠨ ᠲᠦᠮᠡᠨ ᠢ ᠲᠠᠶᠢᠴᠢᠯᠠᠨ ᠤᠶᠢᠷ᠎ᠠ ᠬᠠᠪᠢ ᠳᠠᠭᠠᠨ ᠠᠵᠢᠯ ᠣᠯᠵᠤ᠂ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠬᠡᠷᠡᠭᠲᠡᠢ ᠭᠡᠵᠡᠢ᠃      ᠪᠦᠦ ᠶᠢᠩ ᠲᠠᠷᠢᠶᠠᠯᠠᠩ ᠮᠠᠯ ᠠᠵᠤ ᠠᠬᠤᠢ ᠶᠢᠨ ᠬᠤᠷᠰᠢᠶ᠎ᠠ ᠶᠢᠨ ᠬᠥᠮᠥᠷᠭᠡᠯᠡᠨ ᠬᠠᠳᠠᠭᠠᠯᠠᠬᠤ ᠬᠦᠢᠳᠡᠨ ᠢᠶᠠᠷ ᠬᠠᠳᠠᠭᠠᠯᠠᠬᠤ ᠲᠥᠬᠦᠭᠡᠷᠦᠮᠵᠢ ᠶᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ ᠬᠦᠷᠦᠭᠡᠳ ᠭᠤᠤ ᠬᠤᠸᠠᠢ ᠵᠢᠩ ᠲᠦᠷᠦᠯ ᠵᠦᠢᠯ ᠤᠨ ᠪᠦᠬᠦᠯᠢ ᠴᠣᠭᠴᠠ ᠶᠢᠨ ᠲᠥᠯᠥᠪᠵᠢᠭᠦᠯᠭᠡ᠂ ᠪᠦᠳᠦᠭᠡᠨ ᠪᠠᠶᠢᠭᠤᠯᠤᠯᠲᠠ ᠶᠢᠨ ᠠᠬᠢᠴᠠ ᠵᠡᠷᠭᠡ ᠪᠠᠶᠢᠳᠠᠯ ᠢ ᠰᠣᠨᠣᠰᠴᠠᠢ᠃ ᠲᠡᠷᠡ ᠬᠡᠯᠡᠬᠦ ᠳᠡᠭᠡᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠤᠷᠰᠢᠶ᠎ᠠ ᠶᠢᠨ ᠴᠢᠳᠠᠮᠵᠢ ᠦᠢᠯᠡᠳᠦᠯ ᠢ ᠭᠦᠢᠴᠡᠳ ᠪᠠᠳᠠᠷᠠᠭᠤᠯᠵᠤ᠂ ᠬᠠᠮᠢᠶᠠᠷᠤᠯᠲᠠ ᠪᠠᠨ ᠴᠢᠩᠭᠠᠳᠬᠠᠨ᠂ ᠲᠣᠭᠲᠠᠴᠠ ᠪᠠᠨ ᠲᠡᠭᠦᠯᠳᠡᠷᠵᠢᠭᠦᠯᠵᠦ᠂ ᠠᠵᠢᠯᠯᠠᠭ᠎ᠠ ᠪᠠᠨ ᠵᠢᠷᠤᠮᠵᠢᠭᠤᠯᠤᠨ᠂ ᠲᠤᠬᠠᠶ ᠶᠢᠨ ᠭᠠᠵᠠᠷ ᠤᠨ ᠣᠯᠠᠨ ᠲᠦᠮᠡᠨ ᠢ ᠳᠠᠶᠢᠴᠢᠯᠠᠨ ᠣᠷᠣᠯᠭ᠎ᠠ ᠶᠢ ᠨᠢ ᠦᠷᠭᠦᠯᠵᠢᠯᠡᠨ ᠨᠡᠮᠡᠭᠳᠡᠭᠦᠯᠬᠦ ᠬᠡᠷᠡᠭᠲᠡᠶ ᠭᠡᠵᠡᠶ᠃      ᠤᠯᠠᠭᠠᠨᠪᠠᠯᠭᠠᠰᠤᠨ ᠤ ᠬᠥᠩᠭᠡᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠬᠦᠷᠦᠭᠡᠳ ᠭᠤᠤ ᠬᠤᠸᠠᠢ ᠵᠢᠩ ᠦᠢᠯᠡᠳᠪᠦᠷᠢ ᠶᠢᠨ ᠲᠠᠰᠤᠭ ᠲᠤ ᠬᠦᠷᠴᠦ ᠵᠢᠶᠠ ᠢ ᠮᠠᠯ ᠤᠨ ᠠᠰᠢᠭ ᠰᠢᠮ᠎ᠡ ᠶᠢᠨ ᠬᠢᠵᠠᠭᠠᠷᠲᠤ ᠺᠣᠮᠫᠠᠨᠢ ᠶᠢᠨ ᠨᠣᠤᠰᠣ ᠨᠣᠯᠤᠤᠷ ᠤᠨ ᠦᠢᠯᠡᠳᠪᠦᠷᠢᠯᠡᠯ ᠤᠨ ᠪᠠᠶᠢᠳᠠᠯ ᠢ ᠣᠶᠢᠯᠠᠭᠠᠵᠤ᠂ ᠠᠷᠪᠠᠰ ᠤᠨ ᠢᠮᠠᠭᠠᠨ ᠮᠢᠬᠠᠨ ᠤ ᠪᠡᠯᠡᠨ ᠨᠤᠭᠤᠭ᠎ᠠ ᠬᠢᠬᠦ ᠲᠥᠷᠥᠯ ᠵᠦᠢᠯ᠂ ᠤᠯᠠᠭᠠᠨᠪᠠᠯᠭᠠᠰᠤᠨ ᠤ ᠮᠠᠯ ᠠᠵᠤ ᠠᠬᠤᠶ ᠶᠢᠨ ᠣᠳᠣᠬᠢᠴᠢᠯᠠᠭᠰᠠᠨ ᠮᠠᠰᠢᠨ ᠲᠥᠬᠦᠭᠡᠷᠦᠮᠵᠢ ᠶᠢ ᠰᠤᠳᠤᠯᠤᠨ ᠨᠡᠭᠡᠭᠡᠵᠦ ᠳᠡᠯᠭᠡᠷᠡᠭᠦᠯᠬᠦ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠡᠷᠡ᠂ ︽ᠪᠠᠭ᠎ᠠ ᠮᠥᠷᠲᠡᠭᠡᠨ ᠰᠢᠯᠢᠳᠡᠭ︾ ᠬᠥᠩᠭᠡᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠪᠠᠶᠢᠭᠤᠯᠬᠤ ᠪᠠᠷ ᠬᠠᠷᠠᠯᠲᠠ ᠪᠣᠯᠭᠠᠵᠤ᠂ ᠴᠢᠳᠠᠪᠤᠷᠢᠲᠠᠨ ᠢ ᠬᠥᠮᠦᠵᠢᠭᠦᠯᠬᠦ ᠶᠢ ᠴᠢᠬᠤᠯᠠᠴᠢᠯᠠᠨ᠂ ᠮᠦ ᠪᠦᠷᠢ ᠶᠢᠨ ᠳᠤᠮᠳᠠᠴᠢ ᠦᠷ᠎ᠡ ᠠᠰᠢᠭ ᠢ ᠳᠡᠭᠡᠭᠰᠢᠯᠡᠭᠦᠯᠵᠦ᠂ ᠴᠢᠨᠠᠷ ᠰᠠᠶᠢᠲᠠᠢ ᠬᠥᠭᠵᠢᠯᠲᠡ ᠳᠤ ᠡᠨᠧᠷᠭᠢ ᠣᠯᠭᠤᠬᠤ ᠬᠡᠷᠡᠭᠲᠡᠢ ᠭᠡᠵᠦ ᠬᠡᠯᠡᠪᠡ᠃ ᠪᠠᠷᠢᠯᠭ᠎ᠠ ᠶᠢᠨ ᠶᠠᠰᠤ ᠴᠢᠨᠠᠷ ᠪᠣᠯᠤᠨ ᠪᠠᠷᠢᠯᠭ᠎ᠠ ᠶᠢᠨ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠤ᠂ ᠪᠠᠷᠢᠯᠭ᠎ᠠ ᠶᠢᠨ ᠠᠬᠢᠴᠠ ᠶᠢ ᠲᠦᠷᠭᠡᠳᠬᠡᠵᠦ᠂ ᠡᠷᠲᠡ ᠪᠠᠶᠢᠭᠤᠯᠵᠤ ᠡᠷᠲᠡ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠰᠡᠨ ᠪᠠᠶᠢᠨ᠎ᠠ᠃      ᠭᠤᠤ ᠬᠤᠸᠠᠢ ᠵᠢᠩ ᠴᠢᠬᠤᠯᠠᠴᠢᠯᠠᠬᠤ ᠳᠠᠭᠠᠨ᠂ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰ ᠪᠣᠯ ᠮᠠᠯᠴᠢᠨ ᠲᠠᠷᠢᠶᠠᠴᠢᠨ ᠤ ᠣᠷᠣᠯᠭ᠎ᠠ ᠶᠢᠨ ᠨᠡᠮᠡᠭᠳᠡᠯ ᠢ ᠠᠬᠢᠭᠤᠯᠬᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠲᠦᠷᠭᠡᠳᠬᠡᠬᠦ ᠴᠢᠬᠤᠯᠠ ᠲᠤᠯᠭᠠᠭᠤᠷᠢ ᠪᠣᠯᠤᠨ᠎ᠠ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠭᠤᠤᠯ ᠰᠡᠳᠦᠪᠲᠦ ᠬᠥᠮᠦᠵᠢᠯ ᠢ ᠥᠷᠨᠢᠭᠦᠯᠬᠦ ᠪᠠᠷ ᠠᠵᠠ ᠲᠣᠬᠢᠶᠠᠯ ᠪᠣᠯᠭᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠠᠵᠠ ᠲᠣᠬᠢᠶᠠᠯ ᠤᠨ ᠤᠬᠠᠮᠰᠠᠷ ᠢᠶᠠᠨ ᠴᠢᠩᠭᠠᠳᠬᠠᠵᠤ᠂ ᠦᠵᠡᠯ ᠰᠠᠨᠠᠭ᠎ᠠ ᠪᠠᠨ ᠴᠢᠯᠦᠭᠡᠯᠡᠨ᠂ ᠬᠦᠴᠦᠯᠡᠨ ᠤᠷᠤᠭᠰᠢᠯᠠᠵᠤ᠂ ᠲᠠᠷᠢᠶᠠᠯᠠᠩ ᠮᠠᠯ ᠠᠵᠤ ᠠᠬᠤᠢ ᠶᠢᠨ ᠡᠯ᠎ᠡ ᠵᠦᠢᠯ ᠤᠨ ᠠᠵᠢᠯ ᠤᠨ ᠬᠤᠷᠳᠤᠴᠠ ᠪᠠᠨ ᠲᠦᠷᠭᠡᠳᠬᠡᠵᠦ ᠶᠠᠰᠤ ᠴᠢᠨᠠᠷ ᠢᠶᠠᠨ ᠳᠡᠭᠡᠭᠰᠢᠯᠡᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ ᠭᠡᠵᠡᠢ᠃
ᠢᠷᠡᠯᠲᠡ᠄ ᠤᠲᠤᠭ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ