ᠰᠤᠷᠭᠠᠨ ᠬᠥᠮᠦᠵᠢᠯ ᠤᠨ ᠶᠠᠮᠤᠨ ᠤ ᠴᠢᠬᠤᠯᠠ ᠮᠡᠳᠡᠭᠳᠡᠯ︕ ᠡᠶᠢᠮᠦᠷᠬᠦ ᠬᠥᠮᠦᠰ ᠢ ᠤᠷᠢᠨ ᠬᠡᠷᠡᠭᠯᠡᠵᠦ ᠪᠣᠯᠬᠤ ᠦᠭᠡᠢ︕
ᠨᠡᠶᠢᠲᠡᠯᠡᠭᠰᠡᠨ ᠴᠠᠭ᠄
2023/10/10
      ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠬᠠᠤᠯᠢ ᠶᠢᠨ ᠨᠠᠰᠤᠨ ᠳᠤ ᠥᠯᠥ ᠭᠦᠷᠦᠭᠰᠡᠳ ᠲᠠᠢ ᠨᠢᠬᠳᠠ ᠬᠠᠷᠢᠯᠴᠠᠬᠤ ᠠᠵᠢᠯ ᠳᠤ ᠣᠷᠣᠬᠤ ᠲᠤᠬᠠᠶ ᠪᠠᠶᠢᠴᠠᠭᠠᠨ ᠯᠠᠪᠯᠠᠬᠤ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ ᠰᠤᠷᠭᠠᠨ ᠬᠥᠮᠦᠵᠢᠯ ᠤᠨ ᠶᠠᠮᠤᠨ ᠡᠨᠡ ᠵᠢᠯ ᠱᠠᠩᠬᠠᠶ᠂ ᠭᠤᠸᠠᠩᠵᠧᠦ᠂ ᠵᠧᠩᠵᠸᠦ᠂ ᠸᠧᠶᠢᠢᠬᠠᠢ 4 ᠬᠤᠲᠠ ᠳ᠋ᠤᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠳᠤ ᠠᠵᠢᠯᠯᠠᠬᠤ ᠬᠥᠮᠦᠰ ᠤᠨ ᠠᠵᠢᠯ ᠳᠤ ᠣᠷᠣᠬᠤ ᠶᠢ ᠵᠥᠪᠰᠢᠶᠡᠷᠡᠬᠦ ᠲᠤᠬᠠᠢ ᠪᠠᠶᠢᠴᠠᠭᠠᠨ ᠯᠠᠪᠯᠠᠬᠤ ᠠᠵᠢᠯ ᠢ ᠲᠤᠷᠰᠢᠨ ᠥᠷᠨᠢᠭᠦᠯᠵᠦ᠂ ᠤᠯᠵᠤ ᠮᠡᠳᠡᠭᠰᠡᠨ ᠪᠡᠯᠭᠡ ᠶᠢᠨ ᠬᠠᠯᠳᠠᠯᠭ᠎ᠠ ᠬᠢᠭᠰᠡᠨ ᠬᠠᠤᠯᠢ ᠶᠢ ᠵᠥᠷᠢᠴᠡᠵᠦ ᠶᠠᠯ᠎ᠠ ᠬᠢᠭᠰᠡᠨ ᠰᠡᠵᠢᠭᠳᠡᠨ ᠢ ᠬᠠᠤᠯᠢ ᠶᠣᠰᠣᠭᠠᠷ ᠰᠢᠢᠳᠪᠦᠷᠢᠯᠡᠪᠡ᠃       ᠣᠶᠢᠷ᠎ᠠ ᠳᠤ᠂ ᠡᠮᠦᠨᠡᠬᠢ ᠬᠤᠭᠤᠴᠠᠭᠠᠨ ᠤ ᠲᠤᠷᠰᠢᠯᠲᠠ ᠶᠢᠨ ᠰᠠᠭᠤᠷᠢᠨ ᠳᠡᠭᠡᠷ᠎ᠡ᠂ ᠰᠤᠷᠭᠠᠨ ᠬᠥᠮᠦᠵᠢᠯ ᠤᠨ ᠶᠠᠮᠤᠨ ᠤ ᠠᠯᠪᠠᠨ ᠲᠢᠩᠬᠢᠮ ︽ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠳᠤ ᠠᠵᠢᠯᠯᠠᠬᠤ ᠬᠥᠮᠦᠰ ᠤᠨ ᠠᠵᠢᠯ ᠳᠤ ᠣᠷᠣᠬᠤ ᠶᠢ ᠵᠥᠪᠰᠢᠶᠡᠷᠡᠬᠦ ᠲᠤᠬᠠᠢ ᠪᠠᠶᠢᠴᠠᠭᠠᠨ ᠯᠠᠪᠯᠠᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠳᠤ ᠠᠵᠢᠯᠯᠠᠬᠤ ᠬᠥᠮᠦᠰ ᠤᠨ ᠠᠵᠢᠯ ᠳᠤ ᠣᠷᠣᠬᠤ ᠶᠢ ᠵᠥᠪᠰᠢᠶᠡᠷᠡᠬᠦ ᠲᠤᠬᠠᠢ ᠪᠠᠶᠢᠴᠠᠭᠠᠨ ᠯᠠᠪᠯᠠᠬᠤ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ᠂ ᠠᠵᠢᠯ ᠳᠤ ᠣᠷᠣᠬᠤ ᠪᠣᠭᠤᠮᠲᠠ ᠶᠢ ᠰᠠᠶᠢᠲᠤᠷ ᠡᠵᠡᠮᠳᠡᠬᠦ ᠬᠡᠷᠡᠭᠲᠡᠶ ᠬᠡᠪᠡ᠃ ︽ᠮᠡᠳᠡᠭᠳᠡᠯ︾ ᠳᠤ ᠠᠵᠢᠯ ᠳᠤ ᠣᠷᠣᠬᠤ ᠶᠢ ᠵᠥᠪᠰᠢᠶᠡᠷᠡᠬᠦ ᠲᠤᠬᠠᠢ ᠪᠠᠶᠢᠴᠠᠭᠠᠨ ᠯᠠᠪᠯᠠᠬᠤ ᠠᠵᠢᠯ ᠳᠤ ᠪᠥᠬᠦ ᠠᠵᠢᠯᠲᠠᠨ ᠢ ᠬᠠᠮᠤᠷᠤᠭᠤᠯᠬᠤ ᠭᠡᠷᠡᠭᠳᠡᠢ᠃       ᠨᠠᠰᠤᠨ ᠳᠤ ᠥᠯᠥ ᠬᠦᠷᠦᠭᠰᠡᠳ ᠲᠠᠢ ᠨᠢᠬᠳᠠ ᠬᠠᠷᠢᠯᠴᠠᠬᠤ ᠠᠵᠢᠯ ᠳᠤ ᠣᠷᠣᠬᠤ ᠶᠢ ᠵᠦ᠋ᠪᠰᠢᠶᠡᠷᠡᠬᠦ ᠲᠤᠬᠠᠢ ᠪᠠᠶᠢᠴᠠᠭᠠᠨ ᠯᠠᠪᠯᠠᠬᠤ ᠪᠠ ᠠᠵᠢᠯ ᠡᠷᠬᠢᠯᠡᠬᠦ ᠶᠢ ᠴᠠᠭᠠᠵᠠᠯᠠᠬᠤ ᠳᠦᠷᠢᠮ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠦ᠂ ᠰᠤᠷᠭᠠᠭᠤᠯᠢ ᠶᠢᠨ ᠭᠠᠳᠠᠨᠠᠬᠢ ᠡᠯ᠎ᠡ ᠲᠥᠷᠥᠯ ᠤᠨ ᠪᠣᠯᠪᠠᠰᠤᠷᠠᠯ ᠤᠨ ᠪᠠᠶᠢᠭᠤᠯᠤᠮᠵᠢ ᠶᠢ ᠤᠷᠢᠨ ᠬᠡᠷᠡᠭᠯᠡᠬᠦᠭᠡᠵᠦ ᠪᠠᠶᠢᠭ᠎ᠠ ᠬᠥᠮᠦᠰ ᠲᠤ ᠴᠥᠮ ᠠᠵᠢᠯ ᠳᠤ ᠤᠷᠤᠬᠤ ᠶᠢ ᠵᠦᠪᠰᠢᠶᠡᠷᠡᠬᠦ ᠲᠤᠬᠠᠢ ᠪᠠᠶᠢᠴᠠᠭᠠᠨ ᠯᠠᠪᠯᠠᠯᠭ᠎ᠠ ᠬᠢᠬᠦ ᠭᠡᠷᠡᠭᠳᠡᠢ ᠭᠡᠵᠦ ᠱᠠᠭᠠᠷᠳᠠᠵᠠᠢ᠂ ᠪᠠᠶᠢᠴᠠᠭᠠᠨ ᠯᠠᠪᠯᠠᠯᠭ᠎ᠠ ᠬᠢᠬᠦ ᠬᠡᠪᠴᠢᠶ᠎ᠡ ᠳᠤ ᠵᠢᠭᠠᠨ ᠰᠤᠷᠭᠠᠬᠤ ᠠᠵᠢᠯᠲᠠᠨ᠂ ᠵᠢᠭᠠᠨ ᠰᠤᠳᠤᠯᠬᠤ ᠠᠵᠢᠯᠲᠠᠨ ᠪᠠ ᠪᠤᠰᠤᠳ ᠬᠥᠮᠦᠰ ᠪᠠᠭᠲᠠᠵᠦ ᠪᠤᠢ᠃       ᠠᠵᠢᠯ ᠳᠤ ᠣᠷᠣᠭᠰᠠᠨ ᠤ ᠳᠠᠷᠠᠭᠠᠬᠢ ᠠᠵᠢᠯ ᠡᠷᠬᠢᠯᠡᠭᠰᠡᠳ ᠢ ᠪᠠᠰᠠ ᠲᠣᠭᠲᠠᠮᠠᠯ ᠬᠤᠭᠤᠴᠠᠭ᠎ᠠ ᠲᠠᠢ ᠪᠠᠷ ᠪᠥᠬᠦ ᠠᠵᠢᠯᠲᠠᠨ ᠢᠶᠠᠨ ᠲᠥᠪᠯᠡᠷᠡᠭᠦᠯᠦᠨ ᠪᠠᠶᠢᠴᠠᠭᠠᠨ ᠯᠠᠪᠯᠠᠵᠤ᠂ ᠨᠠᠰᠤᠨ ᠳᠤ ᠥᠯᠥ ᠬᠦᠷᠦᠭᠰᠡᠳ ᠲᠠᠢ ᠣᠶᠢᠷᠠᠲᠤᠬᠤ ᠪᠠᠶᠢᠭᠤᠯᠤᠮᠵᠢ ᠳᠤ ᠠᠵᠢᠯ ᠡᠷᠬᠢᠯᠡᠭᠰᠡᠳ ᠤᠨ ᠪᠠᠶᠢᠴᠠᠭᠠᠪᠠᠰᠤ ᠵᠤᠬᠢᠬᠤ ᠶᠢ ᠪᠠᠶᠢᠴᠠᠭᠠᠬᠤ ᠶᠢ ᠦᠨᠡᠨᠬᠦ ᠪᠠᠲᠤᠯᠠᠵᠤ᠂ ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠯ ᠤᠨ ᠠᠮᠤᠷ ᠲᠦᠪᠰᠢᠨ ᠤ ᠬᠤᠷᠢᠭ᠎ᠠ ᠱᠤᠭᠤᠮ ᠢ ᠰᠠᠶᠢᠲᠤᠷ ᠰᠠᠬᠢᠬᠤ ᠬᠡᠷᠡᠭᠲᠡᠶ ᠭᠡᠵᠦ ᠴᠢᠬᠤᠯᠠᠴᠢᠯᠠᠪᠠ᠃ ︽ᠮᠡᠳᠡᠭᠳᠡᠯ︾ ᠳᠤ ᠪᠠᠶᠢᠴᠠᠭᠠᠨ ᠯᠠᠪᠯᠠᠬᠤ ᠠᠵᠢᠯ ᠢ ᠬᠠᠤᠯᠢ ᠲᠣᠭᠲᠠᠭᠠᠯ ᠶᠣᠰᠣᠭᠠᠷ ᠬᠢᠬᠦ ᠭᠡᠷᠡᠭᠳᠡᠢ᠃ ᠠᠵᠢᠯ ᠳᠤ ᠣᠷᠣᠬᠤ ᠵᠦᠪᠰᠢᠶᠡᠷᠡᠬᠦ ᠲᠤᠬᠠᠢ ᠪᠠᠶᠢᠴᠠᠭᠠᠨ ᠯᠠᠪᠯᠠᠬᠤ ᠠᠵᠢᠯ ᠢ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠬᠠᠤᠯᠢ ᠵᠢᠴᠢ ︽ᠠᠵᠢᠯ ᠡᠷᠭᠢᠯᠡᠬᠦ ᠶᠢ ᠴᠠᠭᠠᠵᠠᠯᠠᠬᠤ ᠲᠦᠷᠢᠮ ᠢ ᠨᠠᠶᠢᠳᠠᠪᠤᠷᠢᠵᠢᠭᠤᠯᠬᠤ ᠲᠤᠬᠠᠶ ᠰᠠᠨᠠᠯ︾ ᠵᠡᠷᠭᠡ ᠬᠠᠤᠯᠢ ᠴᠠᠭᠠᠵᠠ ᠲᠥᠷᠥ ᠶᠢᠨ ᠪᠣᠳᠣᠯᠭ᠎ᠠ ᠶᠢ ᠦᠨᠳᠦᠰᠦᠯᠡᠨ ᠥᠷᠨᠢᠭᠦᠯᠵᠦ᠂ ᠪᠠᠶᠢᠴᠠᠭᠠᠨ ᠯᠠᠪᠯᠠᠬᠤ ᠶᠠᠪᠤᠴᠠ ᠶᠢ ᠴᠢᠩᠭ᠎ᠠ ᠵᠢᠷᠤᠮᠵᠢᠭᠤᠯᠵᠤ᠂ ᠬᠤᠯᠪᠣᠭᠳᠠᠯ ᠪᠥᠬᠦᠶ ᠪᠡᠶᠡᠴᠢ ᠴᠣᠭᠴᠠ ᠶᠢᠨ ᠡᠷᠬᠡ ᠡᠭᠦᠷᠭᠡ ᠶᠢ ᠬᠠᠤᠯᠢ ᠶᠣᠰᠣᠭᠠᠷ ᠪᠠᠲᠤᠯᠠᠨ᠎ᠠ᠃ ᠪᠣᠯᠪᠠᠰᠤᠷᠠᠯ ᠤᠨ ᠪᠠᠶᠢᠭᠤᠯᠤᠮᠵᠢ ᠪᠠᠶᠢᠴᠠᠭᠠᠨ ᠯᠠᠪᠯᠠᠬᠤ ᠪᠠᠷ ᠭᠤᠶᠤᠴᠢᠯᠠᠬᠤ ᠳᠤ ᠡᠷᠬᠡᠪᠰᠢ ᠪᠠᠶᠢᠴᠠᠭᠠᠨ ᠯᠠᠪᠯᠠᠭᠳᠠᠭᠴᠢ ᠶᠢᠨ ᠵᠥᠪᠰᠢᠶᠡᠷᠡᠯ ᠢ ᠤᠯᠬᠤ ᠶᠢᠨ ᠬᠠᠮᠲᠤ ᠬᠠᠮᠢᠶ᠎ᠠ ᠪᠥᠬᠦᠶ ᠮᠠᠲ᠋ᠧᠷᠢᠶᠠᠯ ᠢᠶᠠᠨ ᠲᠤᠰᠢᠶᠠᠬᠤ ᠬᠡᠷᠡᠭᠲᠡᠶ᠂ ᠤᠷᠢᠭᠳᠠᠭᠠᠳᠤᠶ ᠬᠥᠮᠦᠰ ᠤᠨ ᠲᠡᠮᠳᠡᠭᠯᠡᠯ ᠤᠨ ᠮᠡᠳᠡᠭᠡ ᠵᠠᠩᠭᠢ ᠶᠢ ᠳᠤᠷ᠎ᠠ ᠪᠠᠷ ᠵᠶᠠᠨ ᠪᠠᠶᠢᠴᠠᠭᠠᠨ ᠯᠠᠪᠯᠠᠵᠤ ᠪᠣᠯᠬᠤ ᠥᠬᠡᠶ᠃ ᠪᠠᠶᠢᠴᠠᠭᠠᠨ ᠯᠠᠪᠯᠠᠭᠰᠠᠨ ᠦᠷ᠎ᠡ ᠳ᠋ᠦᠩ ᠢ ᠵᠢᠷᠤᠮᠵᠢᠭᠤᠯᠤᠨ ᠬᠡᠷᠡᠭᠯᠡᠵᠦ᠂ ᠪᠠᠶᠢᠴᠠᠭᠠᠨ ᠯᠠᠪᠯᠠᠭᠠᠳ ᠪᠡᠯᠭᠡ ᠶᠢᠨ ᠬᠠᠯᠳᠠᠯᠭ᠎ᠠ ᠶᠢᠨ ᠲᠡᠮᠳᠡᠭᠯᠡᠯ ᠲᠠᠢ ᠪᠠᠶᠢᠬᠤ ᠶᠢ ᠣᠯᠵᠤ ᠮᠡᠳᠡᠪᠡᠯ᠂ ᠪᠠᠶᠢᠭᠤᠯᠤᠮᠵᠢ ᠶᠢᠨ ᠬᠢᠨ ᠤᠷᠢᠨ ᠬᠡᠷᠡᠭᠯᠡᠵᠦ ᠪᠣᠯᠬᠤ ᠥᠬᠡᠶ︔ ᠪᠠᠶᠢᠴᠠᠭᠠᠨ ᠯᠠᠪᠯᠠᠬᠤ ᠡᠲᠡᠭᠡᠳ ᠨᠢ ᠦᠷ᠎ᠡ ᠳ᠋ᠦᠩ ᠳᠤ ᠣᠨᠳᠣᠣ ᠰᠠᠨᠠᠯ ᠲᠠᠢ ᠪᠣᠯ ᠵᠢᠷᠤᠮ ᠶᠣᠰᠣᠭᠠᠷ ᠲᠠᠬᠢᠨ ᠪᠠᠶᠢᠴᠠᠭᠠᠯᠭᠠᠬᠤ ᠪᠠᠷ ᠭᠤᠶᠤᠴᠢᠯᠠᠵᠤ ᠪᠣᠯᠤᠨ᠎ᠠ ᠭᠡᠵᠦ ᠴᠢᠬᠤᠯᠠᠴᠢᠯᠠᠪᠠ᠃  
ᠢᠷᠡᠯᠲᠡ᠄ ᠲᠣᠲᠣᠷᠬᠠᠢ ᠦᠭᠡᠢ