ᠦᠰᠦᠭ ᠪᠢᠴᠢᠭ ᠢᠶᠠᠷ ᠦᠭᠦᠯᠡᠬᠦᠢ᠄ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠬᠠᠤᠯᠢ︾
ᠨᠡᠶᠢᠲᠡᠯᠡᠭᠰᠡᠨ ᠴᠠᠭ᠄
2023/10/12
      ᠭᠤᠣᠯ ᠴᠣᠭᠴᠠ᠄ ᠵᠠᠰᠠᠭ ᠤᠨ ᠣᠷᠳᠣᠨ ᠤ ᠪᠠᠶᠢᠭᠤᠯᠭ᠎ᠠ      ᠤᠯᠤᠰ ᠤᠨ ᠰᠦᠯᠵᠢᠶᠡᠨ ᠤ ᠠᠮᠤᠷ ᠳᠦᠪᠰᠢᠨ ᠪᠠ ᠮᠡᠳᠡᠭᠡ ᠵᠠᠩᠬᠢᠴᠢᠯᠠᠯᠲᠠ ᠶᠢᠨ ᠪᠠᠶᠢᠭᠤᠯᠭ᠎ᠠ ᠰᠦᠯᠵᠢᠶᠡᠨ ᠤ ᠠᠮᠤᠷ ᠲᠦᠪᠰᠢᠨ ᠤ ᠠᠵᠢᠯ ᠪᠣᠯᠤᠨ ᠬᠠᠮᠢᠶ᠎ᠠ ᠪᠦᠬᠦᠢ ᠬᠢᠨᠠᠯᠲᠠ ᠬᠠᠮᠢᠶᠠᠷᠤᠯᠲᠠ ᠶᠢᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠤᠨ᠎ᠠ᠃      ᠲᠥᠷᠥ ᠶᠢᠨ ᠶᠠᠪᠤᠳᠠᠯ ᠤᠨ ᠬᠤᠷᠢᠶᠠᠨ ᠤ ᠴᠠᠬᠢᠯᠭᠠᠨ ᠬᠤᠯᠪᠣᠭᠠᠨ ᠤ ᠭᠤᠤᠯᠯᠠᠨ ᠬᠠᠮᠢᠶᠠᠷᠬᠤ ᠪᠠᠶᠢᠭᠤᠯᠭ᠎ᠠ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠪᠠ ᠪᠤᠰᠤᠳ ᠬᠤᠯᠪᠣᠭᠳᠠᠯ ᠪᠦᠬᠦᠢ ᠪᠠᠶᠢᠭᠤᠯᠤᠯᠭ᠎ᠠ      ᠲᠤᠰ ᠬᠠᠤᠯᠢ ᠪᠣᠯᠤᠨ ᠬᠤᠯᠪᠣᠭᠳᠠᠯ ᠪᠦᠬᠦᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ᠂ ᠲᠤᠰ ᠲᠤᠰ ᠤᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ ᠪᠠᠨ ᠰᠦᠯᠵᠢᠶᠡᠨ ᠤ ᠠᠮᠤᠷ ᠳᠦᠪᠰᠢᠨ ᠤ ᠬᠠᠮᠠᠭᠠᠯᠠᠯᠲᠠ ᠪᠣᠯᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃      ᠰᠢᠶᠠᠨ ᠤ ᠲᠡᠰ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠪᠠᠶᠢᠭᠤᠯᠭ᠎ᠠᠰᠦᠯᠵᠢᠶᠡᠨ ᠤ ᠠᠮᠤᠷ ᠲᠦᠪᠰᠢᠨ ᠢ ᠬᠠᠮᠠᠭᠠᠯᠠᠬᠤ ᠪᠠ ᠬᠢᠨᠠᠯᠲᠠ ᠲᠠᠯᠪᠢᠵᠤ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠲᠣᠭᠲᠠᠭᠠᠨ᠎ᠠ᠃      ᠦᠨᠳᠦᠰᠦᠨ ᠡᠭᠦᠷᠭᠡ      ᠶᠠᠮᠠᠷᠪᠠ ᠬᠤᠪᠢ ᠬᠦᠮᠦᠨ ᠪᠠ ᠵᠤᠬᠢᠶᠠᠨ ᠪᠠᠶᠢᠭᠤᠯᠤᠯᠳᠠ ᠠᠴᠠ ᠰᠦᠯᠵᠢᠶ᠎ᠠ ᠶᠢ ᠬᠡᠷᠡᠭᠯᠡᠬᠦ ᠳᠡᠭᠡᠨ ᠦᠨᠳᠤᠰᠤᠨ ᠬᠠᠤᠯᠢ ᠶᠢ ᠵᠢᠷᠤᠮᠯᠠᠨ ᠰᠠᠬᠢᠵᠤ᠂ ᠣᠯᠠᠨ ᠨᠡᠶᠢᠲᠡ ᠶᠢᠨ ᠡᠮᠬᠢ ᠵᠢᠷᠤᠮ ᠢ  ᠰᠠᠬᠢᠨ᠂ ᠨᠡᠶᠢᠭᠡᠮ ᠨᠡᠶᠢᠲᠡ ᠶᠢᠨ ᠶᠣᠰᠣ ᠮᠣᠷᠠᠯ ᠢ ᠬᠦᠨᠳᠦᠳᠬᠡᠬᠦ ᠬᠡᠷᠡᠭᠲᠡᠢ      ᠰᠦᠯᠵᠢᠶᠡᠨ ᠤ ᠠᠮᠤᠷ ᠳᠥᠪᠰᠢᠨ ᠢ ᠬᠤᠬᠢᠷᠠᠭᠤᠯᠵᠤ ᠪᠤᠯᠬᠤ ᠦᠭᠡᠢ      ᠰᠦᠯᠵᠢᠶ᠎ᠡ ᠶᠢ ᠠᠰᠢᠭᠯᠠᠨ ᠳᠤᠤᠷᠠᠬᠢ ᠮᠡᠳᠦ ᠠᠵᠢᠯᠯᠠᠭ᠎ᠠ ᠶᠢ ᠬᠢᠵᠦ ᠪᠣᠯᠬᠤ ᠦᠭᠡᠶ᠄      ᠤᠯᠤᠰ ᠤᠨ ᠠᠮᠤᠷ ᠲᠦᠪᠰᠢᠨ᠂ ᠢᠷᠠᠭᠤ ᠠᠯᠳᠠᠷ ᠪᠠ ᠠᠰᠢᠭ ᠲᠤᠰᠠ ᠶᠢ ᠬᠤᠬᠢᠷᠠᠭᠤᠯᠬᠤ      ᠲᠥᠷᠥ ᠶᠢᠨ ᠡᠷᠬᠡ ᠶᠢ ᠨᠤᠷᠠᠭᠠᠬᠤ᠂ ᠨᠡᠶᠢᠭᠡᠮ ᠵᠢᠷᠤᠮᠲᠤ ᠪᠠᠶᠢᠭᠤᠯᠤᠯ ᠢ ᠲᠦᠯᠬᠢᠨ ᠤᠨᠠᠭᠠᠬᠤ ᠪᠠᠷ ᠥᠳᠥᠭᠡᠬᠦ      ᠤᠯᠤᠰ ᠤᠷᠤᠨ ᠢ ᠬᠠᠭᠠᠴᠠᠭᠤᠯᠬᠤ᠂ ᠤᠯᠤᠰ ᠤᠨ ᠨᠢᠭᠡᠳᠦᠯ ᠢ ᠡᠪᠳᠡᠬᠦ ᠪᠠᠷ ᠦᠳᠦᠭᠡᠬᠦ      ᠰᠦᠷᠳᠡᠭᠦᠯᠬᠦ ᠦᠵᠡᠯ᠂ ᠬᠡᠲᠦᠷᠡᠮᠡᠬᠡᠢ ᠦᠵᠡᠯ ᠢ ᠤᠬᠠᠭᠤᠯᠬᠤ      ᠦᠨᠳᠦᠰᠦᠲᠡᠨ ᠤ ᠬᠤᠷᠣᠰᠣᠯ᠂ ᠦᠨᠳᠦᠰᠦᠲᠡᠨ ᠤ ᠭᠠᠳᠠᠭᠤᠷᠴᠢᠯᠠᠯ ᠢ ᠤᠬᠠᠭᠤᠯᠬᠤ      ᠬᠦᠴᠦᠷᠬᠡᠭᠯᠡᠯ᠂ ᠱᠠᠯᠢᠭ ᠵᠠᠪᠬᠠᠢ ᠮᠡᠳᠡᠭᠡ ᠵᠠᠩᠭᠢ ᠶᠢ ᠲᠠᠷᠬᠠᠭᠠᠬᠤ      ᠬᠤᠳᠠᠯ ᠬᠠᠭᠤᠷᠮᠠᠭ ᠮᠡᠳᠡᠭᠡ ᠵᠠᠩᠭᠢ ᠵᠣᠬᠢᠶᠠᠵᠤ ᠲᠠᠷᠬᠠᠭᠠᠨ ᠠᠵᠤ ᠠᠬᠤᠢ ᠶᠢᠨ ᠡᠮᠬᠢ ᠲᠢᠭᠯᠢᠮ ᠪᠠ ᠨᠡᠶᠢᠭᠡᠮ ᠤᠨ ᠡᠮᠬᠢ ᠲᠢᠭᠯᠢᠮ ᠢ ᠰᠠᠮᠠᠭᠤᠷᠠᠭᠤᠯᠬᠤ      ᠪᠤᠰᠤᠳ ᠤᠨ ᠨᠡᠷ᠎ᠡ ᠬᠦᠨᠳᠦ᠂ ᠨᠢᠭᠤᠴᠠ᠂ ᠮᠡᠳᠡᠯᠭᠡ ᠶᠢᠨ ᠪᠦᠲᠦᠭᠡᠭᠳᠡᠭᠦᠨ ᠤ ᠥᠮᠴᠢᠯᠡᠬᠦ ᠡᠷᠬᠡ ᠪᠣᠯᠣᠨ ᠪᠤᠰᠤᠳ ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠬᠤ      ᠰᠦᠯᠵᠢᠶᠡᠨ ᠤ ᠠᠮᠤᠷ ᠲᠦᠪᠰᠢᠨ ᠢ ᠬᠠᠮᠠᠭᠠᠯᠠᠬᠤ ᠡᠭᠦᠷᠭᠡ       ᠶᠠᠮᠠᠷᠪᠠ ᠬᠤᠪᠢ ᠬᠥᠮᠥᠨ ᠪᠠ ᠵᠣᠬᠢᠶᠠᠨ ᠪᠠᠶᠢᠭᠤᠯᠤᠯᠲᠠ ᠪᠤᠰᠤᠳ ᠤᠨ ᠰᠦᠯᠵᠢᠶᠡᠨ ᠳᠤ ᠬᠠᠤᠯᠢ ᠪᠤᠰᠤ ᠪᠠᠷ ᠳᠦᠷᠢᠨ ᠣᠷᠣᠬᠤ᠂ ᠪᠤᠰᠤᠳ ᠤᠨ ᠰᠦᠯᠵᠢᠶᠡᠨ ᠤ ᠬᠡᠪ ᠤᠨ ᠴᠢᠳᠠᠮᠵᠢ ᠶᠢ ᠬᠠᠷᠰᠢᠯᠠᠬᠤ᠂ ᠰᠦᠯᠵᠢᠶᠡᠨ ᠤ ᠲᠤᠭ᠎ᠠ ᠪᠠᠷᠢᠮᠲᠠ ᠶᠢ ᠬᠤᠯᠠᠭᠠᠶᠢᠯᠠᠨ ᠠᠪᠬᠤ ᠵᠡᠷᠭᠡ ᠰᠦᠯᠵᠢᠶᠡᠨ ᠤ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠬᠤ ᠠᠵᠢᠯᠯᠠᠭ᠎ᠠ ᠶᠢ ᠬᠢᠵᠦ ᠪᠣᠯᠬᠤ ᠦᠭᠡᠢ᠃        ᠰᠦᠯᠵᠢᠶ᠎ᠡ ᠳᠤ ᠳᠦᠷᠢᠨ ᠣᠷᠣᠬᠤ᠂ ᠰᠦᠯᠵᠢᠶᠡᠨ ᠤ ᠬᠡᠪ ᠤᠨ ᠴᠢᠳᠠᠮᠵᠢ ᠶᠢ ᠬᠠᠷᠰᠢᠯᠠᠬᠤ ᠵᠢᠴᠢ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ᠂ ᠰᠦᠯᠵᠢᠶᠡᠨ ᠤ ᠲᠤᠭ᠎ᠠ ᠪᠠᠷᠢᠮᠲᠠ ᠶᠢ ᠬᠤᠯᠠᠭᠠᠶᠢᠯᠠᠨ ᠠᠪᠬᠤ ᠵᠡᠷᠭᠡ ᠰᠦᠯᠵᠢᠶᠡᠨ ᠤ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠬᠤ ᠠᠵᠢᠯᠯᠠᠭ᠎ᠠ ᠳᠤ ᠲᠤᠰᠬᠠᠶᠢᠯᠠᠨ ᠬᠡᠷᠡᠭᠯᠡᠬᠦ ᠫᠷᠤᠭ᠍ᠷᠠᠮ᠂ ᠪᠠᠭᠠᠵᠢ ᠶᠢ ᠬᠠᠩᠭᠠᠵᠤ ᠪᠣᠯᠬᠤ ᠦᠭᠡᠢ᠃ ᠪᠤᠰᠤᠳ ᠤᠨ ᠰᠦᠯᠵᠢᠶᠡᠨ ᠤ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠬᠤ ᠠᠵᠢᠯᠯᠠᠭ᠎ᠠ ᠬᠢᠵᠦ ᠪᠠᠶᠢᠬᠤ ᠶᠢ ᠲᠣᠳᠣᠷᠬᠠᠢ ᠮᠡᠳᠡᠵᠦ ᠪᠠᠶᠢᠭᠠᠳ ᠲᠡᠭᠦᠨ ᠳᠤ ᠮᠡᠷᠭᠡᠵᠢᠯ ᠤᠨ ᠳᠡᠮᠵᠢᠯᠭᠡ ᠦᠵᠡᠭᠦᠯᠬᠦ᠂ ᠵᠠᠷ ᠮᠡᠳᠡᠭᠡ ᠶᠢ ᠨᠢ ᠳᠡᠯᠭᠡᠷᠡᠭᠦᠯᠦᠨ ᠲᠠᠷᠬᠠᠭᠠᠬᠤ᠂ ᠵᠣᠭᠤᠰ ᠥᠭᠴᠦ ᠲᠠᠰᠤᠯᠤᠨ ᠪᠤᠳᠤᠬᠤ ᠵᠡᠷᠭᠡ ᠬᠠᠪᠰᠤᠷᠤᠯᠭ᠎ᠠ ᠦᠵᠡᠭᠦᠯᠵᠦ ᠪᠣᠯᠬᠤ ᠦᠭᠡᠢ᠃      ᠬᠤᠪᠢ ᠬᠥᠮᠥᠨ ᠤ ᠮᠡᠳᠡᠭᠡ ᠵᠠᠩᠭᠢ ᠶᠢ ᠪᠠᠲᠤᠯᠠᠬᠤ ᠡᠭᠦᠷᠭᠡ       ᠶᠠᠮᠠᠷᠪᠠ ᠬᠤᠪᠢ ᠬᠥᠮᠥᠨ ᠪᠠ ᠵᠣᠬᠢᠶᠠᠨ ᠪᠠᠶᠢᠭᠤᠯᠤᠯᠲᠠ       ᠬᠤᠪᠢ ᠬᠥᠮᠥᠨ ᠤ ᠮᠡᠳᠡᠭᠡ ᠵᠠᠩᠭᠢ ᠶᠢ ᠬᠤᠯᠠᠭᠠᠶᠢᠯᠠᠬᠤ ᠪᠤᠶᠤ ᠪᠤᠰᠤᠳ ᠬᠠᠤᠯᠢ ᠪᠤᠰᠤ ᠠᠷᠭ᠎ᠠ ᠮᠠᠶ᠋ᠢᠭ ᠢᠶᠠᠷ ᠣᠯᠵᠤ ᠪᠣᠯᠬᠤ ᠦᠭᠡᠢ︔       ᠬᠤᠪᠢ ᠬᠥᠮᠥᠨ ᠤ ᠮᠡᠳᠡᠭᠡ ᠵᠠᠩᠭᠢ ᠶᠢ ᠬᠠᠤᠯᠢ ᠪᠤᠰᠤ ᠪᠠᠷ ᠬᠤᠳᠠᠯᠳᠤᠬᠤ ᠪᠤᠶᠤ ᠪᠤᠰᠤᠳ ᠬᠥᠮᠥᠨ ᠳᠤ ᠬᠠᠤᠯᠢ ᠪᠤᠰᠤ ᠪᠠᠷ ᠬᠠᠩᠭᠠᠵᠤ ᠪᠣᠯᠬᠤ ᠦᠭᠡᠢ᠃       ᠰᠦᠯᠵᠢᠶ᠎ᠡ ᠶᠢ ᠠᠰᠢᠭᠯᠠᠨ ᠶᠠᠯᠠᠲᠤ ᠠᠵᠢᠯᠯᠠᠭ᠎ᠠ ᠥᠷᠨᠢᠭᠦᠯᠵᠦ ᠪᠣᠯᠬᠤ ᠦᠭᠡᠢ       ᠶᠠᠮᠠᠷᠪᠠ ᠬᠤᠪᠢ ᠬᠥᠮᠥᠨ ᠪᠠ ᠵᠣᠬᠢᠶᠠᠨ ᠪᠠᠶᠢᠭᠤᠯᠤᠯᠲᠠ ᠰᠦᠯᠵᠢᠶ᠎ᠡ ᠬᠡᠷᠡᠭᠯᠡᠭᠰᠡᠨ ᠠᠵᠢᠯᠯᠠᠭ᠎ᠠ ᠳᠠᠭᠠᠨ ᠬᠠᠷᠢᠭᠤᠴᠠᠬᠤ ᠬᠡᠷᠡᠭᠲᠡᠢ᠃ᠮᠡᠬᠡᠯᠡᠬᠦ᠂ ᠶᠠᠯ᠎ᠠ ᠬᠢᠬᠦ ᠠᠷᠭ᠎ᠠ ᠶᠢ ᠵᠢᠭᠠᠬᠤ᠂ ᠬᠤᠷᠢᠭᠠᠲᠠᠢ ᠡᠳ᠋ ᠪᠤᠳᠠᠰ᠂ ᠵᠠᠬᠢᠷᠤᠨ ᠬᠠᠮᠢᠶᠠᠷᠤᠯᠲᠠ ᠲᠠᠢ ᠡᠳ᠋ ᠪᠣᠳᠠᠰ ᠢ ᠦᠢᠯᠡᠳᠬᠦ ᠪᠤᠶᠤ ᠪᠣᠷᠣᠯᠠᠭᠤᠯᠬᠤ ᠵᠡᠷᠭᠡ ᠬᠠᠤᠯᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠡᠷᠡᠭᠯᠡᠬᠦ ᠰᠦᠯᠵᠢᠶ᠎ᠡ᠂ ᠴᠢᠮᠡᠭᠡ ᠬᠤᠯᠪᠣᠭᠠᠨ ᠤ ᠪᠦᠯᠦᠭᠯᠡᠯ ᠢ ᠪᠠᠶᠢᠭᠤᠯᠵᠤ ᠪᠣᠯᠬᠤ ᠦᠭᠡᠢ᠃      ᠮᠡᠬᠡᠯᠡᠬᠦ᠂ ᠬᠤᠷᠢᠭᠠᠲᠠᠢ ᠡᠳ᠋ ᠪᠣᠳᠠᠰ᠂ ᠵᠠᠬᠢᠷᠤᠨ ᠬᠠᠮᠢᠶᠠᠷᠤᠯᠲᠠ ᠲᠠᠢ ᠡᠳ᠋ ᠪᠣᠳᠠᠰ᠂ ᠦᠢᠯᠡᠳᠬᠦ ᠪᠤᠶᠤ ᠪᠣᠷᠣᠯᠠᠭᠤᠯᠬᠤ ᠵᠢᠴᠢ ᠬᠠᠤᠯᠢ ᠶᠢ ᠵᠥᠷᠢᠴᠡᠭᠰᠡᠨ ᠪᠤᠰᠤᠳ ᠶᠠᠯᠠᠲᠤ ᠠᠵᠢᠯᠯᠠᠭ᠎ᠠ ᠳᠤ ᠬᠤᠯᠪᠣᠭᠳᠠᠭᠰᠠᠨ ᠮᠡᠳᠡᠭᠡ ᠵᠠᠩᠭᠢ ᠶᠢ ᠰᠦᠯᠵᠢᠶ᠎ᠡ ᠠᠰᠢᠭᠯᠠᠨ ᠨᠡᠶᠢᠲᠡᠯᠡᠵᠦ ᠪᠣᠯᠬᠤ ᠦᠭᠡᠢ᠃       ᠮᠠᠭᠤ ᠨᠦᠯᠦᠭᠡ ᠲᠠᠢ ᠫᠷᠣᠭ᠍ᠷᠠᠮ ᠭᠠᠷᠭᠠᠵᠤ᠂ ᠬᠠᠤᠯᠢ ᠲᠣᠭᠲᠠᠭᠠᠯ  ᠠᠴᠠ ᠵᠥᠷᠢᠴᠡᠭᠰᠡᠨ ᠮᠡᠳᠡᠭᠡ ᠵᠠᠩᠭᠢ ᠶᠢ ᠶᠠᠪᠤᠭᠤᠯᠵᠤ ᠪᠣᠯᠬᠤ ᠦᠭᠡᠢ       ᠶᠠᠮᠠᠷᠪᠠ ᠬᠤᠪᠢ ᠬᠥᠮᠥᠨ ᠪᠠ ᠵᠣᠬᠢᠶᠠᠨ ᠪᠠᠶᠢᠭᠤᠯᠤᠯᠲᠠ ᠶᠢᠨ ᠶᠠᠪᠤᠭᠤᠯᠤᠭᠰᠠᠨ ᠡᠯᠧᠺᠲᠷᠣᠨ ᠮᠡᠳᠡᠭᠡ ᠵᠠᠩᠭᠢ᠂ ᠬᠠᠩᠭᠠᠭᠰᠠᠨ ᠬᠡᠷᠡᠭᠯᠡᠭᠡᠨ ᠤ ᠵᠥᠭᠡᠯᠡᠨ ᠲᠤᠨᠤᠭ ᠲᠤ ᠮᠠᠭᠤ ᠨᠦᠯᠦᠭᠡ ᠲᠠᠢ ᠫᠷᠣᠭ᠍ᠷᠠᠮ ᠲᠣᠬᠢᠷᠠᠭᠤᠯᠵᠤ ᠪᠣᠯᠬᠤ ᠦᠭᠡᠢ᠂ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠨᠡᠶᠢᠲᠡᠯᠡᠬᠦ ᠪᠤᠶᠤ ᠳᠠᠮᠵᠢᠭᠤᠯᠬᠤ ᠶᠢ ᠴᠠᠭᠠᠵᠠᠯᠠᠭᠰᠠᠨ ᠮᠡᠳᠡᠭᠡ ᠵᠠᠩᠭᠢ ᠪᠠᠶᠢᠵᠤ ᠪᠣᠯᠬᠤ ᠦᠭᠡᠢ᠃ 
ᠢᠷᠡᠯᠲᠡ᠄ ᠤᠲᠤᠭ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ