ᠭᠤᠤ ᠬᠤᠸᠠᠢ ᠵᠢᠩ ᠮᠧᠩ ᠰᠢ ᠠᠵᠤ ᠦᠢᠯᠡᠰ ᠤᠨ ᠬᠦᠷᠢᠶᠡᠯᠡᠩ ᠳᠤ ᠭᠦᠨᠵᠡᠭᠡᠶᠢᠷᠡᠨ ᠠᠶᠤᠯᠭᠦᠢ ᠦᠢᠯᠡᠳᠪᠦᠷᠢᠯᠡᠯ ᠪᠣᠯᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠵᠡᠷᠭᠡ ᠠᠵᠢᠯ ᠢ ᠪᠠᠶᠢᠴᠠᠭᠠᠨ ᠵᠢᠯᠣᠭᠤᠳᠪᠠ
ᠨᠡᠶᠢᠲᠡᠯᠡᠭᠰᠡᠨ ᠴᠠᠭ᠄
2023/10/16
      10 ᠰᠠᠷ᠎ᠠ ᠶᠢᠨ 16 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠭᠤᠤ ᠬᠤᠸᠠᠢ ᠵᠢᠩ ᠮᠧᠩ ᠰᠢ ᠠᠵᠤ ᠦᠶᠯᠡᠰ ᠤᠨ ᠬᠦᠷᠢᠶᠡᠯᠡᠩ ᠳᠤ ᠭᠦᠨᠵᠡᠭᠡᠶᠢᠷᠡᠨ ᠠᠶᠤᠯᠭᠦᠶ ᠦᠶᠯᠡᠳᠪᠦᠷᠢᠯᠡᠯ ᠪᠠ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠵᠡᠷᠭᠡ ᠠᠵᠢᠯ ᠢ ᠪᠠᠶᠢᠴᠠᠭᠠᠨ ᠵᠢᠯᠣᠭᠤᠳᠴᠤ᠂ ᠬᠠᠷᠢᠶ᠎ᠠ ᠭᠠᠵᠠᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠪᠠ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠭᠤᠤᠯ ᠰᠡᠳᠦᠪᠲᠦ ᠬᠥᠮᠦᠵᠢᠯ ᠤᠨ ᠠᠵᠢᠯ ᠤᠨ ᠥᠷᠨᠢᠯᠲᠡ ᠲᠠᠢ ᠤᠶᠠᠯᠳᠤᠭᠤᠯᠤᠨ᠂ ᠶᠡᠷᠦᠩᠬᠡᠶ ᠱᠦᠵᠢ ᠰᠢ ᠶᠢᠨ ᠫᠢᠩ ᠤᠨ ᠠᠶᠤᠯᠭᠦᠶ ᠦᠶᠯᠡᠳᠪᠦᠷᠢᠯᠡᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃ ᠣᠲᠤᠭ ᠤᠨ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠡᠤ ᠶᠦᠩ ᠨᠢᠩ᠂ ᠥᠪᠡᠷᠲᠡᠭᠡᠨ ᠵᠠᠰᠠᠬᠤ ᠣᠷᠣᠨ ᠤ ᠠᠶᠤᠯᠲᠠᠶ ᠬᠢᠮᠢ ᠶᠢᠨ ᠠᠵᠤ ᠦᠶᠯᠡᠳᠪᠦᠷᠢ ᠶᠢᠨ ᠲᠤᠰᠬᠠᠶ ᠮᠡᠷᠭᠡᠵᠢᠯᠲᠡᠨ ᠵᠢᠴᠢ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠬᠠᠷᠢᠭᠤᠴᠠᠯᠭᠠᠲᠠᠨ ᠣᠷᠣᠯᠴᠠᠵᠠᠶ᠃
1.jpg
      ᠢ ᠵᠧᠩ ᠬᠢᠮᠢ ᠶᠢᠨ ᠠᠵᠤ ᠦᠢᠯᠡᠳᠪᠦᠷᠢ ᠶᠢᠨ ᠬᠢᠨ ᠵᠢᠯ ᠳᠤ 10 ᠲᠦᠮᠡᠨ ᠲᠣᠨ ᠠᠨᠳ᠋ᠷᠠᠼᠢ ᠶᠢᠨ ᠲᠣᠰᠣ ᠦᠢᠯᠡᠳᠪᠦᠷᠢᠯᠡᠨ᠂ ᠾᠧᠩ ᡂᠢ ᠰᠢᠨᠵᠢᠯᠡᠬᠦ ᠤᠬᠠᠭᠠᠨ ᠮᠡᠷᠭᠡᠵᠢᠯ ᠤᠨ ᠳᠡᠭᠡᠳᠦ ᠴᠢᠳᠠᠪᠬᠢᠲᠤ ᠣᠷᠴᠢᠨ ᠲᠣᠭᠤᠷᠢᠨ ᠢ ᠬᠠᠮᠠᠭᠠᠯᠠᠬᠤ ᠰᠢᠨ᠎ᠡ ᠮᠠᠲ᠋ᠧᠷᠢᠶᠠᠯ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ ᠬᠦᠷᠦᠭᠡᠳ ᠭᠤᠤ ᠬᠤᠸᠠᠢ ᠵᠢᠩ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠵᠢᠴᠢ ᠪᠦᠳᠦᠭᠡᠨ ᠪᠠᠶᠢᠭᠤᠯᠤᠯᠲᠠ ᠶᠢᠨ ᠨᠢᠭᠡᠴᠡ ᠶᠢ ᠬᠦᠴᠦ ᠪᠠᠨ ᠬᠠᠮᠲᠤᠳᠬᠠᠨ ᠬᠠᠮᠵᠢᠯᠴᠠᠵᠤ᠂ ᠠᠮᠤᠷ ᠲᠦᠪᠰᠢᠨ ᠪᠠ ᠶᠠᠰᠤ ᠴᠢᠨᠠᠷ ᠢ ᠪᠠᠲᠤᠯᠠᠭᠰᠠᠨ ᠤᠷᠢᠲᠠᠯ ᠳᠤ ᠪᠠᠷᠢᠯᠭ᠎ᠠ ᠶᠢᠨ ᠠᠬᠢᠴᠠ ᠶᠢ ᠠᠮᠵᠢᠨ ᠠᠳᠬᠤᠵᠤ᠂ ᠲᠦᠷᠦᠯ ᠵᠦᠢᠯ ᠢ ᠡᠷᠲᠡ ᠪᠠᠶᠢᠭᠤᠯᠤᠨ᠂ ᠡᠷᠲᠡ ᠠᠰᠢᠭᠯᠠᠯᠲᠠ ᠳᠤ ᠣᠷᠣᠭᠤᠯᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃      ᠵᠢᠶᠦ᠋ᠨ ᠵᠧᠩ ᠡᠨᠧᠷᠭᠢ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠳᠤ ᠬᠦᠷᠦᠭᠡᠳ ᠭᠤᠤ ᠬᠤᠸᠠᠢ ᠵᠢᠩ ᠠᠵᠤ ᠠᠬᠤᠶᠢᠯᠠᠯ ᠤᠨ ᠲᠥᠪ ᠤᠨ ᠡᠵᠡᠮᠳᠡᠯ ᠤᠨ ᠲᠠᠰᠤᠭ ᠲᠤ ᠭᠦᠨᠵᠡᠭᠡᠶᠢᠷᠡᠵᠦ᠂ GDS ᠰᠢᠰᠲ᠋ᠧᠮ ᠤᠨ ᠬᠢᠨᠠᠨ ᠡᠵᠡᠮᠳᠡᠬᠦ ᠠᠵᠢᠯᠯᠠᠭᠠᠨ ᠤ ᠪᠠᠶᠢᠳᠠᠯ ᠢ ᠨᠠᠷᠢᠨ ᠣᠶᠢᠯᠠᠭᠠᠵᠤ᠂ ᠰᠢᠲᠠᠮᠠᠬᠠᠢ ᠬᠡᠢ ᠶᠢᠨ ᠬᠠᠶᠢᠭᠤᠷ ᠤᠨ ᠲᠦᠭᠰᠢᠭᠦᠷᠢ ᠮᠡᠳᠡᠭᠡᠯᠡᠭᠴᠢ ᠶᠢ ᠰᠢᠢᠳᠪᠦᠷᠢᠯᠡᠭᠰᠡᠨ ᠲᠡᠮᠳᠡᠭᠯᠡᠯ ᠢ ᠪᠠᠶᠢᠴᠠᠭᠠᠨ ᠦᠵᠡᠵᠦ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ᠂ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠭᠰᠡᠨ ᠵᠡᠷᠭᠡ ᠪᠠᠶᠢᠳᠠᠯ ᠢ ᠣᠶᠢᠯᠠᠭᠠᠵᠤ᠂ ᠣᠷᠣᠰᠢᠵᠤ ᠪᠠᠶᠢᠭ᠎ᠠ ᠠᠰᠠᠭᠤᠳᠠᠯ ᠳᠤ ᠲᠤᠬᠠᠢ ᠶᠢᠨ ᠲᠠᠯᠠᠪᠤᠷ ᠲᠤ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠳᠤᠷᠠᠳᠴᠠᠢ᠃ ᠲᠡᠷᠡ᠂ ᠠᠮᠤᠷ ᠲᠦᠪᠰᠢᠨ ᠪᠣᠯ ᠠᠵᠤ ᠠᠬᠤᠶᠢᠯᠠᠯ ᠤᠨ ᠣᠷᠣᠰᠢᠨ ᠲᠣᠭᠲᠠᠨᠢᠬᠤ ᠦᠨᠳᠦᠰᠦ ᠮᠥᠨ᠂ ᠡᠯ᠎ᠡ ᠲᠦᠷᠦᠯ ᠤᠨ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠠᠶᠤᠯ ᠲᠦᠭᠰᠢᠭᠦᠷᠢ ᠶᠢᠨ ᠭᠡᠮ ᠰᠣᠭᠤᠭ ᠢ ᠦᠷᠭᠦᠯᠵᠢᠯᠡᠨ ᠪᠠᠶᠢᠴᠠᠭᠠᠵᠤ᠂ ᠬᠦᠨᠳᠦ ᠶᠡᠭᠡ ᠣᠨᠴᠠ ᠶᠡᠭᠡ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠢ ᠭᠡᠵᠦ ᠱᠠᠭᠠᠷᠳᠠᠵᠠᠢ᠃      ᠮᠧᠢ ᠯᠢ ᠵᠢᠶᠠᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠳᠤ ᠬᠦᠷᠦᠭᠡᠳ ᠭᠤᠤ ᠬᠤᠸᠠᠢ ᠵᠢᠩ ᠳᠡᠭᠡᠳᠦ ᠱᠠᠲᠤᠨ ᠤ ᠱᠠᠯᠠᠪᠳᠠᠭᠤᠯᠤᠨ ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠨᠠᠷᠢᠨ ᠣᠶᠢᠯᠠᠭᠠᠵᠤ᠂ ᠠᠵᠤ ᠠᠬᠤᠶᠢᠯᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠶᠢᠨ ᠬᠠᠮᠲᠤ ᠴᠠᠭ ᠲᠤᠬᠠᠢ ᠳᠤᠨᠢ ︽ᠡᠷᠬᠢᠨ ᠬᠠᠷᠠᠬᠤ︾ ᠠᠵᠢᠯᠯᠠᠭ᠎ᠠ ᠥᠷᠨᠢᠭᠦᠯᠵᠦ᠂ ᠲᠤᠨᠤᠭ ᠲᠥᠬᠦᠭᠡᠷᠦᠮᠵᠢ ᠶᠢᠨ ᠠᠮᠤᠷ ᠲᠦᠪᠰᠢᠨ ᠲᠣᠭᠲᠠᠭᠤᠨ ᠢᠶᠠᠷ ᠠᠵᠢᠯᠯᠠᠬᠤ ᠶᠢ ᠪᠦᠬᠦ ᠲᠠᠯ᠎ᠠ ᠪᠠᠷ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠰᠦᠷ ᠬᠦᠴᠦᠲᠦ ᠪᠠᠶᠢᠳᠠᠯ ᠢ ᠢᠮᠠᠭᠲᠠ ᠪᠠᠲᠤᠯᠠᠵᠤ᠂ ᠬᠠᠤᠯᠢ ᠬᠡᠷᠡᠭᠵᠢᠭᠦᠯᠬᠦ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠤᠨ᠂ ᠪᠦᠬᠦ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠳᠤ ᠬᠦᠴᠦᠲᠡᠢ ᠬᠠᠤᠯᠢ ᠬᠡᠷᠡᠭᠵᠢᠭᠦᠯᠬᠦ ᠪᠠᠲᠤᠯᠠᠭ᠎ᠠ ᠬᠠᠩᠭᠠᠬᠤ ᠬᠡᠷᠡᠭᠲᠡᠢ ᠭᠡᠵᠡᠢ᠃      ᠱᠤᠸᠠᠩ ᠰᠢᠨ ᠣᠷᠴᠢᠨ ᠲᠣᠭᠤᠷᠢᠨ ᠤ ᠬᠠᠮᠠᠭᠠᠯᠠᠯᠲᠠ᠂ ᠵᠦᠩ ᠭᠦ᠋ ᠠᠭᠤᠷᠬᠠᠢ ᠶᠢᠨ ᠦᠢᠯᠡᠰ ᠤᠨ ᠬᠢᠵᠠᠭᠠᠷᠲᠤ ᠺᠣᠮᠫᠠᠨᠢ ᠳᠤ ᠬᠦᠷᠦᠭᠡᠳ ᠭᠤᠤ ᠬᠤᠸᠠᠢ ᠵᠢᠩ ᠠᠵᠤ ᠠᠬᠤᠶᠢᠯᠠᠯ ᠤᠨ ᠡᠳᠦᠷ ᠳᠤᠳᠤᠮ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠪᠠᠶᠢᠳᠠᠯ ᠢ ᠨᠠᠷᠢᠨ ᠬᠢᠨᠠᠮᠠᠭᠠᠢ ᠣᠶᠢᠯᠠᠭᠠᠵᠤ᠂ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠲᠠᠪᠤᠷᠢᠵᠢᠭᠤᠯᠤᠨ᠂ ᠪᠦᠬᠦ ᠠᠵᠢᠯᠳᠠᠨ ᠤ ᠠᠮᠤᠷ ᠲᠦᠪᠰᠢᠨ ᠤ ᠤᠬᠠᠮᠰᠠᠷ ᠢ ᠴᠢᠩᠭᠠᠳᠬᠠᠵᠤ᠂ ᠠᠮᠤᠷ ᠲᠦᠪᠰᠢᠨ ᠤ ᠠᠵᠢᠯᠳᠠᠨ ᠢ ᠠᠵᠢᠯ ᠤᠨ ᠪᠠᠶᠢᠷᠢ ᠡᠭᠡᠯᠵᠢᠯᠡᠭᠦᠯᠬᠦ ᠲᠦᠷᠢᠮ ᠢ ᠬᠡᠷᠡᠭᠵᠢᠭᠦᠯᠦᠨ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠲᠦᠪᠰᠢᠨ ᠢ ᠦᠨᠡᠨᠬᠦ ᠳᠡᠭᠡᠭᠰᠢᠯᠡᠭᠦᠯᠬᠦ ᠬᠡᠷᠡᠭᠲᠡᠢ ᠭᠡᠵᠦ ᠱᠠᠭᠠᠷᠳᠠᠪᠠ᠃      ᠱᠧᠩ ᠠᠨ ᠵᠢᠦ ᠡᠯ ᠵᠢᠦ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠳᠤ ᠬᠦᠷᠦᠭᠡᠳ ᠭᠤᠤ ᠬᠤᠸᠠᠢ ᠵᠢᠩ ᠲᠦᠭᠦᠬᠡᠢ ᠮᠠᠲ᠋ᠧᠷᠢᠶᠠᠯ ᠤᠨ ᠬᠥᠮᠥᠷᠭᠡ᠂ ᠲᠡᠷᠭᠡᠨ ᠳᠤ ᠲᠡᠭᠡᠭᠡᠬᠦ ᠦᠢᠯᠡᠳᠪᠦᠷᠢ ᠶᠢᠨ ᠭᠡᠷ ᠵᠡᠷᠭᠡ ᠦᠢᠯᠡᠳᠪᠦᠷᠢᠯᠡᠯ ᠤᠨ ᠣᠷᠣᠨ ᠪᠦᠰᠡ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠠᠵᠤ ᠠᠬᠤᠶᠢᠯᠠᠯ ᠤᠨ ᠦᠢᠯᠡᠳᠪᠦᠷᠢᠯᠡᠯ ᠠᠵᠢᠯᠯᠠᠭᠠᠨ ᠵᠢᠴᠢ ᠠᠶᠤᠯᠭᠦᠢ ᠦᠢᠯᠡᠳᠪᠦᠷᠢᠯᠡᠯ ᠤᠨ ᠠᠵᠢᠯ ᠤᠨ ᠪᠠᠶᠢᠳᠠᠯ ᠢ ᠣᠶᠢᠯᠠᠭᠠᠪᠠ᠃ ᠠᠵᠤ ᠠᠬᠤᠶᠢᠯᠠᠯ ᠢ ᠠᠶᠤᠯᠭᠦᠶ ᠦᠢᠯᠡᠳᠪᠦᠷᠢᠯᠡᠯ ᠤᠨ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠠᠵᠢᠯᠲᠠᠨ ᠤ ᠬᠥᠮᠦᠵᠢᠯ ᠪᠣᠯᠪᠠᠰᠤᠷᠠᠯ ᠢ ᠴᠢᠩᠭᠠᠳᠬᠠᠨ᠂ ᠵᠠᠮ ᠲᠡᠭᠡᠭᠡᠪᠦᠷᠢ ᠶᠢᠨ ᠬᠠᠮᠢᠶᠠᠷᠤᠯᠲᠠ ᠶᠢ ᠴᠢᠩᠭᠠᠳᠬᠠᠨ᠂ ᠠᠶᠤᠯᠭᠦᠶ ᠦᠢᠯᠡᠳᠪᠦᠷᠢᠯᠡᠯ ᠤᠨ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠶ ᠭᠡᠵᠦ ᠱᠠᠭᠠᠷᠳᠠᠪᠠ᠃
ᠢᠷᠡᠯᠲᠡ᠄ ᠤᠲᠤᠭ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ