10 ᠰᠠᠷ᠎ᠠ ᠶᠢᠨ 16 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠭᠤᠤ ᠬᠤᠸᠠᠢ ᠵᠢᠩ ᠮᠧᠩ ᠰᠢ ᠠᠵᠤ ᠦᠶᠯᠡᠰ ᠤᠨ ᠬᠦᠷᠢᠶᠡᠯᠡᠩ ᠳᠤ | ᠭᠦᠨᠵᠡᠭᠡᠶᠢᠷᠡᠨ ᠠᠶᠤᠯᠭᠦᠶ ᠦᠶᠯᠡᠳᠪᠦᠷᠢᠯᠡᠯ ᠪᠠ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠵᠡᠷᠭᠡ ᠠᠵᠢᠯ ᠢ ᠪᠠᠶᠢᠴᠠᠭᠠᠨ ᠵᠢᠯᠣᠭᠤᠳᠴᠤ᠂ ᠬᠠᠷᠢᠶ᠎ᠠ ᠭᠠᠵᠠᠷ ᠤᠨ | ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠪᠠ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠭᠤᠤᠯ | ᠰᠡᠳᠦᠪᠲᠦ ᠬᠥᠮᠦᠵᠢᠯ ᠤᠨ ᠠᠵᠢᠯ ᠤᠨ ᠥᠷᠨᠢᠯᠲᠡ ᠲᠠᠢ ᠤᠶᠠᠯᠳᠤᠭᠤᠯᠤᠨ᠂ ᠶᠡᠷᠦᠩᠬᠡᠶ ᠱᠦᠵᠢ ᠰᠢ ᠶᠢᠨ ᠫᠢᠩ ᠤᠨ ᠠᠶᠤᠯᠭᠦᠶ ᠦᠶᠯᠡᠳᠪᠦᠷᠢᠯᠡᠯ ᠤᠨ ᠲᠤᠬᠠᠶ | ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠨᠡᠶᠢᠭᠡᠮ ᠤᠨ | ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃ ᠣᠲᠤᠭ ᠤᠨ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠡᠤ ᠶᠦᠩ ᠨᠢᠩ᠂ ᠥᠪᠡᠷᠲᠡᠭᠡᠨ ᠵᠠᠰᠠᠬᠤ ᠣᠷᠣᠨ ᠤ ᠠᠶᠤᠯᠲᠠᠶ ᠬᠢᠮᠢ ᠶᠢᠨ ᠠᠵᠤ ᠦᠶᠯᠡᠳᠪᠦᠷᠢ ᠶᠢᠨ ᠲᠤᠰᠬᠠᠶ | ᠮᠡᠷᠭᠡᠵᠢᠯᠲᠡᠨ ᠵᠢᠴᠢ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠬᠠᠷᠢᠭᠤᠴᠠᠯᠭᠠᠲᠠᠨ ᠣᠷᠣᠯᠴᠠᠵᠠᠶ᠃ | ᠢ ᠵᠧᠩ ᠬᠢᠮᠢ ᠶᠢᠨ ᠠᠵᠤ ᠦᠢᠯᠡᠳᠪᠦᠷᠢ ᠶᠢᠨ ᠬᠢᠨ ᠵᠢᠯ ᠳᠤ 10 ᠲᠦᠮᠡᠨ ᠲᠣᠨ ᠠᠨᠳ᠋ᠷᠠᠼᠢ ᠶᠢᠨ ᠲᠣᠰᠣ ᠦᠢᠯᠡᠳᠪᠦᠷᠢᠯᠡᠨ᠂ ᠾᠧᠩ ᡂᠢ ᠰᠢᠨᠵᠢᠯᠡᠬᠦ | ᠤᠬᠠᠭᠠᠨ ᠮᠡᠷᠭᠡᠵᠢᠯ ᠤᠨ ᠳᠡᠭᠡᠳᠦ ᠴᠢᠳᠠᠪᠬᠢᠲᠤ ᠣᠷᠴᠢᠨ ᠲᠣᠭᠤᠷᠢᠨ ᠢ ᠬᠠᠮᠠᠭᠠᠯᠠᠬᠤ ᠰᠢᠨ᠎ᠡ ᠮᠠᠲ᠋ᠧᠷᠢᠶᠠᠯ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ | ᠲᠤᠬᠠᠢ ᠶᠢᠨ ᠲᠠᠯᠠᠪᠠᠢ ᠳᠤ ᠬᠦᠷᠦᠭᠡᠳ ᠭᠤᠤ ᠬᠤᠸᠠᠢ ᠵᠢᠩ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠡᠯ᠎ᠡ | ᠬᠤᠯᠪᠣᠭᠳᠠᠯ ᠪᠦᠬᠦᠢ ᠰᠠᠯᠠᠭ᠎ᠠ ᠮᠥᠴᠢᠷ ᠵᠢᠴᠢ ᠪᠦᠳᠦᠭᠡᠨ ᠪᠠᠶᠢᠭᠤᠯᠤᠯᠲᠠ ᠶᠢᠨ ᠨᠢᠭᠡᠴᠡ ᠶᠢ ᠬᠦᠴᠦ ᠪᠠᠨ ᠬᠠᠮᠲᠤᠳᠬᠠᠨ ᠬᠠᠮᠵᠢᠯᠴᠠᠵᠤ᠂ ᠠᠮᠤᠷ ᠲᠦᠪᠰᠢᠨ ᠪᠠ | ᠶᠠᠰᠤ ᠴᠢᠨᠠᠷ ᠢ ᠪᠠᠲᠤᠯᠠᠭᠰᠠᠨ ᠤᠷᠢᠲᠠᠯ ᠳᠤ ᠪᠠᠷᠢᠯᠭ᠎ᠠ ᠶᠢᠨ ᠠᠬᠢᠴᠠ ᠶᠢ ᠠᠮᠵᠢᠨ ᠠᠳᠬᠤᠵᠤ᠂ ᠲᠦᠷᠦᠯ ᠵᠦᠢᠯ ᠢ ᠡᠷᠲᠡ ᠪᠠᠶᠢᠭᠤᠯᠤᠨ᠂ ᠡᠷᠲᠡ ᠠᠰᠢᠭᠯᠠᠯᠲᠠ ᠳᠤ | ᠣᠷᠣᠭᠤᠯᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ | ᠵᠢᠶᠦ᠋ᠨ ᠵᠧᠩ ᠡᠨᠧᠷᠭᠢ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠳᠤ ᠬᠦᠷᠦᠭᠡᠳ ᠭᠤᠤ ᠬᠤᠸᠠᠢ ᠵᠢᠩ ᠠᠵᠤ ᠠᠬᠤᠶᠢᠯᠠᠯ ᠤᠨ ᠲᠥᠪ ᠤᠨ | ᠡᠵᠡᠮᠳᠡᠯ ᠤᠨ ᠲᠠᠰᠤᠭ ᠲᠤ ᠭᠦᠨᠵᠡᠭᠡᠶᠢᠷᠡᠵᠦ᠂ GDS ᠰᠢᠰᠲ᠋ᠧᠮ ᠤᠨ ᠬᠢᠨᠠᠨ ᠡᠵᠡᠮᠳᠡᠬᠦ ᠠᠵᠢᠯᠯᠠᠭᠠᠨ ᠤ ᠪᠠᠶᠢᠳᠠᠯ ᠢ ᠨᠠᠷᠢᠨ ᠣᠶᠢᠯᠠᠭᠠᠵᠤ᠂ ᠰᠢᠲᠠᠮᠠᠬᠠᠢ ᠬᠡᠢ ᠶᠢᠨ | ᠬᠠᠶᠢᠭᠤᠷ ᠤᠨ ᠲᠦᠭᠰᠢᠭᠦᠷᠢ ᠮᠡᠳᠡᠭᠡᠯᠡᠭᠴᠢ ᠶᠢ ᠰᠢᠢᠳᠪᠦᠷᠢᠯᠡᠭᠰᠡᠨ ᠲᠡᠮᠳᠡᠭᠯᠡᠯ ᠢ ᠪᠠᠶᠢᠴᠠᠭᠠᠨ ᠦᠵᠡᠵᠦ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ | ᠬᠠᠮᠢᠶᠠᠷᠤᠯᠲᠠ᠂ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠭᠰᠡᠨ ᠵᠡᠷᠭᠡ ᠪᠠᠶᠢᠳᠠᠯ ᠢ ᠣᠶᠢᠯᠠᠭᠠᠵᠤ᠂ ᠣᠷᠣᠰᠢᠵᠤ ᠪᠠᠶᠢᠭ᠎ᠠ | ᠠᠰᠠᠭᠤᠳᠠᠯ ᠳᠤ ᠲᠤᠬᠠᠢ ᠶᠢᠨ ᠲᠠᠯᠠᠪᠤᠷ ᠲᠤ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠳᠤᠷᠠᠳᠴᠠᠢ᠃ ᠲᠡᠷᠡ᠂ ᠠᠮᠤᠷ ᠲᠦᠪᠰᠢᠨ ᠪᠣᠯ ᠠᠵᠤ ᠠᠬᠤᠶᠢᠯᠠᠯ ᠤᠨ | ᠣᠷᠣᠰᠢᠨ ᠲᠣᠭᠲᠠᠨᠢᠬᠤ ᠦᠨᠳᠦᠰᠦ ᠮᠥᠨ᠂ ᠡᠯ᠎ᠡ ᠲᠦᠷᠦᠯ ᠤᠨ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠠᠶᠤᠯ ᠲᠦᠭᠰᠢᠭᠦᠷᠢ ᠶᠢᠨ ᠭᠡᠮ ᠰᠣᠭᠤᠭ ᠢ | ᠦᠷᠭᠦᠯᠵᠢᠯᠡᠨ ᠪᠠᠶᠢᠴᠠᠭᠠᠵᠤ᠂ ᠬᠦᠨᠳᠦ ᠶᠡᠭᠡ ᠣᠨᠴᠠ ᠶᠡᠭᠡ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠢ ᠭᠡᠵᠦ ᠱᠠᠭᠠᠷᠳᠠᠵᠠᠢ᠃ | ᠮᠧᠢ ᠯᠢ ᠵᠢᠶᠠᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠳᠤ ᠬᠦᠷᠦᠭᠡᠳ ᠭᠤᠤ ᠬᠤᠸᠠᠢ ᠵᠢᠩ | ᠳᠡᠭᠡᠳᠦ ᠱᠠᠲᠤᠨ ᠤ ᠱᠠᠯᠠᠪᠳᠠᠭᠤᠯᠤᠨ ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠨᠠᠷᠢᠨ ᠣᠶᠢᠯᠠᠭᠠᠵᠤ᠂ ᠠᠵᠤ | ᠠᠬᠤᠶᠢᠯᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠶᠢᠨ ᠬᠠᠮᠲᠤ ᠴᠠᠭ ᠲᠤᠬᠠᠢ ᠳᠤᠨᠢ ︽ᠡᠷᠬᠢᠨ ᠬᠠᠷᠠᠬᠤ︾ ᠠᠵᠢᠯᠯᠠᠭ᠎ᠠ | ᠥᠷᠨᠢᠭᠦᠯᠵᠦ᠂ ᠲᠤᠨᠤᠭ ᠲᠥᠬᠦᠭᠡᠷᠦᠮᠵᠢ ᠶᠢᠨ ᠠᠮᠤᠷ ᠲᠦᠪᠰᠢᠨ ᠲᠣᠭᠲᠠᠭᠤᠨ ᠢᠶᠠᠷ ᠠᠵᠢᠯᠯᠠᠬᠤ ᠶᠢ ᠪᠦᠬᠦ ᠲᠠᠯ᠎ᠠ ᠪᠠᠷ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ | ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠰᠦᠷ ᠬᠦᠴᠦᠲᠦ | ᠪᠠᠶᠢᠳᠠᠯ ᠢ ᠢᠮᠠᠭᠲᠠ ᠪᠠᠲᠤᠯᠠᠵᠤ᠂ ᠬᠠᠤᠯᠢ ᠬᠡᠷᠡᠭᠵᠢᠭᠦᠯᠬᠦ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠤᠨ᠂ ᠪᠦᠬᠦ ᠬᠤᠰᠢᠭᠤᠨ ᠤ ᠠᠶᠤᠯᠭᠦᠢ | ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠳᠤ ᠬᠦᠴᠦᠲᠡᠢ ᠬᠠᠤᠯᠢ ᠬᠡᠷᠡᠭᠵᠢᠭᠦᠯᠬᠦ ᠪᠠᠲᠤᠯᠠᠭ᠎ᠠ ᠬᠠᠩᠭᠠᠬᠤ ᠬᠡᠷᠡᠭᠲᠡᠢ ᠭᠡᠵᠡᠢ᠃ | ᠱᠤᠸᠠᠩ ᠰᠢᠨ ᠣᠷᠴᠢᠨ ᠲᠣᠭᠤᠷᠢᠨ ᠤ ᠬᠠᠮᠠᠭᠠᠯᠠᠯᠲᠠ᠂ ᠵᠦᠩ ᠭᠦ᠋ ᠠᠭᠤᠷᠬᠠᠢ ᠶᠢᠨ ᠦᠢᠯᠡᠰ ᠤᠨ ᠬᠢᠵᠠᠭᠠᠷᠲᠤ ᠺᠣᠮᠫᠠᠨᠢ ᠳᠤ ᠬᠦᠷᠦᠭᠡᠳ ᠭᠤᠤ ᠬᠤᠸᠠᠢ | ᠵᠢᠩ ᠠᠵᠤ ᠠᠬᠤᠶᠢᠯᠠᠯ ᠤᠨ ᠡᠳᠦᠷ ᠳᠤᠳᠤᠮ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠪᠠᠶᠢᠳᠠᠯ ᠢ ᠨᠠᠷᠢᠨ ᠬᠢᠨᠠᠮᠠᠭᠠᠢ ᠣᠶᠢᠯᠠᠭᠠᠵᠤ᠂ ᠠᠶᠤᠯᠭᠦᠢ | ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠲᠠᠪᠤᠷᠢᠵᠢᠭᠤᠯᠤᠨ᠂ ᠪᠦᠬᠦ ᠠᠵᠢᠯᠳᠠᠨ ᠤ ᠠᠮᠤᠷ ᠲᠦᠪᠰᠢᠨ ᠤ ᠤᠬᠠᠮᠰᠠᠷ ᠢ | ᠴᠢᠩᠭᠠᠳᠬᠠᠵᠤ᠂ ᠠᠮᠤᠷ ᠲᠦᠪᠰᠢᠨ ᠤ ᠠᠵᠢᠯᠳᠠᠨ ᠢ ᠠᠵᠢᠯ ᠤᠨ ᠪᠠᠶᠢᠷᠢ ᠡᠭᠡᠯᠵᠢᠯᠡᠭᠦᠯᠬᠦ ᠲᠦᠷᠢᠮ ᠢ ᠬᠡᠷᠡᠭᠵᠢᠭᠦᠯᠦᠨ᠂ ᠠᠵᠤ ᠠᠬᠤᠶᠢᠯᠠᠯ ᠤᠨ ᠠᠶᠤᠯᠭᠦᠢ | ᠦᠢᠯᠡᠳᠪᠦᠷᠢᠯᠡᠯ ᠤᠨ ᠲᠦᠪᠰᠢᠨ ᠢ ᠦᠨᠡᠨᠬᠦ ᠳᠡᠭᠡᠭᠰᠢᠯᠡᠭᠦᠯᠬᠦ ᠬᠡᠷᠡᠭᠲᠡᠢ ᠭᠡᠵᠦ ᠱᠠᠭᠠᠷᠳᠠᠪᠠ᠃ | ᠱᠧᠩ ᠠᠨ ᠵᠢᠦ ᠡᠯ ᠵᠢᠦ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠳᠤ ᠬᠦᠷᠦᠭᠡᠳ ᠭᠤᠤ ᠬᠤᠸᠠᠢ ᠵᠢᠩ ᠲᠦᠭᠦᠬᠡᠢ ᠮᠠᠲ᠋ᠧᠷᠢᠶᠠᠯ ᠤᠨ | ᠬᠥᠮᠥᠷᠭᠡ᠂ ᠲᠡᠷᠭᠡᠨ ᠳᠤ ᠲᠡᠭᠡᠭᠡᠬᠦ ᠦᠢᠯᠡᠳᠪᠦᠷᠢ ᠶᠢᠨ ᠭᠡᠷ ᠵᠡᠷᠭᠡ ᠦᠢᠯᠡᠳᠪᠦᠷᠢᠯᠡᠯ ᠤᠨ ᠣᠷᠣᠨ ᠪᠦᠰᠡ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ | ᠠᠵᠤ ᠠᠬᠤᠶᠢᠯᠠᠯ ᠤᠨ ᠦᠢᠯᠡᠳᠪᠦᠷᠢᠯᠡᠯ ᠠᠵᠢᠯᠯᠠᠭᠠᠨ ᠵᠢᠴᠢ ᠠᠶᠤᠯᠭᠦᠢ ᠦᠢᠯᠡᠳᠪᠦᠷᠢᠯᠡᠯ ᠤᠨ ᠠᠵᠢᠯ ᠤᠨ ᠪᠠᠶᠢᠳᠠᠯ ᠢ ᠣᠶᠢᠯᠠᠭᠠᠪᠠ᠃ ᠠᠵᠤ ᠠᠬᠤᠶᠢᠯᠠᠯ ᠢ ᠠᠶᠤᠯᠭᠦᠶ | ᠦᠢᠯᠡᠳᠪᠦᠷᠢᠯᠡᠯ ᠤᠨ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠠᠵᠢᠯᠲᠠᠨ ᠤ ᠬᠥᠮᠦᠵᠢᠯ ᠪᠣᠯᠪᠠᠰᠤᠷᠠᠯ ᠢ ᠴᠢᠩᠭᠠᠳᠬᠠᠨ᠂ ᠵᠠᠮ ᠲᠡᠭᠡᠭᠡᠪᠦᠷᠢ ᠶᠢᠨ ᠬᠠᠮᠢᠶᠠᠷᠤᠯᠲᠠ ᠶᠢ | ᠴᠢᠩᠭᠠᠳᠬᠠᠨ᠂ ᠠᠶᠤᠯᠭᠦᠶ ᠦᠢᠯᠡᠳᠪᠦᠷᠢᠯᠡᠯ ᠤᠨ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠶ ᠭᠡᠵᠦ ᠱᠠᠭᠠᠷᠳᠠᠪᠠ᠃ |