ᠭᠤᠤ ᠬᠤᠸᠠᠢ ᠵᠢᠩ ᠬᠤᠰᠢᠭᠤᠨ ᠤ ᠰᠢᠭᠤᠳ ᠬᠠᠷᠢᠶ᠎ᠠ ᠪᠠᠶᠢᠭᠤᠯᠭ᠎ᠠ᠂ ᠰᠤᠮᠤ ᠪᠠᠯᠭᠠᠰᠤ᠂ ᠭᠠᠴᠠᠭ᠎ᠠ ᠲᠣᠰᠬᠤᠨ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠭᠤᠤᠯ ᠰᠡᠳᠦᠪᠲᠦ ᠬᠥᠮᠦᠵᠢᠯ ᠤᠨ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2023/10/18
      10 ᠰᠠᠷ᠎ᠠ ᠶᠢᠨ 17 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ᠂ ᠬᠤᠰᠢᠭᠤᠨ ᠤ ᠨᠠᠮ ᠤᠨ ᠬᠤᠷᠢᠶᠠᠨ ᠤ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠭᠤᠤ ᠬᠤᠸᠠᠢ ᠵᠢᠩ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠤᠯᠠᠭᠠᠨᠪᠠᠯᠭᠠᠰᠤᠨ ᠤ ᠱᠤᠸᠠᠢ ᠹᠧᠩ ᠨᠡᠶᠢᠭᠡᠮ ᠲᠣᠭᠤᠷᠢᠭ᠂ ᠠᠷᠪᠠᠰ ᠰᠤᠮᠤᠨ ᠤ ᠪᠠᠶ᠋ᠬᠠᠤᠰᠤ ᠭᠠᠴᠠᠭ᠎ᠠ ᠳᠤ ᠭᠦᠨᠵᠡᠭᠡᠶᠢᠷᠡᠵᠦ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠤᠯ ᠰᠡᠳᠦᠪᠲᠦ ᠬᠥᠮᠦᠵᠢᠯ ᠤᠨ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠴᠤ᠂ ᠬᠤᠰᠢᠭᠤᠨ ᠤ ᠨᠠᠮ ᠤᠨ ᠬᠤᠷᠢᠶᠠᠨ ᠤ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠠᠵᠢᠯᠯᠠᠭᠠᠨ ᠤ ᠪᠠᠶᠢᠳᠠᠯ ᠢ ᠲᠤᠬᠠᠶ ᠶᠢᠨ ᠭᠠᠵᠠᠷ ᠲᠤᠨᠢ ᠣᠶᠢᠯᠠᠭᠠᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠮᠠ ᠽᠢ ᠳ᠋ᠦᠩ ᠣᠷᠣᠯᠴᠠᠵᠠᠶ᠃     ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠳᠤ ᠬᠦᠷᠦᠭᠡᠳ ᠭᠤᠤ ᠬᠤᠸᠠᠢ ᠵᠢᠩ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠳᠤᠷᠢᠳᠬᠤ ᠪᠠᠭ ᠤᠨ ᠪᠦᠷᠢᠯᠳᠦᠬᠦᠨ ᠲᠠᠢ ᠨᠢᠭᠤᠷᠳᠠᠨ ᠶᠠᠷᠢᠯᠴᠠᠵᠤ ᠰᠠᠨᠠᠯ ᠢᠶᠠᠨ ᠰᠤᠯᠢᠯᠴᠠᠨ᠂ ᠭᠤᠤᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠲᠡᠷᠡ ᠬᠡᠯᠡᠬᠦ ᠳᠡᠭᠡᠨ᠂ ᠪᠦᠬᠦ ᠲᠠᠯ᠎ᠠ ᠪᠠᠷ ᠰᠤᠷᠤᠯᠴᠠᠬᠤ᠂ ᠰᠢᠰᠲ᠋ᠧᠮ ᠲᠠᠢ ᠰᠤᠷᠤᠯᠴᠠᠬᠤ᠂ ᠭᠤᠣᠯᠳᠠᠯᠭ᠎ᠠ ᠲᠠᠢ ᠰᠤᠷᠤᠯᠴᠠᠬᠤ ᠶᠢ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠪᠠᠶᠢᠭᠠᠯᠢ ᠶᠢᠨ ᠡᠬᠢ ᠪᠠᠶᠠᠯᠢᠭ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠬᠥᠮᠦᠵᠢᠭᠦᠯᠦᠨ ᠬᠦᠳᠦᠯᠦᠨ ᠵᠢᠯᠣᠭᠤᠳᠴᠤ ᠪᠠᠶᠢᠭᠠᠳ ᠨᠠᠮ ᠤᠨ ᠰᠢᠨ᠎ᠡ ᠶᠢ ᠡᠭᠦᠳᠬᠦ ᠤᠨᠤᠯ ᠠᠴᠠ ᠰᠡᠳᠬᠢᠮᠵᠢ ᠶᠢ ᠡᠷᠢᠵᠦ᠂ ᠠᠷᠭ᠎ᠠ ᠰᠦᠪᠡᠭᠴᠢᠯᠡᠵᠦ᠂ ᠬᠠᠷᠢᠭᠤᠯᠲᠠ ᠡᠷᠢᠬᠦ ᠬᠡᠷᠡᠭᠲᠡᠢ᠃ ᠴᠡᠭᠴᠡᠯᠡᠨ ᠰᠠᠶᠢᠵᠢᠷᠠᠭᠤᠯᠵᠤ ᠪᠣᠳᠠᠲᠠᠶ ᠠᠵᠢᠯ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠠᠰᠠᠭᠤᠳᠠᠯ ᠢ ᠰᠢᠢᠳᠪᠦᠷᠢᠯᠡᠬᠦ ᠰᠡᠳᠬᠢᠬᠦᠶ︾ ᠲᠠᠢ ᠪᠠᠶᠢᠬᠤ ᠶᠢ ᠦᠷᠭᠦᠯᠵᠢᠯᠡᠨ ᠴᠢᠩᠭᠠᠳᠬᠠᠵᠤ᠂ ᠲᠡᠦᠬᠡᠨ ᠠᠴᠠ ᠦᠯᠡᠳᠡᠭᠳᠡᠵᠦ ᠢᠷᠡᠭᠰᠡᠨ ︽ᠦᠨᠡᠮᠯᠡᠯ ᠠᠪᠬᠤ ᠳᠤ ᠬᠦᠴᠢᠷ︾ ᠵᠡᠷᠭᠡ ᠣᠷᠳᠣ ᠬᠤᠭᠤᠴᠠᠭ᠎ᠠ ᠪᠠᠷ ᠰᠢᠢᠳᠪᠦᠷᠢᠯᠡᠭᠡᠳᠦᠢ ᠠᠰᠠᠭᠤᠳᠠᠯ ᠢ ᠴᠢᠩᠭ᠎ᠠ ᠠᠩᠬᠠᠷᠴᠤ ᠴᠢᠩᠭ᠎ᠠ ᠠᠳᠬᠤᠬᠤ ᠮᠥᠷᠲᠡᠭᠡᠨ ᠪᠠᠰᠠ ᠣᠳᠣᠬᠠᠨ ᠳᠤ ᠵᠥᠪᠰᠢᠶᠡᠷᠡᠭᠰᠡᠨ ᠪᠣᠯᠪᠠᠴᠤ ᠬᠠᠩᠭᠠᠭᠰᠠᠨ ᠦᠭᠡᠢ ᠪᠠ ᠰᠤᠯᠠ ᠲᠠᠯᠪᠢᠭᠳᠠᠵᠤ ᠪᠠᠶᠢᠭ᠎ᠠ ᠭᠠᠵᠠᠷ ᠰᠢᠷᠣᠢ ᠶᠢ ᠰᠢᠢᠳᠪᠦᠷᠢᠯᠡᠬᠦ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠢᠭᠡᠳᠬᠡᠬᠦ ᠵᠡᠷᠭᠡ ᠠᠵᠢᠯ ᠢ ᠲᠦᠷᠭᠡᠨ ᠠᠬᠢᠭᠤᠯᠬᠤ ᠳᠤ ᠰᠠᠭᠤᠷᠢᠯᠠᠵᠤ᠂ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠬᠥᠭᠵᠢᠯᠲᠡ ᠶᠢ ᠠᠬᠢᠭᠤᠯᠤᠨ᠂ ᠣᠯᠠᠨ ᠲᠦᠮᠡᠨ ᠳᠤ ᠦᠢᠯᠡᠴᠢᠯᠡᠵᠦ᠂ ᠠᠵᠤ ᠠᠬᠤᠶᠢᠯᠠᠯ ᠳᠤ ᠦᠢᠯᠡᠴᠢᠯᠡᠬᠦ ᠪᠣᠳᠠᠲᠤ ᠦᠷ᠎ᠡ ᠪᠦᠲᠦᠮᠵᠢ ᠶᠢ ᠰᠢᠯᠭᠠᠨ ᠪᠠᠶᠢᠴᠠᠭᠠᠬᠤ ᠬᠡᠷᠡᠭᠲᠡᠢ ᠭᠡᠵᠡᠢ᠃      ᠤᠯᠠᠭᠠᠨᠪᠠᠯᠭᠠᠰᠤᠨ ᠤ ᠱᠤᠸᠠᠢ ᠹᠧᠩ ᠨᠡᠶᠢᠭᠡᠮ ᠲᠣᠭᠤᠷᠢᠭ ᠤᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠲᠤ ᠬᠦᠷᠦᠭᠡᠳ ᠭᠤᠤ ᠬᠤᠸᠠᠢ ᠵᠢᠩ ᠭᠤᠤᠯ ᠰᠡᠳᠦᠪᠲᠦ ᠬᠥᠮᠦᠵᠢᠯ ᠪᠠ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠦᠭᠰᠡᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠬᠡᠯᠡᠭᠰᠡᠨ ᠨᠢ᠂ ᠨᠡᠶᠢᠭᠡᠮ ᠲᠣᠭᠤᠷᠢᠭ ᠤᠨ ᠣᠯᠠᠨ ᠲᠦᠮᠡᠨ ᠲᠠᠢ ᠨᠢᠭᠲᠠ ᠬᠠᠷᠢᠯᠴᠠᠬᠤ ᠬᠥᠭᠦᠷᠭᠡ ᠬᠤᠯᠪᠣᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠢᠯ ᠤᠨ ᠠᠷᠭ᠎ᠠ ᠶᠢᠨ ᠲᠠᠯ᠎ᠠ ᠪᠠᠷ ᠲᠠᠰᠤᠷᠠᠯᠲᠠ ᠥᠬᠡᠶ ᠰᠢᠨ᠎ᠡ ᠶᠢ ᠡᠭᠦᠳᠴᠦ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠳᠤ ᠴᠠᠭ ᠲᠤᠬᠠᠶ ᠳᠤᠨᠢ ᠬᠠᠷᠢᠭᠤᠯᠲᠠ ᠥᠭᠴᠦ᠂ ᠲᠦᠭ ᠲᠦᠮᠡᠨ ᠠᠶᠢᠯ ᠡᠷᠦᠬᠡ᠂ ᠣᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠤᠪᠠᠨᠢᠵᠤ ᠬᠦᠰᠡᠵᠦ ᠪᠠᠶᠢᠭ᠎ᠠ ᠨᠢᠭᠡ ᠪᠦᠯᠦᠭ ᠠᠷᠠᠳ ᠤᠨ ᠠᠮᠢᠳᠤᠷᠠᠯ ᠤᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠷᠠᠳ ᠤᠨ ᠰᠡᠳᠬᠢᠯ ᠢ ᠳᠤᠯᠠᠭᠠᠴᠠᠭᠤᠯᠬᠤ᠂ ᠠᠷᠠᠳ ᠤᠨ ᠰᠠᠨᠠᠭᠠᠨ ᠳᠤ ᠨᠡᠶᠢᠴᠡᠭᠦᠯᠬᠦ ᠠᠵᠢᠯ ᠢ ᠣᠯᠠᠨ ᠲᠦᠮᠡᠨ ᠤ ᠰᠡᠳᠬᠢᠯ ᠳᠤ ᠬᠠᠳᠠᠩᠰᠢᠭᠤᠯᠤᠨ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠬᠦ ᠬᠡᠷᠡᠭᠲᠡᠶ ᠭᠡᠵᠡᠶ᠃      ᠠᠷᠪᠠᠰ ᠰᠤᠮᠤᠨ ᠤ ᠪᠠᠶ᠋ᠬᠠᠤᠰᠤ ᠭᠠᠴᠠᠭᠠᠨ ᠤ ᠨᠠᠮ ᠤᠨ ᠡᠭᠦᠷ ᠤᠨ ᠭᠤᠤᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠭᠤᠤᠯ ᠰᠡᠳᠦᠪᠲᠦ ᠬᠥᠮᠦᠵᠢᠯ ᠪᠠ ᠭᠤᠤᠯ ᠠᠵᠢᠯ ᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠠᠳᠬᠤᠵᠤ᠂ ᠲᠥᠷᠥᠯ ᠬᠤᠪᠢᠶᠠᠨ ᠵᠢᠯᠣᠭᠤᠳᠬᠤ᠂ ᠠᠴᠢᠶᠠᠯᠠᠪᠤᠷᠢ ᠶᠢᠨ ᠬᠡᠯᠪᠡᠷᠢ ᠶᠢ ᠥᠷᠭᠡᠳᠬᠡᠬᠦ ᠶᠢ ᠭᠦᠨᠵᠡᠭᠡᠶ ᠥᠷᠨᠢᠭᠦᠯᠵᠦ᠂ ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ᠂ ᠬᠡᠷᠡᠯ ᠰᠢᠷᠬᠡᠭ ᠢ ᠡᠷᠦᠬᠡ ᠳᠤ ᠣᠷᠣᠭᠤᠯᠬᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠣᠷᠣᠯᠠᠭᠤᠯᠬᠤ ᠳᠤ ᠬᠦᠴᠢᠷᠲᠡᠶ ᠵᠡᠷᠭᠡ ᠮᠠᠯᠴᠢᠨ ᠲᠠᠷᠢᠶᠠᠴᠢᠨ ᠤ ᠬᠠᠮᠤᠭ ᠠᠴᠠ ᠰᠡᠳᠬᠢᠯ ᠲᠠᠯᠪᠢᠵᠤ ᠪᠠᠶᠢᠭ᠎ᠠ ᠬᠠᠮᠤᠭ ᠤᠨ ᠰᠢᠭᠤᠳ ᠬᠠᠮᠤᠭ ᠤᠨ ᠪᠣᠳᠠᠲᠠᠶ ᠠᠰᠢᠭ ᠲᠤᠰᠠ ᠶᠢᠨ ᠠᠰᠠᠭᠤᠳᠠᠯ ᠢ ᠦᠨᠡᠨ ᠪᠣᠳᠠᠲᠠᠶ ᠰᠢᠢᠳᠪᠦᠷᠢᠯᠡᠵᠦ᠂ ᠭᠤᠤᠯ ᠰᠡᠳᠦᠪᠲᠦ ᠬᠥᠮᠦᠵᠢᠯ ᠤᠨ ᠦᠨᠡᠨ ᠪᠣᠳᠠᠲᠠᠶ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠶ ᠭᠡᠪᠡ᠃      ᠬᠤᠰᠢᠭᠤᠨ ᠤ ᠨᠠᠮ ᠤᠨ ᠬᠤᠷᠢᠶᠠᠨ ᠤ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠲᠥᠪᠯᠡᠷᠡᠭᠦᠯᠦᠨ ᠠᠵᠢᠯᠯᠠᠬᠤ ᠴᠡᠭ ᠲᠤ ᠬᠦᠷᠦᠭᠡᠳ ᠭᠤᠤ ᠬᠤᠸᠠᠢ ᠵᠢᠩ ᠶᠡᠷᠦᠩᠬᠡᠶ ᠠᠵᠢᠯᠯᠠᠭᠠᠨ ᠤ ᠪᠠᠶᠢᠳᠠᠯ ᠢ ᠣᠶᠢᠯᠠᠭᠠᠭᠰᠠᠨ ᠤ ᠳᠠᠷᠠᠭ᠎ᠠ᠂ ᠭᠤᠤᠯ ᠰᠡᠳᠦᠪᠲᠦ ᠬᠥᠮᠦᠵᠢᠯ ᠤᠨ ᠡᠯ᠎ᠡ ᠵᠦᠢᠯ ᠤᠨ ᠠᠵᠢᠯ ᠢ ᠤᠯᠠᠮ ᠰᠠᠶᠢᠲᠤᠷ ᠬᠢᠬᠦ ᠲᠤᠬᠠᠶ ᠪᠣᠳᠠᠲᠠᠶ ᠱᠠᠭᠠᠷᠳᠠᠯᠭ᠎ᠠ ᠳᠤᠷᠠᠳᠪᠠ᠃ ᠲᠡᠷᠡ᠂ ᠬᠤᠰᠢᠭᠤ ᠨᠠᠮ ᠤᠨ ᠬᠤᠷᠢᠶᠠᠨ ᠤ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠲᠤᠭᠤᠶᠢᠯᠠᠩ ᠤᠨ ᠠᠯᠪᠠᠨ ᠭᠡᠷ ᠤᠨ ᠪᠦᠬᠦ ᠬᠥᠮᠦᠰ ᠪᠣᠯ ᠭᠤᠤᠯ ᠰᠡᠳᠦᠪᠲᠦ ᠬᠥᠮᠦᠵᠢᠯ ᠤᠨ ᠠᠬᠢᠭᠤᠯᠤᠭᠴᠢ᠂ ᠣᠷᠣᠯᠴᠠᠭᠴᠢ ᠪᠣᠯᠬᠤ ᠪᠠᠷ ᠪᠠᠷᠠᠬᠤ ᠦᠭᠡᠢ ᠪᠠᠰᠠ ᠬᠡᠷᠡᠭᠵᠢᠬᠦᠯᠦᠭᠴᠢ᠂ ᠨᠠᠶᠢᠳᠠᠪᠤᠷᠢᠵᠢᠭᠤᠯᠤᠭᠴᠢ ᠮᠥᠨ᠂ ᠬᠠᠷᠢᠭᠤᠴᠠᠯᠭ᠎ᠠ ᠬᠦᠨᠳᠦ᠂ ᠡᠭᠦᠷᠭᠡ ᠥᠩᠭᠡ ᠭᠡᠷᠡᠯᠲᠡᠢ ᠶᠤᠮ᠃ ᠶᠡᠷᠦᠩᠬᠡᠶᠢᠯᠡᠭᠰᠡᠨ ᠦᠶᠯᠡᠴᠢᠯᠡᠭᠡᠨ ᠤ ᠪᠠᠲᠤᠯᠠᠭ᠎ᠠ᠂ ᠬᠠᠷᠢᠯᠴᠠᠵᠤ ᠲᠤᠬᠢᠷᠠᠭᠤᠯᠤᠨ ᠠᠬᠢᠭᠤᠯᠬᠤ᠂ ᠴᠡᠭᠴᠡᠯᠡᠨ ᠰᠠᠶᠢᠵᠢᠷᠠᠭᠤᠯᠵᠤ ᠪᠠᠶᠢᠴᠠᠭᠠᠨ ᠦᠵᠡᠬᠦ᠂ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠵᠣᠬᠢᠴᠠᠭᠤᠯᠬᠤ᠂ ᠭᠤᠤᠯ ᠰᠡᠳᠦᠪᠲᠦ ᠬᠥᠮᠦᠵᠢᠯ ᠤᠬᠠᠭᠤᠯᠭ᠎ᠠ ᠵᠡᠷᠭᠡ ᠡᠭᠦᠷᠭᠡ ᠴᠢᠳᠠᠪᠤᠷᠢ ᠶᠢᠨ ᠦᠶᠯᠡᠳᠦᠯ ᠢ ᠭᠦᠶᠴᠡᠳ ᠪᠠᠳᠠᠷᠠᠭᠤᠯᠵᠤ᠂ ᠡᠯ᠎ᠡ ᠵᠦᠶᠯ ᠤᠨ ᠠᠵᠢᠯ ᠤᠨ ᠵᠠᠷᠯᠢᠭ ᠢ ᠴᠠᠭ ᠲᠤᠬᠠᠶ ᠳᠤᠨᠢ ᠲᠠᠷᠬᠠᠭᠠᠬᠤ᠂ ᠭᠤᠤᠯᠳᠠᠯᠭ᠎ᠠ ᠲᠠᠢ ᠡᠭᠦᠷᠭᠡ ᠶᠢ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠶ᠃ ᠲᠥᠷᠥ ᠶᠢᠨ ᠪᠣᠳᠣᠯᠭ᠎ᠠ ᠶᠢᠨ ᠰᠤᠷᠤᠯᠴᠠᠯᠭ᠎ᠠ ᠶᠢ ᠤᠯᠠᠮ ᠴᠢᠩᠭᠠᠳᠬᠠᠵᠤ᠂ ᠲᠥᠷᠥᠯ ᠬᠤᠪᠢᠶᠠᠨ ᠵᠢᠯᠣᠭᠤᠳᠬᠤ ᠶᠢ ᠴᠢᠩᠭᠠᠳᠬᠠᠨ᠂ ᠨᠡᠶᠢᠲᠡᠯᠢᠭ ᠲᠤᠷᠰᠢᠯᠭ᠎ᠠ ᠶᠢ ᠠᠭᠤᠳᠠᠯᠵᠤ᠂ ᠨᠢᠭᠡᠳᠦᠯᠲᠡᠶ ᠲᠥᠯᠥᠪᠵᠢᠭᠦᠯᠦᠨ ᠬᠤᠯᠪᠣᠭᠠᠯᠠᠨ ᠬᠥᠳᠡᠯᠦᠯᠴᠡᠵᠦ ᠬᠠᠮᠵᠢᠯᠴᠠᠨ᠂ ︽ᠲᠣᠭᠲᠠᠭᠰᠠᠨ ᠬᠥᠳᠡᠯᠭᠡᠭᠡᠨ︾ ᠢ ᠥᠭᠡᠷᠡᠲᠦᠭᠦᠯᠬᠦ ᠥᠬᠡᠶ ᠪᠠᠶᠢᠬᠤ ᠶᠢ ᠦᠨᠡᠨ ᠬᠦ ᠪᠠᠲᠤᠯᠠᠵᠤ᠂ ᠭᠤᠤᠯ ᠰᠡᠳᠦᠪᠲᠦ ᠬᠥᠮᠦᠵᠢᠯ ᠤᠨ ᠠᠵᠢᠯ ᠤᠨ ᠭᠦᠨᠵᠡᠭᠡᠶᠢᠷᠡᠨ ᠪᠣᠳᠠᠲᠠᠶᠢᠵᠢᠵᠤ᠂ ᠪᠣᠳᠠᠲᠤ ᠦᠷ᠎ᠡ ᠪᠦᠲᠦᠮᠵᠢ ᠤᠯᠬᠤ ᠶᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃
ᠢᠷᠡᠯᠲᠡ᠄ ᠤᠲᠤᠭ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ