2023 ᠣᠨ ᠤ ᠬᠠᠷᠠᠮᠵᠢ ᠦᠭᠡᠢ ᠪᠠᠷ ᠴᠢᠰᠤ ᠬᠠᠨᠳᠢᠪᠯᠡᠬᠤ ᠠᠵᠢᠯᠯᠠᠭ᠎ᠠ ᠶᠢ ᠥᠷᠨᠢᠭᠦᠯᠬᠦ ᠲᠤᠬᠠᠢ ᠣᠲᠤᠭ ᠬᠤᠰᠢᠭᠤᠨ ᠤ ᠠᠷᠠᠳ ᠤᠨ  ᠵᠠᠰᠠᠭ  ᠤᠨ  ᠣᠷᠳᠣᠨ  ᠤ ᠠᠯᠪᠠᠨ  ᠭᠡᠷ  ᠤᠨ  ᠮᠡᠳᠡᠭᠳᠡᠯ
ᠨᠡᠶᠢᠲᠡᠯᠡᠭᠰᠡᠨ ᠴᠠᠭ᠄
2023/10/19
                 ᠤᠲᠤᠭ ᠵᠠᠰᠠᠭ ᠠᠯᠪᠠᠨ ᠲᠠᠷᠬᠠᠭᠠᠭᠰᠠᠨ ﹇2023﹈ 90 ᠳ᠋ᠦ᠋ᠭᠡᠷ ᠲᠣᠭᠠᠲᠤ            2023 ᠣᠨ ᠤ ᠬᠠᠷᠠᠮᠵᠢ ᠦᠭᠡᠢ ᠪᠠᠷ ᠴᠢᠰᠤ ᠬᠠᠨᠳᠢᠪᠯᠡᠬᠤ ᠠᠵᠢᠯᠯᠠᠭ᠎ᠠ ᠶᠢ ᠥᠷᠨᠢᠭᠦᠯᠬᠦ ᠲᠤᠬᠠᠢ             ᠣᠲᠤᠭ ᠬᠤᠰᠢᠭᠤᠨ ᠤ ᠠᠷᠠᠳ ᠤᠨ  ᠵᠠᠰᠠᠭ  ᠤᠨ  ᠣᠷᠳᠣᠨ  ᠤ ᠠᠯᠪᠠᠨ  ᠭᠡᠷ  ᠤᠨ  ᠮᠡᠳᠡᠭᠳᠡᠯᠣᠲᠤᠭ ᠤᠨ ᠠᠵᠦ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤᠨ ︵ᠬᠤᠲᠠ︶ ᠤ ᠰᠢᠭᠤᠳ ᠬᠠᠷᠢᠶ᠎ᠠ ᠡᠯ᠎ᠡ ᠪᠠᠶᠢᠭᠤᠯᠭ᠎ᠠ᠂ ᠡᠯ᠎ᠡ ᠠᠷᠠᠳ ᠤᠨ ᠪᠦᠯᠬᠦᠮ᠂ ᠡᠯ᠎ᠡ ᠶᠡᠭᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄      ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠢᠰᠤ ᠬᠠᠨᠳᠢᠪᠯᠠᠬᠤ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠰᠤ ᠬᠠᠨᠳᠢᠪᠯᠠᠬᠤ ᠳᠦᠷᠢᠮ︾ ᠢ ᠤᠯᠠᠮ ᠨᠢᠭᠡ ᠠᠯᠬᠤᠮ ᠲᠣᠭᠤᠰᠢᠯᠠᠭᠤᠯᠵᠦ᠂ ᠬᠤᠲᠠ ᠶᠢᠨ ᠪᠤᠯᠪᠠᠰᠤᠨ ᠤ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠂ ᠪᠤᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠪᠤᠳᠠᠲᠤ ᠦᠢᠯᠡ ᠠᠵᠢᠯᠯᠠᠭ᠎ᠠ ᠪᠠᠷ ᠢᠶᠠᠨ ᠳᠡᠮᠵᠢᠵᠦ᠂ ᠡᠮᠴᠢᠯᠡᠭᠡ ᠳᠤ ᠬᠡᠷᠡᠭᠯᠡᠬᠦ ᠴᠢᠰᠤᠨ ᠤ ᠬᠡᠷᠡᠭᠴᠡᠭᠡ ᠱᠠᠭᠠᠷᠳᠠᠯᠭ᠎ᠠ ᠪᠠ ᠴᠢᠰᠤᠨ ᠤ ᠠᠮᠤᠷ ᠳᠥᠪᠰᠢᠨ ᠢ ᠪᠠᠲᠤᠯᠠᠬᠤ ᠶᠢᠨ ᠲᠤᠰᠠᠳᠠ᠂ ᠡᠳᠦᠭᠡ 2023 ᠣᠨ ᠤ ᠬᠠᠷᠠᠮᠵᠢ ᠦᠭᠡᠢ ᠪᠠᠷ ᠴᠢᠰᠤ ᠵᠢᠴᠢ ᠴᠢᠰᠦ ᠪᠦᠲᠦᠭᠡᠬᠦ ᠭᠤᠣᠯ ᠡᠰ ᠢᠶᠠᠨ ᠬᠠᠨᠳᠢᠪᠯᠡᠬᠤ ᠪᠣᠳᠠᠲᠠᠢ ᠤᠴᠢᠷ ᠶᠠᠪᠤᠳᠠᠯ ᠢ ᠳᠤᠤᠷᠠᠬᠢ ᠮᠡᠲᠦ ᠮᠡᠳᠡᠭᠳᠡᠶ᠎ᠡ᠄      ᠨᠢᠭᠡ᠂ ᠴᠠᠭ ᠭᠠᠵᠠᠷ      ︵ᠨᠢᠭᠡ︶ ᠣᠲᠤᠭ ᠬᠤᠰᠢᠭᠤᠨ ᠤ ᠦᠢᠯᠡᠳᠪᠦᠷᠢ ᠠᠭᠤᠷᠬᠠᠢ ᠶᠢᠨ ᠳᠥᠭᠦᠮ ᠪᠦᠲᠦᠴᠡᠲᠦ ᠰᠠᠭᠤᠭᠠᠯᠢ ᠲᠣᠭᠤᠷᠢᠭ ᠤᠨ ᠱᠤᠸᠠᠢ ᠹᠸᠡᠭ ᠨᠡᠶᠢᠭᠡᠮ ᠲᠣᠭᠤᠷᠢᠭ ᠤᠨ ᠬᠤᠶᠠᠳᠤᠭᠠᠷ ᠳᠠᠪᠬᠤᠷᠭ᠎ᠠ ᠶᠢᠨ ᠬᠤᠷᠠᠯ ᠤᠨ ᠭᠡᠷ ︵ᠤᠯᠠᠭᠠᠨᠪᠠᠯᠭᠠᠰᠤ︶2023 ᠣᠨ ᠤ 10 ᠳ᠋ᠤᠭᠠᠷ ᠰᠠᠷ᠎ᠠ ᠶᠢᠨ 25 ᠤ ᠡᠳᠦᠷ ︵ᠭᠠᠷᠠᠭ ᠤᠨ ᠬᠤᠶᠠᠷ︶ ᠠᠴᠠ 27 ᠤ ᠡᠳᠦᠷ ︵ᠭᠠᠷᠠᠭ ᠤᠨ ᠲᠠᠪᠤᠨ︶ ᠤᠨ ᠥᠷᠯᠥᠭᠡ ᠶᠢᠨ ᠨᠠᠢᠮᠠᠨ ᠴᠠᠭ ᠬᠠᠭᠠᠰ ᠠᠴᠠ ᠠᠷᠪᠠᠨ ᠬᠤᠶᠠᠷ ᠴᠠᠭ ᠬᠦᠷᠲᠡᠯ᠎ᠡ᠃      ︵ᠬᠤᠶᠠᠷ︶ ᠣᠲᠤᠭ ᠬᠤᠰᠢᠭᠤᠨ ᠤ ᠠᠷᠠᠳ ᠤᠨ ᠬᠤᠶᠠᠳᠤᠭᠠᠷ ᠡᠮᠨᠡᠯᠭᠡ ᠶᠢᠨ ᠬᠤᠷᠢᠶᠠᠨ ᠤ ᠭᠤᠷᠪᠠᠳᠤᠭᠠᠷ ᠳᠠᠪᠬᠤᠷᠭ᠎ᠠ ᠶᠢᠨ ᠬᠤᠷᠠᠯ ᠤᠨ ᠭᠡᠷ ︵ᠴᠢ ᠫᠠᠠ ᠵᠢᠩ ᠪᠠᠯᠭᠠᠰᠤ︶      2023 ᠣᠨ ᠤ 10 ᠳ᠋ᠤᠭᠠᠷ ᠰᠠᠷ᠎ᠠ ᠶᠢᠨ 31 ᠤ ᠡᠳᠦᠷ ︵ᠭᠠᠷᠠᠭ ᠤᠨ ᠬᠤᠶᠠᠷ︶ ᠠᠴᠠ 11 ᠳ᠋ᠦ᠋ᠭᠡᠷ ᠰᠠᠷ᠎ᠠ ᠶᠢᠨ 3 ᠤ ᠡᠳᠦᠷ ︵ᠭᠠᠷᠠᠭ ᠤᠨ ᠲᠠᠪᠤᠨ︶ ᠤᠨ ᠥᠷᠯᠥᠭᠡ ᠶᠢᠨ ᠨᠠᠢᠮᠠᠨ ᠴᠠᠭ ᠬᠠᠭᠠᠰ ᠠᠴᠠ ᠠᠷᠪᠠᠨ ᠬᠤᠶᠠᠷ ᠴᠠᠭ ᠬᠦᠷᠲᠡᠯ᠎ᠡ᠃      ᠬᠤᠶᠠᠷ᠂ ᠬᠦᠷᠲᠡᠬᠦ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ      ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠢᠰᠤ ᠬᠠᠨᠳᠢᠪᠯᠠᠬᠤ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠢᠰᠤ ᠬᠠᠨᠳᠢᠪᠯᠠᠬᠤ ᠬᠠᠤᠯᠢ﹀ ᠶᠢᠨ ᠠᠷᠭ᠎ᠠ︾ ᠶᠢᠨ ᠬᠠᠮᠢᠶ᠎ᠠ ᠪᠦᠬᠦᠢ ᠲᠣᠭᠲᠠᠭᠠᠯ ᠪᠠ ︽ᠬᠠᠷᠠᠮᠵᠢ ᠦᠭᠡᠢ ᠪᠠᠷ ᠴᠢᠰᠤ ᠬᠠᠨᠳᠢᠪᠯᠠᠭᠰᠠᠳ ᠵᠢᠴᠢ ᠬᠠᠮᠢᠶ᠎ᠠ ᠪᠦᠬᠦᠢ ᠬᠥᠮᠥᠰ ᠤᠨ ᠣᠨᠳᠣᠣ ᠭᠠᠵᠠᠷ ᠲᠤ ᠴᠢᠰᠤ ᠬᠡᠷᠡᠭᠯᠡᠬᠦ ᠳᠤ ᠲᠥᠬᠦᠮ ᠦᠵᠡᠭᠦᠯᠬᠦ ᠠᠵᠢᠯ ᠢ ᠰᠠᠶᠢᠲᠤᠷ ᠬᠢᠬᠦ ᠲᠤᠬᠠᠢ ᠡᠷᠡᠭᠦᠯ ᠬᠠᠮᠠᠭᠠᠯᠠᠯ ᠤᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ︾ ︵ᠡᠷᠡᠭᠦᠯ ᠬᠠᠮᠠᠭᠠᠯᠠᠯ ᠤᠨ ᠠᠯᠪᠠᠨ ᠭᠡᠷ ᠡᠮᠨᠡᠯᠭᠡ ᠶᠢᠨ ᠶᠠᠪᠤᠳᠠᠯ ᠵᠠᠬᠢᠳᠠᠯ ﹇2012﹈ 427︶ ᠤᠨ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ᠂ ᠴᠢᠰᠤ ᠪᠠᠨ ᠬᠠᠨᠳᠢᠪᠯᠠᠭᠰᠠᠨ ᠡᠳᠦᠷ ᠠᠴᠠ ᠡᠬᠢᠯᠡᠨ ᠭᠤᠷᠪᠠᠨ ᠰᠠᠷ᠎ᠠ ᠶᠢᠨ ᠳᠠᠷᠠᠭ᠎ᠠ᠂ ᠬᠠᠷᠠᠮᠵᠢ ᠦᠭᠡᠢ ᠪᠠᠷ ᠴᠢᠰᠤ ᠬᠠᠨᠳᠢᠪᠯᠠᠭᠰᠠᠳ ᠵᠢᠴᠢ ᠬᠠᠮᠢᠶ᠎ᠠ ᠪᠦᠬᠦᠢ ᠬᠥᠮᠥᠰ ᠳᠣᠣᠷᠠᠬᠢ ᠲᠣᠭᠲᠠᠭᠠᠯ ᠶᠣᠰᠣᠭᠠᠷ ᠡᠮᠴᠢᠯᠡᠭᠡᠨ ᠳᠤ ᠲᠥᠯᠥᠪᠦᠷᠢ ᠦᠭᠡᠢ ᠪᠠᠷ ᠴᠢᠰᠤ ᠬᠡᠷᠡᠭᠯᠡᠨ᠎ᠡ᠄      ︵ᠨᠢᠭᠡ︶ ᠴᠢᠰᠤ ᠬᠠᠨᠳᠢᠪᠯᠠᠭᠴᠢ ᠲᠤᠰ ᠬᠥᠮᠥᠨ ᠡᠮᠴᠢᠯᠡᠭᠡᠨ ᠳᠤ ᠴᠢᠰᠤ ᠬᠡᠷᠡᠭᠯᠡᠬᠦ ᠳᠤ᠂ ᠲᠠᠪᠤᠨ ᠵᠢᠯ ᠤᠨ ᠳᠣᠲᠣᠷ᠎ᠠ ᠬᠡᠮᠵᠢᠶ᠎ᠡ ᠬᠢᠵᠠᠭᠠᠷ ᠦᠭᠡᠢ ᠲᠥᠯᠥᠪᠦᠷᠢ ᠦᠭᠡᠢ ᠪᠠᠷ ᠴᠢᠰᠤ ᠬᠡᠷᠡᠭᠯᠡᠭᠦᠯᠦᠨ᠎ᠡ᠂ ᠲᠠᠪᠤᠨ ᠵᠢᠯ ᠤᠨ ᠲᠡᠷᠠᠭ᠎ᠠ ᠬᠠᠨᠳᠢᠪᠯᠠᠭᠰᠠᠨ ᠴᠢᠰᠤᠨ ᠤ ᠬᠡᠮᠵᠢᠶ᠎ᠡ ᠪᠠᠷ ᠨᠢ ᠲᠥᠯᠥᠪᠦᠷᠢ ᠦᠭᠡᠢ ᠪᠠᠷ ᠴᠢᠰᠤ ᠬᠡᠷᠡᠭᠯᠡᠭᠦᠯᠦᠨ᠎ᠡ︔      ︵ᠬᠤᠶᠠᠷ︶ ᠴᠢᠰᠤ ᠬᠠᠨᠳᠢᠪᠯᠠᠭᠴᠢ ᠶᠢᠨ ᠬᠠᠨᠢ ᠨᠥᠬᠦᠷ᠂ ᠰᠢᠭᠤᠳ ᠴᠢᠰᠤᠨ ᠬᠤᠯᠪᠣᠭ᠎ᠠ ᠲᠠᠢ ᠲᠥᠷᠥᠯ ᠰᠡᠳᠦᠠ ᠨᠢ ᠲᠠᠪᠤᠨ ᠵᠢᠯ ᠤᠨ ᠳᠣᠲᠣᠷ᠎ᠠ ᠡᠮᠴᠢᠯᠡᠭᠡᠨ ᠳᠤ ᠴᠢᠰᠤ ᠬᠡᠷᠡᠭᠯᠡᠬᠦ ᠳᠤ ᠬᠠᠨᠳᠢᠪᠯᠠᠭᠰᠠᠨ ᠴᠢᠰᠤᠨ ᠤ ᠬᠡᠮᠵᠢᠶ᠎ᠡ ᠪᠠᠷ ᠨᠢ ᠲᠥᠯᠥᠪᠦᠷᠢ ᠦᠭᠡᠢ ᠪᠠᠷ ᠴᠢᠰᠤ ᠬᠡᠷᠡᠭᠯᠡᠭᠦᠯᠦᠨ᠎ᠡ︔      ︵ᠭᠤᠷᠪᠠ︶ ᠨᠡᠶᠢᠲᠡ 1000 ᠮᠢᠯᠢᠯᠢᠲᠷ ᠠᠴᠠ ᠳᠡᠭᠡᠭᠰᠢ ᠴᠢᠰᠤ ᠬᠠᠨᠳᠢᠪᠯᠠᠭᠰᠠᠨ ᠪᠠᠶᠢᠪᠠᠯ᠂ ᠡᠮᠴᠢᠯᠡᠭᠡᠨ ᠤ ᠬᠡᠷᠡᠭᠴᠡᠭᠡ ᠶᠢ ᠦᠨᠳᠦᠰᠦᠯᠡᠨ᠂ ᠲᠣᠰ ᠬᠥᠮᠥᠨ ᠳᠤ ᠨᠠᠰᠤᠨ ᠲᠤᠷᠰᠢᠳᠠ ᠬᠢᠵᠠᠭᠠᠷ ᠦᠭᠡᠢ ᠲᠥᠯᠥᠪᠦᠷᠢ ᠦᠭᠡᠢ ᠪᠠᠷ ᠴᠢᠰᠤ ᠬᠡᠷᠡᠭᠯᠡᠭᠦᠯᠦᠨ᠎ᠡ︔ ᠴᠢᠰᠤ ᠬᠠᠨᠳᠢᠪᠯᠠᠭᠴᠢ ᠶᠢᠨ ᠬᠠᠨᠢ ᠨᠥᠬᠦᠷ᠂ ᠰᠢᠭᠤᠳ ᠴᠢᠰᠤᠨ ᠬᠤᠯᠪᠣᠭ᠎ᠠ ᠲᠠᠢ ᠲᠥᠷᠥᠯ ᠰᠡᠳᠦᠠ ᠨᠢ ᠨᠠᠰᠤᠨ ᠲᠤᠷᠰᠢᠳᠠ ᠬᠠᠨᠳᠢᠪᠯᠠᠭᠰᠠᠨ ᠴᠢᠰᠤᠨ ᠤ ᠬᠡᠮᠵᠢᠶ᠎ᠡ ᠪᠠᠷ ᠨᠢ ᠲᠥᠯᠥᠪᠦᠷᠢ ᠦᠭᠡᠢ ᠪᠠᠷ ᠴᠢᠰᠤ ᠬᠡᠷᠡᠭᠯᠡᠭᠦᠯᠦᠨ᠎ᠡ᠃      ᠭᠤᠷᠪᠠ᠂ ᠪᠤᠰᠤᠳ ᠵᠦᠢᠯᠡᠰ      ︵ᠨᠢᠭᠡ︶ ᠴᠢᠰᠤ ᠬᠠᠨᠳᠢᠪᠯᠠᠭᠴᠢ ︽ᠴᠢᠰᠤ ᠬᠠᠨᠳᠢᠪᠯᠡᠬᠤ ᠬᠠᠤᠯᠢ︾ ᠶᠢᠨ ᠱᠠᠭᠠᠷᠳᠠᠯᠭ᠎ᠠ ᠳᠤ ᠨᠡᠶᠢᠴᠡᠭᠰᠡᠨ ᠪᠦᠬᠦᠯᠢ 18 ᠨᠠᠰᠤᠨ ᠠᠴᠠ ᠪᠦᠬᠦᠯᠢ 55 ᠪᠦᠬᠦᠯᠢ ᠨᠠᠰᠤᠨ ᠤ ᠬᠤᠭᠤᠷᠣᠨᠳᠤᠬᠢ ᠡᠷᠬᠡᠲᠦ ᠠᠷᠠᠳ ᠪᠠᠶᠢᠬᠤ ᠬᠡᠷᠡᠭᠲᠡᠢ︔ ᠡᠷᠡᠭᠲᠡᠢ 50 ᠺᠢᠯᠤᠭ᠍ᠷᠠᠮ ᠪᠤᠶᠤ 50 ᠺᠢᠯᠤᠭ᠍ᠷᠠᠮ ᠠᠴᠠ ᠬᠦᠨᠳᠦ᠂ ᠡᠮᠡᠭᠲᠡᠢ 45 ᠺᠢᠯᠤᠭ᠍ᠷᠠᠮ ᠪᠤᠶᠤ 45 ᠺᠢᠯᠤᠭ᠍ᠷᠠᠮ ᠠᠴᠠ ᠬᠦᠨᠳᠦ ᠪᠠᠶᠢᠬᠤ ᠬᠡᠷᠡᠭᠲᠡᠢ᠃      ︵ᠬᠤᠶᠠᠷ︶ ᠴᠢᠰᠤ ᠬᠠᠨᠳᠢᠪᠯᠡᠬᠤ ᠠᠴᠠ ᠡᠮᠦᠨ᠎ᠡ ᠬᠤᠶᠠᠷ ᠡᠳᠦᠷ ᠲᠤ ᠠᠷᠢᠬᠢ ᠤᠤᠭᠤᠵᠤ ᠪᠣᠯᠬᠤ ᠦᠭᠡᠢ᠂ ᠴᠢᠰᠤ ᠬᠠᠨᠳᠢᠪᠯᠡᠬᠤ ᠡᠳᠦᠷ ᠡᠷᠬᠡᠪᠰᠢ ᠮᠢᠬ᠎ᠠ ᠳᠤᠰᠤ ᠦᠭᠡᠢ ᠥᠷᠯᠥᠭᠡᠨ ᠤ ᠬᠤᠭᠤᠯᠠ ᠢᠳᠡᠬᠦ ᠮᠥᠷᠲᠡᠭᠡᠨ ᠴᠠᠭᠠᠨ ᠢᠳᠡᠭᠡᠨ᠂ ᠪᠤᠷᠴᠠᠭ ᠤᠨ ᠢᠳᠡᠭᠡᠨ᠂ ᠥᠨᠳᠡᠭᠡᠨ ᠲᠥᠷᠥᠯ᠂ ᠳᠥᠭᠦᠮ ᠭᠤᠯᠢᠷ ᠵᠡᠷᠭᠡ ᠶᠢ ᠢᠳᠡᠵᠦ ᠪᠣᠯᠬᠤ ᠦᠭᠡᠢ᠃      ︵ᠭᠤᠷᠪᠠ︶ ᠡᠯ᠎ᠡ ᠪᠠᠶᠢᠭᠤᠯᠭ᠎ᠠ ᠨᠢᠭᠡᠴᠢ ᠴᠢᠰᠦ ᠬᠠᠨᠳᠢᠪᠯᠠᠭᠴᠢ ᠳᠤ ᠵᠣᠬᠢᠰᠲᠠᠢ ᠠᠮᠠᠷᠠᠬᠤ ᠴᠢᠯᠦᠭᠡ ᠥᠭᠬᠦ ᠬᠡᠷᠡᠭᠲᠡᠢ᠃      ︵ᠳᠥᠷᠪᠡ︶ ᠲᠤᠰ ᠪᠠᠶᠢᠭᠤᠯᠭ᠎ᠠ ᠨᠢᠭᠡᠴᠢ ᠶᠢᠨ ᠢᠶᠠᠨ ᠸᠢᠴᠠᠲ ᠤᠨ ᠬᠤᠯᠪᠣᠭ᠎ᠠ᠂ ᠠᠵᠤ ᠠᠬᠤᠶᠢᠯᠠᠯ ᠤᠨ ᠬᠤᠯᠪᠣᠭ᠎ᠠ᠂ ᠳ᠋ᠢᠩ ᠳ᠋ᠢᠩ ᠵᠡᠷᠭᠡ ᠬᠤᠯᠪᠣᠭ᠎ᠠ ᠳᠡᠭᠡᠷ᠎ᠡ ᠬᠠᠷᠠᠮᠵᠢ ᠦᠭᠡᠢ ᠪᠠᠷ ᠴᠢᠰᠦ ᠬᠠᠨᠳᠢᠪᠯᠠᠬᠤ ᠠᠵᠢᠯᠯᠠᠭ᠎ᠠ ᠶᠢ ᠢᠳᠡᠪᠬᠢᠲᠡᠢ ᠤᠬᠠᠭᠤᠯᠵᠤ᠂ ᠬᠠᠷᠠᠮᠵᠢ ᠦᠭᠡᠢ ᠪᠠᠷ ᠴᠢᠰᠦ ᠬᠠᠨᠳᠢᠪᠯᠠᠬᠤ ᠵᠥᠪ ᠡᠨᠧᠷᠭᠢ ᠶᠢ ᠶᠡᠬᠡᠪᠡᠷ ᠳᠠᠮᠵᠢᠭᠤᠯᠤᠨ ᠪᠠᠳᠠᠷᠠᠭᠤᠯᠬᠤ ᠬᠡᠷᠡᠭᠲᠡᠢ᠃      ︵ᠲᠠᠪᠤ︶ ᠡᠯ᠎ᠡ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠬᠠᠷᠢᠶ᠎ᠠ ᠣᠷᠣᠨ ᠳᠠᠬᠢ ᠦᠢᠯᠡᠳᠪᠦᠷᠢ ᠠᠭᠤᠷᠬᠠᠢ ᠶᠢᠨ ᠠᠵᠦ ᠠᠬᠤᠶᠢᠯᠠᠯ ᠤᠨ ᠠᠵᠢᠯᠲᠠᠨ ᠢᠶᠠᠨ ᠵᠣᠬᠢᠶᠠᠨ ᠪᠠᠶᠢᠭᠤᠯᠤᠨ ᠳᠠᠶᠢᠴᠢᠯᠠᠵᠤ᠂ ᠴᠢᠰᠦ ᠬᠠᠨᠳᠢᠪᠯᠠᠬᠤ ᠠᠵᠢᠯᠯᠠᠭ᠎ᠠ ᠳᠤ ᠣᠷᠣᠯᠴᠠᠭᠤᠯᠬᠤ ᠬᠡᠷᠡᠭᠲᠡᠢ᠃      ︵ᠵᠢᠷᠭᠤᠭ᠎ᠠ︶ ᠡᠯ᠎ᠡ ᠪᠠᠶᠢᠭᠤᠯᠭ᠎ᠠ ᠨᠢᠭᠡᠴᠢ ᠨᠢᠭᠡ ᠬᠠᠷᠢᠯᠴᠠᠭᠴᠢ ᠲᠣᠬᠢᠷᠠᠭᠤᠯᠵᠤ᠂ 10 ᠳ᠋ᠤᠭᠠᠷ ᠰᠠᠷ᠎ᠠ ᠶᠢᠨ 23 ᠤ ᠡᠳᠦᠷ ᠠᠴᠠ ᠡᠮᠦᠨ᠎ᠡ ︽ᠣᠲᠤᠭ ᠬᠤᠰᠢᠭᠤᠨ ᠤ 2023 ᠣᠨ ᠤ ᠬᠠᠷᠠᠮᠵᠢ ᠦᠭᠡᠢ ᠪᠠᠷ ᠴᠢᠰᠦ ᠬᠠᠨᠳᠢᠪᠯᠠᠭᠴᠢᠳ ᠢ ᠳᠠᠩᠰᠠᠯᠠᠬᠤ ᠬᠦᠰᠦᠨᠦᠭ︾ ᠢ ᠰᠢᠤᠳᠠᠨ ᠤ  ᠬᠠᠶᠢᠷᠴᠠᠭ ᠲᠤ ᠮᠡᠳᠡᠭᠦᠯᠦᠭᠡᠷᠡᠢ᠃      ᠬᠠᠷᠢᠯᠴᠠᠬᠤ ᠬᠦᠮᠥᠨ᠄ ᠯᠢᠶᠠᠩ ᠨᠠ      ᠭᠤᠶᠣᠨ᠎ᠠ      ᠬᠠᠷᠢᠯᠴᠠᠬᠤ ᠤᠲᠠᠰᠤ᠄ 0477 — 6212449᠂ 14784770058᠂ 13904771445      ᠢᠮᠧᠯ᠄ 29796522@qq.com                                    ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                        2023 ᠣᠨ ᠤ 10 ᠳ᠋ᠤᠭᠠᠷ ᠰᠠᠷ᠎ᠠ ᠶᠢᠨ 19 ᠤ ᠡᠳᠦᠷ                    ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ    2023 ᠣᠨ ᠤ 10 ᠳ᠋ᠤᠭᠠᠷ ᠰᠠᠷ᠎ᠠ ᠶᠢᠨ 19 ᠤ ᠡᠳᠦᠷ ᠳᠠᠷᠤᠮᠠᠯᠯᠠᠨ ᠲᠠᠷᠬᠠᠭᠠᠪᠠ 
ᠢᠷᠡᠯᠲᠡ᠄ ᠣᠳᠤᠭ ᠬᠤᠰᠢᠭᠤᠨ ᠤ ᠠᠷᠡᠳ ᠤᠨ ᠵᠠᠰᠠᠭ ᠤᠨ ᠣᠷᠳᠣᠨ ᠤ ᠠᠯᠪᠡᠨ ᠭᠡᠷ