1935 ᠤᠨ ᠤ 7 ᠰᠠᠷ᠎ᠠ ᠳᠤ ᠤᠷᠳᠤᠰ ᠤᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠶᠡᠭᠡ ᠬᠠᠷᠢᠶᠠᠨ ᠤ ᠬᠠᠷᠠᠨᠤᠳ ᠤᠪᠤᠭᠲᠠᠨ ᠮᠠᠯᠴᠢᠨ | ᠡᠷᠳᠡᠨᠢᠵᠤᠯᠠ ᠶᠢᠨ ᠬᠤᠶᠠᠳᠤᠭᠠᠷ ᠬᠥᠪᠡᠭᠦᠨ ᠪᠤᠯᠤᠨ ᠵᠠᠶᠠᠭᠠᠵᠠᠢ᠃ 1953 ᠤᠨ ᠠᠴᠠ ᠨᠠᠭᠠᠰᠢ ᠤᠷᠢᠳ ᠬᠤᠵᠢᠳ ᠠᠷᠠᠳ ᠤᠨ ᠪᠠᠭ᠎ᠠ ᠰᠤᠷᠭᠠᠭᠤᠯᠢ ᠪᠤᠯᠤᠨ | ᠳᠤᠮᠳᠠᠳᠤ ᠰᠤᠷᠭᠠᠭᠤᠯᠢ ᠶᠢᠨ ᠵᠠᠬᠢᠷᠤᠯ ᠤᠨ ᠠᠵᠢᠯ ᠢ ᠬᠠᠷᠢᠭᠤᠴᠠᠵᠤ ᠳᠤᠮᠳᠠᠳᠤ ᠵᠡᠷᠭᠡ ᠶᠢᠨ ᠳᠤᠰᠬᠠᠢ ᠮᠡᠷᠭᠡᠵᠢᠯ ᠤᠨ ᠴᠤᠯᠠ ᠬᠠᠮᠠᠭᠠᠯᠠᠭᠰᠠᠨ ᠪᠥᠭᠡᠳ ᠶᠡᠭᠡ ᠵᠤᠤ | ᠠᠶᠢᠮᠠᠭ ᠤᠨ ᠤᠳᠬ᠎ᠠ ᠤᠷᠠᠯᠢᠭ ᠤᠨ ᠠᠷᠠᠳ ᠤᠨ ᠠᠮᠠᠨ ᠵᠤᠬᠢᠶᠠᠯ ᠢ ᠰᠤᠳᠤᠯᠬᠤ ᠨᠡᠶᠢᠬᠡᠮᠯᠢᠭ ᠤᠨ ᠭᠡᠰᠢᠭᠦᠨ᠂ ᠤᠷᠳᠤᠰ ᠬᠤᠲᠠ ᠶᠢᠨ ᠤᠳᠬ᠎ᠠ ᠤᠷᠠᠯᠢᠭ ᠤᠨ | ᠠᠷᠠᠳ ᠤᠨ ᠠᠮᠠᠨ ᠵᠤᠬᠢᠶᠠᠯ ᠢ ᠰᠤᠳᠤᠯᠬᠤ ᠵᠠᠩ ᠦᠢᠯᠡ ᠶᠢᠨ ᠨᠡᠷ᠎ᠡ ᠬᠦᠨᠳᠦᠲᠦ ᠲᠡᠷᠢᠭᠦᠯᠡᠭᠴᠢ ᠵᠢᠴᠢ ᠥᠪᠥᠷ ᠮᠤᠩᠭᠤᠯ ᠤᠨ ᠨᠡᠶᠢᠬᠡᠮ ᠤᠨ ᠰᠢᠨᠵᠢᠯᠡᠬᠦ ᠤᠬᠠᠭᠠᠨ ᠤ | ᠠᠷᠠᠳ ᠤᠨ ᠵᠠᠩ ᠦᠢᠯᠡ ᠶᠢ ᠰᠤᠳᠤᠯᠬᠤ ᠨᠡᠶᠢᠬᠡᠮᠯᠢᠭ ᠤᠨ ᠭᠡᠰᠢᠭᠦᠨ ᠪᠤᠯᠵᠤ᠂ ᠠᠷᠠᠳ ᠤᠨ ᠠᠮᠠᠨ ᠵᠤᠬᠢᠶᠠᠯ ᠢ ᠡᠮᠬᠢᠳᠬᠡᠨ ᠴᠤᠭᠯᠠᠭᠤᠯᠵᠤ᠂ ︽ᠠᠷᠠᠳ ᠤᠨ ᠠᠮᠠᠨ | ᠦᠯᠢᠭᠡᠷ︾᠂ ︽ᠠᠷᠠᠳ ᠤᠨ ᠶᠠᠪᠠᠭᠠᠨ ᠦᠯᠢᠭᠡᠷ︾᠂ ︽ᠤᠲᠤᠭ ᠤᠨ ᠰᠥᠮ᠎ᠡ ᠬᠡᠶᠢᠳ︾᠂ ︽ᠤᠲᠤᠭ ᠤᠨ ᠤᠪᠤᠭ᠎ᠠ ᠤᠷᠤᠳ︾᠂ ︽ᠱᠢ ᠮᠡᠷᠭᠡᠨ ᠨᠤᠶᠠᠨ᠂ | ᠬᠡᠷᠡᠭ ᠰᠢᠢᠳᠬᠡᠭᠰᠡᠨ ᠨᠢ︾᠂ ︽ᠤᠲᠤᠭ ᠤᠨ ᠨᠤᠲᠤᠭ ᠤᠰᠤ︾ ᠵᠡᠷᠭᠡ ᠨᠤᠮ ᠢ ᠬᠡᠪᠯᠡᠭᠦᠯᠦᠨ ᠲᠠᠷᠬᠠᠭᠠᠪᠠ᠃ ᠡᠭᠦᠨ ᠳᠤ ︽ᠬᠡᠰᠡᠷ ᠪᠤᠭᠳᠠ ᠭᠡᠨᠡᠳᠡᠪᠡ︾ ᠭᠡᠰᠡᠨ | ᠦᠯᠢᠭᠡᠷ ᠨᠢ ᠤᠷᠳᠤᠰ ᠤᠳᠬ᠎ᠠ ᠵᠤᠬᠢᠶᠠᠯ ᠤᠷᠠᠯᠢᠭ ᠤᠨ ᠵᠤᠬᠢᠶᠠᠯ ᠪᠥᠲᠥᠭᠡᠯ ᠤᠨ ᠬᠤᠶᠠᠳᠤᠭᠠᠷ ᠲᠡᠰ ᠤᠨ ᠱᠠᠩᠨᠠᠯ ᠪᠠ ᠥᠪᠥᠷ ᠮᠤᠩᠭᠤᠯ ᠤᠨ ︽ᠰᠤᠯᠤᠩᠭ᠎ᠠ︾ | ᠨᠡᠷᠡᠮᠵᠢᠲᠦ ᠬᠤᠶᠠᠳᠤᠭᠠᠷ ᠲᠡᠰ ᠤᠨ ᠱᠠᠩᠨᠠᠯ ᠬᠢᠭᠡᠳ ᠳᠤᠮᠳᠠᠳᠤ ᠤᠯᠤᠰ ᠤᠨ ᠤᠮᠠᠷᠠᠲᠤ ᠤᠷᠤᠨ ᠤ ᠠᠷᠠᠳ ᠤᠨ ᠠᠮᠠᠨ ᠵᠤᠬᠢᠶᠠᠯ ᠪᠥᠲᠥᠭᠡᠯ ᠤᠨ ᠭᠤᠷᠪᠠᠳᠤᠭᠠᠷ | ᠲᠡᠰ ᠤᠨ ᠱᠠᠩᠨᠠᠯ ᠢ ᠬᠦᠷᠲᠡᠵᠦ ᠥᠩᠭᠡᠷᠡᠪᠡ᠃ | ᠡᠮᠬᠢᠳᠬᠡᠨ ᠬᠡᠪᠯᠡᠭᠦᠯᠦᠭᠰᠡᠨ ᠵᠤᠬᠢᠶᠠᠯ ᠨᠢ ᠳᠤᠮᠳᠠᠳᠤ ᠤᠯᠤᠰ ᠤᠨ ᠠᠷᠠᠳ ᠤᠨ ᠠᠮᠠᠨ ᠵᠤᠬᠢᠶᠠᠯ ᠪᠥᠲᠥᠭᠡᠯ ᠤᠨ ᠱᠠᠩᠨᠠᠯ᠂ ᠶᠡᠭᠡ ᠵᠤᠤ ᠠᠶᠢᠮᠠᠭ ᠤᠨ ᠮᠤᠩᠭᠤᠯ | ᠬᠡᠯᠡ ᠪᠢᠴᠢᠭ ᠤᠨ ᠵᠥᠪᠯᠡᠯ ᠠᠴᠠ ᠦᠨᠳᠦᠰᠦᠲᠡᠨ ᠤ ᠰᠤᠳᠤᠷ ᠪᠢᠴᠢᠭ ᠢ ᠡᠮᠬᠢᠳᠬᠡᠨ ᠨᠠᠶᠢᠷᠠᠭᠤᠯᠬᠤ ᠠᠵᠢᠯ ᠤᠨ ᠬᠤᠶᠠᠳᠤᠭᠠᠷ ᠲᠡᠰ ᠤᠨ ᠱᠠᠩᠨᠠᠯ᠂ ᠥᠪᠥᠷ | ᠮᠤᠩᠭᠤᠯ ᠤᠨ ᠨᠡᠶᠢᠬᠡᠮ ᠤᠨ ᠰᠢᠨᠵᠢᠯᠡᠬᠦ ᠤᠬᠠᠭᠠᠨ ᠤ ᠨᠡᠷ᠎ᠡ ᠬᠦᠨᠳᠦᠲᠦ ᠱᠠᠩᠨᠠᠯ ᠪᠠ ᠥᠪᠥᠷ ᠮᠤᠩᠭᠤᠯ ᠤᠨ ︽ᠠᠷᠠᠳ︾ ᠨᠡᠷᠡᠮᠵᠢᠲᠦ ᠬᠤᠶᠠᠳᠤᠭᠠᠷ ᠲᠡᠰ ᠤᠨ | ᠱᠠᠩᠨᠠᠯ ᠵᠡᠷᠭᠡ ᠶᠢ ᠲᠤᠰ ᠲᠤᠰ ᠬᠦᠷᠲᠡᠵᠦ ᠥᠩᠭᠡᠷᠡᠪᠡᠢ᠃ | | | ︽ᠤᠷᠳᠤᠰ ᠮᠤᠩᠭᠤᠯ ᠲᠠᠶᠢᠯᠭ᠎ᠠ ᠳᠠᠬᠢᠯᠭ᠎ᠠ︾ ᠠᠷᠪᠢᠨᠪᠠᠶᠠᠷ ᠰᠠ᠊ · ᠨᠠᠷᠠᠰᠤᠨ ᠨᠠᠶᠢᠷᠠᠭᠤᠯᠪᠠ | |