ᠪᠥᠬᠦ ᠬᠤᠲᠠ ᠶᠢᠨ ︽ᠲᠦᠮᠡᠨ ᠠᠵᠤ ᠠᠬᠤᠶᠢᠯᠠᠯ ᠲᠦᠮᠡᠨ ᠲᠣᠰᠬᠤᠨ ᠢ ᠬᠥᠭᠵᠢᠭᠦᠯᠬᠦ︾ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠤᠨ ᠲᠣᠭᠤᠷᠢᠨ ᠦᠵᠡᠵᠦ ᠠᠬᠢᠭᠤᠯᠬᠤ ᠬᠤᠷᠠᠯ ᠣᠲᠤᠭ ᠬᠤᠰᠢᠭᠤᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2023/10/20
     10 ᠰᠠᠷ᠎ᠠ ᠶᠢᠨ 20 ᠤ ᠡᠳᠦᠷ᠂ ᠪᠥᠬᠦ ᠬᠤᠲᠠ ᠶᠢᠨ ︽ᠲᠦᠮᠡᠨ ᠠᠵᠤ ᠠᠬᠤᠶᠢᠯᠠᠯ ᠲᠦᠮᠡᠨ ᠲᠣᠰᠬᠤᠨ ᠢ ᠬᠥᠭᠵᠢᠭᠦᠯᠬᠦ︾ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠤᠨ ᠲᠣᠭᠤᠷᠢᠨ ᠦᠵᠡᠵᠦ ᠠᠬᠢᠭᠤᠯᠬᠤ ᠬᠤᠷᠠᠯ ᠣᠲᠤᠭ ᠬᠤᠰᠢᠭᠤᠨ ᠳᠤ ᠬᠤᠷᠠᠯᠳᠤᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠪᠦᠷᠢᠨᠴᠢᠮᠡᠭ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠡᠷᠳᠡᠨᠢᠪᠢᠯᠢᠭ ᠬᠤᠷᠠᠯ ᠢ ᠡᠷᠭᠢᠯᠡᠪᠡ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠭᠤᠤ ᠬᠤᠸᠠᠢ ᠵᠢᠩ ᠪᠠᠶᠠᠷ ᠤᠨ ᠦᠭᠡ ᠬᠡᠯᠡᠪᠡ᠃
1.jpg
      ᠪᠦᠷᠢᠨᠴᠢᠮᠡᠭ ᠬᠡᠯᠡᠬᠦ ᠳᠡᠭᠡᠨ᠂ ︽ᠲᠦᠮᠡᠨ ᠠᠵᠤ ᠠᠬᠤᠶᠢᠯᠠᠯ ᠲᠦᠮᠡᠨ ᠲᠣᠰᠬᠤᠨ ᠢ ᠮᠠᠨᠳᠤᠭᠤᠯᠬᠤ︾ ᠠᠵᠢᠯᠯᠠᠭ᠎ᠠ ᠪᠣᠯ ᠨᠠᠮ ᠤᠨ ᠲᠥᠪ ᠬᠤᠷᠢᠶ᠎ᠠ ᠠᠴᠠ ᠮᠠᠨ ᠤ ᠤᠯᠤᠰ ᠤᠨ ᠬᠥᠳᠡᠭᠡ ᠠᠵᠤ ᠠᠬᠤᠢ ᠬᠥᠳᠡᠭᠡ ᠲᠣᠰᠬᠤᠨ ᠤ ᠬᠥᠭᠵᠢᠯᠲᠡ ᠶᠢᠨ ᠪᠣᠳᠠᠲᠤ ᠪᠠᠶᠢᠳᠠᠯ ᠳᠤ ᠰᠠᠭᠤᠷᠢᠯᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠤᠨᠴᠠᠯᠢᠭᠳᠤ ᠳᠠᠪᠠᠭᠤᠯᠢᠭ ᠢ ᠪᠣᠳᠣᠯᠬᠢᠯᠠᠵᠤ ᠭᠠᠷᠭᠠᠭᠰᠠᠨ ᠴᠢᠬᠤᠯᠠ ᠰᠢᠢᠳᠪᠦᠷᠢᠲᠦ ᠪᠤᠳᠤᠯᠭ᠎ᠠ ᠮᠥᠨ᠂ ᠪᠦᠬᠦ ᠤᠯᠤᠰ ᠤᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠳᠤ ᠣᠷᠣᠯᠴᠠᠭᠰᠠᠨ ᠨᠢᠭᠡᠳᠦᠯᠲᠡᠢ ᠲᠦᠷᠦᠯ ᠲᠡᠮᠳᠡᠭ ᠮᠥᠨ᠃ ᠡᠯ᠎ᠡ ᠬᠤᠰᠢᠭᠤ ᠲᠣᠭᠤᠷᠢᠭ ᠨᠢ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠪᠠ ︽ᠲᠦᠮᠡᠨ ᠠᠵᠤ ᠠᠬᠤᠶᠢᠯᠠᠯ ᠢᠶᠠᠷ ᠲᠦᠮᠡᠨ ᠲᠣᠰᠬᠤᠨ ᠢ ᠬᠦᠭᠵᠢᠭᠦᠯᠦᠨ ᠮᠠᠨᠳᠣᠭᠤᠯᠬᠤ︾ ᠠᠵᠢᠯᠯᠠᠭ᠎ᠠ ᠶᠢᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠵᠤ᠂ ᠬᠤᠲᠠ ᠶᠢᠨ ᠨᠠᠮ ᠤᠨ ᠬᠤᠷᠢᠶᠠᠨ ᠤ ᠪᠦᠲᠦᠭᠡᠨ ᠪᠠᠶᠢᠭᠤᠯᠤᠯᠲᠠ ᠶᠢᠨ ︽ᠬᠠᠮᠲᠤᠪᠠᠷ ᠴᠢᠨᠡᠭᠡᠯᠢᠭᠵᠢᠭᠰᠡᠨ ᠦᠯᠢᠭᠡᠷ ᠳᠠᠭᠤᠷᠢᠶᠠᠯ︾ ᠬᠤᠲᠠ ᠪᠠ ︽ᠬᠤᠶᠠᠷ ᠡᠷᠡᠭᠦᠯ ᠮᠡᠨᠳᠦ︾ ᠶᠢᠨ ᠲᠤᠷᠰᠢᠯᠲᠠ ᠶᠢᠨ ᠴᠡᠭ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠤᠯᠤᠰ ᠲᠥᠷᠥ ᠶᠢᠨ ᠵᠣᠭᠰᠣᠴᠠ ᠪᠠᠨ ᠤᠯᠠᠮ ᠳᠡᠭᠡᠭᠰᠢᠯᠡᠭᠦᠯᠵᠦ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ︽ᠲᠦᠮᠡᠨ ᠠᠵᠤ ᠠᠬᠤᠶᠢᠯᠠᠯ ᠢᠶᠠᠷ ᠲᠦᠮᠡᠨ ᠲᠣᠰᠬᠤᠨ ᠢ ᠬᠦᠭᠵᠢᠭᠦᠯᠦᠨ ᠮᠠᠨᠳᠤᠭᠤᠯᠬᠤ︾ ᠠᠵᠢᠯᠯᠠᠭ᠎ᠠ ᠶᠢᠨ ᠵᠠᠭᠪᠤᠷ ᠤᠨ ᠰᠢᠨ᠎ᠡ ᠶᠢ ᠡᠭᠦᠳᠬᠦ ᠶᠢ ᠬᠦᠴᠦᠯᠡᠨ ᠠᠬᠢᠭᠤᠯᠬᠤ ᠬᠡᠷᠡᠭᠳᠡᠢ᠃ ᠡᠯ᠎ᠡ ᠲᠠᠯ᠎ᠠ ᠶᠢᠨ ᠡᠬᠢ ᠪᠠᠶᠠᠯᠢᠭ ᠢ ᠨᠢᠭᠡᠳᠬᠡᠵᠦ᠂ ︽ᠲᠦᠮᠡᠨ ᠠᠵᠤ ᠠᠬᠤᠶᠢᠯᠠᠯ ᠲᠦᠮᠡᠨ ᠲᠣᠰᠬᠤᠨ ᠢ ᠮᠠᠨᠳᠤᠭᠤᠯᠬᠤ︾ ᠠᠵᠢᠯᠯᠠᠭ᠎ᠠ ᠶᠢᠨ ᠬᠦᠴᠦᠷᠬᠡᠭ ᠶᠡᠭᠡ ᠬᠠᠮᠲᠤᠷᠠᠯ ᠬᠦᠴᠦᠨ ᠢ ᠪᠦᠷᠢᠯᠳᠦᠭᠦᠯᠬᠦ ᠶᠢ ᠠᠬᠢᠭᠤᠯᠵᠤ᠂ ᠬᠠᠮᠲᠤ ᠪᠠᠷ ᠴᠢᠨᠡᠭᠡᠯᠢᠭᠵᠢᠬᠦ ᠶᠢ ᠠᠬᠢᠭᠤᠯᠬᠤ ᠴᠠᠭ ᠦᠶ᠎ᠡ ᠶᠢᠨ ᠢᠷᠠᠭᠤ ᠠᠯᠳᠠᠷ ᠢ ᠰᠠᠶᠢᠲᠤᠷ ᠪᠢᠴᠢᠭᠯᠡᠵᠦ᠂ ᠤᠷᠳᠤᠰ ᠲᠤ ᠦᠩᠭᠡ ᠭᠡᠷᠡᠯ ᠨᠡᠮᠡᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃
2.jpg
      ᠭᠤᠤ ᠬᠤᠸᠠᠢ ᠵᠢᠩ ᠬᠡᠯᠡᠬᠦ ᠳᠡᠭᠡᠨ᠂ ︽ᠲᠦᠮᠡᠨ ᠠᠵᠤ ᠠᠬᠤᠶᠢᠯᠠᠯ ᠢᠶᠠᠷ ᠲᠦᠮᠡᠨ ᠲᠣᠰᠬᠤᠨ ᠢ ᠮᠠᠨᠳᠤᠭᠤᠯᠬᠤ︾ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠪᠣᠯ ᠠᠭᠤᠤ ᠶᠡᠭᠡ ᠰᠢᠨ᠎ᠡ ᠶᠢ ᠡᠭᠦᠳᠬᠦ᠂ ᠣᠳᠣᠬᠠᠨ ᠤ ᠪᠠᠶᠢᠳᠠᠯ ᠳᠣᠣᠷᠠᠬᠢ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ ᠢ ᠨᠥᠬᠦᠪᠥᠷᠢᠯᠡᠬᠦ︾ ᠬᠦᠴᠦᠲᠡᠢ ᠭᠠᠷᠳᠠᠴᠠ ᠪᠣᠯᠤᠨ᠎ᠠ᠃ ᠲᠣᠰ ᠤᠳᠠᠭᠠᠨ ᠤ ᠲᠤᠬᠠᠶ ᠶᠢᠨ ᠲᠠᠯᠠᠪᠠᠶ ᠶᠢᠨ ᠲᠣᠭᠤᠷᠢᠨ ᠦᠵᠡᠵᠦ ᠠᠬᠢᠭᠤᠯᠬᠤ ᠬᠤᠷᠠᠯ ᠨᠢ ᠣᠲᠤᠭ ᠬᠤᠰᠢᠭᠤᠨ ᠳᠤ ᠲᠣᠭᠤᠷᠢᠨ ᠦᠵᠡᠬᠦ ᠴᠡᠭ ᠭᠠᠷᠭᠠᠵᠤ᠂ ᠶᠠᠷᠢᠯᠴᠠᠬᠤ ᠬᠤᠷᠠᠯ ᠬᠢᠵᠦ ᠪᠠᠶᠢᠭ᠎ᠠ ᠨᠢ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠣᠲᠤᠭ ᠬᠤᠰᠢᠭᠤ ᠶᠢ ᠢᠲᠡᠭᠡᠵᠦ ᠳᠡᠮᠵᠢᠬᠦ᠂ ᠬᠠᠯᠠᠮᠵᠢᠯᠠᠵᠤ ᠪᠠᠶᠢᠬᠤ ᠶᠢ ᠭᠦᠶᠴᠡᠳ ᠬᠠᠷᠠᠭᠤᠯᠵᠤ ᠪᠠᠶᠢᠨ᠎ᠠ᠃ ᠣᠶᠢᠷ᠎ᠠ ᠶᠢᠨ ᠵᠢᠯ ᠳᠤ᠂ ᠣᠲᠤᠭ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠥᠷᠭᠡᠨ ᠣᠯᠠᠨ ᠠᠵᠤ ᠠᠬᠤᠶᠢᠯᠠᠯᠲᠠᠨ ᠢ ︽ᠲᠦᠮᠡᠨ ᠠᠵᠤ ᠠᠬᠤᠶᠢᠯᠠᠯ ᠢᠶᠠᠷ ᠲᠦᠮᠡᠨ ᠲᠣᠰᠬᠤᠨ ᠢ ᠮᠠᠨᠳᠤᠭᠤᠯᠬᠤ︾ ᠠᠵᠢᠯ ᠢ ᠢᠳᠡᠪᠬᠢᠲᠡᠶ ᠠᠬᠢᠭᠤᠯᠵᠤ᠂ ᠬᠠᠪᠰᠤᠷᠤᠨ ᠲᠡᠳᠬᠦᠬᠦ ᠠᠵᠢᠯ ᠢᠯᠡᠳᠲᠡ ᠦᠷ᠎ᠡ ᠪᠦᠲᠦᠮᠵᠢ ᠤᠯᠬᠤ ᠶᠢ ᠶᠡᠭᠡ ᠪᠠᠷ ᠤᠷᠢᠶᠠᠯᠠᠪᠠ᠃ ᠲᠠᠷᠠᠭᠠᠴᠢ ᠶᠢᠨ ᠠᠯᠬᠤᠮ ᠳᠤ᠂ ᠣᠲᠤᠭ ᠬᠤᠰᠢᠭᠤ ᠲᠣᠰ ᠤᠳᠠᠭᠠᠨ ᠤ ᠲᠤᠬᠠᠶ ᠶᠢᠨ ᠲᠠᠯᠠᠪᠠᠶ ᠶᠢᠨ ᠠᠬᠢᠭᠤᠯᠬᠤ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠡᠯ᠎ᠡ ᠭᠠᠵᠠᠷ ᠤᠨ ᠲᠡᠷᠢᠭᠦᠨ ᠤ ᠠᠷᠭ᠎ᠠ ᠬᠢᠳᠡᠯ ᠢ ᠰᠤᠷᠤᠯᠴᠠᠨ ᠲᠣᠯᠢᠯᠠᠵᠤ᠂ ᠲᠣᠰᠬᠤᠨ ᠠᠵᠤ ᠠᠬᠤᠶᠢᠯᠠᠯ ᠢ ᠨᠠᠷᠢᠯᠢᠭ ᠤᠨᠤᠪᠴᠢᠲᠠᠢ ᠪᠠᠷ ᠵᠣᠯᠭᠠᠭᠤᠯᠬᠤ ᠶᠢ ᠴᠢᠩᠭᠠᠳᠬᠠᠵᠤ᠂ ᠦᠢᠯᠡᠴᠢᠯᠡᠭᠡ ᠪᠠᠲᠤᠯᠠᠭ᠎ᠠ ᠶᠢᠨ ᠡᠷᠴᠢᠮ ᠢᠶᠠᠨ ᠴᠢᠩᠭᠠᠷᠠᠭᠤᠯᠤᠨ᠂ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠭᠥᠷᠳᠡᠬᠦ ᠲᠠᠪᠴᠠᠩ ᠢ ᠪᠠᠶᠢᠭᠤᠯᠵᠤ᠂ ︽ᠲᠦᠮᠡᠨ ᠠᠵᠤ ᠠᠬᠤᠶᠢᠯᠠᠯ ᠲᠦᠮᠡᠨ ᠲᠣᠰᠬᠤᠨ ᠢ ᠮᠠᠨᠳᠤᠭᠤᠯᠬᠤ︾ ᠠᠵᠢᠯᠯᠠᠭ᠎ᠠ ᠶᠢᠨ ᠭᠦᠨᠵᠡᠭᠡᠶᠢᠷᠡᠨ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠤᠨ᠎ᠠ᠃
3.jpg
      ᠬᠤᠷᠠᠯ ᠳᠡᠭᠡᠷ᠎ᠡ᠂ ᠬᠤᠲᠠ ᠶᠢᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠠᠴᠠ ᠪᠥᠬᠦ ᠬᠤᠲᠠ ᠶᠢᠨ ︽ᠲᠦᠮᠡᠨ ᠠᠵᠤ ᠠᠬᠤᠶᠢᠯᠠᠯ ᠲᠦᠮᠡᠨ ᠲᠣᠰᠬᠤᠨ ᠢ ᠬᠥᠭᠵᠢᠭᠦᠯᠬᠦ︾ ᠠᠵᠢᠯᠯᠠᠭ᠎ᠠ ᠶᠢ ᠠᠬᠢᠭᠤᠯᠤᠭᠰᠠᠨ ᠪᠠᠶᠢᠳᠠᠯ ᠢ ᠮᠡᠳᠡᠭᠳᠡᠪᠡ᠃ ᠬᠤᠲᠠ᠂ ᠬᠤᠰᠢᠭᠤ᠂ ᠪᠠᠯᠭᠠᠰᠤ᠂ ᠲᠣᠰᠬᠤᠨ ᠤ ᠲᠥᠯᠥᠭᠡᠯᠡᠭᠴᠢ ᠪᠣᠯᠤᠨ ᠠᠵᠤ ᠠᠬᠤᠶᠢᠯᠠᠯ ᠤᠨ ᠲᠥᠯᠥᠭᠡᠯᠡᠭᠴᠢ ᠨᠡᠶᠢᠲᠡᠯᠢᠭ ᠶᠠᠷᠢᠶ᠎ᠠ ᠲᠠᠯᠪᠢᠪᠠ᠃
5.jpg
      ᠬᠤᠷᠠᠯ ᠠᠴᠠ ᠡᠮᠦᠨ᠎ᠡ᠂ ᠬᠤᠷᠠᠯ ᠳᠤ ᠣᠷᠣᠯᠴᠠᠭᠰᠠᠳ ᠣᠷᠳᠣᠰ ᠪᠦᠯᠦᠭᠯᠡᠯ ᠤᠨ ᠶᠤᠸᠠᠨ ᠮᠤ᠋ ᠴᠠᠩ ᠮᠠᠯᠵᠢᠯ ᠤᠨ ᠲᠠᠯᠠᠪᠠᠶ᠂ ᠣᠷᠳᠣᠰ ᠬᠤᠲᠠ ᠶᠢᠨ ᠵᠢᠶᠠ ᠱᠧᠩ ᠲᠡᠵᠢᠭᠡᠨ ᠦᠷᠡᠵᠢᠭᠦᠯᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠪᠣᠷᠳᠣᠵᠤ ᠲᠠᠷᠭᠤᠯᠠᠭᠤᠯᠬᠤ ᠲᠥᠷᠥᠯ ᠵᠦᠶᠯ᠂ ᠬᠤᠸᠠ ᠰᠢᠶᠠᠩ ᠠᠷᠪᠠᠰ ᠤᠨ ᠨᠤᠤᠯᠤᠭᠤᠷ ᠤᠨ ᠴᠠᠭᠠᠨ ᠢᠮᠠᠭᠠᠨ ᠤ ᠲᠡᠵᠢᠭᠡᠯ ᠪᠣᠷᠳᠣᠭᠠᠨ ᠤ ᠰᠤᠳᠤᠯᠭᠠᠨ ᠤ ᠬᠦᠷᠢᠶᠡᠯᠡᠩ ᠢ ᠲᠣᠭᠤᠷᠢᠨ ᠦᠵᠡᠵᠦ᠂ ︽ᠲᠦᠮᠡᠨ ᠠᠵᠤ ᠠᠬᠤᠶᠢᠯᠠᠯ ᠲᠦᠮᠡᠨ ᠲᠣᠰᠬᠤᠨ ᠢ ᠮᠠᠨᠳᠤᠭᠤᠯᠬᠤ︾ ᠠᠵᠢᠯᠯᠠᠭ᠎ᠠ ᠶᠢᠨ ᠦᠷ᠎ᠡ ᠪᠦᠲᠦᠮᠵᠢ᠂ ᠠᠵᠤ ᠠᠬᠤᠶᠢᠯᠠᠯ ᠤᠨ ᠦᠨᠳᠦᠰᠦᠨ ᠪᠠᠶᠢᠳᠠᠯ ᠪᠠ ᠡᠵᠡᠩᠨᠡᠯᠲᠡ ᠶᠢᠨ ᠣᠳᠣᠬᠢ ᠪᠠᠶᠢᠳᠠᠯ ᠢ ᠣᠶᠢᠯᠠᠭᠠᠪᠠ᠃
6.jpg
ᠢᠷᠡᠯᠲᠡ᠄ ᠤᠲᠤᠭ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ