10 ᠰᠠᠷ᠎ᠠ ᠶᠢᠨ 19 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2023 ᠣᠨ ᠤ ᠠᠷᠪᠠᠨ | ᠨᠢᠭᠡᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ︵ᠥᠷᠭᠡᠳᠬᠡᠭᠰᠡᠨ︶ ᠬᠤᠷᠠᠯ ᠵᠢᠴᠢ ᠣᠲᠤᠭ ᠬᠤᠰᠢᠭᠤᠨ ᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠤᠯ ᠰᠡᠳᠦᠪᠲᠦ ᠬᠥᠮᠦᠵᠢᠯ ᠤᠨ ᠲᠥᠪᠯᠡᠷᠡᠭᠦᠯᠦᠨ | ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠭᠤᠤ ᠬᠤᠸᠠᠢ ᠵᠢᠩ ᠡᠷᠭᠢᠯᠡᠪᠡ᠃ | ᠬᠤᠷᠠᠯ ᠠᠴᠠ ᠡᠮᠦᠨ᠎ᠡ᠂ ᠬᠤᠷᠠᠯ ᠳᠤ ᠣᠷᠣᠯᠴᠠᠭᠰᠠᠳ ︽ᠠᠮᠢ ᠨᠠᠰᠤ ᠲᠠᠶᠢᠱᠠᠨ ᠠᠭᠤᠯᠠᠨ ᠠᠴᠠ ᠬᠦᠨᠳᠦ︾ ᠭᠡᠬᠦ ᠲᠤᠰᠬᠠᠢ ᠰᠡᠳᠦᠪᠲᠦ ᠹᠢᠯᠢᠮ ᠢ | ᠲᠥᠪᠯᠡᠷᠡᠭᠦᠯᠦᠨ ᠦᠵᠡᠪᠡ᠃ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢ | ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ | ᠰᠢᠶᠠ ᠶᠢᠨ ᠢ ᠳ᠋ᠢᠩ ᠠᠮᠢ ᠠᠬᠤᠢ ᠶᠢᠨ ᠲᠠᠷᠢᠶᠠᠯᠠᠩ ᠤᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠶᠢᠨ ︽9 · 7︾ ᠥᠨᠳᠥᠷ ᠬᠦᠴᠦᠳᠡᠯᠲᠦ ᠬᠡᠢ | ᠪᠡᠶᠡᠲᠦ ᠯᠡᠪᠡᠷᠡᠭᠰᠡᠨ ᠠᠳᠡᠯ ᠤᠨ ᠲᠤᠬᠠᠢ ᠶᠢᠨ ᠲᠠᠯᠠᠪᠠᠢ ᠳᠤ ᠲᠤᠬᠢᠷᠠᠭᠤᠯᠤᠨ ᠬᠢᠨᠠᠨ ᠵᠢᠯᠣᠭᠤᠳᠬᠤ ᠦᠶ᠎ᠡ ᠶᠢᠨ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠪᠦᠬᠦ | ᠬᠤᠳᠠ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠯᠢ ᠷᠦᠢ ᠮᠢᠨ᠂ ᠵᠠᠩ ᠵᠢᠶᠦ᠋ᠨ | ᠂ ᠰᠢᠤᠢ ᠷᠦᠢ ᠹᠧᠩ᠂ ᠮᠠ ᠽᠢ ᠳ᠋ᠦᠩ᠂ ᠤᠶᠤᠨᠪᠠᠭᠠᠨ᠎ᠠ᠂ ᠼᠦᠢ ᠵᠢᠩ᠂ ᠨᠠᠰᠤᠨᠳᠡᠯᠭᠡᠷ ᠭᠤᠣᠯ ᠰᠡᠳᠦᠪ ᠤᠨ ᠲᠣᠭᠤᠷᠢᠨ ᠳᠤ ᠰᠠᠨᠠᠯ ᠢᠶᠠᠨ ᠰᠣᠯᠢᠯᠴᠠᠵᠤ ᠶᠠᠷᠢᠶ᠎ᠠ | ᠲᠠᠯᠪᠢᠵᠠᠢ᠃ | ᠭᠤᠤ ᠬᠤᠸᠠᠢ ᠵᠢᠩ ᠬᠡᠯᠡᠬᠦ ᠳᠡᠭᠡᠨ᠂ ᠠᠶᠤᠯᠭᠦᠢ ᠦᠢᠯᠡᠳᠪᠦᠷᠢᠯᠡᠯ ᠨᠢ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠲᠠᠢ | ᠬᠤᠯᠪᠣᠭᠳᠠᠵᠤ᠂ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠶᠡᠭᠡ ᠲᠠᠯ᠎ᠠ ᠲᠠᠢ ᠬᠤᠯᠪᠣᠭᠳᠠᠨ᠎ᠠ᠃ ᠪᠦᠬᠦ ᠬᠤᠰᠢᠭᠤ ᠪᠠᠷ ᠢᠶᠠᠨ ᠶᠡᠷᠦᠩᠬᠡᠢ ᠱᠦᠵᠢ ᠰᠢ ᠶᠢᠨ | ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠵᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ | ᠳᠡᠭᠡᠳᠦᠯᠡᠬᠦ ᠶᠢ ᠪᠠᠷᠢᠮᠲᠠᠯᠠᠨ᠂ ᠠᠶᠤᠯᠭᠦᠢ ᠦᠢᠯᠡᠳᠪᠦᠷᠢᠯᠡᠯ ᠤᠨ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠠᠮᠤᠷ ᠲᠦᠪᠰᠢᠨ ᠤ ᠬᠠᠰᠢᠯᠭ᠎ᠠ ᠶᠢ ᠪᠠᠲᠤ | ᠴᠤᠭᠴᠠᠯᠠᠨ᠂ ᠨᠡᠩ ᠠᠮᠤᠷ ᠲᠦᠪᠰᠢᠨ ᠲᠣᠭᠲᠠᠭᠤᠨ ᠬᠥᠭᠵᠢᠯᠲᠡ ᠶᠢᠨ ᠣᠷᠴᠢᠨ ᠲᠣᠭᠤᠷᠢᠨ ᠢ ᠪᠦᠬᠦ ᠬᠦᠴᠦᠨ ᠢᠶᠠᠷ ᠢᠶᠠᠨ ᠪᠤᠢ ᠪᠣᠯᠭᠠᠬᠤ ᠬᠡᠷᠡᠭᠲᠡᠢ᠃ ᠭᠤᠤᠯ | ᠰᠡᠳᠦᠪᠲᠦ ᠬᠥᠮᠦᠵᠢᠯ ᠪᠣᠯᠤᠨ ᠠᠶᠤᠯᠭᠦᠶ ᠦᠢᠯᠡᠳᠪᠦᠷᠢᠯᠡᠯ ᠤᠨ ᠠᠵᠢᠯ ᠢ ᠤᠶᠠᠯᠳᠤᠭᠤᠯᠬᠤ ᠶᠢ ᠪᠠᠷᠢᠮᠲᠠᠯᠠᠵᠤ᠂ ᠣᠳᠣᠬᠠᠨ ᠤ ᠮᠠᠨ ᠤ ᠬᠤᠰᠢᠭᠤᠨ ᠤ ᠠᠶᠤᠯᠭᠦᠶ | ᠦᠢᠯᠡᠳᠪᠦᠷᠢᠯᠡᠯ ᠤᠨ ᠪᠠᠶᠢᠳᠠᠯ ᠤᠨ ᠬᠦᠨᠳᠦ ᠨᠣᠴᠢᠲᠠᠶ ᠴᠢᠨᠠᠷ᠂ ᠪᠤᠳᠤᠯᠢᠶᠠᠨᠲᠤ ᠴᠢᠨᠠᠷ ᠢ ᠰᠡᠷᠭᠡᠭ ᠢᠶᠠᠷ ᠲᠠᠨᠢᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ | ᠠᠳᠬᠤᠨ᠂ ᠠᠶᠤᠯᠭᠦᠶ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠨᠠᠷᠢᠨ ᠪᠣᠳᠠᠲᠠᠶ ᠠᠳᠬᠤᠵᠤ᠂ ᠪᠣᠳᠠᠲᠤ ᠠᠵᠢᠯᠯᠠᠭ᠎ᠠ ᠪᠣᠯᠤᠨ ᠦᠷ᠎ᠡ ᠪᠦᠲᠦᠮᠵᠢ ᠪᠠᠷ ᠢᠶᠠᠨ | ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠬᠦ ᠬᠡᠷᠡᠭᠲᠡᠶ᠃ ᠡᠯ᠎ᠡ ᠨᠢᠭᠡᠴᠡ᠂ ᠡᠯ᠎ᠡ ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠤᠨ ᠬᠢᠨ ᠠᠶᠤᠯᠭᠦᠢ | ᠦᠢᠯᠡᠳᠪᠦᠷᠢᠯᠡᠯ ᠤᠨ ᠠᠳᠡᠯ ᠤᠨ ᠰᠤᠷᠭᠠᠮᠵᠢ ᠶᠢ ᠭᠦᠨᠵᠡᠭᠡᠢ ᠰᠢᠩᠭᠡᠭᠡᠨ ᠠᠪᠴᠤ᠂ ᠤᠯᠠᠭᠠᠨ ᠱᠤᠭᠤᠮ ᠤᠨ ᠤᠬᠠᠮᠰᠠᠷ ᠪᠣᠯᠤᠨ ᠬᠤᠷᠢᠭ᠎ᠠ ᠱᠤᠭᠤᠮ ᠤᠨ | ᠰᠡᠳᠬᠢᠬᠦᠢ ᠶᠢ ᠪᠠᠲᠤ ᠪᠤᠢ ᠪᠣᠯᠭᠠᠵᠤ᠂ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠨ᠂ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ | ᠭᠤᠣᠯᠳᠠᠯᠭ᠎ᠠ ᠲᠠᠢ ᠬᠦᠷᠢᠶ᠎ᠡ ᠪᠣᠯᠤᠨ ᠪᠠᠭᠤᠷᠠᠢ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠦᠨ ᠠᠶᠤᠯᠭᠦᠢ ᠦᠢᠯᠡᠳᠪᠦᠷᠢᠯᠡᠯ ᠤᠨ ᠲᠤᠰᠬᠠᠢ ᠵᠠᠰᠠᠯᠲᠠ ᠶᠢ | ᠥᠷᠨᠢᠭᠦᠯᠵᠦ᠂ ᠡᠯ᠎ᠡ ᠲᠦᠷᠦᠯ ᠤᠨ ᠠᠮᠤᠷ ᠲᠦᠪᠰᠢᠨ ᠤ ᠠᠳᠡᠯ ᠢ ᠡᠷᠡᠰ ᠬᠤᠷᠢᠭᠯᠠᠨ᠂ ᠥᠨᠳᠥᠷ ᠲᠦᠪᠰᠢᠨ ᠪᠦᠬᠦᠢ ᠠᠮᠤᠷ ᠲᠦᠪᠰᠢᠨ ᠢᠶᠠᠷ ᠴᠢᠨᠠᠷ ᠰᠠᠶᠢᠲᠠᠢ | ᠬᠥᠭᠵᠢᠯᠲᠡ ᠶᠢ ᠪᠠᠲᠤᠯᠠᠬᠤ ᠬᠡᠷᠡᠭᠲᠡᠢ ᠭᠡᠵᠡᠢ᠃ |