10 ᠰᠠᠷ᠎ᠠ ᠶᠢᠨ 20 ᠤ ᠡᠳᠦᠷ᠂ ᠪᠥᠬᠦ ᠬᠤᠲᠠ ᠶᠢᠨ ︽ᠲᠦᠮᠡᠨ ᠠᠵᠤ ᠠᠬᠤᠶᠢᠯᠠᠯ ᠲᠦᠮᠡᠨ ᠲᠣᠰᠬᠤᠨ ᠢ ᠬᠥᠭᠵᠢᠭᠦᠯᠬᠦ︾ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠤᠨ ᠲᠣᠭᠤᠷᠢᠨ ᠦᠵᠡᠵᠦ ᠠᠬᠢᠭᠤᠯᠬᠤ ᠬᠤᠷᠠᠯ ᠣᠲᠤᠭ | ᠬᠤᠰᠢᠭᠤᠨ ᠳᠤ ᠬᠤᠷᠠᠯᠳᠤᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠪᠦᠷᠢᠨᠴᠢᠮᠡᠭ | ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠡᠷᠳᠡᠨᠢᠪᠢᠯᠢᠭ ᠬᠤᠷᠠᠯ ᠢ ᠡᠷᠭᠢᠯᠡᠪᠡ᠃ | ᠬᠤᠰᠢᠭᠤᠨ ᠤ ᠨᠠᠮ ᠤᠨ ᠬᠤᠷᠢᠶᠠᠨ ᠤ ᠱᠦᠵᠢ ᠭᠤᠤ ᠬᠤᠸᠠᠢ ᠵᠢᠩ ᠪᠠᠶᠠᠷ ᠤᠨ ᠦᠭᠡ ᠬᠡᠯᠡᠪᠡ᠃ | ᠪᠦᠷᠢᠨᠴᠢᠮᠡᠭ ᠬᠡᠯᠡᠬᠦ ᠳᠡᠭᠡᠨ᠂ ︽ᠲᠦᠮᠡᠨ ᠠᠵᠤ ᠠᠬᠤᠶᠢᠯᠠᠯ ᠲᠦᠮᠡᠨ ᠲᠣᠰᠬᠤᠨ ᠢ ᠮᠠᠨᠳᠤᠭᠤᠯᠬᠤ︾ ᠠᠵᠢᠯᠯᠠᠭ᠎ᠠ ᠪᠣᠯ ᠨᠠᠮ ᠤᠨ ᠲᠥᠪ ᠬᠤᠷᠢᠶ᠎ᠠ ᠠᠴᠠ | ᠮᠠᠨ ᠤ ᠤᠯᠤᠰ ᠤᠨ ᠬᠥᠳᠡᠭᠡ ᠠᠵᠤ ᠠᠬᠤᠢ ᠬᠥᠳᠡᠭᠡ ᠲᠣᠰᠬᠤᠨ ᠤ ᠬᠥᠭᠵᠢᠯᠲᠡ ᠶᠢᠨ ᠪᠣᠳᠠᠲᠤ ᠪᠠᠶᠢᠳᠠᠯ ᠳᠤ ᠰᠠᠭᠤᠷᠢᠯᠠᠵᠤ᠂ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠤᠨ ᠤᠨᠴᠠᠯᠢᠭᠳᠤ ᠳᠠᠪᠠᠭᠤᠯᠢᠭ ᠢ ᠪᠣᠳᠣᠯᠬᠢᠯᠠᠵᠤ ᠭᠠᠷᠭᠠᠭᠰᠠᠨ ᠴᠢᠬᠤᠯᠠ ᠰᠢᠢᠳᠪᠦᠷᠢᠲᠦ ᠪᠤᠳᠤᠯᠭ᠎ᠠ ᠮᠥᠨ᠂ ᠪᠦᠬᠦ ᠤᠯᠤᠰ ᠤᠨ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠳᠤ ᠣᠷᠣᠯᠴᠠᠭᠰᠠᠨ ᠨᠢᠭᠡᠳᠦᠯᠲᠡᠢ ᠲᠦᠷᠦᠯ ᠲᠡᠮᠳᠡᠭ ᠮᠥᠨ᠃ | ᠡᠯ᠎ᠡ ᠬᠤᠰᠢᠭᠤ ᠲᠣᠭᠤᠷᠢᠭ ᠨᠢ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠪᠠ ︽ | ᠲᠦᠮᠡᠨ ᠠᠵᠤ ᠠᠬᠤᠶᠢᠯᠠᠯ ᠢᠶᠠᠷ ᠲᠦᠮᠡᠨ ᠲᠣᠰᠬᠤᠨ ᠢ ᠬᠦᠭᠵᠢᠭᠦᠯᠦᠨ ᠮᠠᠨᠳᠣᠭᠤᠯᠬᠤ︾ ᠠᠵᠢᠯᠯᠠᠭ᠎ᠠ ᠶᠢᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ | ᠨᠠᠷᠢᠨ ᠬᠢᠨᠠᠮᠠᠭᠠᠶ ᠲᠤᠤᠱᠯᠠᠭᠤᠯᠵᠤ᠂ ᠬᠤᠲᠠ ᠶᠢᠨ ᠨᠠᠮ ᠤᠨ ᠬᠤᠷᠢᠶᠠᠨ ᠤ ᠪᠦᠲᠦᠭᠡᠨ ᠪᠠᠶᠢᠭᠤᠯᠤᠯᠲᠠ ᠶᠢᠨ ︽ᠬᠠᠮᠲᠤᠪᠠᠷ ᠴᠢᠨᠡᠭᠡᠯᠢᠭᠵᠢᠭᠰᠡᠨ ᠦᠯᠢᠭᠡᠷ ᠳᠠᠭᠤᠷᠢᠶᠠᠯ︾ | ᠬᠤᠲᠠ ᠪᠠ ︽ᠬᠤᠶᠠᠷ ᠡᠷᠡᠭᠦᠯ ᠮᠡᠨᠳᠦ︾ ᠶᠢᠨ ᠲᠤᠷᠰᠢᠯᠲᠠ ᠶᠢᠨ ᠴᠡᠭ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠤᠯᠤᠰ | ᠲᠥᠷᠥ ᠶᠢᠨ ᠵᠣᠭᠰᠣᠴᠠ ᠪᠠᠨ ᠤᠯᠠᠮ ᠳᠡᠭᠡᠭᠰᠢᠯᠡᠭᠦᠯᠵᠦ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ︽ᠲᠦᠮᠡᠨ ᠠᠵᠤ ᠠᠬᠤᠶᠢᠯᠠᠯ ᠢᠶᠠᠷ ᠲᠦᠮᠡᠨ | ᠲᠣᠰᠬᠤᠨ ᠢ ᠬᠦᠭᠵᠢᠭᠦᠯᠦᠨ ᠮᠠᠨᠳᠤᠭᠤᠯᠬᠤ︾ ᠠᠵᠢᠯᠯᠠᠭ᠎ᠠ ᠶᠢᠨ ᠵᠠᠭᠪᠤᠷ ᠤᠨ ᠰᠢᠨ᠎ᠡ ᠶᠢ ᠡᠭᠦᠳᠬᠦ ᠶᠢ ᠬᠦᠴᠦᠯᠡᠨ ᠠᠬᠢᠭᠤᠯᠬᠤ ᠬᠡᠷᠡᠭᠳᠡᠢ᠃ ᠡᠯ᠎ᠡ ᠲᠠᠯ᠎ᠠ ᠶᠢᠨ ᠡᠬᠢ | ᠪᠠᠶᠠᠯᠢᠭ ᠢ ᠨᠢᠭᠡᠳᠬᠡᠵᠦ᠂ ︽ᠲᠦᠮᠡᠨ ᠠᠵᠤ ᠠᠬᠤᠶᠢᠯᠠᠯ ᠲᠦᠮᠡᠨ ᠲᠣᠰᠬᠤᠨ ᠢ ᠮᠠᠨᠳᠤᠭᠤᠯᠬᠤ︾ ᠠᠵᠢᠯᠯᠠᠭ᠎ᠠ ᠶᠢᠨ ᠬᠦᠴᠦᠷᠬᠡᠭ ᠶᠡᠭᠡ ᠬᠠᠮᠲᠤᠷᠠᠯ ᠬᠦᠴᠦᠨ ᠢ | ᠪᠦᠷᠢᠯᠳᠦᠭᠦᠯᠬᠦ ᠶᠢ ᠠᠬᠢᠭᠤᠯᠵᠤ᠂ ᠬᠠᠮᠲᠤ ᠪᠠᠷ ᠴᠢᠨᠡᠭᠡᠯᠢᠭᠵᠢᠬᠦ ᠶᠢ ᠠᠬᠢᠭᠤᠯᠬᠤ ᠴᠠᠭ ᠦᠶ᠎ᠡ ᠶᠢᠨ ᠢᠷᠠᠭᠤ ᠠᠯᠳᠠᠷ ᠢ ᠰᠠᠶᠢᠲᠤᠷ ᠪᠢᠴᠢᠭᠯᠡᠵᠦ᠂ ᠤᠷᠳᠤᠰ ᠲᠤ ᠦᠩᠭᠡ | ᠭᠡᠷᠡᠯ ᠨᠡᠮᠡᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃ | ᠭᠤᠤ ᠬᠤᠸᠠᠢ ᠵᠢᠩ ᠬᠡᠯᠡᠬᠦ ᠳᠡᠭᠡᠨ᠂ ︽ᠲᠦᠮᠡᠨ ᠠᠵᠤ ᠠᠬᠤᠶᠢᠯᠠᠯ ᠢᠶᠠᠷ ᠲᠦᠮᠡᠨ ᠲᠣᠰᠬᠤᠨ ᠢ ᠮᠠᠨᠳᠤᠭᠤᠯᠬᠤ︾ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠳᠤ ᠬᠦᠴᠦᠨ ᠨᠡᠮᠡᠷᠢᠯᠡᠬᠦ ᠪᠣᠯ ᠠᠭᠤᠤ ᠶᠡᠭᠡ ᠰᠢᠨ᠎ᠡ ᠶᠢ ᠡᠭᠦᠳᠬᠦ᠂ ᠣᠳᠣᠬᠠᠨ ᠤ ᠪᠠᠶᠢᠳᠠᠯ ᠳᠣᠣᠷᠠᠬᠢ ︽ᠬᠥᠳᠡᠭᠡ ᠠᠵᠤ ᠠᠬᠤᠢ ᠬᠥᠳᠡᠭᠡ ᠲᠣᠰᠬᠤᠨ | ᠲᠠᠷᠢᠶᠠᠴᠢᠨ ᠢ ᠨᠥᠬᠦᠪᠥᠷᠢᠯᠡᠬᠦ︾ ᠬᠦᠴᠦᠲᠡᠢ ᠭᠠᠷᠳᠠᠴᠠ ᠪᠣᠯᠤᠨ᠎ᠠ᠃ ᠲᠣᠰ ᠤᠳᠠᠭᠠᠨ ᠤ ᠲᠤᠬᠠᠶ ᠶᠢᠨ ᠲᠠᠯᠠᠪᠠᠶ ᠶᠢᠨ ᠲᠣᠭᠤᠷᠢᠨ ᠦᠵᠡᠵᠦ ᠠᠬᠢᠭᠤᠯᠬᠤ ᠬᠤᠷᠠᠯ ᠨᠢ | ᠣᠲᠤᠭ ᠬᠤᠰᠢᠭᠤᠨ ᠳᠤ ᠲᠣᠭᠤᠷᠢᠨ ᠦᠵᠡᠬᠦ ᠴᠡᠭ ᠭᠠᠷᠭᠠᠵᠤ᠂ ᠶᠠᠷᠢᠯᠴᠠᠬᠤ ᠬᠤᠷᠠᠯ ᠬᠢᠵᠦ ᠪᠠᠶᠢᠭ᠎ᠠ ᠨᠢ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ | ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠣᠲᠤᠭ ᠬᠤᠰᠢᠭᠤ ᠶᠢ ᠢᠲᠡᠭᠡᠵᠦ ᠳᠡᠮᠵᠢᠬᠦ᠂ | ᠬᠠᠯᠠᠮᠵᠢᠯᠠᠵᠤ ᠪᠠᠶᠢᠬᠤ ᠶᠢ ᠭᠦᠶᠴᠡᠳ ᠬᠠᠷᠠᠭᠤᠯᠵᠤ ᠪᠠᠶᠢᠨ᠎ᠠ᠃ ᠣᠶᠢᠷ᠎ᠠ ᠶᠢᠨ ᠵᠢᠯ ᠳᠤ᠂ ᠣᠲᠤᠭ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ | ᠣᠷᠳᠣᠨ ᠥᠷᠭᠡᠨ ᠣᠯᠠᠨ ᠠᠵᠤ ᠠᠬᠤᠶᠢᠯᠠᠯᠲᠠᠨ ᠢ ︽ᠲᠦᠮᠡᠨ ᠠᠵᠤ ᠠᠬᠤᠶᠢᠯᠠᠯ ᠢᠶᠠᠷ ᠲᠦᠮᠡᠨ ᠲᠣᠰᠬᠤᠨ ᠢ ᠮᠠᠨᠳᠤᠭᠤᠯᠬᠤ︾ ᠠᠵᠢᠯ ᠢ ᠢᠳᠡᠪᠬᠢᠲᠡᠶ ᠠᠬᠢᠭᠤᠯᠵᠤ᠂ | ᠬᠠᠪᠰᠤᠷᠤᠨ ᠲᠡᠳᠬᠦᠬᠦ ᠠᠵᠢᠯ ᠢᠯᠡᠳᠲᠡ ᠦᠷ᠎ᠡ ᠪᠦᠲᠦᠮᠵᠢ ᠤᠯᠬᠤ ᠶᠢ ᠶᠡᠭᠡ ᠪᠠᠷ ᠤᠷᠢᠶᠠᠯᠠᠪᠠ᠃ ᠲᠠᠷᠠᠭᠠᠴᠢ ᠶᠢᠨ ᠠᠯᠬᠤᠮ ᠳᠤ᠂ ᠣᠲᠤᠭ ᠬᠤᠰᠢᠭᠤ ᠲᠣᠰ | ᠤᠳᠠᠭᠠᠨ ᠤ ᠲᠤᠬᠠᠶ ᠶᠢᠨ ᠲᠠᠯᠠᠪᠠᠶ ᠶᠢᠨ ᠠᠬᠢᠭᠤᠯᠬᠤ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠡᠯ᠎ᠡ ᠭᠠᠵᠠᠷ ᠤᠨ ᠲᠡᠷᠢᠭᠦᠨ ᠤ ᠠᠷᠭ᠎ᠠ ᠬᠢᠳᠡᠯ ᠢ ᠰᠤᠷᠤᠯᠴᠠᠨ | ᠲᠣᠯᠢᠯᠠᠵᠤ᠂ ᠲᠣᠰᠬᠤᠨ ᠠᠵᠤ ᠠᠬᠤᠶᠢᠯᠠᠯ ᠢ ᠨᠠᠷᠢᠯᠢᠭ ᠤᠨᠤᠪᠴᠢᠲᠠᠢ ᠪᠠᠷ ᠵᠣᠯᠭᠠᠭᠤᠯᠬᠤ ᠶᠢ ᠴᠢᠩᠭᠠᠳᠬᠠᠵᠤ᠂ ᠦᠢᠯᠡᠴᠢᠯᠡᠭᠡ ᠪᠠᠲᠤᠯᠠᠭ᠎ᠠ ᠶᠢᠨ ᠡᠷᠴᠢᠮ ᠢᠶᠠᠨ | ᠴᠢᠩᠭᠠᠷᠠᠭᠤᠯᠤᠨ᠂ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠭᠥᠷᠳᠡᠬᠦ ᠲᠠᠪᠴᠠᠩ ᠢ ᠪᠠᠶᠢᠭᠤᠯᠵᠤ᠂ ︽ᠲᠦᠮᠡᠨ ᠠᠵᠤ ᠠᠬᠤᠶᠢᠯᠠᠯ ᠲᠦᠮᠡᠨ ᠲᠣᠰᠬᠤᠨ ᠢ | ᠮᠠᠨᠳᠤᠭᠤᠯᠬᠤ︾ ᠠᠵᠢᠯᠯᠠᠭ᠎ᠠ ᠶᠢᠨ ᠭᠦᠨᠵᠡᠭᠡᠶᠢᠷᠡᠨ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠤᠨ᠎ᠠ᠃ | ᠬᠤᠷᠠᠯ ᠳᠡᠭᠡᠷ᠎ᠡ᠂ ᠬᠤᠲᠠ ᠶᠢᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠠᠴᠠ ᠪᠥᠬᠦ ᠬᠤᠲᠠ ᠶᠢᠨ ︽ᠲᠦᠮᠡᠨ ᠠᠵᠤ ᠠᠬᠤᠶᠢᠯᠠᠯ ᠲᠦᠮᠡᠨ ᠲᠣᠰᠬᠤᠨ ᠢ | ᠬᠥᠭᠵᠢᠭᠦᠯᠬᠦ︾ ᠠᠵᠢᠯᠯᠠᠭ᠎ᠠ ᠶᠢ ᠠᠬᠢᠭᠤᠯᠤᠭᠰᠠᠨ ᠪᠠᠶᠢᠳᠠᠯ ᠢ ᠮᠡᠳᠡᠭᠳᠡᠪᠡ᠃ ᠬᠤᠲᠠ᠂ ᠬᠤᠰᠢᠭᠤ᠂ ᠪᠠᠯᠭᠠᠰᠤ᠂ ᠲᠣᠰᠬᠤᠨ ᠤ ᠲᠥᠯᠥᠭᠡᠯᠡᠭᠴᠢ ᠪᠣᠯᠤᠨ ᠠᠵᠤ | ᠠᠬᠤᠶᠢᠯᠠᠯ ᠤᠨ ᠲᠥᠯᠥᠭᠡᠯᠡᠭᠴᠢ ᠨᠡᠶᠢᠲᠡᠯᠢᠭ ᠶᠠᠷᠢᠶ᠎ᠠ ᠲᠠᠯᠪᠢᠪᠠ᠃ | ᠬᠤᠷᠠᠯ ᠠᠴᠠ ᠡᠮᠦᠨ᠎ᠡ᠂ ᠬᠤᠷᠠᠯ ᠳᠤ ᠣᠷᠣᠯᠴᠠᠭᠰᠠᠳ ᠣᠷᠳᠣᠰ ᠪᠦᠯᠦᠭᠯᠡᠯ ᠤᠨ ᠶᠤᠸᠠᠨ ᠮᠤ᠋ ᠴᠠᠩ ᠮᠠᠯᠵᠢᠯ ᠤᠨ ᠲᠠᠯᠠᠪᠠᠶ᠂ ᠣᠷᠳᠣᠰ ᠬᠤᠲᠠ ᠶᠢᠨ ᠵᠢᠶᠠ | ᠱᠧᠩ ᠲᠡᠵᠢᠭᠡᠨ ᠦᠷᠡᠵᠢᠭᠦᠯᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠪᠣᠷᠳᠣᠵᠤ ᠲᠠᠷᠭᠤᠯᠠᠭᠤᠯᠬᠤ ᠲᠥᠷᠥᠯ ᠵᠦᠶᠯ᠂ ᠬᠤᠸᠠ ᠰᠢᠶᠠᠩ ᠠᠷᠪᠠᠰ ᠤᠨ | ᠨᠤᠤᠯᠤᠭᠤᠷ ᠤᠨ ᠴᠠᠭᠠᠨ ᠢᠮᠠᠭᠠᠨ ᠤ ᠲᠡᠵᠢᠭᠡᠯ ᠪᠣᠷᠳᠣᠭᠠᠨ ᠤ ᠰᠤᠳᠤᠯᠭᠠᠨ ᠤ ᠬᠦᠷᠢᠶᠡᠯᠡᠩ ᠢ ᠲᠣᠭᠤᠷᠢᠨ ᠦᠵᠡᠵᠦ᠂ ︽ᠲᠦᠮᠡᠨ ᠠᠵᠤ ᠠᠬᠤᠶᠢᠯᠠᠯ ᠲᠦᠮᠡᠨ | ᠲᠣᠰᠬᠤᠨ ᠢ ᠮᠠᠨᠳᠤᠭᠤᠯᠬᠤ︾ ᠠᠵᠢᠯᠯᠠᠭ᠎ᠠ ᠶᠢᠨ ᠦᠷ᠎ᠡ ᠪᠦᠲᠦᠮᠵᠢ᠂ ᠠᠵᠤ ᠠᠬᠤᠶᠢᠯᠠᠯ ᠤᠨ ᠦᠨᠳᠦᠰᠦᠨ ᠪᠠᠶᠢᠳᠠᠯ ᠪᠠ ᠡᠵᠡᠩᠨᠡᠯᠲᠡ ᠶᠢᠨ ᠣᠳᠣᠬᠢ ᠪᠠᠶᠢᠳᠠᠯ ᠢ | ᠣᠶᠢᠯᠠᠭᠠᠪᠠ᠃ |