ᠨᠢᠭᠡ᠂ ᠨᠡᠶᠢᠲᠡᠯᠡᠭᠰᠡᠨ ᠠᠬᠤᠢ ᠪᠠᠶᠢᠳᠠᠯ ᠨᠠᠶᠢᠳᠠᠨ ᠰᠠᠭᠠᠲᠠᠭᠤᠯᠬᠤ ᠦᠢᠯᠡᠴᠢᠯᠡᠭᠡ ᠪᠣᠯ ᠠᠮᠢ ᠨᠠᠰᠤᠨ ᠤ ᠪᠥᠬᠦ ᠦᠶᠡᠯᠡᠯ ᠳᠠᠬᠢ ᠦᠢᠯᠡᠴᠢᠯᠡᠭᠡ | ᠬᠠᠮᠢᠶᠠᠷᠤᠯᠲᠠ ᠶᠢᠨ ᠴᠢᠬᠤᠯᠠ ᠠᠭᠤᠯᠭ᠎ᠠ ᠶᠤᠮ᠃ ᠣᠶᠢᠷ᠎ᠠ ᠶᠢᠨ ᠵᠢᠯ ᠤᠳ ᠲᠤ᠂ ᠡᠯ᠎ᠡ ᠭᠠᠵᠠᠷ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ | ᠮᠥᠴᠢᠷ ᠠᠴᠠ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠨᠠᠶᠢᠳᠠᠨ ᠰᠠᠭᠠᠲᠠᠭᠤᠯᠬᠤ ᠦᠢᠯᠡᠴᠢᠯᠡᠭᠡᠨ ᠤ ᠬᠥᠭᠵᠢᠯᠲᠡ ᠶᠢ ᠳᠡᠮᠵᠢᠬᠦ ᠶᠢ ᠨᠢ | ᠢᠳᠡᠪᠬᠢᠲᠡᠢ ᠪᠠᠷ ᠵᠣᠷᠢᠭᠵᠢᠭᠤᠯᠵᠤ᠂ ᠪᠠᠯᠴᠢᠷ ᠪᠠᠭ᠎ᠠ ᠨᠠᠰᠤᠨ ᠤ ᠬᠡᠦᠬᠡᠳ ᠤᠳ ᠤᠨ ᠬᠤᠭᠤᠯᠠ ᠤᠮᠳᠠ ᠰᠢᠮ᠎ᠡ ᠲᠡᠵᠢᠭᠡᠯ᠂ ᠦᠰᠦᠨ ᠪᠤᠶᠢᠵᠢᠯᠲᠠ᠂ ᠡᠪᠡᠳᠴᠢᠨ | ᠡᠮᠭᠡᠭ ᠢ ᠰᠡᠷᠭᠡᠶᠢᠯᠡᠨ ᠬᠤᠷᠢᠭᠯᠠᠬᠤ᠂ ᠠᠰᠠᠷᠠᠨ ᠬᠠᠷᠠᠭᠠᠯᠵᠠᠬᠤ ᠵᠡᠷᠭᠡ ᠲᠠᠯ᠎ᠠ ᠪᠠᠷ ᠨᠠᠶᠢᠳᠠᠨ ᠰᠠᠭᠠᠲᠠᠭᠤᠯᠬᠤ ᠪᠠᠶᠢᠭᠤᠯᠤᠮᠵᠢ ᠶᠢᠨ ᠲᠤᠬᠠᠶᠢᠯᠠᠭᠰᠠᠨ ᠠᠵᠢᠯ ᠤᠨ | ᠵᠢᠯᠣᠭᠤᠳᠤᠯᠭ᠎ᠠ ᠪᠠ ᠠᠵᠢᠯᠲᠠᠳ ᠤᠨ ᠪᠣᠯᠪᠠᠰᠤᠷᠠᠯ ᠢ ᠴᠢᠩᠭᠠᠳᠬᠠᠨ᠂ ᠨᠠᠶᠢᠳᠠᠨ ᠰᠠᠭᠠᠲᠠᠭᠤᠯᠬᠤ ᠦᠢᠯᠡᠴᠢᠯᠡᠭᠡᠨ ᠤ ᠵᠢᠷᠤᠮᠵᠢᠭᠤᠨ ᠬᠥᠭᠵᠢᠯᠲᠡ ᠶᠢ | ᠠᠬᠢᠭᠤᠯᠤᠭᠰᠠᠨ ᠠᠴᠠ ᠪᠠᠯᠴᠢᠷ ᠪᠠᠭ᠎ᠠ ᠨᠠᠰᠤᠨ ᠤ ᠬᠡᠦᠬᠡᠳ ᠤᠳ ᠤᠨ ᠭᠡᠷ ᠤᠨ ᠠᠬᠠᠮᠠᠳ ᠪᠠ ᠨᠠᠶᠢᠳᠠᠨ ᠰᠠᠭᠠᠲᠠᠭᠤᠯᠬᠤ ᠦᠢᠯᠡᠴᠢᠯᠡᠭᠡᠨ ᠤ ᠠᠵᠢᠯ ᠡᠷᠬᠢᠯᠡᠭᠰᠡᠳ ᠤᠨ | ᠰᠠᠶᠢᠨ ᠦᠨᠡᠯᠡᠯᠲᠡ ᠶᠢ ᠣᠯᠵᠠᠢ᠃ ᠲᠥᠪ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠵᠤ᠂ ᠨᠡᠶᠢᠳᠡᠮ ᠳᠤ ᠠᠰᠢᠭ ᠬᠦᠷᠲᠡᠭᠡᠬᠦ | ᠨᠠᠶᠢᠳᠠᠨ ᠰᠠᠭᠠᠲᠠᠭᠤᠯᠬᠤ ᠦᠢᠯᠡᠴᠢᠯᠡᠭᠡᠨ ᠤ ᠲᠣᠭᠲᠠᠯᠴᠠᠭ᠎ᠠ ᠶᠢ ᠶᠡᠭᠡ ᠪᠠᠷ ᠬᠥᠭᠵᠢᠭᠦᠯᠦᠨ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠬᠤ ᠬᠦᠰᠡᠯ ᠡᠷᠡᠮᠡᠯᠵᠡᠯ ᠢ | ᠲᠠᠰᠤᠷᠠᠯᠲᠠ ᠦᠭᠡᠢ ᠬᠠᠩᠭᠠᠬᠤ ᠶᠢᠨ ᠲᠥᠯᠥᠭᠡ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ ᠤᠯᠤᠰ ᠤᠨ ᠬᠢᠲᠠᠳ ᠡᠮ ᠡᠮᠨᠡᠯᠭᠡ ᠶᠢᠨ | ᠲᠣᠪᠴᠢᠶ᠎ᠠ᠂ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠬᠤᠷᠢᠭᠯᠠᠬᠤ ᠲᠣᠪᠴᠢᠶ᠎ᠠ ᠲᠠᠢ ᠬᠠᠮᠲᠤᠷᠠᠨ ᠡᠯ᠎ᠡ ᠭᠠᠵᠠᠷ ᠤᠨ ᠲᠤᠷᠰᠢᠯᠭ᠎ᠠ ᠨᠤᠭᠤᠳ ᠢ ᠳ᠋ᠦᠩᠨᠡᠭᠰᠡᠨ | ᠰᠠᠭᠤᠷᠢᠨ ᠳᠡᠭᠡᠷ᠎ᠡ᠂ ︽ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠨᠠᠶᠢᠳᠠᠨ ᠰᠠᠭᠠᠲᠠᠭᠤᠯᠬᠤ ᠦᠢᠯᠡᠴᠢᠯᠡᠭᠡᠨ ᠤ ᠬᠥᠭᠵᠢᠯᠲᠡ ᠳᠠᠬᠢ ᠳᠡᠮᠵᠢᠯᠡᠭᠡ ᠶᠢ | ᠠᠬᠢᠭᠤᠯᠬᠤ ᠲᠤᠬᠠᠢ ᠵᠢᠯᠤᠭᠤᠳᠬᠤ ᠰᠠᠨᠠᠯ︾ ︵ᠳᠣᠷᠣᠭᠰᠢ ︽ᠵᠢᠯᠤᠭᠤᠳᠬᠤ ᠰᠠᠨᠠᠯ︾ ᠭᠡᠵᠦ ᠲᠣᠪᠴᠢᠯᠠᠪᠠ︶ ᠢ ᠲᠣᠭᠲᠠᠭᠠᠨ ᠨᠡᠶᠢᠲᠡᠯᠡᠪᠡ᠃ | ᠬᠤᠶᠠᠷ᠂ ᠭᠤᠣᠯ ᠠᠭᠤᠯᠭ᠎ᠠ ︽ᠵᠢᠯᠤᠭᠤᠳᠬᠤ ᠰᠠᠨᠠᠯ︾ ᠳᠤ ᠨᠡᠶᠢᠲᠡ ᠨᠠᠶᠢᠮᠠᠨ ᠠᠭᠤᠯᠭ᠎ᠠ ᠲᠠᠢ᠃ ᠨᠢᠭᠡ ᠳᠤ᠂ ᠵᠠᠬᠢᠶᠠᠯᠠᠭ᠎ᠠ ᠶᠢᠨ ᠵᠥᠪᠯᠡᠯᠴᠡᠭᠡᠷ ᠲᠣᠭᠲᠠᠬᠤ | ᠦᠢᠯᠡᠴᠢᠯᠡᠭᠡ ᠶᠢ ᠥᠷᠨᠢᠭᠦᠯᠦᠨ᠎ᠡ᠃ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠢ ᠨᠠᠶᠢᠳᠠᠨ ᠰᠠᠭᠠᠲᠠᠭᠤᠯᠬᠤ ᠪᠠᠶᠢᠭᠤᠯᠤᠮᠵᠢ ᠶᠢ | ᠵᠥᠪᠯᠡᠯᠴᠡᠭᠡᠷ ᠲᠣᠭᠲᠠᠬᠤ ᠡᠲᠡᠭᠡᠳ ᠢᠶᠠᠨ ᠪᠣᠯᠭᠠᠨ᠂ ᠦᠢᠯᠡᠴᠢᠯᠡᠭᠡᠨ ᠤ ᠵᠥᠪᠯᠡᠯᠴᠡᠭᠡᠷ ᠲᠣᠭᠲᠠᠵᠤ᠂ ᠪᠠᠯᠴᠢᠷ ᠪᠠᠭ᠎ᠠ ᠨᠠᠰᠤᠨ ᠤ ᠬᠡᠦᠬᠡᠳ ᠤᠳ ᠤᠨ ᠡᠷᠡᠭᠦᠯ | ᠮᠡᠨᠳᠦ ᠶᠢᠨ ᠬᠠᠮᠢᠶᠠᠷᠤᠯᠲᠠ ᠦᠢᠯᠡᠴᠢᠯᠡᠭᠡ ᠥᠷᠨᠢᠭᠦᠯᠦᠨ᠎ᠡ᠃ ᠬᠤᠶᠠᠷ ᠲᠤ᠂ ᠬᠡᠦᠬᠡᠳ ᠤᠳ ᠢ ᠠᠰᠠᠷᠠᠨ ᠬᠠᠷᠠᠭᠠᠯᠵᠠᠬᠤ ᠲᠠᠯ᠎ᠠ ᠶᠢᠨ ᠵᠢᠯᠣᠭᠤᠳᠤᠯᠭ᠎ᠠ ᠶᠢ | ᠴᠢᠩᠭᠠᠳᠬᠠᠨ᠎ᠠ᠃ ᠰᠢᠶᠠᠨ ᠤ ᠱᠠᠲᠤᠨ ᠤ ᠡᠬᠡ ᠨᠢᠯᠬᠠᠰ ᠤᠨ ᠰᠤᠪᠢᠯᠠᠯᠲᠠ ᠶᠢᠨ ᠪᠠᠶᠢᠭᠤᠯᠤᠮᠵᠢ ᠪᠠ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠨᠢ ᠨᠠᠶᠢᠳᠠᠨ ᠰᠠᠭᠠᠲᠠᠭᠤᠯᠬᠤ ᠪᠠᠶᠢᠭᠤᠯᠤᠮᠵᠢ ᠲᠠᠢ ᠬᠠᠷᠢᠯᠴᠠᠨ᠂ ᠲᠣᠭᠲᠠᠮᠠᠯ ᠬᠤᠭᠤᠴᠠᠭ᠎ᠠ ᠲᠠᠢ ᠪᠠᠷ ᠭᠡᠷ ᠲᠤ ᠨᠢ ᠬᠦᠷᠴᠦ ᠲᠤᠰᠢᠶᠠᠯᠴᠠᠬᠤ ᠪᠠ | ᠵᠢᠯᠣᠭᠤᠳᠤᠨ᠎ᠠ᠃ ᠭᠤᠷᠪᠠ ᠳᠤ᠂ ᠬᠢᠲᠠᠳ ᠡᠮ ᠡᠮᠨᠡᠯᠭᠡ ᠶᠢᠨ ᠳᠠᠪᠠᠭᠤᠯᠢᠭ ᠣᠨᠴᠠᠯᠢᠭ ᠢ ᠪᠠᠳᠠᠷᠠᠭᠤᠯᠤᠨ᠎ᠠ᠃ ᠬᠢᠲᠠᠳ ᠡᠮᠨᠡᠯᠭᠡ ᠶᠢᠨ ᠬᠤᠷᠢᠶ᠎ᠠ ᠳᠤᠮᠳᠠᠳᠤ ᠶᠢᠨ | ᠤᠯᠠᠮᠵᠢᠯᠠᠯᠲᠤ ᠰᠢᠯᠢᠳᠡᠭ ᠡᠮ ᠡᠮᠨᠡᠯᠭᠡ ᠶᠢᠨ ᠰᠣᠶᠣᠯ ᠢ ᠬᠥᠭᠵᠢᠭᠦᠯᠦᠨ ᠳᠡᠯᠭᠡᠷᠡᠭᠦᠯᠵᠦ᠂ ᠨᠠᠶᠢᠳᠠᠨ ᠰᠠᠭᠠᠲᠠᠭᠤᠯᠬᠤ ᠪᠠᠶᠢᠭᠤᠯᠤᠮᠵᠢ ᠲᠠᠢ ᠢᠳᠡᠪᠬᠢᠲᠡᠢ ᠪᠠᠷ ᠬᠠᠮᠲᠤᠷᠠᠨ | ᠂ ᠬᠢᠲᠠᠳ ᠡᠮ ᠡᠮᠨᠡᠯᠭᠡ ᠶᠢᠨ ᠲᠣᠬᠢᠷᠠᠮᠵᠢᠲᠠᠢ ᠮᠡᠷᠭᠡᠵᠢᠯ ᠢ ᠳᠡᠯᠭᠡᠷᠡᠭᠦᠯᠦᠨ᠎ᠡ᠃ ᠳᠥᠷᠪᠡ ᠳᠤ᠂ ᠡᠪᠡᠳᠴᠢᠨ ᠡᠮᠭᠡᠭ ᠢ ᠰᠡᠷᠭᠡᠶᠢᠯᠡᠨ ᠬᠤᠷᠢᠭᠯᠠᠬᠤ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠤᠨ᠎ᠠ᠃ ᠨᠠᠶᠢᠳᠠᠨ ᠰᠠᠭᠠᠲᠠᠭᠤᠯᠬᠤ ᠪᠠᠶᠢᠭᠤᠯᠤᠮᠵᠢ ᠶᠢᠨ ᠡᠪᠡᠳᠴᠢᠨ ᠡᠮᠭᠡᠭ ᠢ ᠰᠡᠷᠭᠡᠶᠢᠯᠡᠨ ᠬᠤᠷᠢᠭᠯᠠᠬᠤ ᠠᠵᠢᠯ ᠳᠠᠬᠢ ᠬᠢᠨᠠᠯᠲᠠ ᠪᠠᠶᠢᠴᠠᠭᠠᠯᠲᠠ ᠶᠢ | ᠬᠠᠤᠯᠢ ᠶᠣᠰᠣᠭᠠᠷ ᠴᠢᠩᠭᠠᠳᠬᠠᠵᠤ᠂ ᠨᠠᠶᠢᠳᠠᠨ ᠰᠠᠭᠠᠲᠠᠭᠤᠯᠬᠤ ᠪᠠᠶᠢᠭᠤᠯᠤᠮᠵᠢ ᠶᠢᠨ ᠡᠪᠡᠳᠴᠢᠨ ᠡᠮᠭᠡᠭ ᠢ ᠰᠡᠷᠭᠡᠶᠢᠯᠡᠨ ᠬᠤᠷᠢᠭᠯᠠᠬᠤ ᠭᠤᠣᠯ ᠴᠣᠭᠴᠠ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠰᠢᠮᠳᠠᠭᠤᠯᠤᠨ᠎ᠠ᠃ ᠲᠠᠪᠤ ᠳᠤ᠂ ᠬᠤᠯᠪᠣᠭᠳᠠᠯ ᠪᠦᠬᠦᠢ ᠳᠡᠮᠵᠢᠬᠦ ᠲᠦᠷᠦ ᠶᠢᠨ ᠪᠣᠳᠣᠯᠭ᠎ᠠ ᠶᠢ ᠪᠦᠷᠢᠨᠰᠢᠭᠦᠯᠦᠨ᠎ᠡ᠃ | ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠨᠠᠶᠢᠳᠠᠨ ᠰᠠᠭᠠᠲᠠᠭᠤᠯᠬᠤ ᠦᠢᠯᠡᠴᠢᠯᠡᠭᠡ ᠥᠷᠨᠢᠭᠦᠯᠬᠦ ᠳᠤ ᠨᠢ ᠲᠠᠯᠠᠪᠤᠷ᠂ ᠠᠵᠢᠯᠲᠠᠨ᠂ ᠵᠠᠷᠤᠳᠠᠯ ᠵᠡᠷᠭᠡ | ᠲᠠᠯ᠎ᠠ ᠪᠠᠷ ᠳᠡᠮᠵᠢᠬᠦ ᠲᠥᠷᠥ ᠶᠢᠨ ᠪᠣᠳᠣᠯᠭ᠎ᠠ ᠶᠢ ᠲᠣᠳᠣᠷᠬᠠᠢ ᠲᠣᠭᠲᠠᠭᠠᠪᠠ᠃ ᠵᠢᠷᠭᠤᠭ᠎ᠠ ᠳᠤ᠂ ᠬᠥᠳᠡᠯᠦᠩᠭᠦᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ | ᠨᠠᠶᠢᠳᠠᠨ ᠰᠠᠭᠠᠲᠠᠭᠤᠯᠬᠤ ᠪᠠᠶᠢᠭᠤᠯᠤᠮᠵᠢ ᠶᠢ ︽ᠬᠤᠶᠠᠷ ᠢ ᠲᠠᠰᠢᠷᠠᠮ ᠢᠶᠠᠷ ᠰᠤᠭᠤᠴᠢᠬᠤ᠂ ᠨᠢᠭᠡ ᠶᠢ ᠢᠯᠡ ᠪᠣᠯᠭᠠᠬᠤ︾ ᠬᠢᠨᠠᠯᠲᠠ ᠲᠠᠯᠪᠢᠵᠤ ᠰᠤᠭᠤᠴᠢᠨ | ᠪᠠᠶᠢᠴᠠᠭᠠᠬᠤ ᠬᠡᠪᠴᠢᠶᠡᠨ ᠳᠤ ᠠᠯᠬᠤᠮ ᠠᠯᠬᠤᠮ ᠢᠶᠠᠷ ᠣᠷᠣᠭᠤᠯᠤᠨ ᠪᠠᠶᠢᠩᠭᠤ ᠪᠠᠶᠢᠴᠠᠭᠠᠨ᠎ᠠ᠃ ᠲᠤᠯᠤᠭ᠎ᠠ ᠳᠤ᠂ ᠨᠡᠶᠢᠲᠡᠯᠢᠭ ᠵᠢᠱᠢᠶ᠎ᠡ ᠦᠵᠡᠭᠦᠯᠵᠦ ᠬᠥᠲᠥᠯᠥᠨ | ᠳᠠᠭᠠᠭᠤᠯᠬᠤ ᠠᠵᠢᠯ ᠢ ᠰᠠᠶᠢᠲᠤᠷ ᠠᠳᠬᠤᠨ᠎ᠠ᠃ ᠲᠤᠷᠰᠢᠯᠭ᠎ᠠ ᠶᠢ ᠴᠠᠭ ᠲᠤᠬᠠᠢ ᠳᠤ ᠨᠢ ᠳ᠋ᠦᠩᠨᠡᠨ ᠳᠡᠯᠭᠡᠷᠡᠭᠦᠯᠵᠦ᠂ ᠵᠢᠱᠢᠶ᠎ᠡ ᠦᠵᠡᠭᠦᠯᠦᠨ ᠳᠠᠭᠠᠭᠤᠯᠬᠤ᠂ | ᠳᠠᠶᠢᠴᠢᠯᠠᠨ ᠨᠥᠯᠥᠭᠡᠯᠡᠬᠦ ᠦᠢᠯᠡᠳᠦᠯ ᠢ ᠨᠢ ᠭᠦᠢᠴᠡᠳ ᠪᠠᠳᠠᠷᠠᠭᠤᠯᠤᠨ᠂ ᠨᠠᠶᠢᠳᠠᠨ ᠰᠠᠭᠠᠲᠠᠭᠤᠯᠬᠤ ᠦᠢᠯᠡᠴᠢᠯᠡᠭᠡᠨ ᠤ ᠪᠦᠬᠦᠯᠢ ᠴᠣᠭᠴᠠ ᠶᠢᠨ ᠲᠦᠪᠰᠢᠨ ᠢ | ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠨᠠᠶᠢᠮᠠ ᠳᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠦᠨᠡᠨ ᠬᠦ ᠴᠢᠩᠭᠠᠳᠬᠠᠨ᠎ᠠ᠃ ᠡᠯ᠎ᠡ ᠭᠠᠵᠠᠷ ᠤᠨ ᠬᠢᠨ | ᠪᠣᠳᠠᠲᠠᠢ ᠲᠠᠢ ᠪᠠᠨ ᠤᠶᠠᠯᠳᠤᠭᠤᠯᠤᠨ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠬᠢᠭᠡᠳ ᠨᠠᠶᠢᠳᠠᠨ ᠬᠥᠮᠥᠵᠢᠭᠦᠯᠬᠦ ᠪᠠᠶᠢᠭᠤᠯᠤᠮᠵᠢ ᠶᠢᠨ ᠵᠠᠬᠢᠶᠠᠯᠠᠭ᠎ᠠ ᠶᠢᠨ | ᠭᠡᠷ᠎ᠡ ᠲᠣᠭᠲᠠᠬᠤ ᠦᠢᠯᠡᠴᠢᠯᠡᠭᠡᠨ ᠤ ᠲᠣᠳᠣᠷᠬᠠᠢ ᠬᠠᠭᠤᠳᠠᠰᠤ ᠶᠢ ᠲᠣᠭᠲᠠᠭᠠᠨ᠎ᠠ᠃ | ᠭᠤᠷᠪᠠ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠯ᠎ᠡ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠤᠳ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠤᠨ᠂ ᠠᠵᠢᠯ ᠤᠨ ᠲᠥᠰᠥᠯ ᠢᠶᠠᠨ ᠨᠠᠷᠢᠯᠢᠭᠵᠢᠭᠤᠯᠤᠨ᠂ ᠵᠠᠬᠢᠶᠠᠯᠠᠭ᠎ᠠ ᠶᠢᠨ ᠵᠥᠪᠯᠡᠯᠴᠡᠭᠡᠷ | ᠲᠣᠭᠲᠠᠬᠤ ᠦᠢᠯᠡᠴᠢᠯᠡᠭᠡᠨ ᠤ ᠲᠥᠰᠥᠯ ᠤᠨ ᠲᠣᠳᠣᠷᠬᠠᠢ ᠬᠠᠭᠤᠳᠠᠰᠤ ᠶᠢ ᠲᠣᠭᠲᠠᠭᠠᠵᠤ᠂ ᠨᠠᠶᠢᠳᠠᠨ ᠰᠠᠭᠠᠲᠠᠭᠤᠯᠬᠤ ᠦᠢᠯᠡᠴᠢᠯᠡᠭᠡᠨ ᠤ ᠬᠥᠭᠵᠢᠯᠲᠡ ᠶᠢ ᠳᠡᠮᠵᠢᠬᠦ | ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠶᠡᠭᠡ ᠪᠠᠷ ᠠᠬᠢᠭᠤᠯᠬᠤ | ᠬᠡᠷᠡᠭᠲᠡᠢ᠃ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠬᠡᠦᠬᠡᠳ ᠢ ᠰᠤᠪᠢᠯᠠᠨ ᠲᠣᠷᠳᠠᠬᠤ᠂ ᠡᠪᠡᠳᠴᠢᠨ ᠡᠮᠭᠡᠭ ᠢ ᠰᠡᠷᠭᠡᠶᠢᠯᠡᠨ ᠬᠤᠷᠢᠭᠯᠠᠬᠤ᠂ | ᠬᠡᠦᠬᠡᠳ ᠢ ᠣᠨᠣᠰᠢᠯᠠᠨ ᠡᠮᠨᠡᠬᠦ ᠵᠡᠷᠭᠡ ᠲᠠᠯ᠎ᠠ ᠶᠢᠨ ᠮᠡᠷᠭᠡᠵᠢᠯ ᠤᠨ ᠴᠢᠳᠠᠪᠤᠷᠢᠲᠠᠨ ᠪᠠ ᠡᠬᠢ ᠪᠠᠶᠠᠯᠢᠭ ᠤᠨ ᠳᠠᠪᠠᠭᠤᠯᠢᠭ ᠲᠠᠢ᠂ ᠤᠯᠤᠰ ᠤᠨ ᠦᠨᠳᠦᠰᠦᠨ ᠤᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡ ᠳᠤ ᠪᠠᠯᠴᠢᠷ ᠪᠠᠭ᠎ᠠ ᠨᠠᠰᠤᠨ ᠤ ᠬᠡᠦᠬᠡᠳ ᠤᠨ ᠰᠤᠪᠢᠯᠠᠯᠲᠠ ᠲᠠᠢ ᠬᠤᠯᠪᠣᠭᠳᠠᠬᠤ ᠲᠥᠰᠥᠯ ᠤᠨ ᠱᠠᠭᠠᠷᠳᠠᠯᠭ᠎ᠠ | ᠪᠠ ᠵᠠᠷᠤᠳᠠᠯ ᠤᠨ ᠳᠡᠮᠵᠢᠯᠭᠡ ᠲᠠᠢ᠂ ᠵᠢᠶᠠᠩᠰᠢ᠂ ᠵᠧᠵᠢᠶᠠᠩ ᠵᠡᠷᠭᠡ ᠮᠤᠵᠢ ᠣᠷᠣᠨ ᠨᠤᠭᠤᠳ ᠲᠤ ᠨᠡᠯᠢᠶᠡᠳ ᠤᠯᠠᠨ ᠦᠢᠯᠡᠳᠦᠯᠭᠡ ᠶᠢᠨ ᠲᠤᠷᠰᠢᠯᠭ᠎ᠠ ᠲᠠᠢ | ᠪᠠᠶᠢᠭᠰᠠᠨ ᠠᠴᠠ ᠲᠦᠷᠦ ᠶᠢᠨ ᠪᠣᠳᠣᠯᠭ᠎ᠠ ᠶᠢ ᠤᠷᠤᠭᠰᠢᠲᠠᠢ ᠬᠡᠷᠡᠭᠵᠢᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠵᠠᠢ᠃ ᠨᠠᠶᠢᠳᠠᠨ ᠰᠠᠭᠠᠲᠠᠭᠤᠯᠬᠤ ᠪᠠᠶᠢᠭᠤᠯᠤᠮᠵᠢ ᠳᠤ | ᠪᠠᠯᠴᠢᠷ ᠪᠠᠭ᠎ᠠ ᠨᠠᠰᠤᠨ ᠤ ᠬᠡᠦᠬᠡᠳ ᠤᠳ ᠣᠯᠠᠨ ᠪᠥᠭᠡᠳ ᠴᠤᠭᠯᠠᠷᠠᠬᠤ ᠬᠥᠮᠥᠰ ᠨᠢ ᠨᠡᠯᠢᠶᠡᠳ ᠣᠨᠴᠠᠭᠠᠶ ᠪᠠᠶᠢᠳᠠᠭ ᠪᠣᠯᠬᠤᠷ ᠡᠮᠴᠢᠯᠡᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠳᠡᠮᠵᠢᠯᠭᠡ ᠪᠠ ᠵᠢᠯᠣᠭᠤᠳᠤᠯᠭ᠎ᠠ ᠪᠠᠨ ᠴᠢᠩᠭᠠᠳᠬᠠᠬᠤ ᠴᠢᠬᠤᠯᠠᠲᠠᠢ ᠶᠤᠮ᠃ ᠴᠥᠭᠡᠨ ᠪᠤᠰᠤ ᠡᠮᠴᠢᠯᠡᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠨᠤᠭᠤᠳ ᠤᠯᠤᠰ ᠤᠨ ᠤᠷᠢᠶᠠᠯᠠᠭ᠎ᠠ ᠶᠢ ᠳᠠᠭᠠᠵᠤ᠂ ᠣᠷᠣᠨ ᠨᠤᠲᠤᠭ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠡᠬᠢ ᠪᠠᠶᠠᠯᠢᠭ ᠤᠨ | ᠳᠠᠪᠠᠭᠤᠯᠢᠭ ᠢᠶᠠᠨ ᠪᠠᠳᠠᠷᠠᠭᠤᠯᠤᠭᠠᠳ ᠨᠠᠶᠢᠳᠠᠨ ᠰᠠᠭᠠᠲᠠᠭᠤᠯᠬᠤ ᠪᠠᠶᠢᠭᠤᠯᠤᠮᠵᠢ ᠶᠢ ᠪᠠᠶᠢᠭᠤᠯᠤᠭᠰᠠᠨ ᠪᠠᠶᠢᠨ᠎ᠠ᠃ ᠵᠢᠷᠤᠮᠵᠢᠯ ᠲᠠᠢ ᠪᠠᠷ ᠠᠵᠢᠯᠯᠠᠭᠤᠯᠬᠤ᠂ ᠨᠡᠶᠢᠲᠡᠯᠢᠭ | ᠵᠢᠱᠢᠶ᠎ᠡ ᠪᠠᠷ ᠵᠠᠮᠴᠢᠯᠠᠭᠤᠯᠬᠤ ᠶᠢ ᠪᠠᠷᠢᠮᠲᠠᠯᠠᠵᠤ᠂ ᠲᠤᠬᠠᠢ ᠶᠢᠨ ᠭᠠᠵᠠᠷ ᠤᠨ ᠨᠠᠶᠢᠳᠠᠨ ᠰᠠᠭᠠᠲᠠᠭᠤᠯᠬᠤ ᠦᠢᠯᠡᠴᠢᠯᠡᠭᠡᠨ ᠤ ᠡᠷᠡᠭᠦᠯ ᠢᠶᠠᠷ ᠬᠥᠭᠵᠢᠬᠦ ᠶᠢ ᠳᠠᠶᠢᠴᠢᠯᠠᠬᠤ ᠪᠠ | ᠬᠥᠲᠥᠯᠥᠨ ᠳᠠᠭᠠᠭᠤᠯᠬᠤ ᠬᠡᠷᠡᠭᠲᠡᠢ᠃ ᠲᠠᠷᠠᠭᠠᠴᠢ ᠪᠠᠷ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠤᠯᠤᠰ ᠤᠨ ᠬᠢᠲᠠᠳ ᠡᠮ ᠡᠮᠨᠡᠯᠭᠡ ᠶᠢᠨ | ᠲᠣᠪᠴᠢᠶ᠎ᠠ ᠪᠠ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠬᠤᠷᠢᠭᠯᠠᠬᠤ ᠲᠣᠪᠴᠢᠶ᠎ᠠ ᠤᠬᠠᠭᠤᠯᠤᠨ ᠲᠠᠶᠢᠯᠪᠤᠷᠢᠯᠠᠬᠤ᠂ ᠠᠵᠢᠯᠲᠠᠳ ᠢ ᠪᠣᠯᠪᠠᠰᠤᠷᠠᠭᠤᠯᠬᠤ ᠪᠠ | ᠬᠢᠨᠠᠨ ᠵᠢᠯᠤᠭᠤᠳᠴᠤ ᠪᠠᠶᠢᠴᠠᠭᠠᠨ ᠰᠤᠳᠤᠯᠬᠤ ᠵᠡᠷᠭᠡ ᠠᠵᠢᠯ ᠢᠶᠠᠨ ᠴᠢᠩᠭᠠᠳᠬᠠᠵᠤ᠂ ᠰᠢᠨ᠎ᠡ ᠪᠠᠶᠢᠳᠠᠯ ᠰᠢᠨ᠎ᠡ ᠠᠰᠠᠭᠤᠳᠠᠯ ᠤᠳ ᠢ ᠴᠠᠭ ᠲᠤᠬᠠᠢ ᠳᠤ ᠨᠢ ᠰᠤᠳᠤᠯᠤᠨ | ᠰᠢᠢᠳᠪᠦᠷᠢᠯᠡᠵᠦ᠂ ︽ᠵᠢᠯᠤᠭᠤᠳᠬᠤ ᠰᠠᠨᠠᠯ︾ ᠤᠨ ᠡᠯ᠎ᠡ ᠵᠦᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠤᠨ᠎ᠠ᠃ | | |