ᠰᠤᠩᠷᠤᠪ
ᠨᠡᠶᠢᠲᠡᠯᠡᠭᠰᠡᠨ ᠴᠠᠭ᠄
2023/10/26
      ᠰᠤᠩᠷᠤᠪ᠄ ᠮᠤᠩᠭᠤᠯ ᠦᠨᠳᠦᠰᠦᠲᠡᠨ᠂ ᠡᠷᠡᠭᠲᠡᠢ᠂ ᠣᠷᠳᠣᠰ ᠤᠨ ᠪᠠᠷᠠᠭᠤᠨ ᠭᠠᠷ ᠤᠨ ᠳᠤᠮᠳᠠᠳᠤ ᠬᠤᠰᠢᠭᠤᠨ ᠤ ᠵᠠᠰᠠᠭ ᠪᠠᠶᠢᠯᠠ᠂ ᠲᠥᠷᠥ ᠶᠢᠨ ᠵᠢᠶᠦ᠋ᠨ ᠸᠠᠩ ᠰᠣᠨᠣᠮ ᠤᠨ ᠠᠬᠠᠮᠠᠳ ᠬᠥᠪᠡᠭᠦᠨ᠂ ᠠᠩᠬ᠎ᠠ ᠳᠡᠳ᠋ ᠵᠡᠷᠭᠡ ᠶᠢᠨ ᠲᠠᠶᠢᠵᠢ ᠶᠢᠨ ᠵᠡᠷᠭᠡ ᠵᠠᠯᠭᠠᠮᠵᠢᠯᠠᠵᠠᠢ᠃ ᠴᠢᠩ ᠤᠯᠤᠰ ᠤᠨ ᠡᠩᠬᠡ ᠠᠮᠦᠭᠤᠯᠠᠩ ᠤᠨ ᠠᠷᠪᠠᠨ ᠳᠥᠷᠪᠡᠳᠦᠭᠡᠷ ᠣᠨ ︵1675 ᠣᠨ︶ ᠳᠤ ᠡᠴᠢᠭᠡ ᠪᠠᠨ ᠳᠠᠭᠠᠵᠤ ᠰᠢᠩ ᠡᠤ ᠶᠢᠩ ︵ᠬᠠᠪᠠᠳᠤ ᠬᠤᠲᠠ︶ ᠬᠦᠷᠦᠭᠡᠳ᠂ ᠨᠢᠩᠰᠢᠶᠡ ᠶᠢᠨ ᠴᠡᠷᠢᠭ ᠤᠨ ᠶᠡᠷᠦᠩᠬᠡᠢ ᠵᠠᠬᠢᠷᠤᠭᠴᠢ ᠴᠧᠨ ᠹᠦ᠋ ᠲᠠᠢ ᠬᠠᠮᠲᠤᠷᠠᠨ ᠬᠤᠸ᠋ᠨ ᠮᠠ ‍ᠣᠣᠢ ︵ᠲᠡᠷᠭᠡ︶ ᠬᠤᠲᠠ ᠶᠢ ᠰᠠᠬᠢᠭᠴᠢ ᠵᠤ᠋ ᠯᠦᠡᠭ ᠤᠨ ᠤᠷᠪᠠᠯᠭᠠᠨ ᠢ ᠲᠦᠪᠰᠢᠳᠬᠡᠵᠦ ᠭᠠᠪᠢᠶ᠎ᠠ ᠪᠠᠶᠢᠭᠤᠯᠤᠭᠰᠠᠨ ᠲᠤᠯᠠ ᠲᠡᠷᠢᠭᠦᠨ ᠵᠡᠷᠭᠡ ᠶᠢᠨ ᠲᠠᠶᠢᠵᠢ ᠳᠤ ᠳᠠᠪᠰᠢᠵᠠᠢ᠃ ᠡᠩᠬᠡ ᠠᠮᠤᠭᠤᠯᠠᠩ ᠤᠨ ᠬᠤᠷᠢᠨ ᠨᠢᠭᠡᠳᠦᠭᠡᠷ ᠣᠨ ︵1682 ᠣᠨ︶ ᠳᠤ ᠡᠴᠢᠭᠡ ᠨᠢ ᠨᠠᠰᠤ ᠪᠠᠷᠠᠭᠰᠠᠨ ᠳᠤ ᠰᠣᠩᠷᠤᠪ ᠵᠠᠰᠠᠭ ᠳᠥᠷᠥ ᠶᠢᠨ ᠪᠠᠶᠢᠯᠠ ᠶᠢ ᠵᠠᠯᠭᠠᠮᠵᠢᠯᠠᠵᠠᠢ᠃ ᠡᠩᠬᠡ ᠠᠮᠤᠭᠤᠯᠠᠩ ᠤᠨ ᠬᠤᠷᠢᠨ ᠳᠣᠯᠣᠳᠤᠭᠠᠷ ᠣᠨ ︵1688︶ ᠳᠤ ᠣᠷᠳᠣᠰ ᠤᠨ 2000 ᠴᠡᠷᠢᠭ ᠢ ᠳᠠᠶᠢᠴᠢᠯᠠᠵᠤ᠂ ᠡᠩᠬᠡ ᠠᠮᠤᠭᠤᠯᠠᠩ ᠤᠨ ᠭᠤᠴᠢᠨ ᠨᠢᠭᠡᠳᠦᠭᠡᠷ ᠣᠨ ︵1692︶ ᠳᠤ ᠪᠠᠰᠠ 3000 ᠴᠡᠷᠢᠭ ᠢ ᠳᠠᠶᠢᠴᠢᠯᠠᠵᠤ᠂ ᠭᠠᠯᠳᠠᠨ ᠤ ᠳᠣᠪᠳᠤᠯᠤᠯ ᠢ ᠴᠠᠭᠳᠠᠨ ᠰᠡᠷᠭᠡᠶᠢᠯᠡᠪᠡ᠃ ᠡᠩᠬᠡ ᠠᠮᠤᠭᠤᠯᠠᠩ ᠤᠨ ᠭᠤᠴᠢᠨ ᠵᠢᠷᠭᠤᠳᠤᠭᠠᠷ ᠣᠨ ︵1697 ᠣᠨ︶ ᠳᠤ᠂ ᠢᠯᠳᠤᠷᠭᠡᠢ ᠬᠤᠲᠠᠨ᠎ᠠ ︵ᠡᠾᠸᠡᠭ ᠴᠸᠡᠭ ᠺᠸᠤ︶ ᠬᠦᠷᠴᠦ ᠡᠩᠬᠡ ᠠᠮᠤᠭᠤᠯᠠᠩ ᠬᠠᠭᠠᠨ ᠳᠤ ᠪᠠᠷᠠᠳᠠᠭᠰᠠᠨ ᠪᠦᠭᠡᠳ ᠳ᠋ᠢᠩᠪᠢᠶᠡᠨ᠂ ᠬᠤᠸ᠋ᠨ ᠮᠠ ‍ᠤᠤᠢ᠂ ᠫᠢᠡᠭ ᠯᠦᠸᠧ ᠬᠤᠲᠠ ᠪᠣᠯᠣᠨ ᠢᠯᠲᠤᠷᠬᠡᠢ ᠬᠤᠲᠠ ᠳᠤ ᠠᠷᠠᠯᠵᠢᠶ᠎ᠠ ᠨᠡᠭᠡᠭᠡᠵᠦ᠂ ᠲᠠᠷᠢᠶᠠᠯᠠᠬᠤ ᠠᠰᠠᠭᠤᠳᠠᠯ ᠢ ᠬᠠᠭᠠᠨ ᠳᠤ ᠠᠶᠢᠯᠠᠳᠬᠠᠭᠰᠠᠨ᠎ᠠ ᠴᠠᠭᠠᠨ ᠬᠡᠷᠡᠮ ᠤᠨ ᠭᠠᠳᠠᠨᠠᠬᠢ ᠬᠤᠷᠢᠭ᠎ᠠ ᠲᠠᠢ ᠭᠠᠵᠠᠷ ᠲᠤ ᠲᠠᠷᠢᠶᠠᠯᠠᠩ ᠡᠷᠭᠢᠯᠡᠬᠦ ᠶᠢ ᠬᠠᠭᠠᠨ ᠵᠥᠪᠰᠢᠶᠡᠷᠡᠵᠡᠢ᠃ ᠡᠩᠬᠡ ᠠᠮᠤᠭᠤᠯᠠᠩ ᠤᠨ ᠭᠤᠴᠢᠨ ᠳᠣᠯᠣᠳᠤᠭᠠᠷ ᠣᠨ ︵1698 ᠣᠨ︶ ᠳᠤ᠂ ᠵᠠᠷᠯᠢᠭ ᠢᠶᠠᠷ ᠴᠡᠷᠢᠭ ᠤᠨ ᠠᠮᠤ ᠬᠦᠨᠡᠰᠦᠨ ᠢ ᠬᠠᠰᠢᠨ ᠬᠦᠷᠭᠡᠭᠡᠳ ᠭᠠᠪᠢᠶ᠎ᠠ ᠪᠠᠶᠢᠭᠤᠯᠵᠤ᠂ ᠲᠥᠷᠥ ᠶᠢᠨ ᠵᠢᠶᠦ᠋ᠨ ᠸᠠᠩ ᠡᠷᠭᠦᠮᠵᠢᠯᠡᠭᠳᠡᠪᠡ᠃ ᠡᠩᠬᠡ ᠠᠮᠤᠭᠤᠯᠠᠩ ᠤᠨ ᠳᠦᠴᠢᠨ ᠨᠠᠢᠮᠠᠳᠤᠭᠠᠷ ᠣᠨ ︵1709 ᠣᠨ︶ ᠤ ᠴᠠᠭᠠᠨ ᠰᠠᠷ᠎ᠠ᠂ ᠵᠢᠯ ᠤᠨ ᠵᠢᠰᠢᠶ᠎ᠡ ᠪᠠᠷ ᠪᠡᠭᠡᠵᠢᠩ ᠬᠦᠷᠴᠦ ᠬᠠᠭᠠᠨ ᠳᠤ ᠪᠠᠷᠠᠳᠠᠭᠰᠠᠨ ᠤ ᠳᠠᠷᠠᠭ᠎ᠠ ᠡᠪᠡᠳᠴᠢᠨ ᠢᠶᠠᠷ ᠲᠡᠨᠳᠡ ᠨᠠᠰᠤ ᠪᠠᠷᠠᠵᠠᠢ᠃          ︽ᠣᠲᠤᠭ ᠬᠤᠰᠢᠭᠤᠨ ᠤ ᠣᠶᠢᠯᠠᠯᠭ᠎ᠠ︾  ︽ᠣᠲᠤᠭ ᠬᠤᠰᠢᠭᠤᠨ ᠤ ᠣᠶᠢᠯᠠᠯᠭ᠎ᠠ︾ ᠨᠠᠶᠢᠷᠠᠭᠤᠯᠬᠤ ᠺᠣᠮᠢᠰ ᠨᠠᠶᠢᠷᠠᠭᠤᠯᠪᠠ
ᠢᠷᠡᠯᠲᠡ᠄ ᠤᠲᠤᠭ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ