ᠭᠤᠤ ᠬᠤᠸᠠᠢ ᠵᠢᠩ ᠬᠤᠳᠠ ᠶᠢᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠪᠣᠯᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠢ ᠠᠬᠢᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠪᠠ
ᠨᠡᠶᠢᠲᠡᠯᠡᠭᠰᠡᠨ ᠴᠠᠭ᠄
2023/10/27
      10 ᠰᠠᠷ᠎ᠠ ᠶᠢᠨ 26 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠭᠤᠤ ᠬᠤᠸᠠᠢ ᠵᠢᠩ ︽ᠳᠥᠷᠪᠡᠨ ᠥᠬᠡᠶ ᠬᠤᠶᠠᠷ ᠰᠢᠭᠤᠳ︾ ᠬᠡᠯᠪᠡᠷᠢ ᠪᠠᠷ ᠤᠯᠠᠭᠠᠨᠪᠠᠯᠭᠠᠰᠤᠨ ᠤ ᠨᠢᠭᠡ ᠪᠥᠯᠥᠭ ᠣᠷᠣᠨ ᠰᠠᠭᠤᠴᠠ ᠶᠢᠨ ᠲᠣᠭᠤᠷᠢᠭ᠂ ᠠᠷᠠᠳ ᠲᠤ ᠲᠥᠬᠦᠮ ᠦᠵᠡᠭᠦᠯᠬᠦ ᠵᠠᠬ᠎ᠠ ᠳᠡᠯᠭᠡᠭᠦᠷ᠂ ᠴᠡᠴᠡᠷᠯᠢᠭ ᠤᠨ ᠠᠭᠤᠳᠠᠮ ᠲᠠᠯᠠᠪᠠᠶ᠂ ᠵᠡᠭᠡᠯᠢ ᠭᠤᠳᠤᠮᠵᠢ ᠶᠢᠨ ᠵᠢᠵᠢᠭ ᠭᠤᠳᠤᠮᠵᠢ ᠳᠤ ᠭᠦᠨᠵᠡᠭᠡᠶᠢᠷᠡᠨ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠪᠠ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠠᠬᠢᠭᠤᠯᠵᠤ ᠪᠠᠶᠢᠭ᠎ᠠ ᠪᠠᠶᠢᠳᠠᠯ ᠢ ᠪᠠᠶᠢᠴᠠᠭᠠᠨ ᠰᠤᠳᠤᠯᠵᠤ ᠰᠢᠮᠳᠠᠭᠤᠯᠤᠨ ᠵᠢᠯᠣᠭᠤᠳᠬᠤ ᠶᠢᠨ ᠬᠠᠮᠲᠤ ᠢᠯᠡᠷᠡᠭᠦᠯᠦᠭᠰᠡᠨ ᠳᠤᠲᠠᠭᠤᠳᠠᠯ ᠪᠠᠭᠤᠷᠠᠶ ᠵᠦᠢᠯᠡᠰ ᠢ ᠲᠤᠬᠠᠶ ᠶᠢᠨ ᠲᠠᠯᠠᠪᠤᠷ ᠲᠤᠨᠢ ᠲᠤᠰᠢᠶᠠᠨ ᠥᠭᠴᠦ ᠰᠢᠢᠳᠪᠦᠷᠢᠯᠡᠭᠦᠯᠵᠦ᠂ ᠲᠡᠷᠡ ᠳᠠᠷᠤᠶ ᠳᠤᠨᠢ ᠬᠡᠷᠡᠭᠵᠢᠭᠦᠯᠦᠨ ᠲᠡᠷᠡ ᠳᠠᠷᠤᠶ ᠳᠤᠨᠢ ᠥᠭᠡᠷᠡᠴᠢᠯᠡᠨ ᠰᠠᠶᠢᠵᠢᠷᠠᠭᠤᠯᠵᠤ᠂ ᠴᠡᠭᠴᠡᠯᠡᠨ ᠰᠠᠶᠢᠵᠢᠷᠠᠭᠤᠯᠬᠤ ᠬᠡᠷᠡᠭᠲᠡᠶ ᠭᠡᠵᠦ ᠱᠠᠭᠠᠷᠳᠠᠪᠠ᠃ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠂ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠪᠣᠯᠤᠨ ᠭᠤᠤᠯ ᠰᠡᠳᠦᠪᠲᠦ ᠬᠥᠮᠦᠵᠢᠯ ᠢ ᠤᠶᠠᠯᠳᠤᠭᠤᠯᠵᠤ᠂ ᠠᠵᠢᠯ ᠤᠨ ᠠᠷᠭ᠎ᠠ ᠶᠢᠨ ᠲᠠᠯ᠎ᠠ ᠪᠠᠷ ᠲᠠᠰᠤᠷᠠᠯᠲᠠ ᠦᠭᠡᠢ ᠰᠢᠨ᠎ᠡ ᠶᠢ ᠡᠭᠦᠳᠦᠨ᠂ ᠠᠴᠢᠶᠠᠯᠠᠪᠤᠷᠢ ᠶᠢᠨ ᠬᠡᠯᠪᠡᠷᠢ ᠶᠢ ᠥᠷᠭᠡᠳᠬᠡᠵᠦ᠂ ᠰᠠᠶᠢᠨ ᠶᠠᠪᠤᠳᠠᠯ ᠢ ᠰᠠᠶᠢᠲᠤᠷ ᠬᠢᠵᠦ᠂ ᠪᠣᠳᠠᠲᠤ ᠶᠠᠪᠤᠳᠠᠯ ᠢ ᠪᠣᠳᠠᠲᠠᠶ ᠬᠢᠵᠦ᠂ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠪᠠᠷ ᠡᠯ᠎ᠡ ᠵᠦᠢᠯ ᠤᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠳᠤ ᠬᠦᠴᠦᠨ ᠨᠡᠮᠡᠷᠢᠯᠡᠬᠦ ᠬᠡᠷᠡᠭᠲᠡᠶ ᠭᠡᠵᠦ ᠴᠢᠬᠤᠯᠠᠴᠢᠯᠠᠪᠠ᠃ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠨᠠᠰᠤᠨᠳᠡᠯᠭᠡᠷ ᠣᠷᠣᠯᠴᠠᠪᠠ᠃
10.27.jpg
      ᠰᠢᠶᠠᠩ ᠰᠢᠶᠧ ᠶᠠ ᠶᠤᠸᠠᠨ᠂ ᠶᠤᠸᠠᠨ ᠾᠧ ᠵᠢᠶᠠ ᠶᠤᠸᠠᠨ ᠰᠠᠭᠤᠭᠠᠯᠢ ᠠᠷᠠᠳ ᠤᠨ ᠲᠣᠭᠤᠷᠢᠭ ᠲᠤ ᠬᠦᠷᠦᠭᠡᠳ ᠭᠤᠤ ᠬᠤᠸᠠᠢ ᠵᠢᠩ ᠰᠠᠭᠤᠭᠠᠯᠢ ᠠᠷᠠᠳ ᠤᠨ ᠲᠣᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠬᠤᠳᠠ ᠪᠠᠶᠢᠭᠤᠯᠬᠤ ᠤᠬᠠᠭᠤᠯᠭ᠎ᠠ ᠶᠢᠨ ᠠᠭᠤᠷ ᠠᠮᠢᠰᠬᠤᠯ ᠢ ᠪᠤᠢ ᠪᠣᠯᠭᠠᠭᠰᠠᠨ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠡᠷᠡ ᠬᠡᠯᠡᠬᠦ ᠳᠡᠭᠡᠨ᠂ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠪᠣᠯ ᠨᠢᠭᠡ ᠵᠦᠢᠯ ᠤᠨ ᠰᠢᠰᠲ᠋ᠧᠮᠲᠦ ᠢᠨᠵᠧᠨᠧᠷᠢᠩ ᠪᠣᠯᠤᠨ᠎ᠠ᠂ ᠦᠷᠭᠦᠯᠵᠢᠯᠡᠨ ᠬᠦᠴᠦᠯᠡᠵᠦ᠂ ᠤᠷᠳᠤ ᠬᠤᠭᠤᠴᠠᠭ᠎ᠠ ᠪᠠᠷ ᠴᠢᠷᠮᠠᠶᠢᠬᠤ ᠬᠡᠷᠡᠭᠲᠡᠢ᠃ ᠡᠯ᠎ᠡ ᠰᠠᠯᠠᠭ᠎ᠠ ᠮᠥᠴᠢᠷ ᠤᠳ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ᠪᠠᠷᠢᠮᠵᠢᠶ᠎ᠠ ᠶᠢᠨ ᠠᠷᠭ᠎ᠠ ᠬᠡᠮᠵᠢᠶ᠎ᠡ ᠶᠢ ᠴᠢᠩᠭᠠᠷᠠᠭᠤᠯᠤᠨ᠂ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠬᠦᠴᠦᠯᠡᠨ ᠠᠬᠢᠭᠤᠯᠬᠤ ᠬᠡᠷᠡᠭᠲᠡᠶ ᠭᠡᠵᠡᠢ᠃      ᠲᠠᠢ ᠹᠠ ᠰᠢᠶᠠᠩ ᠠᠷᠠᠳ ᠲᠤ ᠲᠦᠬᠦᠮ ᠦᠵᠡᠭᠦᠯᠬᠦ ᠵᠠᠬ᠎ᠠ᠂ ᠨᠠᠮᠤᠷ ᠤᠨ ᠨᠣᠭᠤᠭ᠎ᠠ ᠶᠢᠨ ᠠᠷᠠᠳ ᠲᠤ ᠲᠦᠬᠦᠮ ᠦᠵᠡᠭᠦᠯᠬᠦ ᠵᠠᠬ᠎ᠠ᠂ ᠡᠳᠦᠷ ᠤᠨ ᠬᠦᠴᠦᠨ ᠬᠥᠯᠥᠰᠥᠨ ᠤ ᠵᠠᠬ᠎ᠠ᠂ ᠠᠮᠢᠳᠤ ᠮᠠᠯ ᠤᠨ ᠠᠷᠠᠯᠵᠢᠶᠠᠨ ᠤ ᠵᠠᠬ᠎ᠠ ᠳᠤ ᠬᠦᠷᠦᠭᠡᠳ ᠭᠤᠤ ᠬᠤᠸᠠᠢ ᠵᠢᠩ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ ᠳᠢᠭᠯᠢᠮ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠲᠡᠷᠭᠡ ᠵᠣᠭᠰᠣᠭᠠᠬᠤ ᠣᠷᠣᠨ ᠤ ᠲᠥᠯᠥᠪᠵᠢᠭᠦᠯᠭᠡ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠣᠶᠢᠯᠠᠭᠠᠪᠠ᠃ ᠲᠡᠷᠡ᠂ ᠵᠠᠬ᠎ᠠ ᠳᠡᠯᠭᠡᠭᠦᠷ ᠪᠣᠯ ᠠᠷᠠᠳ ᠣᠯᠠᠨ ᠤ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠲᠠᠯᠠᠪᠤᠷ ᠮᠥᠨ᠂ ᠪᠠᠰᠠ ᠴᠤ ᠬᠤᠲᠠ ᠶᠢᠨ ᠪᠣᠯᠪᠠᠰᠤᠨ ᠢ ᠢᠯᠡᠷᠡᠭᠦᠯᠬᠦ ᠴᠣᠩᠬᠤ ᠮᠥᠨ᠃ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ᠡᠵᠡᠩᠨᠡᠯᠲᠡ ᠶᠢᠨ ᠡᠮᠬᠢ ᠳᠢᠭᠯᠢᠮ ᠢ ᠵᠢᠷᠤᠮᠵᠢᠭᠤᠯᠤᠨ᠂ ᠦᠢᠯᠡᠴᠢᠯᠡᠭᠡᠨ ᠤ ᠴᠢᠳᠠᠮᠵᠢ ᠶᠢ ᠲᠡᠭᠦᠯᠳᠡᠷᠵᠢᠭᠦᠯᠵᠦ᠂ ᠠᠷᠠᠳ ᠤᠯᠠᠨ ᠤ ᠠᠮᠢᠳᠤᠷᠠᠯ ᠳᠤ ᠬᠠᠯᠠᠭᠤᠨ ᠳᠤᠯᠠᠭᠠᠨ ᠢ ᠨᠡᠮᠡᠷᠢᠯᠡᠵᠦ᠂ ᠬᠠᠶᠢᠷ᠎ᠠ ᠰᠡᠳᠬᠢᠯᠭᠡ ᠲᠠᠢ᠂ ᠦᠡᠭᠭᠡ ᠪᠤᠳᠤᠭ ᠲᠠᠢ ᠰᠠᠨᠠᠭ᠎ᠠ ᠠᠮᠤᠷ᠂ ᠠᠷᠠᠳ ᠲᠤ ᠲᠦᠬᠦᠮ ᠦᠵᠡᠭᠦᠯᠬᠦ ᠵᠠᠬ᠎ᠠ ᠳᠡᠯᠭᠡᠭᠦᠷ ᠤᠨ ᠰᠢᠨ᠎ᠡ ᠵᠠᠭᠪᠤᠷ ᠢ ᠪᠤᠢ ᠪᠣᠯᠭᠠᠬᠤ ᠬᠡᠷᠡᠭᠲᠡᠢ ᠭᠡᠮᠡᠨ ᠱᠠᠭᠠᠷᠳᠠᠵᠠᠢ᠃      ᠳᠥᠷᠪᠡᠳᠦᠭᠡᠷ᠂ ᠲᠠᠪᠤᠳᠤᠭᠠᠷ ᠰᠠᠭᠤᠭᠠᠯᠢ ᠠᠷᠠᠳ ᠤᠨ ᠵᠥᠪᠯᠡᠯ ᠵᠡᠷᠭᠡ ᠨᠤᠷᠠᠭᠠᠵᠤ ᠨᠡᠭᠦᠯᠭᠡᠬᠦ ᠲᠣᠭᠤᠷᠢᠭ ᠵᠢᠴᠢ ᠰᠢᠨ᠎ᠡ ᠪᠠᠷ ᠪᠠᠶᠢᠭᠤᠯᠤᠭᠰᠠᠨ ᠥᠭᠡᠷᠡᠴᠢᠯᠡᠨ ᠪᠠᠶᠢᠭᠤᠯᠬᠤ ᠵᠢᠵᠢᠭ ᠴᠡᠴᠡᠷᠯᠢᠭ ᠲᠤ ᠬᠦᠷᠦᠭᠡᠳ ᠭᠤᠤ ᠬᠤᠸᠠᠢ ᠵᠢᠩ ᠨᠣᠭᠤᠭᠠᠷᠠᠭᠤᠯᠵᠤ ᠭᠤᠶᠤᠵᠢᠭᠤᠯᠤᠭᠰᠠᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠡᠷᠡ ᠬᠡᠯᠡᠭᠰᠡᠨ ᠨᠢ᠂ ᠬᠤᠲᠠ ᠶᠢᠨ ᠨᠠᠷᠢᠯᠢᠭᠵᠢᠭᠤᠯᠤᠭᠰᠠᠨ᠂ ᠪᠠᠶᠢᠩᠭᠤᠵᠢᠭᠤᠯᠤᠭᠰᠠᠨ᠂ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠵᠢᠵᠢᠭ ᠵᠡᠭᠡᠯᠢ ᠭᠤᠳᠤᠮᠵᠢ ᠶᠢᠨ ᠪᠦᠬᠦᠯᠢ ᠴᠣᠭᠴᠠ ᠶᠢᠨ ᠣᠷᠴᠢᠨ ᠲᠣᠭᠤᠷᠢᠨ ᠤ ᠳᠦᠷᠰᠦ ᠪᠠᠶᠢᠳᠠᠯ ᠢ ᠪᠥᠬᠦ ᠲᠠᠯ᠎ᠠ ᠪᠠᠷ ᠰᠠᠶᠢᠵᠢᠷᠠᠭᠤᠯᠬᠤ ᠬᠡᠷᠡᠭᠲᠡᠶ᠃ ᠶᠠᠭ ᠥᠷᠨᠢᠭᠦᠯᠵᠦ ᠪᠠᠶᠢᠭ᠎ᠠ ᠭᠤᠤᠯ ᠰᠡᠳᠦᠪᠲᠦ ᠬᠥᠮᠦᠵᠢᠯ ᠲᠠᠢ ᠤᠶᠠᠯᠳᠤᠭᠤᠯᠤᠨ᠂ ᠤᠬᠠᠭᠤᠯᠭ᠎ᠠ ᠶᠢᠨ ᠫᠠᠶᠢᠰᠠ ᠶᠢ ᠨᠠᠷᠢᠨ ᠨᠢᠮᠪᠠᠶ ᠵᠢᠷᠤᠵᠤ ᠲᠥᠯᠥᠪᠯᠡᠨ᠂ ᠰᠣᠶᠣᠯ ᠤᠨ ᠠᠭᠤᠯᠤᠭᠳᠠᠬᠤᠨ ᠢ ᠳᠡᠭᠡᠭᠰᠢᠯᠡᠭᠦᠯᠵᠦ᠂ ᠵᠡᠭᠡᠯᠢ ᠭᠤᠳᠤᠮᠵᠢ ᠶᠢᠨ ᠳᠦᠷᠰᠦ ᠪᠠᠶᠢᠳᠠᠯ ᠢ ᠳᠠᠬᠢᠨ ᠱᠤᠭᠤᠵᠤ᠂ ᠣᠯᠠᠨ ᠲᠦᠮᠡᠨ  ᠳᠤ ᠬᠤᠪᠢᠷᠠᠯᠲᠠ ᠶᠢ ᠬᠠᠷᠠᠭᠤᠯᠤᠨ᠂ ᠪᠣᠯᠪᠠᠰᠤᠨ ᠢ ᠬᠥᠭᠡᠭᠡᠴᠡᠯᠳᠦᠵᠦ᠂ ᠨᠡᠩ ᠲᠠᠭᠠᠯᠠᠮᠵᠢᠲᠠᠶ ᠰᠠᠶᠢᠬᠠᠨ ᠠᠮᠢᠳᠤᠷᠠᠯ ᠢ ᠡᠳ᠋ᠯᠡᠭᠦᠯᠬᠦ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠵᠠᠢ᠃
ᠢᠷᠡᠯᠲᠡ᠄ ᠤᠲᠤᠭ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ