10 ᠰᠠᠷ᠎ᠠ ᠶᠢᠨ 26 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠭᠤᠤ ᠬᠤᠸᠠᠢ ᠵᠢᠩ ︽ᠳᠥᠷᠪᠡᠨ ᠥᠬᠡᠶ ᠬᠤᠶᠠᠷ ᠰᠢᠭᠤᠳ︾ | ᠬᠡᠯᠪᠡᠷᠢ ᠪᠠᠷ ᠤᠯᠠᠭᠠᠨᠪᠠᠯᠭᠠᠰᠤᠨ ᠤ ᠨᠢᠭᠡ ᠪᠥᠯᠥᠭ ᠣᠷᠣᠨ ᠰᠠᠭᠤᠴᠠ ᠶᠢᠨ ᠲᠣᠭᠤᠷᠢᠭ᠂ ᠠᠷᠠᠳ ᠲᠤ ᠲᠥᠬᠦᠮ ᠦᠵᠡᠭᠦᠯᠬᠦ ᠵᠠᠬ᠎ᠠ ᠳᠡᠯᠭᠡᠭᠦᠷ᠂ ᠴᠡᠴᠡᠷᠯᠢᠭ ᠤᠨ | ᠠᠭᠤᠳᠠᠮ ᠲᠠᠯᠠᠪᠠᠶ᠂ ᠵᠡᠭᠡᠯᠢ ᠭᠤᠳᠤᠮᠵᠢ ᠶᠢᠨ ᠵᠢᠵᠢᠭ ᠭᠤᠳᠤᠮᠵᠢ ᠳᠤ ᠭᠦᠨᠵᠡᠭᠡᠶᠢᠷᠡᠨ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠪᠠ ᠪᠣᠯᠪᠠᠰᠤᠨ | ᠬᠤᠲᠠ ᠶᠢ ᠡᠭᠦᠳᠦᠨ ᠪᠠᠶᠢᠭᠤᠯᠬᠤ ᠠᠵᠢᠯ ᠢ ᠠᠬᠢᠭᠤᠯᠵᠤ ᠪᠠᠶᠢᠭ᠎ᠠ ᠪᠠᠶᠢᠳᠠᠯ ᠢ ᠪᠠᠶᠢᠴᠠᠭᠠᠨ ᠰᠤᠳᠤᠯᠵᠤ ᠰᠢᠮᠳᠠᠭᠤᠯᠤᠨ ᠵᠢᠯᠣᠭᠤᠳᠬᠤ ᠶᠢᠨ ᠬᠠᠮᠲᠤ ᠢᠯᠡᠷᠡᠭᠦᠯᠦᠭᠰᠡᠨ | ᠳᠤᠲᠠᠭᠤᠳᠠᠯ ᠪᠠᠭᠤᠷᠠᠶ ᠵᠦᠢᠯᠡᠰ ᠢ ᠲᠤᠬᠠᠶ ᠶᠢᠨ ᠲᠠᠯᠠᠪᠤᠷ ᠲᠤᠨᠢ ᠲᠤᠰᠢᠶᠠᠨ ᠥᠭᠴᠦ ᠰᠢᠢᠳᠪᠦᠷᠢᠯᠡᠭᠦᠯᠵᠦ᠂ ᠲᠡᠷᠡ ᠳᠠᠷᠤᠶ ᠳᠤᠨᠢ ᠬᠡᠷᠡᠭᠵᠢᠭᠦᠯᠦᠨ ᠲᠡᠷᠡ | ᠳᠠᠷᠤᠶ ᠳᠤᠨᠢ ᠥᠭᠡᠷᠡᠴᠢᠯᠡᠨ ᠰᠠᠶᠢᠵᠢᠷᠠᠭᠤᠯᠵᠤ᠂ ᠴᠡᠭᠴᠡᠯᠡᠨ ᠰᠠᠶᠢᠵᠢᠷᠠᠭᠤᠯᠬᠤ ᠬᠡᠷᠡᠭᠲᠡᠶ ᠭᠡᠵᠦ ᠱᠠᠭᠠᠷᠳᠠᠪᠠ᠃ ᠬᠤᠲᠠ ᠶᠢᠨ ᠪᠦᠲᠦᠭᠡᠨ ᠪᠠᠶᠢᠭᠤᠯᠤᠯᠲᠠ ᠶᠢᠨ | ᠲᠥᠷᠥᠯ ᠵᠦᠢᠯ᠂ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠪᠣᠯᠤᠨ ᠭᠤᠤᠯ ᠰᠡᠳᠦᠪᠲᠦ ᠬᠥᠮᠦᠵᠢᠯ ᠢ ᠤᠶᠠᠯᠳᠤᠭᠤᠯᠵᠤ᠂ ᠠᠵᠢᠯ ᠤᠨ ᠠᠷᠭ᠎ᠠ ᠶᠢᠨ | ᠲᠠᠯ᠎ᠠ ᠪᠠᠷ ᠲᠠᠰᠤᠷᠠᠯᠲᠠ ᠦᠭᠡᠢ ᠰᠢᠨ᠎ᠡ ᠶᠢ ᠡᠭᠦᠳᠦᠨ᠂ ᠠᠴᠢᠶᠠᠯᠠᠪᠤᠷᠢ ᠶᠢᠨ ᠬᠡᠯᠪᠡᠷᠢ ᠶᠢ ᠥᠷᠭᠡᠳᠬᠡᠵᠦ᠂ ᠰᠠᠶᠢᠨ ᠶᠠᠪᠤᠳᠠᠯ ᠢ ᠰᠠᠶᠢᠲᠤᠷ ᠬᠢᠵᠦ᠂ ᠪᠣᠳᠠᠲᠤ | ᠶᠠᠪᠤᠳᠠᠯ ᠢ ᠪᠣᠳᠠᠲᠠᠶ ᠬᠢᠵᠦ᠂ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠪᠠᠷ ᠡᠯ᠎ᠡ ᠵᠦᠢᠯ ᠤᠨ ᠠᠵᠢᠯ ᠤᠨ ᠶᠠᠰᠤ ᠴᠢᠨᠠᠷ ᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠳᠤ ᠬᠦᠴᠦᠨ ᠨᠡᠮᠡᠷᠢᠯᠡᠬᠦ ᠬᠡᠷᠡᠭᠲᠡᠶ ᠭᠡᠵᠦ ᠴᠢᠬᠤᠯᠠᠴᠢᠯᠠᠪᠠ᠃ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ | ᠨᠠᠰᠤᠨᠳᠡᠯᠭᠡᠷ ᠣᠷᠣᠯᠴᠠᠪᠠ᠃ | ᠰᠢᠶᠠᠩ ᠰᠢᠶᠧ ᠶᠠ ᠶᠤᠸᠠᠨ᠂ ᠶᠤᠸᠠᠨ ᠾᠧ ᠵᠢᠶᠠ ᠶᠤᠸᠠᠨ ᠰᠠᠭᠤᠭᠠᠯᠢ ᠠᠷᠠᠳ ᠤᠨ ᠲᠣᠭᠤᠷᠢᠭ ᠲᠤ ᠬᠦᠷᠦᠭᠡᠳ ᠭᠤᠤ ᠬᠤᠸᠠᠢ ᠵᠢᠩ ᠰᠠᠭᠤᠭᠠᠯᠢ | ᠠᠷᠠᠳ ᠤᠨ ᠲᠣᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠬᠤᠳᠠ ᠪᠠᠶᠢᠭᠤᠯᠬᠤ ᠤᠬᠠᠭᠤᠯᠭ᠎ᠠ ᠶᠢᠨ ᠠᠭᠤᠷ ᠠᠮᠢᠰᠬᠤᠯ ᠢ ᠪᠤᠢ ᠪᠣᠯᠭᠠᠭᠰᠠᠨ ᠵᠡᠷᠭᠡ | ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠡᠷᠡ ᠬᠡᠯᠡᠬᠦ ᠳᠡᠭᠡᠨ᠂ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠪᠣᠯ | ᠨᠢᠭᠡ ᠵᠦᠢᠯ ᠤᠨ ᠰᠢᠰᠲ᠋ᠧᠮᠲᠦ ᠢᠨᠵᠧᠨᠧᠷᠢᠩ ᠪᠣᠯᠤᠨ᠎ᠠ᠂ ᠦᠷᠭᠦᠯᠵᠢᠯᠡᠨ ᠬᠦᠴᠦᠯᠡᠵᠦ᠂ ᠤᠷᠳᠤ ᠬᠤᠭᠤᠴᠠᠭ᠎ᠠ ᠪᠠᠷ ᠴᠢᠷᠮᠠᠶᠢᠬᠤ ᠬᠡᠷᠡᠭᠲᠡᠢ᠃ ᠡᠯ᠎ᠡ ᠰᠠᠯᠠᠭ᠎ᠠ | ᠮᠥᠴᠢᠷ ᠤᠳ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ᠪᠠᠷᠢᠮᠵᠢᠶ᠎ᠠ ᠶᠢᠨ ᠠᠷᠭ᠎ᠠ ᠬᠡᠮᠵᠢᠶ᠎ᠡ ᠶᠢ ᠴᠢᠩᠭᠠᠷᠠᠭᠤᠯᠤᠨ᠂ ᠡᠯ᠎ᠡ | ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠬᠦᠴᠦᠯᠡᠨ ᠠᠬᠢᠭᠤᠯᠬᠤ ᠬᠡᠷᠡᠭᠲᠡᠶ ᠭᠡᠵᠡᠢ᠃ | ᠲᠠᠢ ᠹᠠ ᠰᠢᠶᠠᠩ ᠠᠷᠠᠳ ᠲᠤ ᠲᠦᠬᠦᠮ ᠦᠵᠡᠭᠦᠯᠬᠦ ᠵᠠᠬ᠎ᠠ᠂ ᠨᠠᠮᠤᠷ ᠤᠨ ᠨᠣᠭᠤᠭ᠎ᠠ ᠶᠢᠨ ᠠᠷᠠᠳ ᠲᠤ ᠲᠦᠬᠦᠮ ᠦᠵᠡᠭᠦᠯᠬᠦ ᠵᠠᠬ᠎ᠠ᠂ ᠡᠳᠦᠷ ᠤᠨ ᠬᠦᠴᠦᠨ | ᠬᠥᠯᠥᠰᠥᠨ ᠤ ᠵᠠᠬ᠎ᠠ᠂ ᠠᠮᠢᠳᠤ ᠮᠠᠯ ᠤᠨ ᠠᠷᠠᠯᠵᠢᠶᠠᠨ ᠤ ᠵᠠᠬ᠎ᠠ ᠳᠤ ᠬᠦᠷᠦᠭᠡᠳ ᠭᠤᠤ ᠬᠤᠸᠠᠢ ᠵᠢᠩ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ ᠳᠢᠭᠯᠢᠮ᠂ | ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠲᠡᠷᠭᠡ ᠵᠣᠭᠰᠣᠭᠠᠬᠤ ᠣᠷᠣᠨ ᠤ ᠲᠥᠯᠥᠪᠵᠢᠭᠦᠯᠭᠡ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠣᠶᠢᠯᠠᠭᠠᠪᠠ᠃ | ᠲᠡᠷᠡ᠂ ᠵᠠᠬ᠎ᠠ ᠳᠡᠯᠭᠡᠭᠦᠷ ᠪᠣᠯ ᠠᠷᠠᠳ ᠣᠯᠠᠨ ᠤ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠲᠠᠯᠠᠪᠤᠷ ᠮᠥᠨ᠂ ᠪᠠᠰᠠ ᠴᠤ ᠬᠤᠲᠠ ᠶᠢᠨ ᠪᠣᠯᠪᠠᠰᠤᠨ ᠢ ᠢᠯᠡᠷᠡᠭᠦᠯᠬᠦ | ᠴᠣᠩᠬᠤ ᠮᠥᠨ᠃ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ᠡᠵᠡᠩᠨᠡᠯᠲᠡ ᠶᠢᠨ ᠡᠮᠬᠢ ᠳᠢᠭᠯᠢᠮ ᠢ | ᠵᠢᠷᠤᠮᠵᠢᠭᠤᠯᠤᠨ᠂ ᠦᠢᠯᠡᠴᠢᠯᠡᠭᠡᠨ ᠤ ᠴᠢᠳᠠᠮᠵᠢ ᠶᠢ ᠲᠡᠭᠦᠯᠳᠡᠷᠵᠢᠭᠦᠯᠵᠦ᠂ ᠠᠷᠠᠳ ᠤᠯᠠᠨ ᠤ ᠠᠮᠢᠳᠤᠷᠠᠯ ᠳᠤ ᠬᠠᠯᠠᠭᠤᠨ ᠳᠤᠯᠠᠭᠠᠨ ᠢ ᠨᠡᠮᠡᠷᠢᠯᠡᠵᠦ᠂ ᠬᠠᠶᠢᠷ᠎ᠠ | ᠰᠡᠳᠬᠢᠯᠭᠡ ᠲᠠᠢ᠂ ᠦᠡᠭᠭᠡ ᠪᠤᠳᠤᠭ ᠲᠠᠢ ᠰᠠᠨᠠᠭ᠎ᠠ ᠠᠮᠤᠷ᠂ ᠠᠷᠠᠳ ᠲᠤ ᠲᠦᠬᠦᠮ ᠦᠵᠡᠭᠦᠯᠬᠦ ᠵᠠᠬ᠎ᠠ ᠳᠡᠯᠭᠡᠭᠦᠷ ᠤᠨ ᠰᠢᠨ᠎ᠡ ᠵᠠᠭᠪᠤᠷ ᠢ ᠪᠤᠢ ᠪᠣᠯᠭᠠᠬᠤ ᠬᠡᠷᠡᠭᠲᠡᠢ | ᠭᠡᠮᠡᠨ ᠱᠠᠭᠠᠷᠳᠠᠵᠠᠢ᠃ | ᠳᠥᠷᠪᠡᠳᠦᠭᠡᠷ᠂ ᠲᠠᠪᠤᠳᠤᠭᠠᠷ ᠰᠠᠭᠤᠭᠠᠯᠢ ᠠᠷᠠᠳ ᠤᠨ ᠵᠥᠪᠯᠡᠯ ᠵᠡᠷᠭᠡ ᠨᠤᠷᠠᠭᠠᠵᠤ ᠨᠡᠭᠦᠯᠭᠡᠬᠦ ᠲᠣᠭᠤᠷᠢᠭ ᠵᠢᠴᠢ ᠰᠢᠨ᠎ᠡ ᠪᠠᠷ ᠪᠠᠶᠢᠭᠤᠯᠤᠭᠰᠠᠨ ᠥᠭᠡᠷᠡᠴᠢᠯᠡᠨ | ᠪᠠᠶᠢᠭᠤᠯᠬᠤ ᠵᠢᠵᠢᠭ ᠴᠡᠴᠡᠷᠯᠢᠭ ᠲᠤ ᠬᠦᠷᠦᠭᠡᠳ ᠭᠤᠤ ᠬᠤᠸᠠᠢ ᠵᠢᠩ ᠨᠣᠭᠤᠭᠠᠷᠠᠭᠤᠯᠵᠤ ᠭᠤᠶᠤᠵᠢᠭᠤᠯᠤᠭᠰᠠᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ | ᠦᠵᠡᠪᠡ᠃ ᠲᠡᠷᠡ ᠬᠡᠯᠡᠭᠰᠡᠨ ᠨᠢ᠂ ᠬᠤᠲᠠ ᠶᠢᠨ ᠨᠠᠷᠢᠯᠢᠭᠵᠢᠭᠤᠯᠤᠭᠰᠠᠨ᠂ ᠪᠠᠶᠢᠩᠭᠤᠵᠢᠭᠤᠯᠤᠭᠰᠠᠨ᠂ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢ | ᠦᠷᠭᠦᠯᠵᠢᠯᠡᠨ ᠴᠢᠩᠭᠠᠳᠬᠠᠵᠤ᠂ ᠵᠢᠵᠢᠭ ᠵᠡᠭᠡᠯᠢ ᠭᠤᠳᠤᠮᠵᠢ ᠶᠢᠨ ᠪᠦᠬᠦᠯᠢ ᠴᠣᠭᠴᠠ ᠶᠢᠨ ᠣᠷᠴᠢᠨ ᠲᠣᠭᠤᠷᠢᠨ ᠤ ᠳᠦᠷᠰᠦ ᠪᠠᠶᠢᠳᠠᠯ ᠢ ᠪᠥᠬᠦ ᠲᠠᠯ᠎ᠠ ᠪᠠᠷ | ᠰᠠᠶᠢᠵᠢᠷᠠᠭᠤᠯᠬᠤ ᠬᠡᠷᠡᠭᠲᠡᠶ᠃ ᠶᠠᠭ ᠥᠷᠨᠢᠭᠦᠯᠵᠦ ᠪᠠᠶᠢᠭ᠎ᠠ ᠭᠤᠤᠯ ᠰᠡᠳᠦᠪᠲᠦ ᠬᠥᠮᠦᠵᠢᠯ ᠲᠠᠢ ᠤᠶᠠᠯᠳᠤᠭᠤᠯᠤᠨ᠂ ᠤᠬᠠᠭᠤᠯᠭ᠎ᠠ ᠶᠢᠨ ᠫᠠᠶᠢᠰᠠ ᠶᠢ ᠨᠠᠷᠢᠨ ᠨᠢᠮᠪᠠᠶ | ᠵᠢᠷᠤᠵᠤ ᠲᠥᠯᠥᠪᠯᠡᠨ᠂ ᠰᠣᠶᠣᠯ ᠤᠨ ᠠᠭᠤᠯᠤᠭᠳᠠᠬᠤᠨ ᠢ ᠳᠡᠭᠡᠭᠰᠢᠯᠡᠭᠦᠯᠵᠦ᠂ ᠵᠡᠭᠡᠯᠢ ᠭᠤᠳᠤᠮᠵᠢ ᠶᠢᠨ ᠳᠦᠷᠰᠦ ᠪᠠᠶᠢᠳᠠᠯ ᠢ ᠳᠠᠬᠢᠨ ᠱᠤᠭᠤᠵᠤ᠂ ᠣᠯᠠᠨ ᠲᠦᠮᠡᠨ | ᠳᠤ ᠬᠤᠪᠢᠷᠠᠯᠲᠠ ᠶᠢ ᠬᠠᠷᠠᠭᠤᠯᠤᠨ᠂ ᠪᠣᠯᠪᠠᠰᠤᠨ ᠢ ᠬᠥᠭᠡᠭᠡᠴᠡᠯᠳᠦᠵᠦ᠂ ᠨᠡᠩ ᠲᠠᠭᠠᠯᠠᠮᠵᠢᠲᠠᠶ ᠰᠠᠶᠢᠬᠠᠨ ᠠᠮᠢᠳᠤᠷᠠᠯ ᠢ ᠡᠳ᠋ᠯᠡᠭᠦᠯᠬᠦ ᠪᠠᠷ ᠴᠢᠷᠮᠠᠶᠢᠬᠤ ᠬᠡᠷᠡᠭᠲᠡᠢ ᠭᠡᠵᠦ | ᠴᠢᠬᠤᠯᠠᠴᠢᠯᠠᠵᠠᠢ᠃ |