ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠬᠤᠶᠠᠳᠤᠭᠠᠷ ᠤᠳᠠᠭᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/10/31
      10 ᠰᠠᠷ᠎ᠠ ᠶᠢᠨ 30 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠬᠤᠶᠠᠳᠤᠭᠠᠷ ᠤᠳᠠᠭᠠᠨ ᠤ ᠬᠤᠷᠠᠯ ᠬᠤᠷᠠᠯᠳᠤᠵᠤ᠂ ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠳᠡᠭᠡᠳᠦ ᠱᠠᠲᠤᠨ ᠤ ᠬᠠᠮᠢᠶ᠎ᠠ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠦᠬᠦ ᠬᠤᠰᠢᠭᠤᠨ ᠤ ᠲᠦᠷᠦᠭᠦᠦ ᠭᠤᠷᠪᠠᠨ ᠤᠯᠠᠷᠢᠯ ᠤᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠢ ᠵᠠᠳᠠᠯᠤᠨ ᠰᠤᠳᠤᠯᠵᠤ᠂ ᠭᠤᠤᠯ ᠰᠡᠳᠦᠪᠲᠦ ᠬᠥᠮᠦᠵᠢᠯ ᠵᠡᠷᠭᠡ ᠬᠠᠮᠢᠶ᠎ᠠ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠭᠤᠤ ᠬᠤᠸᠠᠢ ᠵᠢᠩ ᠬᠤᠷᠠᠯ ᠢ ᠡᠷᠬᠢᠯᠡᠪᠡ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠵᠧᠵᠢᠶᠠᠩ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠪᠠ ᠪᠡᠭᠡᠵᠢᠩ ᠳᠤ ᠪᠤᠴᠠᠬᠤ ᠵᠠᠮ ᠳᠠᠭᠠᠨ ᠱᠠᠨᠳᠦ᠋ᠩ ᠤᠨ ᠽᠤᠤ ᠵᠤᠸᠠᠩ ᠲᠣᠰᠬᠤᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠵᠢᠶᠠᠩᠰᠢ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠠᠬᠢᠭᠤᠯᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠳᠡᠭᠡᠳᠦ ᠱᠠᠲᠤᠨ ᠤ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠪᠥᠬᠦ ᠬᠤᠰᠢᠭᠤᠨ ᠤ ᠲᠦᠷᠦᠭᠦᠤ ᠭᠤᠷᠪᠠᠨ ᠤᠯᠠᠷᠢᠯ ᠤᠨ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠢᠲᠡᠭᠡᠯ ᠵᠣᠷᠢᠭ ᠢᠶᠠᠨ ᠪᠠᠲᠤᠳᠬᠠᠨ᠂ ᠬᠠᠷᠠᠯᠲᠠ ᠪᠠᠨ ᠲᠣᠭᠲᠠᠭᠠᠵᠤ᠂ ᠡᠷᠴᠢ ᠵᠣᠷᠢᠭ ᠢᠶᠠᠨ ᠬᠥᠪᠴᠢᠯᠡᠨ᠂ ᠲᠦᠷᠦᠯ ᠵᠦᠢᠯ ᠢ ᠪᠦᠬᠦ ᠬᠦᠴᠦᠨ ᠢᠶᠠᠷ ᠢᠶᠠᠨ ᠠᠳᠬᠤᠵᠤ᠂ ᠳᠤᠬᠢᠷᠠᠭᠤᠯᠭ᠎ᠠ ᠶᠢ ᠠᠳᠬᠤᠨ᠂ ᠠᠵᠤ ᠦᠢᠯᠡᠰ ᠢ ᠠᠳᠬᠤᠵᠤ᠂ ᠠᠷᠠᠯᠵᠢᠶᠠᠴᠢᠨ ᠤᠷᠢᠬᠤ ᠶᠢ ᠠᠳᠬᠤᠵᠤ᠂ ᠬᠠᠳᠠᠭᠠᠯᠠᠯᠲᠠ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠤᠭᠲᠠᠪᠤᠷᠢᠵᠢᠭᠤᠯᠤᠨ᠂ ᠨᠡᠮᠡᠭᠳᠡᠯ ᠤᠨ ᠬᠡᠮᠵᠢᠶ᠎ᠡ ᠶᠢ ᠥᠷᠭᠡᠳᠬᠡᠵᠦ ᠂ ᠶᠠᠰᠤ ᠴᠢᠨᠠᠷ ᠢ ᠳᠡᠭᠡᠭᠰᠢᠯᠡᠭᠦᠯᠦᠨ᠂ ᠠᠵᠤ ᠠᠬᠤᠢ ᠶᠢᠨ ᠲᠣᠭᠲᠠᠭᠤᠨ ᠡᠷᠡᠭᠦᠯ ᠡᠷᠭᠢᠯᠲᠡ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠭᠤᠣᠯᠳᠠᠯᠭ᠎ᠠ ᠲᠠᠢ ᠲᠦᠷᠦᠯ ᠵᠦᠢᠯ᠂ ᠭᠤᠣᠯᠳᠠᠯᠭ᠎ᠠ ᠲᠠᠢ ᠬᠦᠷᠢᠶ᠎ᠡ᠂ ᠭᠤᠣᠯᠳᠠᠯᠭ᠎ᠠ ᠲᠠᠢ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠡᠯᠡ ᠣᠷᠣᠭᠤᠯᠤᠯᠲᠠ ᠶᠢᠨ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠵᠦ᠂ ᠪᠡᠯᠡ ᠣᠷᠣᠭᠤᠯᠤᠯᠲᠠ ᠶᠢᠨ ᠦᠷ᠎ᠡ ᠠᠰᠢᠭ ᠢ ᠨᠡᠮᠡᠭᠳᠡᠭᠦᠯᠦᠨ᠂ ᠳᠥᠷᠪᠡᠳᠦᠭᠡᠷ ᠤᠯᠠᠷᠢᠯ ᠳᠤ ᠬᠦᠴᠦᠯᠡᠨ ᠰᠢᠪᠲᠤᠯᠤᠯᠲᠠ ᠬᠢᠵᠦ᠂ ᠬᠠᠮᠤᠭ ᠤᠨ ᠶᠡᠭᠡ ᠴᠢᠷᠮᠠᠶᠢᠯᠭ᠎ᠠ ᠪᠠᠷ ᠬᠠᠮᠤᠭ ᠤᠨ ᠰᠠᠶᠢᠨ ᠦᠷ᠎ᠡ ᠳ᠋ᠦᠩ ᠢ ᠲᠡᠮᠡᠴᠡᠨ ᠤᠯᠬᠤ ᠬᠡᠷᠡᠭᠲᠡᠢ᠃ ᠢᠷᠡᠬᠦ ᠵᠢᠯ ᠤᠨ ᠠᠵᠢᠯ ᠢᠶᠠᠨ ᠡᠷᠲᠡᠬᠡᠨ ᠲᠥᠯᠥᠪᠵᠢᠭᠦᠯᠵᠦ᠂ ᠰᠠᠶᠢᠨ ᠡᠬᠢᠯᠡᠯᠲᠡ ᠲᠠᠢ ᠪᠣᠯᠬᠤ ᠶᠢ ᠪᠠᠲᠤᠯᠠᠬᠤ ᠬᠡᠷᠡᠭᠲᠡᠢ ᠭᠡᠵᠡᠢ᠃      ᠬᠤᠷᠠᠯ ᠠᠴᠠ ᠪᠥᠬᠦ ᠬᠤᠲᠠ ᠶᠢᠨ ᠬᠦᠨᠳᠦ ᠶᠡᠭᠡ ᠠᠳᠡᠯ ᠤᠨ ᠳᠠᠯᠳᠠ ᠬᠡᠮ ᠢ ᠲᠤᠰᠬᠠᠶ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ 2023 ᠠᠵᠢᠯᠯᠠᠭ᠎ᠠ ᠶᠢᠨ ᠠᠵᠢᠯ ᠤᠨ ᠲᠤᠰᠬᠠᠶ ᠠᠩᠭᠢ ᠶᠢᠨ ᠬᠤᠶᠠᠳᠤᠭᠠᠷ ᠲᠤᠰᠬᠠᠶ ᠬᠢᠨᠠᠨ ᠵᠢᠯᠣᠭᠤᠳᠬᠤ ᠳᠤᠭᠤᠶᠢᠯᠠᠩ ᠤᠨ ᠮᠠᠨ ᠤ ᠬᠤᠰᠢᠭᠤᠨ ᠤ ᠠᠰᠠᠭᠤᠳᠠᠯ ᠤᠨ ᠳᠠᠯᠳᠠ ᠬᠡᠮ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠰᠢ ᠶᠢᠨ ᠫᠢᠩ ᠶᠡᠷᠦᠩᠬᠡᠢ ᠱᠦᠵᠢ ᠶᠢᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠴᠠᠭ ᠢᠮᠠᠭᠲᠠ ᠰᠠᠨᠠᠭᠠᠰᠢᠷᠠᠬᠤ ᠬᠠᠷᠢᠭᠤᠴᠠᠯᠭᠠᠲᠤ ᠰᠡᠳᠬᠢᠯᠭᠡ ᠪᠠᠷ ᠨᠠᠷᠢᠨ ᠬᠢᠨᠠᠮᠠᠭᠠᠢ ᠬᠠᠷᠢᠴᠠᠭᠤᠯᠤᠨ ᠪᠠᠶᠢᠴᠠᠭᠠᠵᠤ᠂ ᠳᠤᠲᠠᠭᠤᠳᠠᠯ ᠪᠠᠭᠤᠷᠠᠢ ᠲᠠᠯ᠎ᠠ ᠪᠠᠨ ᠨᠥᠬᠦᠪᠦᠷᠢᠯᠡᠨ᠂ ᠬᠠᠷᠢᠭᠤᠴᠠᠯᠭ᠎ᠠ ᠶᠢᠨ ᠬᠡᠯᠬᠢᠶ᠎ᠡ ᠶᠢ ᠱᠠᠳᠤ ᠳᠠᠷᠠᠭᠠᠯᠠᠨ ᠴᠢᠩᠭᠠᠯᠠᠵᠤ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠴᠢᠩᠭ᠎ᠠ ᠪᠣᠳᠠᠲᠠᠢ ᠰᠠᠶᠢᠲᠤᠷ ᠠᠳᠬᠤᠨ᠂ ᠠᠶᠤᠯᠭᠦᠢ ᠬᠥᠭᠵᠢᠯᠲᠡ ᠶᠢᠨ ᠤᠶᠢᠢᠯᠠᠭᠠᠭᠳᠠᠬᠤᠨ ᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠬᠦᠷᠢᠶ᠎ᠡ᠂ ᠪᠦᠬᠦ ᠶᠠᠪᠤᠴᠠ ᠳᠤ ᠦᠨᠡᠨᠬᠦ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠰᠠᠶᠢᠲᠤᠷ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ︽ᠤᠷᠳᠤᠰ ᠬᠤᠳᠠ ᠶᠢᠨ ᠲᠥᠪ᠂ ᠥᠪᠡᠷᠲᠡᠭᠡᠨ ᠵᠠᠰᠠᠬᠤ ᠣᠷᠣᠨ ᠤ ᠤᠳᠠᠭ᠎ᠠ ᠪᠦᠷᠢ ᠶᠢᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢ ᠪᠦᠬᠦ ᠲᠠᠯ᠎ᠠ ᠪᠠᠷ ᠪᠠᠬᠢᠵᠢᠭᠦᠯᠦᠨ ᠳᠡᠭᠡᠭᠰᠢᠯᠡᠭᠦᠯᠬᠦ ᠠᠵᠢᠯ ᠤᠨ ᠮᠡᠳᠡᠭᠳᠡᠯ︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠶᠠᠳᠤᠭᠠᠷ ᠡᠭᠡᠯᠵᠢ ᠶᠢᠨ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠣᠷᠴᠢᠨ ᠲᠣᠭᠤᠷᠢᠨ ᠤ ᠳᠤᠪᠤᠶᠢᠮ᠎ᠠ ᠠᠰᠠᠭᠤᠳᠠᠯ ᠢ ᠰᠡᠷᠡᠮᠵᠢᠯᠡᠭᠦᠯᠬᠦ ᠹᠢᠯᠢᠮ ᠤᠨ ᠲᠤᠰᠬᠠᠭᠰᠠᠨ ᠠᠰᠠᠭᠤᠳᠠᠯ ᠪᠣᠯᠤᠨ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠡᠭᠦᠷᠭᠡ ᠶᠢ ᠴᠡᠭᠴᠡᠯᠡᠨ ᠰᠠᠶᠢᠵᠢᠷᠠᠭᠤᠯᠤᠭᠰᠠᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠠᠬᠢᠴᠠ ᠶᠢ ᠲᠦᠷᠭᠡᠳᠬᠡᠨ ᠠᠬᠢᠭᠤᠯᠵᠤ᠂ ᠴᠡᠭᠴᠡᠯᠡᠨ ᠰᠠᠶᠢᠵᠢᠷᠠᠭᠤᠯᠬᠤ ᠠᠵᠢᠯ ᠢ ᠥᠨᠳᠥᠷ ᠪᠠᠷᠢᠮᠵᠢᠶ᠎ᠠ᠂ ᠴᠢᠨᠠᠷ ᠰᠠᠶᠢᠲᠠᠢ᠂ ᠴᠢᠩᠭ᠎ᠠ ᠱᠠᠭᠠᠷᠳᠠᠯᠭ᠎ᠠ ᠪᠠᠷ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠠᠵᠢᠯ ᠤᠨ ᠰᠡᠳᠬᠢᠴᠡ ᠪᠠᠨ ᠥᠷᠭᠡᠳᠬᠡᠨ᠂ ᠠᠵᠢᠯ ᠤᠨ ᠠᠷᠭ᠎ᠠ ᠬᠡᠮᠵᠢᠶ᠎ᠡ ᠪᠠᠨ ᠪᠠᠲᠤᠳᠬᠠᠵᠤ᠂ ᠠᠬᠢᠴᠠ ᠶᠢ ᠴᠢᠩᠭ᠎ᠠ ᠠᠩᠬᠠᠷᠤᠨ᠂ ᠪᠡᠶ᠎ᠡ ᠪᠠᠷ ᠢᠶᠠᠨ ᠠᠩᠬᠠᠷᠴᠤ᠂ ᠱᠠᠯᠠᠪᠳᠠᠭᠤᠯᠤᠨ ᠰᠢᠢᠳᠪᠦᠷᠢᠯᠡᠵᠦ᠂ ᠱᠠᠭᠠᠷᠳᠠᠨ ᠭᠦᠢᠴᠡᠳᠬᠡᠵᠦ᠂ ᠡᠷᠬᠡᠪᠰᠢ ᠲᠣᠭᠲᠠᠭᠰᠠᠨ ᠴᠠᠭ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠬᠤ ᠡᠭᠦᠷᠭᠡ ᠪᠠᠨ ᠪᠡᠶᠡᠯᠡᠭᠦᠯᠵᠦ᠂ ᠲᠣᠭᠲᠠᠭᠰᠠᠨ ᠬᠤᠭᠤᠴᠠᠭᠠᠨ ᠳᠤ ᠳ᠋ᠤᠭᠠᠷ ᠢ ᠨᠢ ᠬᠠᠰᠤᠬᠤ ᠬᠡᠷᠡᠭᠲᠡᠢ ᠭᠡᠵᠡᠢ᠃      ᠬᠤᠷᠠᠯ ᠠᠴᠠ ᠭᠤᠤᠯ ᠰᠡᠳᠦᠪᠲᠦ ᠰᠤᠷᠭᠠᠨ ᠬᠥᠮᠦᠵᠢᠯ ᠤᠨ ᠴᠡᠭᠴᠡᠯᠡᠨ ᠵᠠᠰᠠᠵᠤ ᠬᠤᠰᠢᠭᠤ ᠱᠠᠲᠤᠨ ᠤ ︽ᠠᠰᠠᠭᠤᠳᠠᠯ ᠤᠨ ᠨᠠᠷᠢᠨ ᠲᠠᠩᠰᠠ︾ ᠵᠢᠴᠢ ︽ᠲᠤᠰᠬᠠᠶ ᠴᠡᠭᠴᠡᠯᠡᠨ ᠵᠠᠰᠠᠬᠤ ᠭᠠᠷᠴᠠᠭ ᠤᠨ ᠨᠠᠷᠢᠨ ᠲᠠᠩᠰᠠ︾ ᠶᠢ ᠵᠠᠷᠴᠢᠮ ᠳᠡᠭᠡᠷ᠎ᠡ ᠪᠠᠨ ᠪᠠᠲᠤᠯᠠᠪᠠ᠃ ᠭᠤᠤᠯ ᠰᠡᠳᠦᠪᠲᠦ ᠬᠥᠮᠦᠵᠢᠯ ᠢ ᠭᠦᠨᠵᠡᠭᠡᠶ ᠥᠷᠨᠢᠭᠦᠯᠬᠦ ᠲᠤᠬᠠᠶ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠬᠤᠲᠠ ᠶᠢᠨ ᠨᠠᠮ ᠤᠨ ᠬᠤᠷᠢᠶᠠᠨ ᠤ ᠠᠵᠢᠯ ᠤᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠶ ᠱᠦᠵᠢ ᠶᠢᠨ ︽ᠭᠤᠷᠪᠠᠨ ᠦᠨᠡᠨ ᠪᠣᠳᠠᠲᠠᠶ︾ ᠭᠡᠬᠦ ᠴᠢᠬᠤᠯᠠ ᠱᠠᠭᠠᠷᠳᠠᠯᠭ᠎ᠠ ᠶᠢ ᠴᠢᠩᠭ᠎ᠠ ᠵᠢᠷᠤᠮᠯᠠᠵᠤ᠂ ᠭᠤᠤᠯ ᠰᠡᠳᠦᠪᠲᠦ ᠬᠥᠮᠦᠵᠢᠯ ᠢ ᠰᠠᠶᠢᠲᠤᠷ ᠠᠳᠬᠤᠬᠤ ᠶᠢ ᠡᠯ᠎ᠡ ᠵᠦᠢᠯ ᠤᠨ ᠠᠵᠢᠯ ᠤᠨ ᠡᠭᠦᠷᠭᠡ ᠲᠠᠢ ᠨᠢᠭᠲᠠ ᠤᠶᠠᠯᠳᠤᠭᠤᠯᠵᠤ᠂ ᠴᠢᠨᠠᠭᠰᠢᠳᠠ ᠳᠠᠪᠠᠭᠤᠯᠢᠭ ᠢᠶᠠᠨ ᠪᠠᠳᠠᠷᠠᠭᠤᠯᠤᠨ᠂ ᠳᠤᠲᠠᠭᠤᠳᠠᠯ ᠢᠶᠠᠨ ᠨᠥᠬᠦᠪᠥᠷᠢᠯᠡᠵᠦ᠂ ᠬᠥᠭᠵᠢᠯᠲᠡ ᠶᠢ ᠠᠬᠢᠭᠤᠯᠤᠨ᠂ ᠤᠨᠤᠯ ᠤᠨ ᠰᠤᠷᠤᠯᠴᠠᠯᠭ᠎ᠠ ᠶᠢ ︽ᠭᠦᠨᠵᠡᠭᠡᠶᠢᠷᠡᠨ ᠪᠣᠳᠠᠲᠠᠶᠢᠵᠢᠭᠤᠯᠵᠤ︾᠂ ᠪᠠᠶᠢᠴᠠᠭᠠᠨ ᠰᠤᠳᠤᠯᠵᠤ᠂ ︽ᠦᠨᠡᠨ ᠢ ᠪᠠᠷᠢᠮᠲᠠᠯᠠᠨ ᠪᠣᠳᠠᠲᠠᠶ ᠶᠢ ᠡᠷᠬᠢᠮᠯᠡᠬᠦ︾ ᠶᠢ ᠪᠡᠶᠡᠯᠡᠭᠦᠯᠵᠦ᠂ ᠬᠥᠭᠵᠢᠯᠲᠡ ᠶᠢᠨ ︽ᠦᠨᠡᠨ ᠬᠦ ᠪᠠᠶᠢᠴᠠᠭᠠᠨ ᠪᠣᠳᠠᠲᠠᠶ ᠥᠭᠡᠷᠡᠴᠢᠯᠡᠵᠦ︾᠂ ᠳᠦᠷᠢᠮ ᠲᠣᠭᠲᠠᠭᠠᠯ ︽ᠦᠨᠡᠨ ᠬᠦ ᠲᠤᠰᠠᠲᠠᠶ︾ ᠪᠠᠶᠢᠬᠤ ᠶᠢ ᠪᠠᠲᠤᠯᠠᠵᠤ᠂ ᠭᠤᠤᠯ ᠰᠡᠳᠦᠪᠲᠦ ᠬᠥᠮᠦᠵᠢᠯ ᠤᠨ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ ᠪᠥᠬᠦ ᠣᠷᠣᠨ᠂ ᠪᠥᠬᠦ ᠬᠤᠲᠠ ᠶᠢᠨ ᠭᠤᠤᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽︿ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ﹀ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠤᠨ ᠲᠥᠰᠦᠯ︾ ᠤᠨ ᠡᠭᠦᠷᠭᠡ ᠶᠢᠨ ᠵᠠᠳᠠᠯᠤᠯᠲᠠ ᠶᠢᠨ ᠲᠥᠰᠦᠯ︾ ︽ᠣᠲᠤᠭ ᠬᠤᠰᠢᠭᠤᠨ ᠤ ︿ᠣᠷᠳᠣᠰ ᠬᠤᠲᠠ ᠶᠢᠨ ᠦᠵᠡᠰᠬᠦᠯᠡᠩᠲᠦ ᠰᠠᠶᠢᠬᠠᠨ ︿ᠳᠤᠯᠠᠭᠠᠨ ᠬᠤᠲᠠ﹀ ᠶᠢᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠬᠤ ᠬᠡᠷᠡᠭᠵᠢᠭᠦᠯᠬᠦ ᠲᠥᠰᠦᠯ﹀ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠭᠦᠷᠭᠡ ᠶᠢᠨ ᠵᠠᠳᠠᠯᠤᠯᠲᠠ ᠶᠢᠨ ᠲᠥᠰᠦᠯ︾ ︵ᠶᠠᠷᠢᠯᠴᠠᠬᠤ ᠨᠣᠤᠷᠠᠭ︶ ᠢ ᠰᠤᠳᠤᠯᠤᠨ ᠬᠢᠨᠠᠨ ᠵᠥᠪᠯᠡᠵᠦ᠂ ᠲᠠᠷᠠᠭᠠᠴᠢ ᠶᠢᠨ ᠠᠯᠬᠤᠮ ᠤᠨ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠴᠢᠬᠤᠯᠠ ᠶᠡᠭᠡ ᠠᠵᠠ ᠲᠣᠬᠢᠶᠠᠯ ᠢ ᠠᠮᠵᠢᠵᠤ᠂ ᠲᠦᠷᠦ ᠶᠢᠨ ᠪᠤᠳᠤᠯᠭ᠎ᠠ ᠶᠢ ᠭᠦᠢᠴᠡᠳ ᠰᠠᠶᠢᠲᠤᠷ ᠬᠡᠷᠡᠭᠯᠡᠨ᠂ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠢᠳᠡᠪᠬᠢᠲᠡᠢ ᠪᠠᠷ ᠴᠢᠷᠮᠠᠶᠢᠨ ᠣᠯᠵᠤ᠂ ᠭᠤᠣᠯᠳᠠᠯᠭ᠎ᠠ ᠲᠠᠢ ᠠᠵᠢᠯ ᠢ ᠰᠠᠶᠢᠲᠤᠷ ᠠᠳᠬᠤᠵᠤ ᠴᠢᠬᠤᠯᠠ ᠶᠡᠭᠡ ᠲᠦᠷᠦᠯ ᠵᠦᠢᠯ ᠤᠨ ᠲᠥᠯᠥᠪᠵᠢᠭᠦᠯᠭᠡ ᠶᠢ ᠠᠬᠢᠭᠤᠯᠵᠤ᠂ ᠲᠦᠷᠦᠯ ᠵᠦᠢᠯ ᠤᠨ ᠨᠠᠷᠢᠨ ᠲᠠᠩᠰᠠ ᠶᠢ ᠬᠡᠷᠡᠭᠵᠢᠭᠦᠯᠬᠦ ᠠᠵᠢᠯ ᠢ ᠪᠦᠬᠦ ᠬᠦᠴᠦᠨ ᠢᠶᠠᠷ ᠢᠶᠠᠨ ᠬᠠᠮᠵᠢᠯᠴᠠᠨ ᠰᠠᠶᠢᠲᠤᠷ ᠬᠢᠵᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠪᠦᠬᠦ ᠲᠠᠯ᠎ᠠ ᠪᠠᠷ ᠬᠦᠴᠦᠨ ᠨᠡᠮᠡᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃
ᠢᠷᠡᠯᠲᠡ᠄ ᠤᠲᠤᠭ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ