ᠮᠣᠩᠭᠤᠯ ᠦᠨᠳᠦᠰᠦᠳᠡᠨ ᠤ ᠬᠤᠪᠴᠠᠰᠤ ᠵᠠᠰᠠᠯ 
ᠨᠡᠶᠢᠲᠡᠯᠡᠭᠰᠡᠨ ᠴᠠᠭ᠄
2023/10/8
      ᠮᠣᠩᠭᠤᠯ ᠦᠨᠳᠦᠰᠦᠳᠡᠨ ᠤ ᠬᠤᠪᠴᠠᠰᠤ ᠵᠠᠰᠠᠯ ᠨᠢ ᠮᠠᠨ ᠤ ᠤᠯᠤᠰ ᠲᠤ ᠭᠤᠣᠯᠳᠠᠭᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠬᠢᠬᠡᠳ ᠬᠠᠷᠠᠮᠥ᠋ᠷᠡᠨ᠂ ᠬᠢᠷᠢᠨ᠂ ᠯᠢᠶᠣᠤᠨᠢᠩ᠂ ᠰᠢᠨᠵᠢᠶᠠᠩ᠂ ᠭᠠᠨᠰᠦ᠂ ᠬᠥᠬᠡᠨᠠᠭᠤᠷ᠂ ᠶᠦᠨᠨᠠᠨ ᠵᠡᠷᠭᠡ ᠮᠤᠵᠢ᠂ ᠥᠪᠡᠷᠲᠡᠭᠡᠨ ᠵᠠᠰᠠᠬᠤ ᠣᠷᠣᠨ ᠤ ᠮᠣᠩᠭᠤᠯ ᠦᠨᠳᠦᠰᠦᠲᠡᠨ ᠲᠥᠪᠯᠡᠷᠡᠨ ᠰᠠᠭᠤᠵᠦ ᠪᠠᠶᠢᠭ᠎ᠠ ᠣᠷᠣᠨ ᠳ᠋ᠤᠲ᠋ᠠᠷᠬᠠᠵᠤ ᠪᠠᠶᠢᠳᠠᠭ︔ ᠤᠯᠤᠰ ᠤᠨ ᠭᠠᠳᠠᠭᠠᠳᠤ ᠳᠤ ᠭᠤᠣᠯᠳᠠᠭᠤ ᠮᠣᠩᠭᠤᠯ ᠤᠯᠤᠰ ᠵᠢᠴᠢ ᠣᠷᠣᠰ ᠤᠨ ᠪᠤᠷᠢᠶᠠᠳ ᠪᠦᠭᠦᠳᠡ ᠨᠠᠶᠢᠷᠠᠮᠳᠠᠬᠤ ᠤᠯᠤᠰ᠂ ᠪᠦᠭᠦᠳᠡ ᠨᠠᠶᠢᠷᠠᠮᠳᠠᠬᠤ ᠬᠠᠯᠢᠮᠠᠭ ᠤᠯᠤᠰ ᠪᠣᠯᠤᠨ ᠲᠦᠸᠠ ᠵᠡᠷᠭᠡ ᠮᠣᠩᠭᠤᠯ ᠦᠨᠳᠦᠰᠦᠲᠡᠨ ᠤ ᠲᠤᠳᠤᠷ᠎ᠠ ᠲᠠᠷᠬᠠᠵᠤ ᠪᠠᠶᠢᠳᠠᠭ᠃       ᠮᠣᠩᠭᠤᠯ ᠦᠨᠳᠦᠰᠦᠳᠡᠨ ᠤ ᠬᠤᠪᠴᠠᠰᠤ ᠵᠠᠰᠠᠯ ᠪᠣᠯ ᠮᠠᠨ ᠤ ᠤᠯᠤᠰ ᠤᠨ ᠤᠮᠠᠷᠠᠲᠤ ᠶᠢᠨ ᠨᠡᠭᠦᠳᠡᠯᠴᠢᠨ ᠦᠨᠳᠦᠰᠦᠲᠡᠨ ᠤ ᠬᠤᠪᠴᠠᠰᠤ ᠵᠠᠰᠠᠯ ᠤᠨ ᠳᠣᠲᠣᠷᠠᠬᠢ ᠬᠠᠮᠤᠭ ᠤᠨ ᠲᠥᠯᠥᠭᠡᠯᠡᠬᠦ ᠴᠢᠨᠠᠷ ᠲᠠᠢ ᠬᠤᠪᠴᠠᠰᠤ ᠵᠠᠰᠠᠯ ᠤᠨ ᠨᠢᠭᠡ ᠪᠣᠯᠤᠨ᠎ᠠ᠂ ᠮᠣᠩᠭᠤᠯ ᠶᠤᠸᠠᠨ ᠤᠯᠤᠰ ᠤᠨ ᠦᠶ᠎ᠡ ᠳᠤ ᠮᠣᠩᠭᠤᠯ ᠬᠤᠪᠴᠠᠰᠤ ᠵᠠᠰᠠᠯ ᠤᠷᠢᠳ ᠡᠮᠦᠨ᠎ᠡ ᠭᠠᠷᠤᠭ᠎ᠠ ᠦᠭᠡᠢ ᠬᠦᠭᠵᠢᠵᠡᠢ᠃ ᠨᠡᠶᠢᠭᠡᠮ ᠤᠯᠤᠰ ᠲᠦᠷᠦ ᠶᠢᠨ ᠲᠠᠰᠤᠷᠠᠯᠳᠠ ᠦᠭᠡᠢ ᠤᠯᠠᠷᠢᠨ ᠬᠤᠪᠢᠷᠠᠬᠤ ᠶᠢ ᠲᠠᠭᠠᠯᠳᠤᠨ᠂ ᠮᠣᠩᠭᠤᠯ ᠦᠨᠳᠦᠰᠦᠲᠡᠨ ᠤ ᠡᠯ᠎ᠡ ᠠᠶᠢᠮᠠᠭ ᠤᠭᠰᠠᠭ᠎ᠠ ᠶᠢᠨ ᠬᠢᠨ ᠪᠡᠶ᠎ᠡ ᠪᠠᠨ ᠲᠠᠭᠠᠭᠠᠨ ᠬᠥᠭᠵᠢᠬᠦ ᠣᠷᠣᠨ ᠵᠠᠢ ᠲᠠᠢ ᠪᠤᠯᠬᠤ ᠶᠢᠨ ᠤᠯᠠᠮ ᠢᠶᠠᠷ ᠮᠣᠩᠭᠤᠯ ᠦᠨᠳᠦᠰᠦᠳᠡᠨ ᠤ ᠬᠤᠪᠴᠠᠰᠤ ᠵᠠᠰᠠᠯ ᠤᠨ ᠲᠦᠷᠦᠯ ᠬᠡᠯᠪᠡᠷᠢ ᠪᠣᠯᠤᠨ ᠲᠦᠷᠦᠯ ᠵᠦᠢᠯ ᠲᠠᠰᠤᠷᠠᠯᠳᠠ ᠦᠭᠡᠢ ᠨᠡᠮᠡᠭᠳᠡᠵᠦ᠂ ᠠᠶᠢᠮᠠᠭ ᠤᠭᠰᠠᠭ᠎ᠠ ᠶᠢᠨ ᠬᠤᠭᠤᠷᠣᠨᠳᠣᠬᠢ ᠬᠤᠪᠴᠠᠰᠤ ᠵᠠᠰᠠᠯ ᠤᠨ ᠰᠣᠶᠣᠯ ᠳᠤ ᠴᠤ ᠬᠤᠪᠢᠷᠠᠯᠲᠠ ᠭᠠᠷᠴᠤ᠂ ᠮᠣᠩᠭᠤᠯ ᠦᠨᠳᠦᠰᠦᠲᠡᠨ ᠤ ᠠᠳᠠᠯᠢ ᠪᠤᠰᠤ ᠠᠶᠢᠮᠠᠭ ᠤᠭᠰᠠᠭ᠎ᠠ ᠶᠢᠨ ᠬᠤᠪᠴᠠᠰᠤ ᠵᠠᠰᠠᠯ ᠤᠨ ᠥᠪᠡᠷᠮᠢᠴᠡ ᠣᠨᠴᠠᠯᠢᠭ ᠢ ᠪᠦᠷᠢᠯᠳᠦᠭᠦᠯᠵᠦ᠂ ᠤᠳᠤ ᠪᠣᠯᠲᠠᠯ᠎ᠠ ᠤᠯᠠᠮᠵᠢᠯᠠᠭᠳᠠᠭᠰᠠᠭᠠᠷ ᠪᠠᠶᠢᠨ᠎ᠠ᠃       ᠮᠣᠩᠭᠤᠯ ᠡᠯ᠎ᠡ ᠠᠶᠢᠮᠠᠭ ᠤᠭᠰᠠᠭ᠎ᠠ ᠶᠢᠨ ᠬᠤᠪᠴᠠᠰᠤ ᠵᠠᠰᠠᠯ ᠨᠢ ᠡᠷᠡᠭᠲᠡᠢ ᠡᠮᠡᠭᠲᠡᠢ ᠨᠠᠰᠤᠳᠠᠶᠢᠴᠤᠳ ᠨᠢᠯᠬᠠᠰ ᠤᠨ ᠬᠤᠪᠴᠠᠰᠤ ᠵᠠᠰᠠᠯ᠂ ᠤᠷᠤᠬᠯᠠᠬᠰᠠᠨ ᠪᠠ ᠤᠷᠤᠭᠯᠠᠭᠠᠳᠤᠢ ᠬᠦᠮᠦᠨ ᠤ ᠬᠤᠪᠴᠠᠰᠤ ᠵᠠᠰᠠᠯ᠂ ᠲᠥᠷᠪᠡᠨ ᠤᠯᠠᠷᠢᠯ ᠤᠨ ᠬᠤᠪᠴᠠᠰᠤ ᠵᠠᠰᠠᠯ᠂ ᠶᠣᠰᠣᠯᠠᠯ ᠤᠨ ᠬᠤᠪᠴᠠᠰᠤ ᠵᠠᠰᠠᠯ᠂ ᠡᠳᠦᠷ ᠲᠤᠳᠤᠮ ᠤᠨ ᠬᠤᠪᠴᠠᠰᠤ ᠵᠠᠰᠠᠯ ᠵᠡᠷᠭᠡ ᠶᠢᠨ ᠢᠯᠭᠠᠭ᠎ᠠ ᠲᠠᠢ ᠪᠠᠶᠢᠳᠠᠭ᠃ ᠮᠣᠩᠭᠤᠯᠴᠤᠳ ᠤᠷᠲᠤ ᠬᠤᠭᠤᠴᠠᠭ᠎ᠠ ᠪᠠᠷ ᠪᠣᠭᠤᠮᠲᠠ ᠶᠢᠨ ᠭᠠᠳᠠᠨᠠᠬᠢ ᠲᠠᠯ᠎ᠠ ᠨᠤᠲᠤᠭ᠂ ᠲᠡᠰᠬᠢᠮ᠎ᠡ ᠬᠦᠢᠲᠡᠨ ᠥᠨᠳᠦᠷᠯᠢᠭ ᠤᠨ ᠠᠭᠤᠷ ᠠᠮᠢᠰᠬᠤᠯ ᠲᠠᠢ ᠤᠷᠴᠢᠨ ᠳᠤ ᠠᠮᠢᠳᠤᠷᠠᠵᠤ ᠪᠠᠶᠢᠭᠰᠠᠨ ᠤ ᠳᠡᠭᠡᠷ᠎ᠡ ᠨᠡᠭᠦᠳᠡᠯᠯᠡᠨ ᠮᠠᠯᠯᠠᠬᠤ ᠪᠠᠷ ᠭᠤᠣᠯ ᠪᠣᠯᠭᠠᠵᠤ᠂ ᠨᠡᠯᠢᠶᠡᠳ ᠤᠷᠲᠤ ᠴᠠᠭ ᠢᠶᠠᠷ ᠮᠤᠷᠢ ᠤᠨᠤᠵᠤ ᠮᠠᠯ ᠮᠠᠯᠵᠢᠵᠦ ᠪᠠᠶᠢᠭᠰᠠᠨ ᠪᠣᠯᠬᠤᠷ ᠬᠤᠪᠴᠠᠰᠤ ᠵᠠᠰᠠᠯ  ᠢᠶᠠᠨ ᠵᠠᠪᠠᠯ ᠬᠦᠢᠲᠡᠨ ᠳᠤ ᠲᠠᠭᠠᠭᠠᠴᠠ ᠲᠠᠢ ᠮᠠᠲ᠋ᠧᠷᠢᠶᠠᠯ ᠢᠶᠠᠷ ᠬᠢᠵᠦ ᠪᠠᠶᠢᠬᠰᠠᠨ ᠪᠥᠭᠡᠳ ᠮᠤᠷᠢ ᠤᠨᠤᠬᠤ ᠳᠤ ᠳᠥᠭᠦᠮ᠂ ᠤᠷᠲᠤ ᠳᠡᠪᠡᠯ᠂ ᠬᠠᠨᠵᠢᠶᠠᠷ᠂ ᠠᠷᠠᠰᠤᠨ ᠮᠠᠯᠠᠭᠠᠢ᠂ ᠠᠷᠠᠰᠤᠨ ᠭᠤᠲᠤᠯ ᠢᠶᠠᠷ ᠭᠤᠣᠯ ᠪᠣᠯᠭᠠᠵᠦ ᠪᠠᠶᠢᠬᠰᠠᠨ ᠪᠣᠯᠬᠤᠷ ᠦᠳᠭᠡᠨ ᠵᠤᠵᠠᠭᠠᠨ ᠲᠠᠯ᠎ᠠ ᠨᠤᠲᠤᠭ ᠤᠨ ᠬᠡᠪ ᠨᠠᠮᠪᠠ ᠶᠢ ᠪᠦᠷᠢᠯᠳᠦᠬᠦᠯᠦᠭᠰᠡᠨ ᠪᠠᠶᠢᠳᠠᠭ᠃ ᠡᠮᠡᠭᠲᠡᠶᠢᠴᠦᠳ ᠤᠨ ᠲᠣᠯᠣᠭᠠᠢ ᠶᠢᠨ ᠵᠠᠰᠠᠯ ᠢ ᠣᠯᠠᠩᠬᠢ ᠳᠤ ᠪᠠᠨ ᠰᠤᠪᠤᠳ ᠡᠷᠳᠡᠨᠢ᠂ ᠠᠯᠲᠠ ᠮᠥᠩᠭᠦᠨ ᠬᠠᠰ ᠡᠳ᠋ᠯᠡᠯ ᠢᠶᠠᠷ ᠬᠢᠵᠦ᠂ ᠥᠩᠭᠡ ᠢᠯᠭᠠᠷᠠᠮ᠎ᠠ ᠲᠠᠩᠰᠤᠭ ᠰᠠᠶᠢᠬᠠᠨ ᠪᠠᠶᠢᠳᠠᠭ᠃ ᠬᠤᠪᠴᠠᠰᠤ ᠬᠤᠨᠠᠷ ᠤᠨ ᠶᠠᠩᠵᠤ ᠬᠡᠯᠪᠡᠷᠢ ᠠᠴᠠ ᠨᠢ ᠦᠵᠡᠪᠡᠯ᠂ ᠮᠣᠩᠭᠤᠯ ᠦᠨᠳᠦᠰᠦᠲᠡᠨ ᠤ ᠬᠤᠪᠴᠠᠰᠤ ᠵᠠᠰᠠᠯ ᠨᠢ ᠭᠤᠶᠣᠮᠰᠤᠭ ᠰᠠᠶᠢᠬᠠᠨ᠂ ᠬᠡᠭᠡᠨᠴᠢᠷ ᠡᠷᠬᠢᠮᠰᠦᠭ ᠪᠠᠶᠢᠵᠤ᠂ ᠮᠣᠩᠭᠤᠯ ᠦᠨᠳᠦᠰᠦᠲᠡᠨ ᠤ ᠡᠮᠡᠭᠲᠡᠶᠢᠴᠦᠳ ᠤᠨ ᠪᠡᠶ᠎ᠡ ᠭᠠᠯᠪᠢᠷ ᠤᠨ ᠭᠤᠸ᠎ᠠ ᠰᠠᠶᠢᠬᠠᠨ ᠢ ᠢᠯᠡᠷᠡᠭᠦᠯᠤᠭ᠍ᠰᠡᠨ ᠮᠥᠷᠲᠡᠭᠡᠨ ᠮᠠᠯᠴᠢᠳ ᠤᠨ ᠡᠷᠡᠯᠬᠡᠭ ᠪᠠᠭᠠᠲᠤᠷᠯᠢᠭ᠂ ᠠᠭᠤᠳᠠᠮᠴᠢ ᠪᠠᠭᠲᠠᠭᠠᠮᠵᠢᠲᠠᠶ᠂ ᠣᠮᠣᠭᠯᠠᠩ ᠰᠢᠯᠤᠭᠤᠨ ᠵᠠᠩ ᠠᠷᠠᠨᠰᠢᠨ ᠢ ᠴᠤ ᠢᠯᠡᠷᠡᠭᠦᠯᠤᠭ᠍ᠰᠡᠨ ᠪᠠᠶᠢᠨ᠎ᠠ᠃ ᠡᠭᠦᠨ ᠳᠤ᠂ ᠱᠠᠰᠢᠨ ᠤ ᠬᠤᠪᠴᠠᠰᠤ ᠵᠠᠰᠠᠯ ᠪᠠ ᠮᠣᠩᠭᠤᠯ ᠦᠨᠳᠦᠰᠦᠲᠡᠨ ᠤ ᠪᠥᠬᠡ ᠶᠢᠨ ᠬᠤᠪᠴᠠᠰᠤ ᠨᠢ ᠪᠠᠰᠠ ᠥᠪᠡᠷ ᠥᠪᠡᠷ ᠤᠨ ᠣᠨᠴᠠᠯᠢᠭ ᠪᠠ ᠬᠡᠷᠡᠭᠴᠡᠭᠡ ᠲᠠᠢ ᠪᠠᠶᠢᠳᠠᠭ᠃ ᠥᠪᠥᠷ ᠮᠣᠩᠭᠤᠯ ᠤᠨ ᠮᠣᠩᠭᠤᠯ ᠦᠨᠳᠦᠰᠦᠲᠡᠨ ᠤ 28 ᠠᠶᠢᠮᠠᠭ ᠤᠭᠰᠠᠭ᠎ᠠ ᠶᠢᠨ ᠬᠤᠪᠴᠠᠰᠤ ᠵᠠᠰᠠᠯ ᠢ ᠲᠠ ᠮᠡᠳᠡᠬᠦ ᠦᠦ︖ ᠮᠣᠩᠭᠤᠯ ᠬᠤᠪᠴᠠᠰᠤ ᠵᠠᠰᠠᠯ ᠪᠣᠯ ᠥᠪᠥᠷ ᠮᠣᠩᠭᠤᠯ ᠤᠨ ᠪᠣᠳᠠᠰ ᠤᠨ ᠪᠤᠰᠤ ᠰᠣᠶᠣᠯ ᠤᠨ ᠥᠪ ᠤᠨ ᠴᠢᠬᠤᠯᠠ ᠵᠦ᠋ᠶᠢᠯᠡᠰ ᠮᠥᠨ᠂ ᠪᠠᠰᠠ ᠴᠤ ᠮᠣᠩᠭᠤᠯ ᠦᠨᠳᠦᠰᠦᠲᠡᠨ ᠤ ᠤᠯᠠᠮᠵᠢᠯᠠᠯᠲᠤ ᠰᠣᠶᠣᠯ ᠤᠨ ᠣᠬᠢ ᠰᠣᠳᠣ ᠶᠢᠨ ᠨᠢᠭᠡ ᠮᠥᠨ᠂ ᠡᠯᠪᠡᠭ ᠪᠠᠶᠠᠯᠢᠭ ᠴᠢᠨᠠᠷ ᠪᠠ ᠣᠯᠠᠨ ᠶᠠᠩᠵᠤᠲᠤ ᠴᠢᠨᠠᠷ ᠲᠠᠢ ᠪᠠᠶᠢᠳᠠᠭ᠃ ᠥᠪᠥᠷ ᠮᠣᠩᠭᠤᠯ ᠤᠨ ᠨᠤᠲᠤᠭ ᠳᠡᠪᠢᠰᠬᠡᠷ ᠥᠷᠭᠡᠨ ᠠᠭᠤᠳᠠᠮ ᠪᠤᠯᠬᠤᠷ ᠮᠣᠩᠭᠤᠯ ᠦᠨᠳᠦᠰᠦᠲᠡᠨ ᠤ ᠠᠶᠢᠮᠠᠭ ᠤᠭᠰᠠᠭ᠎ᠠ ᠨᠢ ᠠᠳᠠᠯᠢ ᠪᠤᠰᠤ ᠠᠶᠢᠮᠠᠭ ᠬᠤᠲᠠ᠂ ᠬᠤᠰᠢᠭᠤ ᠰᠢᠶᠠᠨ ᠳᠤ ᠲᠠᠷᠬᠠᠨ ᠰᠠᠭᠤᠵᠤ ᠪᠠᠶᠢᠬᠤ ᠪᠦᠭᠡᠳ ᠪᠠᠶᠢᠭᠠᠯᠢ ᠶᠢᠨ ᠣᠷᠴᠢᠨ ᠲᠣᠭᠤᠷᠢᠨ᠂ ᠠᠵᠤ ᠠᠬᠤᠶ ᠶᠢᠨ ᠪᠠᠶᠢᠳᠠᠯ᠂ ᠠᠮᠢᠳᠤᠷᠠᠯ ᠤᠨ ᠵᠠᠩ ᠲᠠᠳᠬᠠᠯ ᠤᠨ ᠠᠳᠠᠯᠢ ᠪᠤᠰᠤ ᠠᠴᠠ ᠪᠣᠯᠵᠣ᠂ ᠲᠣᠰ ᠲᠣᠰ ᠤᠨ ᠣᠨᠴᠠᠯᠢᠭ ᠲᠠᠢ᠂ ᠪᠠᠶᠠᠯᠢᠭ ᠰᠠᠶᠢᠬᠠᠨ ᠬᠤᠪᠴᠠᠰᠤ ᠵᠠᠰᠠᠯ ᠲᠠᠢ ᠪᠣᠯᠵᠠᠶ᠃ ᠵᠠᠷᠢᠮ ᠨᠢ ᠡᠷᠲᠡᠨ ᠤ ᠮᠣᠩᠭᠤᠯᠴᠤᠳ ᠤᠨ ᠬᠤᠪᠴᠠᠰᠤ ᠵᠠᠰᠠᠯ ᠤᠨ ᠣᠨᠴᠠᠯᠢᠭ ᠢ ᠬᠠᠳᠠᠭᠠᠯᠠᠵᠤ᠂ ᠵᠠᠷᠢᠮ ᠨᠢ ᠤᠯᠠᠨ ᠡᠰᠢᠲᠦ ᠬᠡᠪ ᠨᠠᠮᠪᠠ ᠶᠢ ᠰᠢᠩᠭᠡᠭᠡᠨ ᠠᠪᠴᠤ ᠲᠠᠰᠤᠷᠠᠯᠳᠠ ᠥᠭᠡᠢ ᠥᠭᠡᠷᠡᠴᠢᠯᠡᠨ ᠰᠠᠶᠢᠵᠢᠷᠠᠭᠤᠯᠤᠭᠰᠠᠨ ᠪᠠᠶᠢᠨ᠎ᠠ᠃ ᠥᠪᠥᠷ ᠮᠣᠩᠭᠤᠯ ᠤᠨ ᠦᠨᠳᠦᠰᠦᠲᠡᠨ ᠤ ᠬᠤᠪᠴᠠᠰᠤ ᠵᠠᠰᠠᠯ ᠨᠢ ᠦᠨᠢᠷ ᠪᠠᠶᠠᠯᠢᠭ ᠭᠦᠨ ᠨᠠᠷᠢᠯᠢᠭ᠂ ᠰᠦᠷ ᠵᠢᠪᠬᠤᠭ᠎ᠠ ᠲᠡᠭᠦᠯᠳᠡᠷ ᠪᠠᠶᠢᠵᠤ᠂ ᠨᠡᠭᠦᠳᠡᠯ ᠮᠠᠯᠵᠢᠯ ᠤᠨ ᠦᠨᠳᠦᠰᠦᠲᠡᠨ ᠤ ᠥᠪᠡᠷᠮᠢᠴᠡ ᠭᠤᠸ᠎ᠠ ᠰᠠᠶᠢᠬᠠᠨ ᠪᠤᠳᠤᠯ ᠰᠠᠨᠠᠭ᠎ᠠ ᠪᠠ ᠭᠤᠸ᠎ᠠ ᠰᠠᠶᠢᠬᠠᠨ ᠤ ᠬᠥᠭᠡᠭᠡᠴᠡᠯᠳᠦᠯ ᠢ ᠠᠴᠢᠶᠠᠯᠠᠬᠰᠠᠨ᠂ ᠮᠣᠩᠭᠤᠯ ᠦᠨᠳᠦᠰᠦᠲᠡᠨ ᠤ ᠠᠷᠠᠳ ᠲᠦᠮᠡᠨ ᠤ ᠣᠷᠳᠣ ᠬᠤᠭᠤᠴᠠᠭᠠᠨ ᠤ ᠦᠢᠯᠡᠳᠪᠦᠷᠢᠯᠡᠯ ᠠᠮᠢᠳᠤᠷᠠᠯ ᠤᠨ ᠦᠢᠯᠡᠳᠦᠯᠭᠡ ᠳᠤᠮᠳᠠ ᠪᠠᠨ ᠡᠭᠦᠳᠦᠨ ᠪᠦᠲᠦᠭᠡᠭᠰᠡᠨ ᠤᠷᠠᠯᠢᠭ ᠤᠨ ᠦᠷ᠎ᠡ ᠪᠦᠲᠦᠭᠡᠯ ᠪᠣᠯᠬᠤ ᠶᠤᠮ᠃ ᠥᠪᠥᠷ ᠮᠣᠩᠭᠤᠯ ᠳᠤ ᠣᠲᠣ ᠮᠣᠩᠭᠤᠯ ᠦᠨᠳᠦᠰᠦᠲᠡᠨ ᠤ 28 ᠠᠶᠢᠮᠠᠭ ᠤᠬᠰᠠᠭ᠎ᠠ ᠶᠢᠨ ᠬᠤᠪᠴᠠᠰᠤ ᠵᠠᠰᠠᠯ ᠪᠤᠢ᠂ ᠲᠡᠷᠡ ᠨᠢ ᠲᠤᠰ ᠲᠤᠰ᠄ ᠣᠩᠨᠢᠭᠤᠳ᠂ ᠴᠠᠬᠠᠷ᠂ ᠤᠷᠠᠳ᠂ ᠬᠤᠱᠤᠳ᠂ ᠠᠪᠠᠭ᠎ᠠ᠂ ᠵᠠᠯᠠᠶᠢᠳ᠂ ᠪᠤᠷᠢᠶᠠᠳ᠂ ᠬᠡᠰᠢᠭᠲᠡᠨ᠂ ᠣᠷᠳᠣᠰ᠂ ᠠᠤᠬᠠᠨ᠂ ᠲᠦᠷᠪᠡᠳ᠂ ᠬᠠᠷᠠᠴᠢᠨ᠂ ᠪᠠᠭᠠᠷᠢᠨ᠂ ᠠᠯᠠᠱᠠ ᠶᠢᠨ ᠢᠰᠯᠠᠮ ᠮᠤᠩᠭᠤᠯᠴᠤᠳ᠂ ᠨᠠᠶᠢᠮᠠᠨ᠂ ᠳᠠᠷᠬᠠᠨ᠂ ᠬᠤᠷᠴᠢᠨ᠂ ᠮᠤᠤᠮᠢᠩᠭᠠᠨ᠂ ᠲᠦᠮᠡᠳ᠂ ᠥᠭᠡᠯᠡᠳ᠂ ᠵᠠᠷᠤᠳ᠂ ᠪᠠᠷᠭᠤ᠂ ᠬᠠᠯᠬ᠎ᠠ᠂ ᠬᠠᠭᠤᠴᠢᠳ᠂ ᠰᠥᠨᠢᠳ᠂ ᠲᠤᠷᠭᠤᠳ᠂ ᠦᠵᠦᠮᠦᠴᠢᠨ᠂ ᠠᠷᠤ ᠬᠤᠷᠴᠢᠨ ᠪᠣᠯᠤᠨ᠎ᠠ᠃  
ᠢᠷᠡᠯᠲᠡ᠄ ᠲᠣᠲᠣᠷᠬᠠᠢ ᠦᠭᠡᠢ