ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠤᠯ ᠰᠡᠳᠦᠪᠲᠦ | ᠬᠥᠮᠦᠵᠢᠯ ᠢ ᠬᠤᠶᠠᠳᠤᠭᠠᠷ ᠪᠥᠯᠥᠭ ᠬᠦᠮᠦᠰ ᠲᠤ ᠬᠢᠭᠰᠡᠨ ᠠᠴᠠ ᠨᠠᠰᠢ᠂ ᠣᠲᠤᠭ ᠬᠤᠰᠢᠭᠤ ᠣᠯᠠᠨ ᠲᠦᠮᠡᠨ ᠤ ᠬᠠᠨᠤᠮᠵᠢᠲᠠᠶ ᠪᠠᠶᠢᠬᠤ ᠡᠰᠡᠬᠦ ᠪᠠᠷ ᠭᠤᠤᠯ | ᠰᠡᠳᠦᠪᠲᠦ ᠬᠥᠮᠦᠵᠢᠯ ᠤᠨ ᠦᠷ᠎ᠡ ᠪᠦᠲᠦᠮᠵᠢ ᠶᠢ ᠰᠢᠯᠭᠠᠨ ᠪᠠᠶᠢᠴᠠᠭᠠᠬᠤ ᠪᠠᠷᠢᠮᠵᠢᠶ᠎ᠠ ᠪᠣᠯᠭᠠᠬᠤ ᠶᠢ ᠪᠠᠷᠢᠮᠲᠠᠯᠠᠵᠤ᠂ ᠣᠯᠠᠨ ᠲᠦᠮᠡᠨ ᠤ ᠰᠠᠨᠠᠭᠠᠰᠢᠷᠠᠵᠤ ᠪᠠᠶᠢᠭ᠎ᠠ | ᠶᠠᠪᠤᠳᠠᠯ ᠢ ᠰᠢᠶᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠦᠨ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠴᠢᠷᠮᠠᠶᠢᠨ | ᠳᠡᠭᠡᠭᠰᠢᠯᠡᠭᠦᠯᠵᠦ᠂ ᠠᠷᠠᠳ ᠣᠯᠠᠨ ᠳᠤ ᠭᠤᠤᠯ ᠰᠡᠳᠦᠪᠲᠦ ᠬᠥᠮᠦᠵᠢᠯ ᠤᠨ ᠠᠪᠴᠢᠷᠠᠭᠰᠠᠨ ᠰᠢᠨ᠎ᠡ ᠬᠤᠪᠢᠷᠠᠯᠲᠠ ᠶᠢ ᠮᠡᠳᠡᠷᠡᠭᠦᠯᠪᠡ᠃ | 10 ᠰᠠᠷ᠎ᠠ ᠶᠢᠨ 8 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ᠂ ᠬᠤᠰᠢᠭᠤᠨ ᠤ ᠨᠠᠮ ᠤᠨ ᠬᠤᠷᠢᠶᠠᠨ ᠤ ᠭᠤᠤᠯ ᠰᠡᠳᠦᠪᠲᠦ ᠬᠥᠮᠦᠵᠢᠯ ᠤᠨ | ᠤᠳᠤᠷᠢᠳᠬᠤ ᠳᠤᠭᠤᠶᠢᠯᠠᠩ ᠤᠨ ᠳᠠᠷᠤᠭ᠎ᠠ ᠭᠤᠤ ᠬᠤᠸᠠᠢ ᠵᠢᠩ ᠣᠲᠤᠭ ᠬᠤᠰᠢᠭᠤᠨ ᠤ ᠶᠡᠷᠦᠩᠬᠡᠶᠢᠯᠡᠭᠰᠡᠨ ᠡᠷᠡᠭᠦᠯᠵᠢᠯ ᠰᠤᠪᠢᠯᠠᠯᠲᠠ ᠶᠢᠨ ᠦᠶᠯᠡᠴᠢᠯᠡᠭᠡᠨ ᠤ ᠲᠥᠪ᠂ | ᠨᠢᠭᠡ ᠪᠥᠯᠥᠭ ᠳᠤᠮᠳᠠᠳᠤ ᠪᠠᠭ᠎ᠠ ᠰᠤᠷᠭᠠᠭᠤᠯᠢ᠂ ᠵᠠᠮ ᠤᠨ ᠬᠤᠭᠤᠯᠠᠶ ᠶᠢᠨ ᠲᠣᠤᠷ ᠤᠨ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠤᠬᠠᠶ ᠶᠢᠨ ᠲᠠᠯᠠᠪᠠᠶ ᠵᠡᠷᠭᠡ | ᠭᠠᠵᠠᠷ ᠲᠤ ᠭᠦᠨᠵᠡᠭᠡᠶᠢᠷᠡᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠶᠯ ᠤᠨ ᠠᠬᠢᠴᠠ ᠶᠢᠨ ᠪᠠᠶᠢᠳᠠᠯ ᠢ ᠪᠠᠶᠢᠴᠠᠭᠠᠨ ᠰᠤᠳᠤᠯᠪᠠ᠃ | ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠬᠡᠷ ᠤᠨ ᠡᠷᠬᠢᠯᠡᠭᠴᠢ ᠯᠢᠦ ᠷᠦᠢ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠭᠦᠸᠧ ᠵᠣᠣ ᠬᠤᠶ᠂ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠼᠦᠢ ᠵᠢᠩ᠂ | ᠨᠠᠰᠤᠨᠳᠡᠯᠭᠡᠷ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | ᠬᠤᠰᠢᠭᠤᠨ ᠤ ᠶᠡᠷᠦᠩᠬᠡᠶᠢᠯᠡᠭᠰᠡᠨ ᠡᠷᠡᠭᠦᠯᠵᠢᠯ ᠰᠤᠪᠢᠯᠠᠯᠲᠠ ᠶᠢᠨ ᠦᠶᠯᠡᠴᠢᠯᠡᠭᠡᠨ ᠤ ᠲᠥᠪ ᠤᠨ ᠭᠤᠤᠯ ᠴᠣᠭᠴᠠ ᠶᠢᠨ ᠪᠠᠷᠢᠯᠭ᠎ᠠ ᠳᠠᠭᠤᠰᠴᠤ᠂ ᠶᠠᠭ ᠬᠡᠷ | ᠳᠣᠲᠣᠷᠠᠬᠢ ᠵᠠᠰᠠᠯ ᠴᠢᠮᠡᠭᠯᠡᠯ ᠢ ᠬᠢᠵᠦ ᠪᠠᠶᠢᠨ᠎ᠠ᠃ ᠨᠡᠶᠢᠲᠡ 182 ᠣᠷᠣ ᠲᠠᠢ᠂ ᠡᠯ᠎ᠡ ᠵᠦᠢᠯ ᠤᠨ ᠲᠥᠬᠦᠭᠡᠷᠦᠮᠵᠢ ᠶᠢ ᠪᠦᠬᠦᠨ ᠢ ᠨᠠᠰᠤᠲᠠᠶᠢᠴᠤᠳ ᠲᠤ | ᠳᠤᠬᠢᠷᠠᠭᠤᠯᠬᠤ ᠵᠠᠷᠴᠢᠮ ᠶᠣᠰᠣᠭᠠᠷ ︽ᠪᠠᠶᠢᠳᠠᠯ ᠳᠤᠨᠢ ᠲᠣᠬᠢᠷᠠᠭᠤᠯᠤᠨ ᠲᠣᠭᠲᠠᠭᠠᠬᠤ︾ ᠪᠣᠯᠭᠠᠵᠤ᠂ ᠨᠠᠰᠤᠲᠠᠶᠢᠴᠤᠳ ᠲᠤ ᠠᠮᠤᠷ ᠲᠦᠪᠰᠢᠨ᠂ ᠲᠠᠭᠠᠯᠠᠮᠵᠢᠲᠠᠶ᠂ | ᠳᠥᠭᠦᠮ ᠳᠥᠲᠡ ᠠᠮᠢᠳᠤᠷᠠᠯ ᠤᠨ ᠣᠷᠴᠢᠨ ᠲᠣᠭᠤᠷᠢᠨ ᠢ ᠴᠢᠷᠮᠠᠶᠢᠨ ᠬᠠᠩᠭᠠᠬᠤ ᠪᠠᠷ ᠪᠤᠢ᠃ ᠬᠤᠰᠢᠭᠤᠨ ᠤ ᠮᠣᠩᠭᠤᠯ ᠳᠤᠮᠳᠠᠳᠤ ᠰᠤᠷᠭᠠᠭᠤᠯᠢ ᠶᠢᠨ ᠪᠠᠶᠢᠷᠢ ᠶᠢᠨ | ᠠᠰᠠᠷ ᠪᠠ ᠲᠠᠮᠢᠷ ᠤᠨ ᠲᠠᠯᠠᠪᠠᠶ᠂ ᠤᠯᠠᠭᠠᠨᠪᠠᠯᠭᠠᠰᠤᠨ ᠤ ᠳᠤᠮᠳᠠᠳᠤ ᠰᠤᠷᠭᠠᠭᠤᠯᠢ ᠶᠢᠨ ᠶᠡᠷᠦᠩᠬᠡᠶᠢᠯᠡᠭᠰᠡᠨ ᠠᠰᠠᠷ ᠪᠠ ᠲᠠᠮᠢᠷ ᠤᠨ ᠲᠠᠯᠠᠪᠠᠶ᠂ ᠲᠤᠷᠰᠢᠯᠲᠠ ᠶᠢᠨ ᠪᠠᠭ᠎ᠠ | ᠰᠤᠷᠭᠠᠭᠤᠯᠢ ᠶᠢᠨ ᠲᠠᠮᠢᠷ ᠤᠨ ᠲᠠᠯᠠᠪᠠᠶ ᠵᠡᠷᠭᠡ ᠨᠢᠭᠡ ᠪᠦᠯᠦᠭ ᠰᠤᠷᠭᠠᠭᠤᠯᠢ ᠪᠤᠯᠤᠨ ᠬᠡᠤᠬᠡᠳ ᠤᠨ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠢ | ᠶᠠᠭ ᠱᠠᠯᠠᠪᠳᠠᠨ ᠬᠢᠵᠦ ᠪᠠᠶᠢᠨ᠎ᠠ᠂ ᠪᠦᠬᠦᠨ ᠢ ︽ᠠᠮᠤᠷ ᠲᠦᠪᠰᠢᠨ ᠢ ᠲᠡᠷᠢᠭᠦᠨ ᠳᠤ ᠲᠠᠯᠪᠢᠬᠤ︾ ᠵᠠᠷᠴᠢᠮ ᠢᠶᠠᠷ ᠥᠨᠳᠥᠷ ᠪᠠᠷᠢᠮᠵᠢᠶ᠎ᠠ ᠪᠠᠷ ᠵᠢᠷᠤᠵᠤ ᠲᠥᠯᠥᠪᠯᠡᠨ᠂ | ᠴᠢᠨᠠᠷ ᠰᠠᠶᠢᠲᠠᠶ ᠪᠥᠲᠥᠭᠡᠨ ᠪᠠᠶᠢᠭᠤᠯᠵᠤ᠂ ᠪᠥᠬᠦ ᠬᠤᠰᠢᠭᠤᠨ ᠤ ᠡᠯ᠎ᠡ ᠱᠠᠲᠤᠨ ᠤ ᠡᠯ᠎ᠡ ᠲᠥᠷᠥᠯ ᠤᠨ ᠳᠤᠮᠳᠠᠳᠤ ᠪᠠᠭ᠎ᠠ ᠰᠤᠷᠭᠠᠭᠤᠯᠢ ᠬᠡᠤᠬᠡᠳ ᠤᠨ ᠴᠡᠴᠡᠷᠯᠢᠭ ᠤᠨ | ᠰᠤᠷᠭᠠᠭᠤᠯᠢ ᠡᠷᠭᠢᠯᠡᠬᠦ ᠨᠥᠬᠦᠴᠡᠯ ᠢ ᠪᠦᠬᠦᠨ ᠢ ᠪᠥᠬᠦ ᠬᠤᠲᠠ ᠶᠢᠨ ᠳᠤᠮᠳᠠᠴᠢ ᠬᠢᠷᠢ ᠲᠦᠪᠰᠢᠨ ᠳᠤ ᠬᠦᠷᠭᠡᠬᠦ ᠪᠠ ᠳᠠᠪᠠᠭ᠋ᠤ ᠶᠢ ᠠᠯᠬᠤᠮ ᠠᠯᠬᠤᠮ ᠢᠶᠠᠷ ᠠᠬᠢᠭᠤᠯᠵᠤ | ᠪᠤᠢ᠃ ᠤᠯᠠᠭᠠᠨ ᠪᠠᠷᠠᠭᠤᠨ ᠵᠡᠭᠡᠯᠢ ᠶᠢᠨ ᠵᠠᠮ ᠵᠢᠴᠢ ᠪᠣᠷᠣᠭᠠᠨ ᠤ ᠪᠣᠬᠢᠷ ᠤᠰᠤᠨ ᠤ ᠬᠤᠭᠤᠯᠠᠢ ᠲᠣᠣᠷ ᠢ ᠶᠡᠷᠦᠩᠬᠡᠶᠢᠯᠡᠨ ᠥᠭᠡᠷᠡᠴᠢᠯᠡᠬᠦ ᠢᠨᠵᠧᠨᠧᠷᠢᠩ ᠶᠠᠭ ᠰᠡᠭᠦᠯ | ᠬᠤᠷᠢᠶᠠᠵᠤ ᠪᠠᠶᠢᠨ᠎ᠠ᠂ ᠥᠨᠥ ᠰᠠᠷ᠎ᠠ ᠪᠠᠷᠢᠯᠭ᠎ᠠ ᠳᠠᠭᠤᠰᠬᠠᠭᠰᠠᠨ ᠤ ᠳᠠᠷᠠᠭ᠎ᠠ ᠲᠣᠭᠤᠷᠢᠮ ᠵᠠᠮ ᠪᠣᠯᠤᠨ ᠳᠤᠰᠤᠲᠤ ᠵᠠᠮ ᠢ ᠬᠤᠯᠪᠤᠨ ᠨᠡᠪᠲᠡᠷᠡᠭᠦᠯᠵᠦ᠂ ᠬᠠᠭᠤᠴᠢᠨ | ᠬᠤᠳᠠ ᠶᠢᠨ ᠲᠣᠭᠤᠷᠢᠭ ᠤᠨ ᠡᠮᠦᠨ᠎ᠡ ᠤᠮᠠᠷ᠎ᠠ ᠶᠢ ᠨᠡᠩ ᠳᠥᠭᠦᠮ ᠳᠥᠲᠡ ᠨᠡᠪᠲᠡᠷᠡᠭᠦᠯᠬᠦ ᠶᠢᠨ ᠬᠠᠮᠲᠤ ᠲᠤᠰ ᠣᠷᠣᠨ ᠤ ᠦᠶᠡᠷ ᠤᠰᠤᠲᠤᠯ ᠤᠨ ᠭᠡᠮ ᠰᠣᠭᠤᠭ ᠢ | ᠲᠦᠢᠯᠪᠤᠷᠢᠲᠠᠢ ᠰᠢᠢᠳᠪᠦᠷᠢᠯᠡᠬᠦ ᠪᠣᠯᠤᠨ᠎ᠠ᠃ ᠤᠯᠠᠭᠠᠨᠪᠠᠯᠭᠠᠰᠤᠨ ᠤ ᠠᠮᠤᠭᠤᠯᠠᠩ ᠨᠡᠶᠢᠭᠡᠮ ᠲᠣᠭᠤᠷᠢᠭ ᠤᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ | ᠭᠤᠣᠯ ᠴᠣᠭᠴᠠ ᠶᠢᠨ ᠢᠨᠵᠧᠨᠧᠷᠢᠩ ᠢ ᠨᠢᠭᠡᠨᠲᠡ ᠳᠠᠭᠤᠰᠬᠠᠵᠤ᠂ ᠶᠠᠭ ᠭᠡᠷ ᠳᠣᠲᠣᠷᠠᠬᠢ ᠵᠠᠰᠠᠯ ᠴᠢᠮᠡᠭᠯᠡᠯ ᠬᠢᠵᠦ᠂ ᠨᠠᠮ ᠤᠨ ᠡᠭᠦᠷ ᠤᠨ ᠠᠵᠢᠯᠯᠠᠬᠤ ᠲᠠᠯᠠᠪᠤᠷ᠂ | ᠨᠠᠮ ᠤᠨ ᠭᠡᠰᠢᠭᠦᠨ ᠤ ᠠᠵᠢᠯᠯᠠᠭᠠᠨ ᠤ ᠵᠢᠭᠰᠠᠭᠠᠯ ᠤᠨ ᠭᠠᠵᠠᠷ᠂ ᠣᠯᠠᠨ ᠲᠦᠮᠡᠨ ᠤ ᠬᠡᠷᠡᠭ ᠡᠷᠬᠢᠯᠡᠬᠦ ᠴᠤᠩᠬᠤᠪᠴᠢ ᠶᠢᠨ ᠴᠢᠳᠠᠮᠵᠢ ᠶᠢᠨ ᠪᠠᠶᠢᠷᠢ ᠲᠣᠭᠲᠠᠭᠠᠯᠲᠠ ᠳᠤ | ᠰᠠᠭᠤᠷᠢᠯᠠᠵᠤ᠂ ᠪᠦᠲᠦᠭᠡᠨ ᠪᠠᠶᠢᠭᠤᠯᠤᠯᠲᠠ ᠶᠢᠨ ᠪᠠᠷᠢᠮᠵᠢᠶᠠᠵᠢᠭᠤᠯᠤᠯᠲᠠ ᠪᠠ ᠡᠬᠢ ᠪᠠᠶᠠᠯᠢᠭ ᠤᠨ ᠠᠰᠢᠭᠯᠠᠯᠲᠠ ᠶᠢᠨ ᠨᠣᠷᠮ᠎ᠠ ᠶᠢ ᠬᠠᠮᠤᠭ ᠤᠨ ᠶᠡᠭᠡ ᠪᠣᠯᠭᠠᠬᠤ ᠶᠢ | ᠠᠬᠢᠭᠤᠯᠤᠨ᠂ ᠣᠯᠠᠨ ᠲᠦᠮᠡᠨ ᠤ ᠳᠡᠷᠭᠡᠳᠡᠬᠢ ︽ᠬᠠᠯᠠᠭᠤᠨ ᠳᠤᠯᠠᠭᠠᠨ ᠭᠡᠷ ᠣᠷᠣᠨ︾ ᠢ ᠴᠣᠭᠴᠠᠯᠠᠪᠠ᠃ ᠬᠤᠰᠢᠭᠤᠨ ᠤ ᠨᠠᠰᠤᠲᠠᠶᠢᠴᠤᠳ ᠤᠨ ᠰᠣᠶᠣᠯ ᠪᠡᠶ᠎ᠡ ᠶᠢᠨ | ᠲᠠᠮᠢᠷ ᠤᠨ ᠬᠥᠳᠡᠯᠭᠡᠭᠡᠨ ᠤ ᠲᠥᠪ ᠤᠨ ᠭᠤᠤᠯ ᠴᠣᠭᠴᠠ ᠶᠢᠨ ᠪᠠᠷᠢᠯᠭ᠎ᠠ ᠶᠢ ᠨᠢᠭᠡᠨᠲᠡ ᠳᠠᠭᠤᠰᠬᠠᠵᠤ᠂ ᠶᠠᠭ ᠬᠡᠷ ᠳᠣᠲᠣᠷᠠᠬᠢ ᠵᠠᠰᠠᠯ ᠴᠢᠮᠡᠭᠯᠡᠯ ᠬᠢᠵᠦ᠂ ᠪᠥᠬᠦ | ᠬᠤᠰᠢᠭᠤᠨ ᠤ ᠨᠠᠰᠤᠲᠠᠶᠢᠴᠤᠳ ᠲᠤ ᠠᠮᠢᠳᠤᠷᠠᠯ᠂ ᠰᠤᠷᠤᠯᠴᠠᠯᠭ᠎ᠠ᠂ ᠰᠣᠯᠢᠯᠴᠠᠭ᠎ᠠ ᠵᠢᠴᠢ ᠠᠵᠢᠯᠯᠠᠭ᠎ᠠ ᠶᠢᠨ ᠥᠷᠲᠡᠭᠡᠴᠢᠯᠡᠭᠰᠡᠨ ᠮᠠᠶ᠋ᠢᠭ ᠤᠨ ᠦᠢᠯᠡᠴᠢᠯᠡᠭᠡᠨ ᠤ | ᠲᠠᠪᠴᠠᠩ ᠪᠠᠶᠢᠭᠤᠯᠵᠤ ᠥᠭᠪᠡ᠃ ᠬᠤᠰᠢᠭᠤᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠢ ᠨᠢᠭᠡᠨᠲᠡ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ | ᠣᠷᠣᠭᠤᠯᠤᠨ᠂ ᠪᠠᠷᠢᠯᠭ᠎ᠠ ᠶᠢᠨ ᠲᠠᠯᠠᠪᠠᠶ ᠨᠢ 6400 ᠲᠡᠭᠰᠢ ᠳᠥᠷᠪᠡᠯᠵᠢᠨ ᠮᠧᠲᠷ ᠪᠠᠶᠢᠵᠤ᠂ ᠭᠤᠤᠯᠳᠠᠭᠤ ᠫᠢᠩᠫᠠᠩ ᠪᠥᠮᠪᠦᠭᠡ ᠦᠳᠤᠨ ᠪᠥᠮᠪᠦᠭᠡ ᠶᠢᠨ ᠣᠷᠳᠣᠨ | ᠪᠠ ᠤᠮᠪᠠᠯᠲᠠ ᠶᠢᠨ ᠣᠷᠳᠣᠨ ᠵᠡᠷᠭᠡ ᠬᠤᠶᠠᠷ ᠶᠡᠭᠡ ᠣᠷᠣᠨ ᠪᠦᠰᠡ ᠶᠢ ᠪᠠᠭᠲᠠᠭᠠᠨ᠎ᠠ᠃ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ ᠣᠯᠠᠨ ᠲᠦᠮᠡᠨ ᠤ | ᠬᠥᠳᠡᠯᠭᠡᠭᠡᠨ ᠤ ᠰᠣᠩᠭᠤᠯᠲᠠ ᠶᠢ ᠪᠠᠶᠠᠯᠢᠭᠵᠢᠭᠤᠯᠬᠤ ᠪᠠᠷ ᠪᠠᠷᠠᠬᠤ ᠦᠭᠡᠢ ᠴᠢᠬᠤᠯᠠ ᠶᠡᠭᠡ ᠪᠡᠶ᠎ᠡ ᠶᠢᠨ ᠲᠠᠮᠢᠷ ᠤᠨ ᠤᠷᠤᠯᠳᠤᠭᠠᠨ᠂ ᠬᠤᠷᠠᠯ ᠦᠵᠡᠰᠬᠦᠯᠡᠩ᠂ | ᠬᠤᠳᠠᠯᠳᠤᠭᠠᠨ ᠤ ᠤᠷᠠᠨ ᠰᠠᠶᠢᠬᠠᠨ ᠤ ᠴᠤᠭᠯᠠᠭᠠᠨ᠂ ᠬᠤᠷᠠᠯ ᠵᠡᠷᠭᠡ ᠣᠯᠠᠨ ᠵᠦᠢᠯ ᠤᠨ ᠠᠵᠢᠯᠯᠠᠭ᠎ᠠ ᠶᠢᠨ ᠴᠢᠳᠠᠮᠵᠢ ᠶᠢᠨ ᠬᠡᠷᠡᠭᠴᠡᠭᠡ ᠶᠢ ᠬᠠᠩᠭᠠᠬᠤ ᠪᠣᠯᠤᠨ᠎ᠠ᠃ | ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠶᠡᠷᠦᠩᠬᠡᠶᠢᠯᠡᠭᠰᠡᠨ ᠲᠤᠷᠰᠢᠯᠲᠠ ᠶᠢᠨ ᠠᠰᠠᠷ ᠢ ᠨᠢᠭᠡᠨᠲᠡ ᠪᠠᠶᠢᠭᠤᠯᠵᠤ ᠠᠰᠢᠭᠯᠠᠯᠲᠠ ᠳᠤ | ᠣᠷᠣᠭᠤᠯᠤᠨ᠂ ᠪᠠᠷᠢᠯᠭ᠎ᠠ ᠶᠢᠨ ᠲᠠᠯᠠᠪᠠᠶ ᠨᠢ 2100 ᠲᠡᠭᠰᠢ ᠳᠥᠷᠪᠡᠯᠵᠢᠨ ᠮᠧᠲᠷ᠂ ᠹᠢᠽᠢᠺ᠂ ᠬᠢᠮᠢ᠂ ᠮᠢᠺᠷᠣᠪ᠂ ᠬᠤᠯᠤᠭᠠᠨ᠎ᠠ ᠶᠢᠨ ᠬᠢᠵᠢᠭ᠂ PCR ᠵᠡᠷᠭᠡ | ᠣᠯᠠᠨ ᠲᠡᠷᠢᠭᠦᠨ ᠤ ᠲᠤᠷᠰᠢᠯᠲᠠ ᠶᠢᠨ ᠲᠠᠰᠤᠭ ᠢ ᠪᠠᠭᠲᠠᠭᠠᠵᠤ᠂ ᠪᠥᠬᠦ ᠬᠤᠰᠢᠭᠤᠨ ᠤ ᠬᠦᠨᠳᠦ ᠶᠡᠭᠡ ᠡᠪᠡᠳᠴᠢᠨ ᠡᠮᠭᠡᠭ ᠢ ᠬᠢᠨᠠᠨ ᠬᠡᠮᠵᠢᠵᠦ ᠤᠷᠢᠳᠴᠢᠯᠠᠨ | ᠰᠡᠷᠡᠮᠵᠢᠯᠡᠭᠦᠯᠬᠦ ᠴᠢᠳᠠᠪᠤᠷᠢ᠂ ᠲᠤᠷᠰᠢᠯᠲᠠ ᠶᠢᠨ ᠲᠠᠰᠤᠭ ᠤᠨ ᠪᠠᠶᠢᠴᠠᠭᠠᠨ ᠰᠢᠯᠭᠠᠬᠤ ᠴᠢᠳᠠᠪᠤᠷᠢ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠮᠡᠳᠡᠭᠡ | ᠵᠠᠩᠭᠢᠵᠢᠯᠲᠠ ᠶᠢᠨ ᠴᠢᠳᠠᠪᠤᠷᠢ ᠶᠢ ᠢᠯᠡᠳᠲᠡ ᠳᠡᠭᠡᠭᠰᠢᠯᠡᠭᠦᠯᠬᠦ ᠶᠢ ᠠᠬᠢᠭᠤᠯᠪᠠ᠃ ᠵᠥᠩ ᠠᠨ ᠪᠠᠷᠠᠭᠤᠨ ᠵᠠᠮ ᠤᠨ ᠬᠤᠭᠤᠯᠠᠶ ᠶᠢᠨ ᠲᠣᠤᠷ ᠤᠨ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠶᠯ ᠶᠠᠭ ᠰᠠᠶᠢᠬᠠᠨ ᠡᠷᠴᠢᠮᠲᠡᠢ ᠶᠠᠪᠤᠭᠳᠠᠵᠤ ᠪᠠᠶᠢᠨ᠎ᠠ᠂ ᠵᠢᠱᠢᠯᠲᠡ ᠪᠠᠷ 11 ᠰᠠᠷ᠎ᠠ ᠶᠢᠨ ᠡᠬᠢ ᠪᠠᠷ ᠪᠠᠶᠢᠭᠤᠯᠵᠤ ᠳᠠᠭᠤᠰᠤᠭᠰᠠᠨ ᠤ | ᠳᠠᠷᠠᠭ᠎ᠠ ᠲᠣᠰᠣᠲᠤ ᠵᠠᠮ ᠲᠠᠢ ᠰᠣᠯᠪᠢᠴᠠᠵᠤ᠂ ᠬᠤᠰᠢᠭᠤᠨ ᠤ ᠳᠥᠷᠪᠡᠳᠦᠭᠡᠷ ᠬᠡᠤᠬᠡᠳ ᠤᠨ ᠴᠡᠴᠡᠷᠯᠢᠭ ᠤᠨ ᠪᠠᠭᠰᠢ ᠰᠣᠷᠣᠭᠴᠢ᠂ ᠬᠡᠷ ᠤᠨ ᠠᠬᠠᠮᠠᠳ ᠵᠢᠴᠢ ᠡᠷᠬᠢᠨ | ᠲᠣᠭᠤᠷᠢᠨ ᠤ ᠰᠠᠭᠤᠭᠠᠯᠢ ᠠᠷᠠᠳ ᠤᠨ ᠶᠠᠪᠤᠵᠤ ᠰᠠᠭᠤᠬᠤ ᠳᠤ ᠨᠠᠩ ᠲᠥᠬᠦᠮ ᠦᠵᠡᠭᠦᠯᠬᠦ ᠪᠣᠯᠤᠨ᠎ᠠ᠃ | ᠭᠤᠤ ᠬᠤᠸᠠᠢ ᠵᠢᠩ ᠵᠠᠮ ᠲᠤᠵᠢ ᠶᠠᠪᠤᠵᠤ᠂ ᠬᠦᠷᠦᠭᠰᠡᠨ ᠭᠠᠵᠠᠷ ᠪᠣᠯᠭᠠᠨ ᠳᠤ ᠪᠠᠷᠢᠯᠭ᠎ᠠ ᠶᠢᠨ ᠵᠢᠷᠤᠭ ᠲᠥᠯᠥᠪᠯᠡᠭᠡ᠂ ᠪᠠᠷᠢᠯᠭ᠎ᠠ ᠶᠢᠨ ᠠᠵᠢᠯ ᠪᠣᠯᠤᠨ | ᠠᠵᠢᠯᠯᠠᠭᠠᠨ ᠤ ᠪᠣᠳᠠᠲᠠᠢ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠬᠤᠯᠪᠣᠭᠳᠠᠯ ᠪᠦᠬᠦᠢ ᠠᠵᠢᠯ ᠳᠤ ᠱᠠᠭᠠᠷᠳᠠᠯᠭ᠎ᠠ ᠳᠤᠷᠠᠳᠴᠠᠢ᠃ ᠲᠡᠷᠡ᠂ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ | ᠬᠥᠮᠦᠵᠢᠯ ᠢ ᠥᠷᠨᠢᠭᠦᠯᠵᠦ᠂ ᠢᠮᠠᠭᠲᠠ ᠣᠯᠠᠨ ᠲᠦᠮᠡᠨ ᠤ ᠵᠣᠭᠰᠣᠯᠲᠠ ᠳᠤ ᠵᠣᠭᠰᠣᠨ ᠰᠡᠳᠬᠢᠯ ᠢ ᠪᠠᠭ᠋ᠠᠷᠬᠠᠵᠤ᠂ ᠪᠠᠶᠢᠷᠢ ᠰᠣᠯᠢᠵᠤ ᠰᠡᠳᠬᠢᠨ ᠪᠣᠳᠣᠯᠬᠢᠯᠠᠵᠤ᠂ | ᠣᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ ᠨᠢᠯᠬ᠎ᠠ ᠬᠡᠤᠬᠡᠳ ᠢ ᠪᠤᠶᠢᠵᠢᠭᠤᠯᠬᠤ ᠭᠠᠵᠠᠷ ᠲᠠᠢ᠂ ᠰᠤᠷᠤᠯᠴᠠᠬᠤ ᠠᠴᠠ ᠰᠤᠷᠭᠠᠨ ᠬᠥᠮᠦᠵᠢᠯ ᠲᠠᠢ᠂ | ᠬᠥᠳᠡᠯᠮᠦᠷᠢᠯᠡᠪᠡᠯ ᠣᠯᠬᠤ ᠶᠠᠭᠤᠮ᠎ᠠ ᠲᠠᠢ᠂ ᠡᠪᠡᠳᠴᠢᠯᠡᠪᠡᠯ ᠦᠵᠡᠭᠦᠯᠬᠦ ᠡᠮᠨᠡᠯᠭᠡ ᠲᠠᠢ᠂ ᠥᠲᠡᠯᠪᠡᠯ ᠬᠦᠷᠲᠡᠬᠦ ᠠᠰᠠᠷᠠᠮᠵᠢ ᠲᠠᠢ᠂ ᠰᠠᠭᠤᠬᠤ ᠠᠴᠠ ᠣᠷᠣᠨ | ᠰᠠᠭᠤᠴᠠ ᠲᠠᠢ᠂ ᠪᠠᠭᠤᠷᠠᠢ ᠶᠢ ᠨᠢ ᠲᠡᠳᠬᠦᠬᠦ ᠵᠡᠷᠭᠡ ᠭᠤᠤᠯᠳᠠᠯᠭ᠎ᠠ ᠲᠠᠢ ᠬᠦᠷᠢᠶᠡᠨ ᠳᠤ ᠴᠢᠭᠯᠡᠭᠦᠯᠵᠦ᠂ ᠠᠷᠠᠳ ᠲᠤ ᠰᠠᠶᠢᠨ ᠶᠠᠪᠤᠳᠠᠯ᠂ ᠪᠣᠳᠠᠲᠠᠶ ᠠᠵᠢᠯ ᠬᠢᠵᠦ᠂ | ᠭᠤᠤᠯ ᠰᠡᠳᠦᠪᠲᠦ ᠬᠥᠮᠦᠵᠢᠯ ᠢ ᠥᠴᠦᠬᠡᠨ ᠴᠦ ᠬᠤᠭᠤᠰᠣᠨ ᠪᠣᠯᠭᠠᠬᠤ ᠥᠬᠡᠶ᠂ ᠯᠠᠪᠳᠠᠭᠤᠨ ᠪᠠᠲᠤᠲᠠᠶ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠶ ᠭᠡᠵᠦ | ᠵᠢᠭᠠᠵᠤ ᠭᠠᠷᠭᠠᠪᠠ᠃ ᠲᠡᠷᠡ᠂ ᠡᠯ᠎ᠡ ᠲᠦᠷᠦᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠴᠢᠨᠠᠷ | ᠰᠠᠶᠢᠲᠠᠢ ᠥᠨᠳᠥᠷ ᠪᠦᠲᠦᠮᠵᠢᠲᠡᠢ ᠠᠬᠢᠭᠤᠯᠵᠤ᠂ ᠠᠮᠤᠷ ᠲᠦᠪᠰᠢᠨ ᠪᠣᠯᠤᠨ ᠶᠠᠰᠤ ᠴᠢᠨᠠᠷ ᠢ ᠪᠠᠲᠤᠯᠠᠭᠰᠠᠨ ᠤᠷᠢᠲᠠᠯ ᠳᠣᠣᠷ᠎ᠠ᠂ ᠪᠠᠷᠢᠯᠭ᠎ᠠ ᠶᠢᠨ ᠠᠵᠢᠯ ᠤᠨ | ᠠᠬᠢᠴᠠ ᠶᠢ ᠪᠠᠴᠢᠮ ᠶᠠᠭᠠᠷᠠᠯᠲᠠᠢ ᠲᠦᠷᠭᠡᠳᠬᠡᠵᠦ᠂ ᠲᠦᠷᠦᠯ ᠵᠦᠢᠯ ᠢ ᠲᠦᠷᠭᠡᠨ ᠪᠠᠶᠢᠭᠤᠯᠤᠨ ᠪᠦᠲᠦᠭᠡᠬᠦ᠂ ᠡᠷᠲᠡ ᠠᠰᠢᠭᠯᠠᠯᠲᠠ ᠳᠤ ᠣᠷᠣᠭᠤᠯᠬᠤ ᠶᠢ ᠪᠦᠬᠦ | ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠶᠠᠰᠤ ᠴᠢᠨᠠᠷ ᠤᠨ ᠬᠢᠨᠠᠯᠲᠠ | ᠬᠠᠮᠢᠶᠠᠷᠤᠯᠲᠠ ᠪᠠ ᠬᠢᠨᠠᠯᠲᠠ ᠪᠠᠶᠢᠴᠠᠭᠠᠯᠲᠠ ᠶᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ | ᠨᠢᠭᠡᠪᠦᠷᠢ ᠶᠢ ᠴᠢᠨᠠᠷ ᠰᠠᠶᠢᠲᠠᠢ ᠢᠨᠵᠧᠨᠧᠷᠢᠩ᠂ ᠰᠣᠳᠣᠨ ᠢᠨᠵᠧᠨᠧᠷᠢᠩ᠂ ᠰᠠᠨᠠᠭ᠎ᠠ ᠠᠮᠤᠷ ᠢᠨᠵᠧᠨᠧᠷᠢᠩ ᠪᠣᠯᠭᠠᠨ ᠪᠦᠳᠦᠭᠡᠨ ᠪᠠᠶᠢᠭᠤᠯᠬᠤ ᠬᠡᠷᠡᠭᠲᠡᠢ᠃ ᠲᠡᠷᠡ᠂ | ᠡᠯ᠎ᠡ ᠲᠦᠷᠦᠯ ᠤᠨ ᠲᠠᠯᠠᠪᠠᠢ ᠣᠷᠳᠣᠨ ᠪᠣᠯᠤᠨ ᠲᠥᠬᠦᠭᠡᠷᠦᠮᠵᠢ ᠶᠢᠨ ᠡᠵᠡᠩᠨᠡᠯᠲᠡ ᠬᠠᠮᠢᠶᠠᠷᠤᠯᠲᠠ ᠳᠡᠭᠡᠷ᠎ᠡ ᠬᠦᠴᠦ ᠲᠠᠯᠪᠢᠵᠤ᠂ ᠨᠡᠶᠢᠲᠡ ᠶᠢᠨ ᠠᠰᠠᠷᠠᠮᠵᠢ ᠶᠢᠨ ᠰᠢᠨᠵᠢ | ᠴᠢᠨᠠᠷ ᠢ ᠲᠤᠪᠤᠶᠢᠯᠭᠠᠨ᠂ ᠦᠢᠯᠡᠴᠢᠯᠡᠭᠡᠨ ᠤ ᠴᠢᠳᠠᠮᠵᠢ ᠶᠢ ᠴᠢᠩᠭᠠᠳᠬᠠᠵᠤ᠂ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠨᠡᠮᠡᠭᠳᠡᠭᠦᠯᠦᠨ᠂ ᠬᠡᠷᠡᠭᠯᠡᠯᠲᠡ ᠶᠢᠨ ᠦᠷ᠎ᠡ | ᠪᠦᠲᠦᠮᠵᠢ ᠶᠢ ᠳᠡᠭᠡᠭᠰᠢᠯᠡᠭᠦᠯᠵᠦ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠦᠷᠭᠦᠯᠵᠢᠯᠡᠨ | ᠳᠡᠭᠡᠭᠰᠢᠯᠡᠭᠦᠯᠬᠦ ᠬᠡᠷᠡᠭᠲᠡᠢ᠃ |