ᠮᠤᠩᠭᠤᠯᠴᠤᠳ ᠤᠨ ᠴᠠᠭᠠᠨ ᠦᠩᠭᠡ ᠶᠢ ᠳᠡᠭᠡᠳᠦᠯᠡᠬᠦ ᠶᠤᠰᠤᠨ
ᠨᠡᠶᠢᠲᠡᠯᠡᠭᠰᠡᠨ ᠴᠠᠭ᠄
2023/10/9
      ᠠᠳᠠᠯᠢ ᠪᠤᠰᠤ ᠠᠴᠢᠶᠠᠯᠠᠪᠣᠷᠢ ᠨᠢ ᠬᠠᠳᠬᠤᠮᠠᠯ ᠪᠦᠲᠦᠭᠡᠯ ᠤᠨ ᠠᠳᠠᠯᠢ ᠪᠤᠰᠤ ᠬᠡᠪ ᠨᠠᠮᠪᠠ ᠶᠢ ᠪᠦᠳᠣᠭᠡᠳᠡᠭ᠃ ᠮᠣᠩᠭᠤᠯ ᠦᠨᠳᠦᠰᠦᠲᠡᠨ ᠤ ᠢᠰᠡᠭᠡᠶ ᠰᠢᠷᠢᠮᠡᠯ ᠪᠤᠯ ᠬᠤᠨ ᠴᠠᠭᠠᠨ ᠢᠰᠡᠭᠡᠶ᠂ ᠥᠪᠡᠷᠮᠢᠴᠡ ᠤᠲᠠᠰᠤ ᠪᠠ ᠦᠨᠳᠣᠰᠣᠳᠡᠨ ᠤ ᠣᠨᠴᠠᠯᠢᠭ ᠢᠶᠠᠷ ᠢᠶᠠᠨ ᠮᠠᠰᠢ ᠣᠯᠠᠨ ᠬᠠᠳᠬᠤᠮᠠᠯ ᠤᠨ ᠤᠷ᠎ᠠ ᠮᠡᠷᠭᠡᠵᠢᠯ ᠲᠣᠮᠳᠠ ᠠᠴᠠ ᠴᠣᠯᠭᠤᠷᠠᠨ ᠭᠠᠷᠴᠤ ᠢᠷᠡᠭᠰᠡᠨ ᠶᠤᠮ᠃ ᠴᠠᠭᠠᠨ ᠢᠰᠡᠭᠡᠢ ᠪᠣᠯ ᠪᠠᠶᠠᠨ ᠴᠢᠨᠡᠭᠡᠯᠢᠭ ᠪᠠ ᠰᠠᠶᠢᠨ ᠰᠠᠶᠢᠬᠠᠨ ᠤ ᠪᠡᠯᠭᠡᠳᠠᠯ ᠪᠣᠯᠬᠤ ᠮᠦᠷᠳᠡᠭᠡᠨ ᠲᠡᠷᠡ ᠨᠢ ᠪᠠᠰᠠ ᠴᠢᠬᠤᠯᠨ ᠬᠡᠷᠡᠭᠯᠡᠭᠡᠨ ᠤ ᠦᠨ᠎ᠡ ᠦᠷᠳᠡᠭ ᠲᠠᠢ ᠪᠠᠶᠢᠵᠦ᠂ ᠪᠠᠬᠢᠯᠢᠭ᠌᠂ ᠨᠠᠷᠢᠯᠢᠭ ᠬᠢᠴᠡ ᠲᠠᠢ ᠪᠠᠷ ᠢᠶᠠᠨ ᠠᠮᠢᠳᠤᠷᠠᠯ ᠤᠨ ᠣᠯᠠᠨ ᠲᠠᠯ᠎ᠠ ᠳᠤ ᠥᠷᠭᠡᠨ ᠢᠶᠠᠷ ᠬᠡᠷᠡᠭᠯᠡᠭᠳᠡᠳᠡᠭ᠃ ᠮᠤᠩᠭᠤᠯᠴᠤᠳ ᠤᠨ ︽ᠢᠰᠡᠭᠡᠶ ᠰᠢᠷᠢᠮᠡᠯ︾ ᠤᠨ ᠤᠷ᠎ᠠ ᠮᠡᠷᠭᠡᠵᠢᠯ ᠨᠢ ᠴᠠᠭ ᠬᠤᠭᠤᠴᠠᠭᠠᠨ ᠤ ᠤᠷᠤᠰᠤᠯᠲᠠ ᠶᠢ ᠳᠠᠭᠠᠯᠳᠤᠨ᠂ ᠡᠳᠦᠷ ᠢᠷᠡᠬᠦᠶ᠎ᠡ ᠪᠦᠷᠢᠨᠰᠢᠨ ᠲᠡᠭᠦᠯᠳᠡᠷᠵᠢᠭᠰᠡᠨ ᠶᠤᠮ᠃ ᠰᠦᠨᠢᠳ ᠢᠰᠡᠭᠡᠢ ᠰᠢᠷᠢᠮᠡᠯ ᠪᠣᠯ ᠮᠣᠩᠭᠤᠯ ᠦᠨᠳᠦᠰᠦᠲᠡᠨ ᠤ ᠢᠰᠡᠭᠡᠢ ᠰᠢᠷᠢᠮᠡᠯ ᠤᠷᠠᠯᠢᠭ ᠤᠨ ᠨᠡᠶᠢᠲᠡᠯᠢᠭ ᠲᠦᠯᠣᠭᠡᠯᠡᠭᠴᠢ ᠪᠣᠯᠬᠤ ᠶᠤᠮ᠃ ᠤᠷᠲᠤ ᠤᠳᠠᠭᠠᠨ ᠲᠡᠦᠬᠡ ᠲᠠᠢ᠂ ᠥᠷᠭᠡᠨ ᠳᠡᠯᠭᠡᠷ ᠲᠠᠷᠬᠠᠯᠲᠠ ᠲᠠᠢ᠂ ᠬᠤᠶᠠᠷ ᠰᠥᠨᠢᠳ ᠬᠤᠰᠢᠭᠤᠨ ᠤ ᠶᠡᠬᠡᠩᠬᠢ ᠮᠠᠯᠴᠢᠨ ᠡᠮᠡᠭᠲᠡᠶᠢᠴᠦᠳ ᠪᠦᠷ ᠡᠶᠢᠮᠦᠷᠬᠦᠦ ᠢᠰᠡᠭᠡᠶ ᠰᠢᠷᠢᠮᠡᠯ ᠢ ᠣᠷᠠᠯᠠᠵᠣ ᠴᠢᠳᠠᠨ᠎ᠠ᠃ ᠲᠣᠰ ᠲᠥᠷᠥᠯ ᠵᠦᠢᠯ ᠨᠢ ᠣᠲᠣ ᠨᠢᠭᠡᠨᠲᠡ ᠤᠯᠤᠰ ᠤᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠪᠣᠯᠵᠣ᠂ ᠣᠳᠣᠬᠠᠨ ᠳᠤ ᠤᠯᠤᠰ ᠤᠨ ᠲᠠᠰ ᠤᠨ ᠤᠯᠠᠮᠵᠢᠯᠠᠭᠴᠢ 1᠂ ᠦᠪᠣᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠤᠯᠠᠮᠵᠢᠯᠠᠭᠴᠢ 2᠂ ᠬᠤᠰᠢᠭᠤᠨ ᠲᠠᠰ ᠤᠨ ᠤᠯᠠᠮᠵᠢᠯᠠᠭᠴᠢ 36᠂ ᠭᠠᠷ ᠤᠷᠠᠯᠠᠯ ᠡᠷᠭᠢᠯᠡᠨ ᠬᠢᠭᠴᠢ 500 ᠭᠠᠷᠤᠶ ᠬᠥᠮᠦᠨ ᠪᠣᠯᠣᠭᠰᠠᠨ ᠪᠠᠶᠢᠨ᠎ᠠ᠃ ᠢᠰᠡᠭᠡᠶ ᠰᠢᠷᠢᠮᠡᠯ ᠢ ᠣᠷᠠᠯᠠᠬᠤ ᠳᠤ ᠲᠤᠩ ᠬᠦᠴᠢᠷ ᠬᠡᠵᠣ ᠬᠦᠮᠣᠰ ᠶᠠᠷᠢᠳᠠᠭ᠃ ᠤᠴᠢᠷ ᠨᠢ ᠲᠡᠭᠦᠨ ᠢ ᠵᠥᠭᠡᠯᠡᠨ ᠪᠥᠰ ᠲᠡᠭᠡᠷ᠎ᠡ ᠬᠠᠳᠬᠤᠵᠤ ᠪᠣᠯᠬᠤ ᠪᠠᠷ ᠪᠠᠷᠠᠬᠤ ᠥᠬᠡᠶ ᠪᠠᠰᠠ ᠲᠡᠮᠡᠭᠡᠨ ᠣᠩᠭᠠᠰᠣᠨ ᠣᠳᠠᠰᠣ᠂ ᠦᠬᠡᠷ ᠤᠨ ᠰᠢᠷᠪᠥᠰᠥ ᠵᠡᠷᠭᠡ ᠪᠦᠳᠦᠭᠦᠨ ᠤᠲᠠᠰᠤ ᠪᠠᠷ ᠢᠰᠡᠭᠡᠶ᠂ ᠠᠷᠠᠰᠤᠨ ᠭᠤᠲᠤᠯ ᠵᠡᠷᠭᠡ ᠬᠠᠲᠠᠭᠤ ᠪᠠᠷᠠᠭᠠᠨ ᠳᠡᠭᠡᠷ᠎ᠡ ᠰᠢᠷᠢᠵᠦ ᠪᠣᠯᠳᠠᠭ᠃ ᠡᠶᠢᠮᠦ ᠠᠴᠠ ᠰᠢᠷᠢᠮᠡᠯᠴᠢᠨ ᠪᠦᠰᠡᠭᠦ᠋ᠢᠴᠤᠳ ᠤᠨ ᠬᠤᠷᠤᠭᠤᠪᠴᠢ ᠨᠢ ᠬᠦᠷᠲᠡᠯ᠎ᠡ ᠡ᠊ᠩ ᠤᠨ ᠬᠤᠷᠤᠭᠤᠪᠴᠢ ᠲᠠᠢ ᠠᠳᠠᠯᠢ ᠥᠬᠡᠶ ᠠᠵᠠᠢ᠃ ᠴᠢᠩᠭ᠎ᠠ ᠴᠢᠮᠪᠠᠢ ᠬᠡᠪ ᠨᠠᠮᠪᠠ ᠨᠢ ᠲᠡᠬᠦᠨ ᠤ ᠨᠥᠭᠦᠭᠡ ᠨᠢᠭᠡ ᠢᠯᠡ ᠲᠣᠳᠣ ᠣᠨᠴᠠᠯᠢᠭ ᠪᠦᠭᠡᠳ ᠡᠨᠡ ᠨᠢ ᠮᠦᠨᠴᠤ ᠡᠩ ᠤᠨ ᠬᠥᠮᠦᠰ ᠤᠨ ᠢᠰᠡᠭᠡᠶ ᠰᠢᠷᠢᠮᠡᠯ ᠤᠨ ᠲᠤᠬᠠᠶ ᠬᠠᠮᠤᠭ ᠤᠨ ᠰᠢᠭᠤᠳ ᠤᠶᠢᠯᠠᠭᠠᠯᠲᠠ ᠪᠣᠯᠤᠨ᠎ᠠ᠃       ᠮᠣᠩᠭᠤᠯ ᠦᠨᠳᠦᠰᠦᠲᠡᠨ ᠤ ᠬᠠᠳᠬᠤᠮᠠᠯ ᠤᠨ ᠤᠷᠠᠯᠢᠭ ᠨᠢ ᠲᠥᠪ ᠶᠡᠬᠡᠮᠰᠦᠭ ᠪᠠ ᠪᠣᠷᠣᠭᠵᠢᠭᠤᠨ ᠢᠶᠠᠷ ᠢᠶᠠᠨ ᠪᠣᠰᠣᠳ ᠬᠠᠳᠬᠤᠮᠠᠯ ᠠᠴᠠ ᠤᠨᠴᠠᠯᠢᠭᠳᠠᠵᠦ ᠂ ᠤᠷᠠᠨ ᠠᠮᠢᠳᠤᠯᠢᠭ ᠬᠳᠬᠤᠬᠤ ᠠᠷᠭ᠎ᠠ᠂ ᠬᠤᠷᠴᠠ ᠲᠣᠳᠣ ᠵᠢᠷᠤᠭᠠᠰᠤ ᠲᠦᠯᠦᠪ᠂ ᠨᠠᠷᠢᠯᠢᠭ ᠮᠥᠷᠲᠡᠭᠡᠨ ᠤᠮᠤᠭᠯᠠᠩ ᠰᠦᠷᠯᠢᠭ ᠬᠠᠳᠬᠤᠮᠠᠯ ᠤᠨ ᠪᠠᠭᠠᠵᠢ ᠨᠢ ᠢᠯᠡ ᠲᠣᠳᠣ ᠦᠨᠳᠦᠰᠦᠲᠡᠨ ᠤ ᠥᠩᠭᠡ ᠪᠤᠳᠤᠭ ᠬᠠᠳᠠᠭᠠᠯᠠᠭᠳᠠᠨ᠎ᠠ᠃ ᠢᠰᠡᠭᠡᠢ ᠰᠢᠷᠢᠮᠡᠯ ᠨᠢ ᠰᠣᠶᠣᠯ ᠤᠨ ᠪᠠ ᠠᠵᠤ ᠠᠬᠤᠢ ᠶᠢᠨ ᠦᠨ᠎ᠡ ᠦᠷᠳᠡᠭ ᠲᠠᠢ ᠪᠠᠷ ᠪᠠᠷᠠᠬᠤ ᠦᠭᠡᠢ᠂ ᠪᠠᠰᠠ ᠠᠮᠢ ᠠᠬᠤᠢ ᠶᠢᠨ ᠦᠨ᠎ᠡ ᠦᠷᠳᠡᠭ ᠲᠠᠢ ᠪᠠᠶᠢᠵᠤ᠂ ᠢᠰᠡᠭᠡᠢ ᠴᠢᠮᠡᠭᠯᠡᠬᠦ ᠠᠷᠭ᠎ᠠ᠂ ᠬᠡᠷᠡᠭᠯᠡᠬᠦ ᠪᠠᠭᠠᠵᠢ᠂ ᠢᠰᠡᠭᠡᠢ ᠶᠢᠨ ᠬᠡᠷᠡᠭᠴᠡᠭᠡ ᠵᠡᠷᠭᠡ ᠲᠠᠯ᠎ᠠ ᠪᠠᠷ ᠢᠯᠡᠷᠡᠵᠦ᠂ ᠲᠡᠭᠦᠨ ᠤ ᠬᠥᠭᠵᠢᠯᠲᠡ ᠨᠢ ᠨᠢᠭᠡ ᠦᠨᠳᠦᠰᠦᠲᠡᠨ ᠪᠠ ᠨᠢᠭᠡ ᠴᠠᠭ ᠦᠶ᠎ᠡ ᠶᠢᠨ ᠲᠡᠦᠬᠡ ᠰᠣᠶᠣᠯ ᠪᠠ ᠤᠶᠤᠨ ᠰᠠᠨᠠᠭᠠᠨ ᠤ ᠢᠲᠡᠭᠡᠯ ᠪᠢᠰᠢᠷᠡᠯ ᠢ ᠠᠴᠢᠶᠠᠯᠠᠵᠤ ᠪᠠᠶᠢᠳᠠᠭ᠃ ᠴᠠᠭ ᠦᠶ᠎ᠡ ᠶᠢᠨ ᠲᠠᠪᠰᠢᠯᠳᠠ ᠪᠠ ᠠᠮᠢᠳᠤᠷᠠᠯ ᠤᠨ ᠲᠦᠪᠰᠢᠨ ᠳᠡᠭᠡᠭᠰᠢᠯᠡᠭᠰᠡᠨ ᠠᠴᠠ ᠨᠡᠭᠦᠳᠡᠯᠴᠢᠨ ᠦᠨᠳᠦᠰᠦᠲᠡᠨ ᠤ ᠠᠮᠢᠳᠣᠷᠠᠯ ᠪᠠ ᠦᠢᠯᠡᠳᠪᠦᠷᠢᠯᠡᠯ ᠤᠨ ᠠᠷᠭ᠎ᠠ ᠮᠠᠶ᠋ᠢᠭ ᠮᠠᠰᠢ ᠶᠡᠭᠡ ᠬᠤᠪᠢᠷᠠᠯᠲᠠ ᠭᠠᠷᠴᠤ᠂ ᠮᠣᠩᠭᠤᠯ ᠦᠨᠳᠦᠰᠦᠲᠡᠨ ᠤ ᠤᠯᠠᠮᠵᠢᠯᠠᠯᠲᠤ ᠢᠰᠡᠭᠡᠢ ᠰᠢᠷᠢᠮᠡᠯ ᠢ ᠪᠠᠭᠲᠠᠭᠠᠭᠰᠠᠨ ᠮᠠᠰᠢ ᠤᠯᠠᠨ ᠰᠢᠯᠢᠳᠡᠭ ᠤᠯᠠᠮᠵᠢᠯᠠᠯᠲᠤ ᠭᠠᠷ ᠤᠷᠠᠯᠠᠯ ᠨᠢ ᠬᠥᠮᠦᠰ ᠤᠨ ᠠᠮᠢᠳᠤᠷᠠᠯ ᠠᠴᠠ ᠠᠭᠠᠵᠢᠮ ᠢᠶᠠᠷ ᠰᠠᠯᠣᠩᠬᠢᠷᠠᠭᠰᠠᠨ ᠪᠠᠶᠢᠨ᠎ᠠ᠃ ᠵᠠᠬ᠎ᠠ ᠳᠡᠯᠭᠡᠭᠦᠷ ᠳᠡᠭᠡᠷᠡᠬᠢ ᠤᠯᠠᠮᠵᠢᠯᠠᠯᠲᠤ ᠭᠠᠷ ᠤᠷᠠᠯᠠᠯ ᠤᠨ ᠪᠦᠲᠦᠭᠡᠭᠳᠡᠬᠦᠨ᠂ ᠦᠨᠳᠦᠰᠦᠲᠡᠨ ᠤ ᠳᠤᠷᠠᠰᠬᠠᠯ ᠤᠨ ᠪᠦᠲᠦᠭᠡᠭᠳᠡᠬᠦᠨ ᠤ ᠣᠯᠠᠩᠬᠢ ᠨᠢ ᠣᠳᠣ ᠦᠶ᠎ᠡ ᠶᠢᠨ ᠬᠥᠮᠦᠰ ᠤᠨ ᠭᠤᠸ᠎ᠠ ᠲᠠᠭᠠᠰᠢᠶᠠᠯ ᠤᠨ ᠦᠵᠡᠯᠲᠡ ᠪᠠ ᠬᠡᠷᠡᠭᠴᠡᠭᠡ ᠳᠤ ᠨᠡᠶᠢᠴᠡᠬᠦ ᠦᠭᠡᠶ ᠪᠣᠯᠵᠤ᠂ ᠢᠰᠡᠭᠡᠶ ᠰᠢᠷᠢᠮᠡᠯ ᠨᠢ ᠨᠠᠩ ᠣᠯᠠᠨ ᠠᠴᠢᠶᠠᠯᠠᠭᠴᠢ ᠬᠡᠷᠡᠭᠰᠡᠮᠡᠨᠵᠢᠨ ᠰᠠᠶ᠋ᠢ ᠤᠯᠠᠮᠵᠢᠯᠠᠯᠲᠤ ᠭᠠᠷ ᠤᠷᠠᠯᠠᠯ ᠤᠨ ᠵᠠᠯᠭᠠᠮᠵᠢᠯᠠᠯ ᠪᠠ ᠬᠥᠭᠵᠢᠯᠲᠡ ᠶᠢ ᠪᠡᠶᠡᠯᠡᠭᠦᠯᠦᠨ᠎ᠡ᠃ ᠡᠨᠡ ᠬᠦ ᠦᠵᠡᠭᠳᠡᠯ ᠢ ᠰᠦᠨᠢᠳᠴᠤᠤᠯ ᠮᠠᠰᠢ ᠴᠢᠬᠤᠯᠠᠴᠢᠯᠠᠨ ᠦᠵᠡᠵᠦ᠂ ᠢᠰᠡᠭᠡᠢ ᠰᠢᠷᠢᠮᠡᠯ ᠢ ᠬᠠᠮᠠᠭᠠᠯᠠᠬᠤ ᠪᠠ ᠵᠠᠯᠭᠠᠮᠵᠢᠯᠠᠨ ᠬᠥᠭᠵᠢᠭᠦᠯᠬᠦ ᠠᠵᠢᠯ ᠳᠤ ᠮᠠᠰᠢ ᠤᠯᠠᠨ ᠴᠢᠷᠮᠠᠶᠢᠯᠭ᠎ᠠ ᠭᠠᠷᠭᠠᠵᠤ᠂ ᠢᠰᠡᠭᠡᠶ ᠰᠢᠷᠢᠮᠡᠯ ᠢ ᠢᠯᠡ ᠲᠣᠳᠣ ᠣᠨᠴᠠᠯᠢᠭ ᠪᠥᠬᠦᠶ ᠮᠣᠩᠭᠤᠯ ᠦᠨᠳᠦᠰᠦᠲᠡᠨ ᠤ ᠭᠠᠷ ᠤᠷᠠᠯᠠᠯ ᠤᠨ ᠳᠠᠭᠠᠭᠤᠯᠤᠭᠴᠢ ᠪᠣᠯᠭᠠᠬᠤ ᠪᠠᠷ ᠵᠣᠷᠢᠭ ᠰᠢᠭᠤᠳᠤᠭᠰᠠᠨ ᠪᠠᠶᠢᠨ᠎ᠠ᠃ ᠣᠳᠣᠬᠠᠨ ᠳᠤ᠂ ᠰᠥᠨᠢᠳ ᠤᠨ ᠮᠣᠩᠭᠤᠯ ᠭᠡᠷ ᠤᠨ ᠢᠰᠡᠭᠡᠢ ᠰᠢᠷᠢᠮᠡᠯ᠂ ᠢᠰᠡᠭᠡᠢ ᠡᠮᠤᠰᠭᠡᠯ᠂ ᠢᠰᠡᠭᠡᠢ ᠭᠤᠲᠤᠯ᠂ ᠡᠮᠡᠭᠡᠯ ᠤᠨ ᠲᠤᠬᠤᠮ᠂ ᠲᠡᠮᠡᠭᠡᠨ ᠲᠤᠬᠤᠰᠢ ᠵᠡᠷᠭᠡ ᠢᠰᠡᠭᠡᠢ ᠰᠢᠷᠢᠮᠡᠯ ᠤᠨ ᠪᠦᠲᠦᠭᠡᠯ ᠵᠠᠯᠭ᠎ᠠ ᠵᠠᠯᠭ᠎ᠠ ᠪᠠᠷ ᠭᠠᠷᠴᠤ᠂ ᠰᠢᠨ᠎ᠡ ᠪᠠᠷ ᠡᠭᠦᠳᠦᠭᠰᠡᠨ ᠲᠡᠪᠡᠷᠢ ᠳᠡᠷ᠎ᠡ᠂ ᠱᠠᠹᠠ ᠶᠢᠨ ᠳᠡᠪᠢᠰᠬᠡᠷ᠂ ᠭᠠᠷ ᠤᠲᠠᠰᠤᠨ ᠤ ᠳᠤᠭᠲᠤᠢ᠂ ᠺᠣᠮᠫᠢᠦ᠋ᠲ᠋ᠧᠷ ᠲᠧᠯᠸᠢᠰ ᠤᠨ ᠪᠦᠲᠡᠭᠡᠯᠭᠡ ᠂ ᠪᠣᠭᠴᠣ᠂ ᠪᠢᠷ ᠤᠨ ᠲᠦᠩᠰᠡ ᠵᠡᠷᠭᠡ ᠡᠭᠦᠰᠦᠮᠡᠯ ᠡᠳ᠋ ᠨᠢ ᠥᠪᠥᠷ ᠮᠣᠩᠭᠤᠯ ᠤᠨ ᠢᠰᠡᠭᠡᠢ ᠰᠢᠷᠢᠮᠡᠯ ᠤᠨ ᠨᠡᠷ᠎ᠡ ᠶᠢ ᠮᠠᠨᠳᠣᠭᠤᠯᠣᠭᠰᠠᠨ ᠪᠠᠶᠢᠨ᠎ᠠ᠃ ᠡᠷᠲᠡᠨ ᠤ ᠰᠦᠨᠢᠳ ᠤᠨ ᠢᠰᠡᠭᠡᠢ ᠰᠢᠷᠢᠮᠡᠯ ᠤᠨ ᠤᠷ᠎ᠠ ᠮᠡᠷᠭᠡᠵᠢᠯ ᠨᠢ ᠬᠦᠮᠣᠰ ᠤᠨ ᠡᠮᠣᠨ᠎ᠡ ᠳᠠᠬᠢᠨ ᠨᠢᠭᠡ ᠤᠳᠠᠭ᠎ᠠ ᠢᠯᠡᠷᠡᠭᠰᠡᠨ ᠪᠦᠭᠡᠳ ᠠᠭᠠᠵᠢᠮ ᠢᠶᠠᠷ ᠳᠡᠯᠭᠡᠷᠡᠵᠦ ᠡᠬᠢᠯᠡᠪᠡ᠃ ᠰᠥᠨᠢᠳ ᠤᠨ ᠢᠰᠡᠭᠡᠢ ᠰᠢᠷᠢᠮᠡᠯ ᠤᠨ ᠭᠠᠷ ᠤᠷᠠᠯᠠᠯ ᠨᠢ ᠠᠴᠢᠶᠠᠯᠠᠭᠴᠢ ᠪᠤᠶᠤ ᠰᠢᠷᠢᠮᠡᠯ ᠤᠨ ᠬᠡᠪ ᠨᠠᠮᠪᠠ ᠭᠡᠰᠡᠨ ᠦᠭᠡᠢ ᠴᠦᠮ ᠨᠡᠭᠦᠳᠡᠯᠴᠢᠨ ᠦᠨᠳᠦᠰᠦᠲᠡᠨ ᠤ ᠣᠨᠴᠠᠯᠢᠭ ᠢᠶᠠᠷ ᠲᠤᠩ ᠴᠢᠩᠭ᠎ᠠ ᠴᠢᠮᠪᠠᠢ ᠬᠠᠷᠠᠭᠳᠠᠨ᠎ᠠ᠃ ᠮᠦᠩᠭᠦᠨᠴᠠᠴᠡᠭ ᠰᠥᠨᠢᠳ ᠵᠡᠭᠦᠨ ᠬᠤᠰᠢᠭᠤᠨ ᠤ ᠰᠠᠶᠢᠬᠠᠨ ᠭᠤᠪᠢ ᠰᠤᠮᠤᠨ ᠳᠤ ᠲᠦᠷᠦᠵᠤ᠂ ᠪᠠᠭ᠎ᠠ ᠠᠴᠠ ᠪᠠᠨ ᠡᠵᠢ ᠠᠴᠠ ᠪᠠᠨ ᠢᠰᠡᠭᠡᠢ ᠰᠢᠷᠢᠮᠡᠯ ᠰᠤᠷᠴᠤ᠂ ᠭᠡᠷ ᠪᠦᠯᠢ ᠶᠢᠨ ᠤᠯᠠᠮᠵᠢᠯᠠᠯ ᠤᠨ ᠬᠡᠯᠪᠡᠷᠢ ᠪᠠᠷ ᠰᠢᠯᠢ ᠶᠢᠨ ᠭᠤᠣᠯ ᠤᠨ ᠲᠠᠯ᠎ᠠ ᠨᠤᠲᠤᠭ ᠤᠨ ᠮᠣᠩᠭᠤᠯ ᠦᠨᠳᠦᠰᠦᠲᠡᠨ ᠤ ᠤᠯᠠᠮᠵᠢᠯᠠᠯᠲᠤ ᠢᠰᠡᠭᠡᠢ ᠰᠢᠷᠢᠮᠡᠯ ᠤᠨ ᠤᠷ᠎ᠠ ᠮᠡᠷᠭᠡᠵᠢᠯ ᠢ ᠰᠢᠰᠲ᠋ᠧᠮ ᠲᠠᠢ ᠪᠠᠷ ᠤᠯᠠᠮᠵᠢᠯᠠᠵᠠᠢ᠃      2017 ᠣᠨ ᠤ 12 ᠰᠠᠷ᠎ᠠ ᠶᠢᠨ 28 ᠤ ᠡᠳᠦᠷ᠂ ᠰᠣᠶᠣᠯ ᠤᠨ ᠶᠠᠮᠤᠨ ᠲᠠᠪᠤᠳᠤᠭᠠᠷ ᠪᠦᠯᠦᠭ ᠤᠨ ᠤᠯᠤᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠤᠨ ᠲᠥᠯᠥᠭᠡᠯᠡᠬᠦ ᠴᠢᠨᠠᠷᠲᠠᠶ ᠤᠯᠠᠮᠵᠢᠯᠠᠭᠴᠢ ᠶᠢᠨ ᠲᠠᠨᠢᠯᠴᠠᠭᠤᠯᠬᠤ ᠨᠡᠷᠡᠰ ᠢ ᠵᠠᠷᠯᠠᠨ ᠨᠡᠶᠢᠲᠡᠯᠡᠵᠦ᠂ ᠮᠦᠩᠭᠦᠨᠴᠠᠴᠡᠭ ᠤᠨ ᠮᠣᠩᠭᠤᠯ ᠦᠨᠳᠦᠰᠦᠲᠡᠨ ᠤ ᠨᠠᠷᠢᠯᠢᠭ ᠰᠠᠶᠢᠬᠠᠨ ᠬᠠᠳᠬᠤᠮᠠᠯ ︵ᠢᠰᠡᠭᠡᠶ ᠰᠢᠷᠢᠮᠡᠯ ᠤᠨ ᠤᠷ᠎ᠠ ᠮᠡᠷᠭᠡᠰᠢᠯ︶ ᠤᠨ ᠭᠠᠷ ᠤᠷᠠᠯᠠᠯ ᠢ ᠤᠯᠤᠰ ᠤᠨ ᠲᠠᠰ ᠤᠨ ᠤᠯᠠᠮᠵᠢᠯᠠᠭᠴᠢ ᠪᠠᠷ ᠰᠤᠩᠭᠤᠨ ᠳᠡᠪᠰᠢᠭᠦᠯᠵᠠᠢ᠃ ᠲᠡᠭᠦᠨ ᠤ ᠤᠷ᠎ᠠ ᠮᠡᠷᠭᠡᠵᠢᠯ ᠨᠢ ᠰᠥᠨᠢᠳ ᠤᠨ ᠢᠰᠡᠭᠡᠢ ᠰᠢᠷᠢᠮᠡᠯ ᠤᠨ ᠤᠷ᠎ᠠ ᠮᠡᠷᠭᠡᠵᠢᠯ ᠢ ᠡᠵᠡᠮᠰᠢᠭᠰᠡᠨ ᠬᠥᠮᠦᠰ ᠤᠨ ᠳᠤᠮᠳᠠ ᠲᠥᠯᠥᠭᠡᠯᠡᠬᠦ ᠴᠢᠨᠠᠷ ᠪᠠ ᠥᠷᠭᠡᠨ ᠳᠡᠯᠭᠡᠷ ᠨᠥᠯᠥᠭᠡᠯᠡᠬᠦ ᠬᠦᠴᠦᠨ ᠲᠠᠢ ᠶᠤᠮ᠃ ᠤᠷᠳᠤ ᠬᠤᠭᠤᠴᠠᠭᠠᠨ ᠤ ᠬᠠᠮᠠᠭᠠᠯᠠᠬᠤ ᠪᠠ ᠤᠯᠠᠮᠵᠢᠯᠠᠨ ᠵᠠᠯᠭᠠᠮᠵᠢᠯᠠᠬᠤ ᠠᠵᠢᠯ ᠤᠨ ᠳᠤᠮᠳᠠ᠂ ᠮᠦᠩᠭᠦᠨᠴᠠᠴᠡᠭ ᠮᠣᠩᠭᠤᠯ ᠦᠨᠳᠦᠰᠦᠲᠡᠨ ᠤ ᠬᠠᠳᠬᠤᠮᠠᠯ ᠤᠨ ᠵᠠᠩᠭᠢᠯᠠᠭ᠎ᠠ ᠶᠢᠨ ᠴᠢᠨᠠᠷᠲᠠᠢ ᠭᠠᠷ ᠤᠷᠠᠯᠠᠯ ᠤᠨ ᠮᠡᠷᠭᠡᠵᠢᠯ ᠪᠠ ᠡᠯ᠎ᠡ ᠵᠦᠢᠯ ᠤᠨ ᠬᠠᠳᠬᠤᠮᠠᠯ ᠣᠶᠣᠬᠤ ᠠᠷᠭ᠎ᠠ ᠶᠢ ᠡᠵᠡᠮᠰᠢᠵᠦ᠂ ᠭᠤᠴᠣ ᠰᠠᠶᠢᠬᠠᠨ ᠦᠨᠳᠦᠰᠦᠲᠡᠨ ᠤ ᠵᠢᠷᠤᠭ ᠳᠦᠷᠰᠦ ᠪᠠᠷ ᠲᠠᠯ᠎ᠠ ᠨᠤᠲᠤᠭ ᠤᠨ ᠦᠨᠳᠦᠰᠦᠲᠡᠨ ᠤ ᠤᠯᠠᠮᠵᠢᠯᠠᠯᠲᠤ ᠰᠣᠶᠣᠯ ᠪᠠ ᠭᠤᠸ᠎ᠠ ᠲᠠᠭᠠᠰᠢᠶᠠᠯ ᠤᠨ ᠳᠤᠷ᠎ᠠ ᠰᠣᠨᠢᠷᠬᠠᠯ ᠢ ᠳᠡᠯᠭᠡᠨ ᠦᠵᠡᠭᠦᠯᠵᠦ᠂ ᠥᠪᠡᠷ ᠤᠨ ᠤᠷ᠎ᠠ ᠮᠡᠷᠭᠡᠵᠢᠯ ᠤᠨ ᠣᠨᠴᠠᠯᠢᠭ ᠪᠠ ᠥᠪᠡᠷᠮᠢᠴᠡ ᠬᠡᠪ ᠨᠠᠮᠪᠠ ᠶᠢ ᠪᠦᠷᠢᠯᠳᠦᠭᠦᠯᠵᠡᠢ᠃ ᠣᠯᠠᠮᠵᠢᠯᠠᠨ ᠵᠠᠯᠭᠠᠮᠵᠢᠯᠠᠬᠤ ᠠᠵᠢᠯ ᠳᠤ ᠬᠠᠯᠠᠭᠤᠨ ᠰᠡᠳᠬᠢᠯ ᠲᠠᠢ ᠪᠠᠶᠢᠵᠣ᠂ ᠵᠢᠯ ᠪᠦᠷᠢ ᠨᠢᠭᠡ ᠪᠦᠯᠦᠭ ᠢᠰᠡᠭᠡᠢ ᠰᠢᠷᠢᠮᠡᠯ ᠪᠦᠲᠦᠭᠡᠯ ᠢ ᠦᠢᠯᠡᠳᠴᠦ ᠡᠯ᠎ᠡ ᠵᠦᠢᠯ ᠤᠨ ᠤᠷᠤᠯᠳᠤᠭᠠᠨ ᠳᠤ ᠣᠷᠣᠯᠴᠠᠳᠠᠭ ᠪᠥᠭᠡᠳ ᠤᠯᠤᠰ ᠤᠨ ᠳᠣᠲᠣᠭᠠᠳᠤ ᠭᠠᠳᠠᠭᠠᠳᠤ ᠶᠢᠨ ᠪᠣᠳᠠᠰ ᠤᠨ ᠪᠤᠰᠤ ᠰᠣᠶᠣᠯ ᠤᠨ ᠥᠪ ᠤᠨ ᠦᠵᠡᠰᠬᠦᠯᠡᠩ ᠳᠤ ᠣᠯᠠᠨ ᠤᠳᠠᠭ᠎ᠠ ᠣᠷᠣᠯᠴᠠᠵᠣ᠂ ᠲᠡᠭᠦᠨ ᠤ ᠪᠦᠳᠦᠭᠡᠯ ᠨᠢ ᠠᠵᠢᠯ ᠲᠦᠷᠦᠯ ᠤᠨ ᠬᠢᠨ ᠵᠢᠴᠢ ᠨᠡᠶᠢᠭᠡᠮ ᠳᠤ ᠮᠡᠳᠡᠷᠡᠭᠳᠡᠭᠰᠡᠨ ᠲᠥᠯᠥᠭᠡᠯᠡᠬᠦ ᠴᠢᠨᠠᠷᠲᠠᠢ ᠪᠦᠲᠦᠭᠡᠯ ᠪᠣᠯᠤᠭᠰᠠᠨ ᠪᠠᠶᠢᠨ᠎ᠠ᠃ ᠲᠡᠷᠡ ᠢᠰᠡᠭᠡᠶ ᠰᠢᠷᠢᠮᠡᠯ ᠤᠨ ᠤᠷ᠎ᠠ ᠮᠡᠷᠭᠡᠵᠢᠯ ᠢ ᠥᠬᠢᠨ ᠲᠦᠭᠡᠶᠢᠮ᠎ᠠ ᠳᠠᠭᠠᠨ ᠤᠯᠠᠮᠵᠢᠯᠠᠨ ᠥᠭᠴᠦ᠂ ᠥᠬᠢᠨ ᠨᠢ 2013 ᠣᠨ ᠳᠤ ᠪᠡᠭᠡᠵᠢᠩ ᠤᠨ ︽ᠠᠽᠢᠶ᠎ᠠ ᠲᠢᠪ ᠤᠨ ᠣᠨᠴᠠ ᠳᠡᠰ ᠳᠠᠪᠠᠭᠰᠠᠨ ᠣᠯᠠᠨ ᠤᠯᠤᠰ ᠤᠨ ᠰᠣᠶᠣᠯ ᠤᠷᠠᠯᠢᠭ ᠤᠨ ᠰᠣᠯᠢᠯᠴᠠᠭᠠᠨ ᠤ ᠠᠵᠢᠯᠯᠠᠭ᠎ᠠ︾ ᠳᠤ ᠣᠷᠣᠯᠴᠠᠵᠤ᠂ ᠭᠠᠷ ᠤᠷᠠᠯᠠᠯ ᠤᠨ ᠣᠨᠴᠠ ᠱᠠᠩᠨᠠᠯ ᠬᠦᠷᠳᠡᠵᠠᠢ᠃  
ᠢᠷᠡᠯᠲᠡ᠄ ᠰᠢᠯᠢ ᠶᠢᠨ ᠭᠤᠤᠯ ᠠᠶᠢᠮᠠᠭ ᠤᠨ ᠵᠠᠰᠠᠭ ᠤᠨ ᠶᠠᠪᠤᠳᠠᠯ ᠤᠨ ᠮᠤᠩᠭᠤᠯ ᠰᠦᠯᠵᠢᠶ᠎ᠡ