ᠭᠡᠷ ᠪᠦᠯᠢ ᠶᠢᠨ ᠰᠤᠷᠭᠠᠨ ᠬᠦᠮᠦᠵᠢᠯ ᠳᠤ ᠤᠯᠠᠩᠬᠢ ᠬᠦᠮᠦᠰ ᠬᠡᠦᠬᠡᠳ ᠤᠨ ᠡᠳᠦᠢ ᠳᠡᠳᠦᠢ ᠠᠰᠠᠭᠤᠳᠠᠯ ᠢ ᠬᠤᠪᠢᠷᠠᠭᠤᠯᠬᠤ ᠬᠡᠮᠡᠨ ᠤᠭᠤᠷᠠᠭ ᠲᠠᠷᠢᠬᠢ ᠪᠠᠨ | ᠰᠢᠪᠬᠠᠳᠠᠭ᠃ ᠪᠠᠰᠠ ᠤᠯᠠᠨ ᠬᠡᠦᠬᠡᠳ ᠳᠤᠰᠬᠠᠢ ᠵᠢᠭᠠᠵᠤ ᠳᠤᠬᠢᠬᠤ ᠦᠬᠡᠢ ᠪᠠᠷ ᠤᠯᠠᠨ ᠮᠡᠳᠡᠯᠭᠡ ᠴᠢᠳᠠᠪᠤᠷᠢ ᠡᠵᠡᠮᠰᠢᠵᠦ᠂ ᠰᠠᠶᠢᠨ ᠰᠠᠶᠢᠬᠠᠨ ᠵᠠᠩ ᠳᠠᠳᠬᠠᠯ ᠲᠠᠢ | ᠪᠤᠯᠵᠤ ᠬᠦᠮᠦᠵᠢᠳᠡᠭ᠃ ᠡᠨᠡ ᠨᠢ ᠳᠠᠷᠤᠢ ᠭᠡᠷ ᠤᠨ ᠠᠬᠠᠮᠠᠳ ᠤᠨ ᠬᠡᠪ ᠳᠠᠭᠤᠷᠢᠶᠠᠯ᠂ ᠭᠡᠷ ᠪᠦᠯᠢ ᠶᠢᠨ ᠤᠷᠴᠢᠨ ᠲᠤᠭᠤᠷᠢᠨ ᠤ ᠨᠦᠯᠦᠭᠡ ᠪᠤᠯᠤᠨ᠎ᠠ᠃ ᠬᠡᠷᠪᠡ ᠪᠢᠳᠡ | ᠬᠡᠦᠬᠡᠳ ᠢᠶᠠᠨ ᠰᠠᠶᠢᠨ ᠰᠠᠶᠢᠬᠠᠨ ᠵᠠᠩ ᠳᠠᠳᠬᠠᠯ ᠲᠠᠢ ᠪᠤᠯᠭᠠᠶ᠎ᠠ ᠭᠡᠪᠡᠯ ᠶᠠᠭᠤᠨ ᠤ ᠡᠮᠦᠨ᠎ᠡ ᠭᠡᠷ ᠤᠨ ᠠᠬᠠᠮᠠᠳ ᠦᠪᠡᠷ ᠤᠨ ᠪᠡᠶ᠎ᠡ ᠠᠴᠠ ᠪᠠᠨ ᠡᠬᠢᠯᠡᠬᠦ ᠬᠡᠷᠡᠭᠳᠡᠢ᠃ | ᠰᠤᠷᠭᠠᠨ ᠬᠦᠮᠦᠵᠢᠯ ᠤᠨ ᠳᠤᠬᠠᠢ ᠡᠶᠢᠮᠦ ᠠᠯᠳᠠᠷᠳᠤ ᠪᠠᠳᠠᠬ ᠪᠠᠶᠢᠳᠠᠭ᠃ ᠳᠠᠷᠤᠢ᠂ ᠬᠡᠦᠬᠡᠳ ᠢᠶᠠᠨ ᠰᠤᠷᠭᠠᠬᠤ ᠭᠡᠵᠤ ᠵᠤᠪᠠᠭ᠋ᠤ ᠬᠡᠷᠡᠭ ᠦᠭᠡᠢ᠂ ᠲᠡᠷᠡ ᠶᠠᠭ | ᠳᠠᠨ ᠲᠠᠢ ᠠᠳᠠᠯᠢᠬᠠᠨ ᠪᠤᠯᠤᠨ᠎ᠠ᠂ ᠲᠠ ᠦᠪᠡᠷ ᠢ ᠪᠠᠨ ᠰᠠᠶᠢᠨ ᠰᠤᠷᠭᠠᠬᠤ ᠯᠡ ᠴᠢᠬᠤᠯᠠ ᠲᠠᠢ ᠪᠠᠶᠢᠨ᠎ᠠ᠃ ᠡᠨᠡ ᠨᠢ ᠬᠡᠪ ᠳᠠᠭᠤᠷᠢᠶᠠᠯ ᠪᠤᠶᠤ ᠭᠡᠷ ᠤᠨ ᠠᠬᠠᠮᠠᠳ ᠤᠨ | ᠨᠦᠯᠦᠭᠡ ᠶᠢ ᠬᠡᠳᠦ ᠶᠠᠭᠡᠰᠭᠡᠭᠰᠡᠨ ᠴᠦ ᠮᠠᠭᠠᠳ᠂ ᠭᠡᠪᠡᠴᠦ ᠦᠪᠡᠷ ᠤᠨ ᠢᠶᠠᠨ ᠶᠤᠰᠤ ᠤᠴᠢᠷ ᠲᠠᠢ ᠶᠤᠮ᠃ ᠠᠮᠧᠷᠢᠺᠡ ᠶᠢᠨ ᠨᠡᠶᠢᠭᠡᠮ ᠵᠦᠢ ᠶᠢᠨ ᠡᠷᠳᠡᠮᠳᠡᠨ ᠺᠦᠯᠢ ︽ | ᠲᠤᠯᠢᠨ ᠳᠤᠳᠤᠷᠠᠬᠢ ᠪᠢ︾ ᠭᠡᠳᠡᠭ ᠤᠨᠤᠯ ᠳᠠᠭᠠᠨ ᠬᠦᠮᠦᠨ ᠪᠤᠯᠭᠠᠨ ᠪᠤᠰᠤᠳ ᠬᠦᠮᠦᠨ ᠤ ᠲᠤᠯᠢ᠂ ᠤᠴᠠᠷᠠᠬᠰᠠᠨ ᠬᠦᠮᠦᠨ ᠪᠤᠯᠭᠠᠨ ᠢ ᠲᠤᠯᠢᠳᠠᠨ ᠲᠤᠰᠬᠠᠵᠤ | ᠪᠠᠶᠢᠳᠠᠭ ᠭᠡᠵᠤ ᠶᠠᠷᠢᠬᠰᠠᠨ ᠪᠠᠶᠢᠳᠠᠭ᠃ ᠬᠡᠨ ᠴᠤ ᠮᠡᠳᠡᠬᠡᠵᠢ ᠪᠠᠷ ᠭᠬᠢᠷ ᠦᠭᠡᠢ ᠴᠠᠭᠠᠨ ᠴᠠᠭᠠᠰᠤ ᠮᠡᠳᠦ ᠬᠡᠦᠬᠡᠳ ᠲᠤ ᠲᠤᠯᠢᠨ ᠤ ᠤᠨᠤᠯ ᠤᠨ ᠦᠢᠯᠡᠳᠦᠯ ᠨᠡᠩ | ᠴᠢᠩᠭ᠎ᠠ ᠪᠠᠶᠢᠳᠠᠭ᠃ ᠬᠡᠦᠬᠡᠳ ᠲᠤ ᠤᠤᠯ ᠨᠢ ᠰᠠᠶᠢᠨ ᠮᠠᠭᠤ ᠳᠠᠳᠬᠠᠯ ᠤᠨ ᠠᠯᠢ ᠨᠢ ᠴᠦ ᠪᠠᠶᠢᠭ᠎ᠠ ᠦᠭᠡᠢ᠃ | ᠭᠡᠷ ᠪᠦᠯᠢ ᠶᠢᠨ ᠬᠦᠮᠦᠵᠢᠯ᠂ ᠨᠡᠶᠢᠭᠡᠮ ᠤᠨ ᠬᠦᠮᠦᠵᠢᠯ᠂ ᠰᠤᠷᠭᠠᠭᠤᠯᠢ ᠶᠢᠨ ᠬᠦᠮᠦᠵᠢᠯ ᠤᠨ ᠳᠤᠮᠳᠠ ᠯᠡ ᠬᠡᠦᠬᠡᠳ ᠲᠤ ᠰᠠᠶᠢᠨ ᠮᠠᠭᠤ ᠳᠠᠳᠬᠠᠯ ᠪᠤᠢ | ᠪᠤᠯᠤᠬᠰᠠᠨ ᠪᠠᠶᠢᠳᠠᠭ᠃ ᠡᠨᠡ ᠪᠤᠯ ᠳᠠᠷᠤᠢ ᠰᠤᠷᠭᠠᠨ ᠬᠦᠮᠦᠵᠢᠯ ᠤᠨ ᠤᠷᠴᠢᠨ ᠲᠤᠭᠤᠷᠢᠨ ᠯᠤᠭ᠎ᠠ ᠬᠤᠯᠪᠤᠭ᠎ᠠ ᠲᠠᠢ ᠶᠤᠮ᠃ ᠡᠭᠦᠨ ᠳᠤ ᠶᠠᠷᠢᠶᠠᠨ ᠦᠭᠡᠢ ᠠᠪᠤ ᠡᠵᠢ | ᠂ ᠭᠡᠷ ᠤᠨ ᠠᠬᠠᠮᠠᠳ ᠪᠤᠯᠤᠬᠰᠠᠳ ᠤᠨ ᠨᠦᠯᠦᠭᠡ ᠶᠡᠭᠡ ᠪᠠᠶᠢᠳᠠᠭ᠃ ᠤᠴᠢᠷ ᠨᠢ ᠳᠡᠳᠡ ᠪᠤᠯ ᠬᠡᠦᠬᠡᠳ ᠤᠨ ᠠᠩᠬᠠᠨ ᠤ ︽ᠪᠠᠭᠰᠢ︾᠂ ᠬᠡᠦᠬᠡᠳ ᠳᠡᠳᠡᠨ ᠤ ᠦᠭᠡ | ᠶᠠᠷᠢᠶ᠎ᠠ ᠦᠢᠯᠡ ᠠᠵᠢᠯᠯᠠᠭ᠎ᠠ ᠠᠴᠠ ᠦᠪᠡᠷ ᠤᠨ ᠢᠶᠠᠨ ᠭᠡᠰᠡᠨ ᠦᠵᠡᠯᠳᠡ ᠪᠤᠳᠤᠯ᠂ ᠵᠠᠩ ᠳᠠᠳᠬᠠᠯ ᠢ ᠪᠦᠷᠢᠯᠳᠦᠭᠦᠯᠳᠡᠭ ᠪᠠᠶᠢᠨ᠎ᠠ᠃ ᠮᠢᠨᠤ ᠮᠡᠳᠡᠳᠡᠭ ᠬᠤᠶᠠᠷ | ᠠᠶᠢᠯ ᠢᠶᠠᠷ ᠵᠢᠱᠢᠶᠡᠯᠡᠪᠡᠯ᠂ ᠨᠢᠭᠡ ᠭᠡᠷ ᠤᠨ ᠠᠪᠤ ᠨᠢ ᠨᠤᠮ ᠤᠩᠰᠢᠬᠤ ᠳᠤᠷᠠᠳᠠᠢ᠃ | ᠬᠡᠦᠬᠡᠳ ᠲᠡᠭᠡᠨ ᠨᠤᠮ ᠤᠩᠰᠢᠬᠤ ᠬᠡᠷᠡᠭᠳᠡᠢ ᠭᠡᠵᠤ ᠶᠠᠷᠦ ᠱᠠᠭᠠᠷᠳᠠᠵᠤ ᠪᠠᠶᠢᠭ᠎ᠠ ᠦᠭᠡᠢ᠃ ᠭᠡᠪᠡᠴᠦ ᠬᠤᠶᠠᠷ ᠬᠡᠦᠬᠡᠳ ᠨᠢ ᠨᠤᠮ ᠤᠩᠰᠢᠬᠤ ᠳᠠᠳᠬᠠᠯ ᠲᠠᠢ | ᠪᠤᠯᠴᠢᠬᠠᠪᠠ᠃ ᠪᠠᠰᠠ ᠨᠢᠭᠡ ᠭᠡᠷ ᠤᠨ ᠠᠪᠤ ᠡᠵᠢ ᠨᠢ ᠬᠡᠦᠬᠡᠳ ᠲᠡᠭᠡᠨ ᠨᠤᠮ ᠤᠩᠰᠢᠬᠤ ᠬᠡᠷᠡᠭᠳᠡᠢ ᠭᠡᠵᠤ ᠤᠯᠠᠨᠳᠠ ᠶᠠᠷᠢᠵᠤ ᠰᠤᠷᠭᠠᠵᠤ᠂ ᠨᠤᠮ ᠤᠩᠰᠢᠬᠤ ᠶᠢᠨ | ᠠᠴᠢ ᠦᠢᠯᠡᠳᠦᠯ ᠢ ᠴᠢᠬᠢᠨ ᠤ ᠬᠢᠨᠢ ᠬᠤᠩᠬᠤ ᠪᠤᠯᠳᠠᠯ᠎ᠠ ᠶᠠᠷᠢᠳᠠᠭ᠃ ᠭᠡᠪᠡᠴᠦ ᠠᠪᠤ ᠡᠵᠢ ᠨᠢ ᠦᠪᠡᠷ ᠲᠡᠭᠡᠨ ᠨᠤᠮ ᠤᠩᠰᠢᠳᠠᠭ ᠦᠭᠡᠢ᠃ ᠲᠡᠭᠡᠬᠦ ᠪᠠᠷ ᠬᠡᠦᠬᠡᠳ ᠨᠢ | ᠬᠡᠳᠦ᠋ᠢᠪᠡᠷ ᠨᠤᠮ ᠤᠩᠰᠢᠬᠤ ᠶᠢᠨ ᠰᠠᠶᠢᠨ ᠢ ᠮᠡᠳᠡᠵᠤ ᠪᠠᠶᠢᠪᠠᠴᠤ ᠨᠤᠮ ᠤᠩᠰᠢᠬᠤ ᠳᠠᠳᠬᠠᠯ ᠪᠠᠶᠢᠬᠤ ᠦᠭᠡᠢ᠃ ᠡᠶᠢᠮᠦᠷᠬᠦᠦ ᠵᠢᠱᠢᠶ᠎ᠡ ᠠᠮᠢᠳᠤᠷᠠᠯ ᠳᠤᠮᠳᠠ ᠮᠠᠰᠢ | ᠤᠯᠠᠨ ᠶᠤᠮ᠃ ᠶᠠᠷᠢᠵᠤ ᠰᠤᠷᠭᠠᠬᠤ ᠪᠤᠯᠤᠨ ᠬᠢᠵᠤ ᠦᠵᠡᠭᠦᠯᠬᠦ ᠶᠢ ᠬᠠᠷᠢᠴᠠᠭᠤᠯᠪᠠᠯ ᠳᠠᠭᠤᠷᠢᠶᠠᠯ ᠪᠤᠯᠵᠤ ᠬᠢᠵᠤ ᠦᠵᠡᠭᠦᠯᠬᠦ ᠶᠢᠨ ᠦᠢᠯᠡᠳᠦᠯ ᠨᠢ ᠬᠤᠯᠠ ᠢᠯᠡᠭᠦᠦ | ᠪᠠᠶᠢᠳᠠᠬ᠃ ᠨᠦᠯᠦᠭᠡᠯᠡᠬᠦ ᠬᠦᠴᠦᠨ ᠨᠢ ᠠᠮᠢᠳᠤᠷᠠᠯ ᠤᠨ ᠶᠠᠪᠤᠴᠠ ᠳᠤᠮᠳᠠ ᠢᠳᠡᠭ ᠢᠳᠡᠭ ᠢᠶᠠᠷ ᠶᠠᠪᠤᠬᠳᠠᠨ᠎ᠠ᠃ ᠲᠡᠭᠡᠬᠦ ᠪᠠᠷ ᠶᠠᠷᠢᠵᠤ ᠰᠤᠷᠭᠠᠬᠤ ᠪᠠᠷ ᠭᠤᠤᠯᠯᠠᠵᠤ | ᠪᠠᠶᠢᠳᠠᠭ ᠭᠡᠷ ᠪᠦᠯᠢ ᠶᠢᠨ ᠰᠤᠷᠭᠠᠨ ᠬᠦᠮᠦᠵᠢᠯ ᠪᠤᠯ ᠵᠡᠷᠡᠮᠳᠡᠭ᠂ ᠬᠦᠮᠦᠵᠢᠯ ᠤᠨ ᠦᠷ᠎ᠡ ᠪᠦᠲᠦᠮᠵᠢ ᠪᠠᠷ ᠳᠤᠤᠷ᠎ᠠ ᠪᠠᠶᠢᠳᠠᠭ᠃ ᠤᠯᠠᠩᠬᠢ ᠡᠵᠢ ᠨᠠᠷ ᠤᠨ ᠶᠠᠷᠢᠳᠠᠭ᠄ | ᠰᠠᠶᠢᠨ ᠶᠠᠭᠤᠮ᠎ᠠ ᠶᠢ ᠶᠠᠷᠢᠭᠠᠳ ᠶᠠᠷᠢᠭᠠᠳ ᠰᠤᠷᠬᠤ ᠦᠭᠡᠢ᠂ ᠮᠠᠭᠤ ᠶᠠᠭᠤᠮ᠎ᠠ ᠶᠢ ᠪᠤᠯ ᠦᠵᠡᠮᠡᠭᠴᠡ ᠰᠤᠷᠴᠢᠬᠠᠨ᠎ᠠ ᠭᠡᠳᠡᠭ ᠤᠴᠠᠭᠠᠷᠯᠠᠬᠰᠠᠨ ᠦᠭᠡ ᠨᠢ ᠦᠨᠡᠨᠳᠡᠭᠡᠨ | ᠶᠠᠷᠢᠵᠤ ᠰᠤᠷᠭᠠᠬᠤ ᠪᠤᠯᠤᠨ ᠳᠠᠭᠤᠷᠢᠶᠠᠯ ᠦᠵᠡᠭᠦᠯᠬᠦ ᠶᠢᠨ ᠨᠦᠯᠦᠭᠡ ᠶᠢ ᠠᠳᠠᠯᠢᠳᠬᠠᠬᠰᠠᠨ ᠦᠭᠡ ᠪᠤᠯᠤᠨ᠎ᠠ᠃ ᠲᠡᠭᠡᠬᠦ ᠪᠠᠷ ᠦᠷᠭᠡᠨ ᠤᠯᠠᠨ ᠭᠡᠷ ᠤᠨ ᠠᠬᠠᠮᠠᠳ ᠮᠠᠨᠢ | ᠬᠡᠦᠬᠡᠳ ᠢᠶᠠᠨ ᠰᠤᠷᠭᠠᠬᠤ ᠭᠡᠵᠤ ᠵᠤᠪᠠᠭ᠋ᠤ ᠬᠡᠷᠡᠭ ᠦᠭᠡᠢ᠂ ᠲᠠ ᠦᠪᠡᠷ ᠢ ᠪᠠᠨ ᠯᠡ ᠰᠤᠷᠭᠠᠬᠤ ᠴᠢᠬᠤᠯᠠᠳᠠᠢ᠃ ᠬᠡᠦᠬᠡᠳ ᠢᠶᠠᠨ ᠶᠠᠮᠠᠷ ᠬᠦᠮᠦᠨ ᠪᠤᠯᠭᠠᠶ᠎ᠠ ᠭᠡᠪᠡᠯ | ᠪᠢᠳᠡ ᠦᠪᠡᠷ ᠢᠶᠠᠨ ᠤᠷᠢᠳ ᠢᠶᠠᠷ ᠲᠡᠶᠢᠮᠦ ᠬᠦᠮᠦᠨ ᠪᠤᠯᠬᠤ ᠪᠠᠷ ᠴᠢᠷᠮᠠᠶᠢᠬᠤ ᠬᠡᠷᠡᠭᠳᠡᠢ ᠰᠢᠦ︕ | | | |