10 ᠰᠠᠷ᠎ᠠ ᠶᠢᠨ 31 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠭᠤᠤ ᠬᠤᠸᠠᠢ ᠵᠢᠩ ᠣᠲᠤᠭ ᠤᠨ ᠠᠵᠤ ᠠᠬᠤᠶ ᠶᠢᠨ ᠨᠡᠭᠡᠭᠡᠯᠲᠡ ᠶᠢᠨ | ᠲᠣᠭᠤᠷᠢᠭ ᠤᠨ ᠴᠢ ᠫᠠᠨ ᠵᠢᠩ ᠤᠨ ᠠᠵᠤ ᠦᠶᠯᠡᠰ ᠤᠨ ᠬᠦᠷᠢᠶᠡᠯᠡᠩ ᠳᠤ ︽ᠶᠡᠷᠦᠩᠬᠡᠶ ᠱᠦᠵᠢ ᠰᠢ ᠶᠢᠨ ᠫᠢᠩ ᠤᠨ ᠠᠶᠤᠯᠭᠦᠶ ᠦᠶᠯᠡᠳᠪᠦᠷᠢᠯᠡᠯ ᠤᠨ ᠲᠤᠬᠠᠶ | ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠠᠮᠤᠷ ᠲᠦᠪᠰᠢᠨ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠣᠶ ᠪᠣᠯᠭᠠᠬᠤ ᠪᠠᠷ | ᠭᠠᠷᠳᠠᠴᠠ ᠪᠣᠯᠭᠠᠵᠤ᠂ ᠪᠥᠬᠦ ᠬᠤᠰᠢᠭᠤᠨ ᠤ ᠮᠥᠨ ᠴᠢᠨᠠᠷ ᠤᠨ ᠠᠮᠤᠷ ᠲᠦᠪᠰᠢᠨ ᠤ ᠬᠢᠷᠢ ᠲᠦᠪᠰᠢᠨ ᠢ ᠰᠢᠰᠲ᠋ᠧᠮ ᠲᠠᠢ ᠳᠡᠭᠡᠭᠰᠢᠯᠡᠭᠦᠯᠬᠦ︾ ᠭᠤᠤᠯ ᠰᠡᠳᠦᠪᠲᠦ | ᠬᠥᠮᠦᠵᠢᠯ ᠤᠨ ᠲᠤᠰᠬᠠᠶ ᠰᠡᠳᠦᠪᠲᠦ ᠨᠠᠮ ᠤᠨ ᠬᠢᠴᠢᠶᠡᠯ ᠣᠷᠣᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ | ᠬᠤᠰᠢᠭᠤ ᠳᠡᠳ᠋ ᠳᠠᠷᠤᠭ᠎ᠠ ᠰᠢᠤᠢ ᠷᠦᠢ ᠹᠧᠩ ᠬᠤᠷᠠᠯ ᠡᠷᠭᠢᠯᠡᠪᠡ᠃ | | | ᠬᠢᠴᠢᠶᠡᠯ ᠳᠡᠭᠡᠷ᠎ᠡ᠂ ᠭᠤᠤ ᠬᠤᠸᠠᠢ ᠵᠢᠩ ᠤᠯᠠᠨ ᠢ ᠳᠠᠭᠠᠭᠤᠯᠤᠨ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ | ᠥᠭᠦᠯᠡᠯᠲᠡ ᠶᠢ ᠨᠠᠷᠢᠨ ᠬᠢᠨᠠᠮᠠᠭᠠᠢ ᠰᠤᠷᠤᠯᠴᠠᠵᠤ᠂ ᠳᠡᠯᠡᠬᠡᠢ ᠶᠢᠨ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠤᠨᠤᠯ ᠪᠣᠯᠤᠨ ᠦᠢᠯᠡᠳᠦᠯᠭᠡ ᠶᠢ | ᠰᠢᠰᠲ᠋ᠧᠮ ᠲᠠᠢ ᠲᠣᠳᠣᠷᠬᠠᠶᠢᠯᠠᠨ ᠥᠭᠦᠯᠡᠵᠦ᠂ ᠶᠡᠭᠡ ᠬᠡᠮᠵᠢᠶᠡᠨ ᠤ ᠠᠶᠤᠯᠭᠦᠢ ᠦᠢᠯᠡᠳᠪᠦᠷᠢᠯᠡᠯ ᠤᠨ ᠨᠡᠶᠢᠲᠡᠯᠢᠭ ᠠᠳᠡᠯ ᠢ ᠵᠠᠳᠠᠯᠤᠨ ᠰᠢᠨᠵᠢᠯᠡᠵᠦ᠂ ᠣᠳᠣᠬᠠᠨ ᠤ | ᠪᠦᠬᠦ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠠᠵᠢᠯ ᠳᠤ ᠲᠤᠯᠭᠠᠷᠠᠵᠤ ᠪᠠᠶᠢᠭ᠎ᠠ ᠪᠠᠶᠢᠳᠠᠯ ᠪᠠ ᠡᠭᠦᠷᠭᠡ ᠶᠢ ᠭᠦᠨᠵᠡᠭᠡᠢ ᠵᠠᠳᠠᠯᠪᠠ᠃ ᠲᠡᠷᠡ᠂ ᠶᠡᠷᠦᠩᠬᠡᠢ | ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠪᠣᠯ ᠠᠮᠤᠷ ᠲᠦᠪᠰᠢᠨ ᠬᠥᠭᠵᠢᠯᠲᠡ ᠶᠢᠨ ᠲᠤᠷᠰᠢᠯᠭ᠎ᠠ ᠪᠣᠯᠤᠨ ᠠᠮᠤᠷ | ᠲᠦᠪᠰᠢᠨ ᠤ ᠠᠳᠡᠯ ᠤᠨ ᠰᠤᠷᠭᠠᠮᠵᠢ ᠶᠢ ᠰᠢᠨᠵᠢᠯᠡᠬᠦ ᠤᠬᠠᠭᠠᠨᠴᠢ ᠪᠠᠷ ᠳ᠋ᠦᠩᠨᠡᠵᠦ᠂ ᠠᠮᠤᠷ ᠲᠦᠪᠰᠢᠨ ᠬᠥᠭᠵᠢᠯᠲᠡ ᠶᠢᠨ ᠵᠢᠮ᠎ᠡ ᠶᠣᠰᠣ ᠪᠣᠯᠤᠨ ᠣᠨᠴᠠᠯᠢᠭ ᠢ | ᠭᠦᠨᠵᠡᠭᠡᠢ ᠢᠯᠡᠷᠡᠭᠦᠯᠦᠨ᠂ ᠪᠢᠳᠡᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠳᠤ ᠴᠢᠭᠯᠡᠯ ᠢ ᠲᠣᠳᠣᠷᠬᠠᠢ ᠵᠢᠭᠠᠵᠤ᠂ ᠵᠢᠷᠤᠮᠯᠠᠯ ᠬᠠᠩᠭᠠᠵᠠᠢ᠃ | ᠪᠥᠬᠦ ᠬᠤᠰᠢᠭᠤᠨ ᠤ ᠳᠡᠭᠡᠳᠦ ᠳᠤᠤᠷᠠᠳᠤ ᠱᠠᠲᠤ ᠪᠠᠷ ᠢᠶᠠᠨ ᠣᠳᠣᠬᠠᠨ ᠳᠤ ᠥᠷᠨᠢᠭᠦᠯᠵᠦ ᠪᠠᠶᠢᠭ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠤᠯ ᠰᠡᠳᠦᠪᠲᠦ ᠬᠥᠮᠦᠵᠢᠯ ᠲᠠᠢ ᠨᠢᠭᠲᠠ ᠤᠶᠠᠯᠳᠤᠭᠤᠯᠤᠨ | ᠂ ᠶᠡᠷᠦᠩᠬᠡᠶ ᠱᠦᠵᠢ ᠶᠢᠨ ᠠᠶᠤᠯᠭᠦᠶ ᠦᠢᠯᠡᠳᠪᠦᠷᠢᠯᠡᠯ ᠤᠨ ᠲᠤᠬᠠᠶ ᠴᠢᠬᠤᠯᠠ ᠥᠭᠦᠯᠡᠯᠲᠡ ᠶᠢᠨ ᠦᠨᠳᠦᠰᠦᠨ ᠵᠣᠭᠰᠣᠯᠲᠠ᠂ ᠭᠤᠤᠯ ᠦᠵᠡᠯᠲᠡ᠂ ᠦᠨᠳᠦᠰᠦᠨ | ᠠᠷᠭ᠎ᠠ ᠶᠢ ᠰᠡᠳᠬᠢᠯ ᠳᠡᠯᠪᠢᠨ ᠣᠶᠢᠯᠠᠭᠠᠵᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠢᠮᠠᠭᠲᠠ ᠪᠠᠷᠢᠮᠲᠠᠯᠠᠨ᠂ ᠠᠮᠤᠷ ᠲᠦᠪᠰᠢᠨ | ᠬᠥᠭᠵᠢᠯᠲᠡ ᠶᠢᠨ ᠣᠶᠢᠯᠠᠭᠠᠭᠳᠠᠬᠤᠨ ᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠯ᠎ᠡ ᠬᠦᠷᠢᠶ᠎ᠡ ᠴᠠᠷᠠᠭ᠎ᠠ᠂ ᠪᠥᠬᠦ ᠶᠠᠪᠤᠴᠠ ᠳᠤ ᠲᠤᠤᠱᠯᠠᠭᠤᠯᠵᠤ᠂ | ᠣᠲᠤᠭ ᠤᠨ ᠬᠥᠭᠵᠢᠯᠲᠡ ᠪᠠ ᠠᠮᠤᠷ ᠲᠦᠪᠰᠢᠨ ᠤ ᠵᠣᠬᠢᠴᠠᠭᠤᠯᠭ᠎ᠠ ᠶᠢ ᠠᠬᠢᠭᠤᠯᠬᠤ ᠬᠡᠷᠡᠭᠲᠡᠶ ᠬᠡᠮᠡᠨ ᠴᠢᠬᠤᠯᠠᠴᠢᠯᠠᠵᠠᠢ᠃ | | | ᠭᠤᠤ ᠬᠤᠸᠠᠢ ᠵᠢᠩ ᠶᠠᠷᠢᠬᠤ ᠳᠠᠭᠠᠨ᠂ ᠡᠯ᠎ᠡ ᠨᠢᠭᠡᠴᠢ ᠡᠯ᠎ᠡ ᠰᠠᠯᠠᠭ᠎ᠠ ᠮᠥᠴᠢᠷ ᠡᠯ᠎ᠡ ᠠᠵᠤ ᠠᠬᠤᠶᠢᠯᠠᠯ ᠤᠨ ᠬᠢᠨ ᠣᠲᠤᠭ ᠬᠤᠰᠢᠭᠤᠨ ᠤ ᠬᠥᠭᠵᠢᠯᠲᠡ ᠶᠢᠨ | ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠵᠤ᠂ ᠣᠳᠣᠬᠠᠨ ᠤ ᠠᠶᠤᠯᠭᠦᠶ ᠦᠢᠯᠡᠳᠪᠦᠷᠢᠯᠡᠯ ᠤᠨ ᠠᠵᠢᠯ ᠳᠤ ᠲᠤᠯᠭᠠᠷᠠᠵᠤ ᠪᠠᠶᠢᠭ᠎ᠠ ᠡᠭᠦᠷᠭᠡ ᠬᠠᠷᠢᠭᠤᠴᠠᠯᠭ᠎ᠠ ᠶᠢ | ᠣᠨᠣᠪᠴᠢᠲᠠᠶ ᠡᠵᠡᠮᠳᠡᠨ᠂ ᠡᠯ᠎ᠡ ᠲᠥᠷᠥᠯ ᠤᠨ ᠠᠳᠡᠯ ᠠᠴᠠ ᠭᠦᠨᠵᠡᠭᠡᠶ ᠰᠤᠷᠭᠠᠮᠵᠢ ᠠᠪᠴᠤ᠂ ᠠᠮᠤᠷ ᠲᠦᠪᠰᠢᠨ ᠬᠥᠭᠵᠢᠯᠲᠡ ᠶᠢᠨ ᠣᠶᠢᠯᠠᠭᠠᠭᠳᠠᠬᠤᠨ ᠢ ᠤᠯᠠᠮ | ᠪᠠᠲᠤ ᠪᠠᠬᠢ ᠪᠣᠶ ᠪᠣᠯᠭᠠᠵᠤ᠂ ︽ᠥᠩᠭᠡᠷᠡᠭᠰᠡᠨ ᠤ ᠠᠮᠵᠢᠯᠲᠠ ᠪᠠᠨ ᠤᠮᠠᠷᠲᠠᠵᠤ᠂ ᠠᠵᠢᠯ ᠤᠨ ᠠᠯᠳᠠᠭ᠎ᠠ ᠶᠢ ᠡᠷᠡᠰ ᠳᠡᠪᠴᠢᠬᠦ︾ ᠲᠤᠯᠭᠠᠮ᠎ᠠ ᠰᠡᠳᠬᠢᠯᠭᠡ ᠶᠢ ᠴᠠᠭ | ᠢᠮᠠᠭᠲᠠ ᠪᠠᠷᠢᠮᠲᠠᠯᠠᠨ᠂ ᠠᠮᠤᠷ ᠲᠦᠪᠰᠢᠨ ᠢ ᠪᠠᠲᠤᠯᠠᠬᠤ᠂ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠥᠷᠨᠢᠭᠦᠯᠬᠦ᠂ ︽ᠭᠤᠷᠪᠠ ᠶᠢ ᠵᠥᠷᠢᠴᠡᠬᠦ︾ ᠠᠵᠢᠯᠯᠠᠭ᠎ᠠ ᠶᠢ | ᠡᠷᠡᠰ ᠬᠤᠷᠢᠭᠯᠠᠬᠤ᠂ ᠠᠮᠤᠷ ᠲᠦᠪᠰᠢᠨ ᠤ ᠣᠷᠣᠭᠤᠯᠤᠯᠲᠠ ᠶᠢ ᠨᠡᠮᠡᠭᠳᠡᠭᠦᠯᠬᠦ᠂ ᠬᠡᠮ ᠰᠣᠭᠤᠭ ᠢ ᠵᠢᠭᠰᠠᠭᠠᠨ ᠪᠠᠶᠢᠴᠠᠭᠠᠬᠤ ᠶᠢ ᠴᠢᠩᠭ᠎ᠠ ᠠᠳᠬᠤᠬᠤ᠂ ᠬᠢᠨᠠᠯᠲᠠ | ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠬᠤ᠂ ᠬᠡᠷᠡᠭᠯᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠢ ᠬᠡᠷᠡᠭᠯᠡᠬᠦ᠂ ᠪᠠᠴᠢᠮ ᠪᠠᠶᠢᠳᠠᠯ ᠢ ᠠᠷᠭᠠᠴᠠᠭᠠᠨ | ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠵᠡᠷᠭᠡ ᠨᠠᠢᠮᠠᠨ ᠲᠠᠯ᠎ᠠ ᠠᠴᠠ ᠭᠠᠷᠳᠠᠵᠤ᠂ ᠠᠶᠤᠯᠭᠦᠢ ᠦᠢᠯᠡᠳᠪᠦᠷᠢᠯᠡᠯ ᠤᠨ ᠳᠤᠲᠠᠭᠤᠳᠠᠯ | ᠪᠠᠭᠤᠷᠠᠶ ᠲᠠᠯ᠎ᠠ ᠶᠢ ᠬᠦᠴᠦᠯᠡᠨ ᠭᠦᠶᠴᠡᠳ ᠨᠥᠬᠦᠪᠥᠷᠢᠯᠡᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠰᠠᠶᠢᠲᠤᠷ | ᠬᠠᠮᠠᠭᠠᠯᠠᠨ᠂ ᠥᠨᠳᠥᠷ ᠲᠦᠪᠰᠢᠨ ᠤ ᠠᠮᠤᠷ ᠲᠦᠪᠰᠢᠨ ᠢᠶᠠᠷ ᠴᠢᠨᠠᠷ ᠰᠠᠶᠢᠲᠠᠶ ᠬᠥᠭᠵᠢᠯᠲᠡ ᠶᠢ ᠪᠠᠲᠤᠯᠠᠬᠤ ᠬᠡᠷᠡᠭᠲᠡᠶ ᠭᠡᠵᠡᠢ᠃ | ᠪᠥᠬᠦ ᠬᠤᠰᠢᠭᠤᠨ ᠤ ᠰᠢᠶᠠᠨ ᠤ ᠱᠠᠲᠤᠨ ᠤ ᠤᠳᠤᠷᠢᠳᠤᠯᠭ᠎ᠠ ᠵᠢᠴᠢ ᠡᠯ᠎ᠡ ᠰᠤᠮᠤ ᠪᠠᠯᠭᠠᠰᠤᠨ ᠤ ᠨᠠᠮ ᠵᠠᠰᠠᠭ ᠤᠨ ᠭᠤᠤᠯ ᠬᠠᠷᠢᠭᠤᠴᠠᠯᠭᠠᠲᠠᠨ᠂ | ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠪᠦᠷᠢᠯᠳᠦᠬᠦᠨ ᠨᠢᠭᠡᠴᠢ᠂ ᠨᠡᠭᠡᠭᠡᠯᠲᠡ ᠶᠢᠨ ᠲᠣᠭᠤᠷᠢᠭ ᠤᠨ ᠬᠠᠮᠢᠶ᠎ᠠ ᠪᠥᠬᠦᠶ ᠳᠣᠲᠣᠭᠠᠳᠤ | ᠪᠠᠶᠢᠭᠤᠯᠤᠮᠵᠢ ᠶᠢᠨ ᠬᠠᠷᠢᠭᠤᠴᠠᠯᠭᠠᠲᠠᠨ᠂ ᠨᠢᠭᠡ ᠪᠥᠯᠥᠭ ᠠᠵᠤ ᠠᠬᠤᠶᠢᠯᠠᠯ ᠤᠨ ᠬᠠᠮᠢᠶ᠎ᠠ ᠪᠥᠬᠦᠶ ᠬᠠᠷᠢᠭᠤᠴᠠᠯᠭᠠᠲᠠᠨ᠂ ᠨᠢᠭᠡᠳᠦᠭᠡᠷ ᠹᠷᠣᠨᠲ ᠤᠨ ᠡᠭᠡᠯᠵᠢ | ᠳᠤᠭᠤᠶᠢᠯᠠᠩ ᠤᠨ ᠠᠵᠢᠯᠲᠠᠨ ᠠᠵᠢᠯᠴᠢᠨ ᠤ ᠲᠥᠯᠥᠭᠡᠯᠡᠭᠴᠢ ᠣᠷᠣᠯᠴᠠᠵᠠᠶ᠃ ᠲᠤᠰᠬᠠᠢ ᠰᠡᠳᠦᠪᠲᠦ ᠨᠠᠮ ᠤᠨ ᠬᠢᠴᠢᠶᠡᠯ ᠢ ᠸᠢᠳᠢᠤ᠋ ᠶᠢᠨ ᠬᠡᠯᠪᠡᠷᠢ ᠪᠠᠷ ᠶᠠᠪᠤᠭᠳᠠᠭᠤᠯᠵᠤ | ᠂ ᠭᠤᠣᠯ ᠬᠤᠷᠠᠯ ᠤᠨ ᠲᠠᠯᠠᠪᠠᠢ ᠶᠢ ᠣᠲᠤᠭ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠴᠢ ᠫᠠᠨ ᠵᠢᠩ ᠠᠵᠤ ᠦᠢᠯᠡᠰ ᠤᠨ ᠬᠦᠷᠢᠶᠡᠯᠡᠩ ᠳᠤ | ᠪᠠᠶᠢᠷᠢᠯᠠᠭᠤᠯᠵᠤ᠂ ᠤᠯᠠᠭᠠᠨᠪᠠᠯᠭᠠᠰᠤ᠂ ᠮᠧᠩ ᠰᠢ ᠠᠵᠤ ᠦᠢᠯᠡᠰ ᠤᠨ ᠬᠦᠷᠢᠶᠡᠯᠡᠩ ᠳᠤ ᠬᠤᠪᠢᠶᠠᠷᠢ ᠬᠤᠷᠠᠯ ᠤᠨ ᠲᠠᠯᠠᠪᠠᠢ ᠲᠣᠬᠢᠷᠠᠭᠤᠯᠪᠠ᠃ |