ᠭᠤᠤ ᠬᠤᠸᠠᠢ ᠵᠢᠩ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠨᠠᠮ ᠤᠨ ᠬᠢᠴᠢᠶᠡᠯ ᠤᠷᠤᠪᠠ
ᠨᠡᠶᠢᠲᠡᠯᠡᠭᠰᠡᠨ ᠴᠠᠭ᠄
2023/11/1
      10 ᠰᠠᠷ᠎ᠠ ᠶᠢᠨ 31 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠭᠤᠤ ᠬᠤᠸᠠᠢ ᠵᠢᠩ ᠣᠲᠤᠭ ᠤᠨ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠴᠢ ᠫᠠᠨ ᠵᠢᠩ ᠤᠨ ᠠᠵᠤ ᠦᠶᠯᠡᠰ ᠤᠨ ᠬᠦᠷᠢᠶᠡᠯᠡᠩ ᠳᠤ ︽ᠶᠡᠷᠦᠩᠬᠡᠶ ᠱᠦᠵᠢ ᠰᠢ ᠶᠢᠨ ᠫᠢᠩ ᠤᠨ ᠠᠶᠤᠯᠭᠦᠶ ᠦᠶᠯᠡᠳᠪᠦᠷᠢᠯᠡᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠠᠮᠤᠷ ᠲᠦᠪᠰᠢᠨ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠣᠶ ᠪᠣᠯᠭᠠᠬᠤ ᠪᠠᠷ ᠭᠠᠷᠳᠠᠴᠠ ᠪᠣᠯᠭᠠᠵᠤ᠂ ᠪᠥᠬᠦ ᠬᠤᠰᠢᠭᠤᠨ ᠤ ᠮᠥᠨ ᠴᠢᠨᠠᠷ ᠤᠨ ᠠᠮᠤᠷ ᠲᠦᠪᠰᠢᠨ ᠤ ᠬᠢᠷᠢ ᠲᠦᠪᠰᠢᠨ ᠢ ᠰᠢᠰᠲ᠋ᠧᠮ ᠲᠠᠢ ᠳᠡᠭᠡᠭᠰᠢᠯᠡᠭᠦᠯᠬᠦ︾ ᠭᠤᠤᠯ ᠰᠡᠳᠦᠪᠲᠦ ᠬᠥᠮᠦᠵᠢᠯ ᠤᠨ ᠲᠤᠰᠬᠠᠶ ᠰᠡᠳᠦᠪᠲᠦ ᠨᠠᠮ ᠤᠨ ᠬᠢᠴᠢᠶᠡᠯ ᠣᠷᠣᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠰᠢᠤᠢ ᠷᠦᠢ ᠹᠧᠩ ᠬᠤᠷᠠᠯ ᠡᠷᠭᠢᠯᠡᠪᠡ᠃      ᠬᠢᠴᠢᠶᠡᠯ ᠳᠡᠭᠡᠷ᠎ᠡ᠂ ᠭᠤᠤ ᠬᠤᠸᠠᠢ ᠵᠢᠩ ᠤᠯᠠᠨ ᠢ ᠳᠠᠭᠠᠭᠤᠯᠤᠨ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢ ᠨᠠᠷᠢᠨ ᠬᠢᠨᠠᠮᠠᠭᠠᠢ ᠰᠤᠷᠤᠯᠴᠠᠵᠤ᠂ ᠳᠡᠯᠡᠬᠡᠢ ᠶᠢᠨ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠤᠨᠤᠯ ᠪᠣᠯᠤᠨ ᠦᠢᠯᠡᠳᠦᠯᠭᠡ ᠶᠢ ᠰᠢᠰᠲ᠋ᠧᠮ ᠲᠠᠢ ᠲᠣᠳᠣᠷᠬᠠᠶᠢᠯᠠᠨ ᠥᠭᠦᠯᠡᠵᠦ᠂ ᠶᠡᠭᠡ ᠬᠡᠮᠵᠢᠶᠡᠨ ᠤ ᠠᠶᠤᠯᠭᠦᠢ ᠦᠢᠯᠡᠳᠪᠦᠷᠢᠯᠡᠯ ᠤᠨ ᠨᠡᠶᠢᠲᠡᠯᠢᠭ ᠠᠳᠡᠯ ᠢ ᠵᠠᠳᠠᠯᠤᠨ ᠰᠢᠨᠵᠢᠯᠡᠵᠦ᠂ ᠣᠳᠣᠬᠠᠨ ᠤ ᠪᠦᠬᠦ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠠᠵᠢᠯ ᠳᠤ ᠲᠤᠯᠭᠠᠷᠠᠵᠤ ᠪᠠᠶᠢᠭ᠎ᠠ ᠪᠠᠶᠢᠳᠠᠯ ᠪᠠ ᠡᠭᠦᠷᠭᠡ ᠶᠢ ᠭᠦᠨᠵᠡᠭᠡᠢ ᠵᠠᠳᠠᠯᠪᠠ᠃ ᠲᠡᠷᠡ᠂ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠪᠣᠯ ᠠᠮᠤᠷ ᠲᠦᠪᠰᠢᠨ ᠬᠥᠭᠵᠢᠯᠲᠡ ᠶᠢᠨ ᠲᠤᠷᠰᠢᠯᠭ᠎ᠠ ᠪᠣᠯᠤᠨ ᠠᠮᠤᠷ ᠲᠦᠪᠰᠢᠨ ᠤ ᠠᠳᠡᠯ ᠤᠨ ᠰᠤᠷᠭᠠᠮᠵᠢ ᠶᠢ ᠰᠢᠨᠵᠢᠯᠡᠬᠦ ᠤᠬᠠᠭᠠᠨᠴᠢ ᠪᠠᠷ ᠳ᠋ᠦᠩᠨᠡᠵᠦ᠂ ᠠᠮᠤᠷ ᠲᠦᠪᠰᠢᠨ ᠬᠥᠭᠵᠢᠯᠲᠡ ᠶᠢᠨ ᠵᠢᠮ᠎ᠡ ᠶᠣᠰᠣ ᠪᠣᠯᠤᠨ ᠣᠨᠴᠠᠯᠢᠭ ᠢ ᠭᠦᠨᠵᠡᠭᠡᠢ ᠢᠯᠡᠷᠡᠭᠦᠯᠦᠨ᠂ ᠪᠢᠳᠡᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠳᠤ ᠴᠢᠭᠯᠡᠯ ᠢ ᠲᠣᠳᠣᠷᠬᠠᠢ ᠵᠢᠭᠠᠵᠤ᠂ ᠵᠢᠷᠤᠮᠯᠠᠯ ᠬᠠᠩᠭᠠᠵᠠᠢ᠃ ᠪᠥᠬᠦ ᠬᠤᠰᠢᠭᠤᠨ ᠤ ᠳᠡᠭᠡᠳᠦ ᠳᠤᠤᠷᠠᠳᠤ ᠱᠠᠲᠤ ᠪᠠᠷ ᠢᠶᠠᠨ ᠣᠳᠣᠬᠠᠨ ᠳᠤ ᠥᠷᠨᠢᠭᠦᠯᠵᠦ ᠪᠠᠶᠢᠭ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠤᠯ ᠰᠡᠳᠦᠪᠲᠦ ᠬᠥᠮᠦᠵᠢᠯ ᠲᠠᠢ ᠨᠢᠭᠲᠠ ᠤᠶᠠᠯᠳᠤᠭᠤᠯᠤᠨ ᠂ ᠶᠡᠷᠦᠩᠬᠡᠶ ᠱᠦᠵᠢ ᠶᠢᠨ ᠠᠶᠤᠯᠭᠦᠶ ᠦᠢᠯᠡᠳᠪᠦᠷᠢᠯᠡᠯ ᠤᠨ ᠲᠤᠬᠠᠶ ᠴᠢᠬᠤᠯᠠ ᠥᠭᠦᠯᠡᠯᠲᠡ ᠶᠢᠨ ᠦᠨᠳᠦᠰᠦᠨ ᠵᠣᠭᠰᠣᠯᠲᠠ᠂ ᠭᠤᠤᠯ ᠦᠵᠡᠯᠲᠡ᠂ ᠦᠨᠳᠦᠰᠦᠨ ᠠᠷᠭ᠎ᠠ ᠶᠢ ᠰᠡᠳᠬᠢᠯ ᠳᠡᠯᠪᠢᠨ ᠣᠶᠢᠯᠠᠭᠠᠵᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠢᠮᠠᠭᠲᠠ ᠪᠠᠷᠢᠮᠲᠠᠯᠠᠨ᠂ ᠠᠮᠤᠷ ᠲᠦᠪᠰᠢᠨ ᠬᠥᠭᠵᠢᠯᠲᠡ ᠶᠢᠨ ᠣᠶᠢᠯᠠᠭᠠᠭᠳᠠᠬᠤᠨ ᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠯ᠎ᠡ ᠬᠦᠷᠢᠶ᠎ᠡ ᠴᠠᠷᠠᠭ᠎ᠠ᠂ ᠪᠥᠬᠦ ᠶᠠᠪᠤᠴᠠ ᠳᠤ ᠲᠤᠤᠱᠯᠠᠭᠤᠯᠵᠤ᠂ ᠣᠲᠤᠭ ᠤᠨ ᠬᠥᠭᠵᠢᠯᠲᠡ ᠪᠠ ᠠᠮᠤᠷ ᠲᠦᠪᠰᠢᠨ ᠤ ᠵᠣᠬᠢᠴᠠᠭᠤᠯᠭ᠎ᠠ ᠶᠢ ᠠᠬᠢᠭᠤᠯᠬᠤ ᠬᠡᠷᠡᠭᠲᠡᠶ ᠬᠡᠮᠡᠨ ᠴᠢᠬᠤᠯᠠᠴᠢᠯᠠᠵᠠᠢ᠃      ᠭᠤᠤ ᠬᠤᠸᠠᠢ ᠵᠢᠩ ᠶᠠᠷᠢᠬᠤ ᠳᠠᠭᠠᠨ᠂ ᠡᠯ᠎ᠡ ᠨᠢᠭᠡᠴᠢ ᠡᠯ᠎ᠡ ᠰᠠᠯᠠᠭ᠎ᠠ ᠮᠥᠴᠢᠷ ᠡᠯ᠎ᠡ ᠠᠵᠤ ᠠᠬᠤᠶᠢᠯᠠᠯ ᠤᠨ ᠬᠢᠨ ᠣᠲᠤᠭ ᠬᠤᠰᠢᠭᠤᠨ ᠤ ᠬᠥᠭᠵᠢᠯᠲᠡ ᠶᠢᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠵᠤ᠂ ᠣᠳᠣᠬᠠᠨ ᠤ ᠠᠶᠤᠯᠭᠦᠶ ᠦᠢᠯᠡᠳᠪᠦᠷᠢᠯᠡᠯ ᠤᠨ ᠠᠵᠢᠯ ᠳᠤ ᠲᠤᠯᠭᠠᠷᠠᠵᠤ ᠪᠠᠶᠢᠭ᠎ᠠ ᠡᠭᠦᠷᠭᠡ ᠬᠠᠷᠢᠭᠤᠴᠠᠯᠭ᠎ᠠ ᠶᠢ ᠣᠨᠣᠪᠴᠢᠲᠠᠶ ᠡᠵᠡᠮᠳᠡᠨ᠂ ᠡᠯ᠎ᠡ ᠲᠥᠷᠥᠯ ᠤᠨ ᠠᠳᠡᠯ ᠠᠴᠠ ᠭᠦᠨᠵᠡᠭᠡᠶ ᠰᠤᠷᠭᠠᠮᠵᠢ ᠠᠪᠴᠤ᠂ ᠠᠮᠤᠷ ᠲᠦᠪᠰᠢᠨ ᠬᠥᠭᠵᠢᠯᠲᠡ ᠶᠢᠨ ᠣᠶᠢᠯᠠᠭᠠᠭᠳᠠᠬᠤᠨ ᠢ ᠤᠯᠠᠮ ᠪᠠᠲᠤ ᠪᠠᠬᠢ ᠪᠣᠶ ᠪᠣᠯᠭᠠᠵᠤ᠂ ︽ᠥᠩᠭᠡᠷᠡᠭᠰᠡᠨ ᠤ ᠠᠮᠵᠢᠯᠲᠠ ᠪᠠᠨ ᠤᠮᠠᠷᠲᠠᠵᠤ᠂ ᠠᠵᠢᠯ ᠤᠨ ᠠᠯᠳᠠᠭ᠎ᠠ ᠶᠢ ᠡᠷᠡᠰ ᠳᠡᠪᠴᠢᠬᠦ︾ ᠲᠤᠯᠭᠠᠮ᠎ᠠ ᠰᠡᠳᠬᠢᠯᠭᠡ ᠶᠢ ᠴᠠᠭ ᠢᠮᠠᠭᠲᠠ ᠪᠠᠷᠢᠮᠲᠠᠯᠠᠨ᠂ ᠠᠮᠤᠷ ᠲᠦᠪᠰᠢᠨ ᠢ ᠪᠠᠲᠤᠯᠠᠬᠤ᠂ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠥᠷᠨᠢᠭᠦᠯᠬᠦ᠂ ︽ᠭᠤᠷᠪᠠ ᠶᠢ ᠵᠥᠷᠢᠴᠡᠬᠦ︾ ᠠᠵᠢᠯᠯᠠᠭ᠎ᠠ ᠶᠢ ᠡᠷᠡᠰ ᠬᠤᠷᠢᠭᠯᠠᠬᠤ᠂ ᠠᠮᠤᠷ ᠲᠦᠪᠰᠢᠨ ᠤ ᠣᠷᠣᠭᠤᠯᠤᠯᠲᠠ ᠶᠢ ᠨᠡᠮᠡᠭᠳᠡᠭᠦᠯᠬᠦ᠂ ᠬᠡᠮ ᠰᠣᠭᠤᠭ ᠢ ᠵᠢᠭᠰᠠᠭᠠᠨ ᠪᠠᠶᠢᠴᠠᠭᠠᠬᠤ ᠶᠢ ᠴᠢᠩᠭ᠎ᠠ ᠠᠳᠬᠤᠬᠤ᠂ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠬᠤ᠂ ᠬᠡᠷᠡᠭᠯᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠢ ᠬᠡᠷᠡᠭᠯᠡᠬᠦ᠂ ᠪᠠᠴᠢᠮ ᠪᠠᠶᠢᠳᠠᠯ ᠢ ᠠᠷᠭᠠᠴᠠᠭᠠᠨ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠵᠡᠷᠭᠡ ᠨᠠᠢᠮᠠᠨ ᠲᠠᠯ᠎ᠠ ᠠᠴᠠ ᠭᠠᠷᠳᠠᠵᠤ᠂ ᠠᠶᠤᠯᠭᠦᠢ ᠦᠢᠯᠡᠳᠪᠦᠷᠢᠯᠡᠯ ᠤᠨ ᠳᠤᠲᠠᠭᠤᠳᠠᠯ ᠪᠠᠭᠤᠷᠠᠶ ᠲᠠᠯ᠎ᠠ ᠶᠢ ᠬᠦᠴᠦᠯᠡᠨ ᠭᠦᠶᠴᠡᠳ ᠨᠥᠬᠦᠪᠥᠷᠢᠯᠡᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠰᠠᠶᠢᠲᠤᠷ ᠬᠠᠮᠠᠭᠠᠯᠠᠨ᠂ ᠥᠨᠳᠥᠷ ᠲᠦᠪᠰᠢᠨ ᠤ ᠠᠮᠤᠷ ᠲᠦᠪᠰᠢᠨ ᠢᠶᠠᠷ ᠴᠢᠨᠠᠷ ᠰᠠᠶᠢᠲᠠᠶ ᠬᠥᠭᠵᠢᠯᠲᠡ ᠶᠢ ᠪᠠᠲᠤᠯᠠᠬᠤ ᠬᠡᠷᠡᠭᠲᠡᠶ ᠭᠡᠵᠡᠢ᠃      ᠪᠥᠬᠦ ᠬᠤᠰᠢᠭᠤᠨ ᠤ ᠰᠢᠶᠠᠨ ᠤ ᠱᠠᠲᠤᠨ ᠤ ᠤᠳᠤᠷᠢᠳᠤᠯᠭ᠎ᠠ ᠵᠢᠴᠢ ᠡᠯ᠎ᠡ ᠰᠤᠮᠤ ᠪᠠᠯᠭᠠᠰᠤᠨ ᠤ ᠨᠠᠮ ᠵᠠᠰᠠᠭ ᠤᠨ ᠭᠤᠤᠯ ᠬᠠᠷᠢᠭᠤᠴᠠᠯᠭᠠᠲᠠᠨ᠂ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠪᠦᠷᠢᠯᠳᠦᠬᠦᠨ ᠨᠢᠭᠡᠴᠢ᠂ ᠨᠡᠭᠡᠭᠡᠯᠲᠡ ᠶᠢᠨ ᠲᠣᠭᠤᠷᠢᠭ ᠤᠨ ᠬᠠᠮᠢᠶ᠎ᠠ ᠪᠥᠬᠦᠶ ᠳᠣᠲᠣᠭᠠᠳᠤ ᠪᠠᠶᠢᠭᠤᠯᠤᠮᠵᠢ ᠶᠢᠨ ᠬᠠᠷᠢᠭᠤᠴᠠᠯᠭᠠᠲᠠᠨ᠂ ᠨᠢᠭᠡ ᠪᠥᠯᠥᠭ ᠠᠵᠤ ᠠᠬᠤᠶᠢᠯᠠᠯ ᠤᠨ ᠬᠠᠮᠢᠶ᠎ᠠ ᠪᠥᠬᠦᠶ ᠬᠠᠷᠢᠭᠤᠴᠠᠯᠭᠠᠲᠠᠨ᠂ ᠨᠢᠭᠡᠳᠦᠭᠡᠷ ᠹᠷᠣᠨᠲ ᠤᠨ ᠡᠭᠡᠯᠵᠢ ᠳᠤᠭᠤᠶᠢᠯᠠᠩ ᠤᠨ ᠠᠵᠢᠯᠲᠠᠨ ᠠᠵᠢᠯᠴᠢᠨ ᠤ ᠲᠥᠯᠥᠭᠡᠯᠡᠭᠴᠢ ᠣᠷᠣᠯᠴᠠᠵᠠᠶ᠃ ᠲᠤᠰᠬᠠᠢ ᠰᠡᠳᠦᠪᠲᠦ ᠨᠠᠮ ᠤᠨ ᠬᠢᠴᠢᠶᠡᠯ ᠢ ᠸᠢᠳᠢᠤ᠋ ᠶᠢᠨ ᠬᠡᠯᠪᠡᠷᠢ ᠪᠠᠷ ᠶᠠᠪᠤᠭᠳᠠᠭᠤᠯᠵᠤ ᠂ ᠭᠤᠣᠯ ᠬᠤᠷᠠᠯ ᠤᠨ ᠲᠠᠯᠠᠪᠠᠢ ᠶᠢ ᠣᠲᠤᠭ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠴᠢ ᠫᠠᠨ ᠵᠢᠩ ᠠᠵᠤ ᠦᠢᠯᠡᠰ ᠤᠨ ᠬᠦᠷᠢᠶᠡᠯᠡᠩ ᠳᠤ ᠪᠠᠶᠢᠷᠢᠯᠠᠭᠤᠯᠵᠤ᠂ ᠤᠯᠠᠭᠠᠨᠪᠠᠯᠭᠠᠰᠤ᠂ ᠮᠧᠩ ᠰᠢ ᠠᠵᠤ ᠦᠢᠯᠡᠰ ᠤᠨ ᠬᠦᠷᠢᠶᠡᠯᠡᠩ ᠳᠤ ᠬᠤᠪᠢᠶᠠᠷᠢ ᠬᠤᠷᠠᠯ ᠤᠨ ᠲᠠᠯᠠᠪᠠᠢ ᠲᠣᠬᠢᠷᠠᠭᠤᠯᠪᠠ᠃
ᠢᠷᠡᠯᠲᠡ᠄ ᠣᠳᠤᠭ ᠨᠡᠶᠢᠲᠡᠯᠡᠯ