ᠤᠯᠠᠮᠵᠢᠯᠠᠯᠳᠤ ᠮᠤᠩᠭᠤᠯ ᠭᠡᠷ
ᠨᠡᠶᠢᠲᠡᠯᠡᠭᠰᠡᠨ ᠴᠠᠭ᠄
2023/11/12
      ᠮᠤᠩᠭᠤᠯ ᠬᠡᠷ ᠪᠤᠯ ᠮᠤᠩᠭᠤᠯ ᠦᠨᠳᠦᠰᠦᠳᠡᠨ ᠬᠦᠮᠦᠨ ᠲᠦᠷᠦᠯᠬᠢᠳᠡᠨ ᠤ ᠲᠡᠤᠭᠡᠨ ᠶᠠᠪᠤᠴᠠ ᠳᠤ ᠪᠦᠳᠦᠭᠡᠭᠰᠡᠨ ᠤᠨᠴᠠ ᠤᠷᠤᠨ ᠰᠠᠭᠤᠴᠠ ᠶᠢᠨ ᠪᠦᠳᠦᠭᠡᠭᠳᠡᠬᠦᠨ ᠪᠤᠯᠬᠤ ᠶᠤᠮ᠃ ᠲᠡᠷᠡ ᠨᠢ ᠨᠢᠭᠡ ᠭᠠᠵᠠᠷ ᠤᠷᠤᠨ ᠤ ᠪᠠᠶᠢᠭᠠᠯᠢ ᠶᠢᠨ ᠨᠦᠬᠦᠴᠡᠯ᠂ ᠭᠠᠵᠠᠷ ᠵᠦᠢ ᠶᠢᠨ ᠪᠠᠶᠢᠴᠠ᠂ ᠠᠵᠤ ᠠᠬᠤᠢ ᠶᠢᠨ ᠬᠡᠯᠪᠡᠷᠢ᠂ ᠠᠮᠢᠳᠤᠷᠠᠯ ᠤᠨ ᠲᠠᠳᠬᠠᠯ᠂ ᠡᠳ᠋ ᠪᠤᠳᠠᠰ ᠤᠨ ᠤᠨᠴᠠᠯᠢᠭ ᠵᠡᠷᠭᠡ ᠲᠤᠬᠠᠢ ᠶᠢᠨ ᠴᠠᠭ ᠦᠶ᠎ᠡ ᠶᠢᠨ ᠲᠡᠤᠭᠡᠨ ᠠᠬᠤᠢ ᠶᠢ ᠬᠠᠷᠢᠭᠤᠯᠵᠤ ᠪᠠᠶᠢᠳᠠᠭ ᠢᠶᠠᠷ ᠪᠠᠷᠠᠬᠤ ᠦᠭᠡᠢ ᠮᠤᠩᠭᠤᠯ ᠦᠨᠳᠦᠰᠦᠳᠡᠨ ᠤ ᠰᠡᠴᠡᠨ ᠰᠡᠷᠬᠦᠯᠡᠩ ᠠᠷᠭ᠎ᠠ ᠤᠬᠠᠭᠠᠨ᠂ ᠵᠤᠬᠢᠶᠠᠨ ᠪᠦᠳᠦᠭᠡᠬᠦ ᠴᠢᠳᠠᠪᠤᠷᠢ᠂ ᠤᠷᠴᠢᠨ ᠳᠤ ᠪᠠᠨ ᠵᠤᠬᠢᠴᠠᠬᠤ ᠴᠢᠳᠠᠪᠤᠷᠢ ᠶᠢ ᠬᠠᠷᠢᠭᠤᠯᠵᠤ ᠴᠢᠳᠠᠭᠰᠠᠨ ᠪᠠᠶᠢᠨ᠎ᠠ᠃ 
蒙古包1.jpg
      ᠨᠢᠭᠡ᠂ ᠮᠤᠩᠭᠤᠯ ᠭᠡᠷ ᠤᠨ ᠮᠤᠩᠭᠤᠯ ᠠᠮᠢᠳᠤᠷᠠᠯ ᠲᠠᠬᠢ ᠭᠤᠤᠯ ᠤᠷᠤᠨ ᠪᠠᠶᠢᠷᠢ᠃ ᠲᠡᠷᠡ ᠨᠢ ᠮᠤᠩᠭᠤᠯ ᠨᠡᠬᠦᠳᠡᠯ ᠰᠤᠶᠤᠯ ᠤᠨ ᠴᠢᠬᠤᠯᠠ ᠪᠦᠷᠢᠯᠳᠦᠬᠦᠨ ᠵᠦᠢᠯ ᠪᠤᠯᠳᠠᠭ᠃ ᠮᠤᠩᠭᠤᠯ ᠤᠨ ᠰᠤᠶᠤᠯ ᠢ ᠰᠤᠳᠤᠯᠬᠤ ᠳᠤ ᠴᠤ ᠮᠤᠩᠭᠤᠯ ᠬᠡᠷ ᠠᠴᠠ ᠲᠤᠭᠤᠷᠢᠭᠠᠳ ᠭᠠᠷᠴᠤ ᠴᠢᠳᠠᠳᠠᠭ ᠦᠭᠡᠢ᠂ ᠲᠡᠷᠡ ᠨᠢ ᠮᠤᠩᠭᠤᠯ ᠬᠦᠮᠦᠨ ᠤ ᠤᠷᠤᠨ ᠰᠠᠭᠤᠴᠠ ᠶᠢᠨ ᠲᠡᠳᠦᠢ ᠵᠦᠢᠯ ᠤᠭᠳᠤ ᠪᠢᠰᠢ᠂ ᠬᠠᠷᠢᠨ ᠮᠤᠩᠭᠤᠯ ᠬᠦᠮᠦᠨ ᠤ ᠲᠡᠯᠡᠭᠡᠢ ᠶᠢᠨ ᠰᠤᠶᠤᠯ ᠳᠤ ᠬᠠᠨᠳᠢᠪᠯᠠᠭᠰᠠᠨ ᠦᠪ ᠬᠦᠷᠦᠩᠭᠡ ᠪᠤᠯᠬᠤ ᠶᠤᠮ᠃ ᠡᠬᠦᠨ ᠢ ᠲᠤᠤᠷᠠᠬᠢ ᠬᠤᠶᠠᠷ ᠲᠠᠯ᠎ᠠ ᠪᠠᠷ ᠲᠤᠭᠠᠴᠠᠪᠠᠯ᠄      ᠨᠢᠭᠡᠳᠦᠭᠡᠷ ᠲᠤ᠂ ᠮᠤᠩᠭᠤᠯ ᠭᠡᠷ ᠤᠨ ᠡᠬᠦᠰᠦᠯ ᠨᠢ ᠲᠤᠬᠠᠢ ᠶᠢᠨ ᠲᠡᠤᠭᠡᠨ ᠴᠠᠭ ᠦᠶ᠎ᠡ ᠶᠢᠨ ᠪᠠᠶᠢᠭᠠᠯᠢ ᠶᠢᠨ ᠤᠷᠴᠢᠨ᠂ ᠠᠵᠤ ᠠᠬᠤᠢ ᠶᠢᠨ ᠪᠠᠶᠢᠳᠠᠯ᠂ ᠠᠮᠢᠳᠤᠷᠠᠯ ᠤᠨ ᠬᠡᠯᠪᠡᠷᠢ ᠪᠠ ᠡᠳ᠋ ᠪᠤᠳᠠᠰ ᠤᠨ ᠤᠨᠴᠠᠯᠢᠭ ᠲᠠᠢ ᠵᠤᠬᠢᠴᠠᠳᠠᠭ᠃      ᠬᠤᠶᠠᠳᠤᠭᠠᠷ ᠲᠤ᠂ ᠮᠤᠩᠭᠤᠯ ᠭᠡᠷ ᠤᠨ ᠪᠦᠳᠦᠴᠡ ᠠᠴᠠ ᠦᠵᠡᠬᠦ ᠳᠤ᠂ ᠪᠠᠷᠢᠵᠤ ᠪᠤᠰᠬᠠᠬᠤ᠂ ᠨᠤᠷᠠᠭᠠᠵᠤ ᠪᠠᠭᠤᠯᠭᠠᠬᠤ᠂ ᠠᠴᠢᠵᠤ ᠲᠡᠭᠡᠬᠡᠬᠦ ᠲᠠᠯ᠎ᠠ ᠳᠤ ᠨᠡᠬᠦᠳᠡᠯ ᠠᠮᠢᠳᠤᠷᠠᠯ ᠲᠠᠢ ᠵᠤᠬᠢᠴᠠᠵᠤ ᠴᠢᠳᠠᠬᠤ ᠠᠮᠢᠳᠤᠯᠢᠭ ᠤᠨᠴᠠᠯᠢᠭ ᠲᠠᠢ ᠪᠠᠶᠢᠳᠠᠭ᠃ ᠬᠤᠶᠠᠷ᠂ ᠮᠤᠩᠭᠤᠯ ᠭᠡᠷ ᠪᠤᠯ ᠨᠡᠬᠦᠳᠡᠯ ᠮᠠᠯᠵᠢᠬᠤ ᠠᠮᠢᠳᠤᠷᠠᠯ ᠳᠤ ᠵᠤᠬᠢᠴᠠᠭᠰᠠᠨ ᠰᠢᠨᠵᠢᠯᠡᠬᠦ ᠤᠬᠠᠭᠠᠨᠴᠢ ᠪᠦᠳᠦᠭᠡᠭᠳᠡᠬᠦᠨ ᠪᠤᠯᠤᠨ᠎ᠠ᠃ ᠨᠡᠬᠦᠳᠡᠯ ᠮᠠᠯᠵᠢᠯ ᠪᠤᠯ ᠮᠤᠩᠭᠤᠯ ᠦᠨᠳᠦᠰᠦᠳᠡᠨ ᠤ ᠦᠢᠯᠡᠳᠪᠦᠷᠢᠯᠡᠯ᠂ ᠠᠮᠢᠳᠤᠷᠠᠯ ᠢ ᠲᠤᠰᠬᠠᠬᠤ ᠰᠢᠨᠵᠢᠯᠡᠬᠦ ᠤᠬᠠᠭᠠᠨᠴᠢ ᠦᠢᠯᠡᠳᠪᠤᠷᠢᠯᠡᠯ ᠤᠨ ᠬᠡᠯᠪᠡᠷᠢ ᠪᠤᠯᠤᠨ᠎ᠠ᠃      ᠭᠤᠷᠪᠠ᠂ ᠮᠤᠩᠭᠤᠯ ᠭᠡᠷ ᠤᠨ ᠪᠦᠳᠦᠴᠡ
蒙古包2.jpg
      1. ᠲᠤᠭᠤᠨᠤ᠄ ᠲᠤᠭᠤᠨᠤ ᠨᠢ ᠮᠤᠩᠭᠤᠯ ᠭᠡᠷ ᠤᠨ ᠤᠷᠤᠢ ᠶᠢᠨ ᠭᠡᠰᠡᠭ ᠲᠤ ᠪᠠᠶᠢᠷᠢᠰᠢᠵᠤ᠂ ᠨᠠᠷᠠᠨ ᠰᠠᠷᠠᠨ ᠡᠬᠡ ᠪᠠᠶᠢᠭᠠᠯᠢ ᠲᠠᠢ ᠨᠢᠭᠡᠨ ᠴᠤᠭᠴᠠ ᠪᠤᠯᠤᠨ ᠠᠭᠤᠰᠤᠯᠴᠠᠵᠤ ᠪᠠᠶᠢᠳᠠᠭ᠃ ᠲᠤᠭᠤᠨᠤ ᠶᠢᠨ ᠦᠢᠯᠡᠳᠦᠯ ᠨᠢ ᠮᠤᠩᠭᠤᠯ ᠭᠡᠷ ᠤᠨ ᠲᠤᠳᠤᠷᠠᠬᠢ ᠠᠭᠠᠷ ᠤᠨ ᠰᠤᠯᠢᠯᠴᠠᠭ᠎ᠠ ᠶᠢ ᠬᠠᠩᠭᠠᠵᠤ ᠪᠠᠶᠢᠳᠠᠭ ᠢᠶᠠᠷ ᠪᠠᠷᠠᠬᠤ ᠦᠭᠡᠢ ᠭᠡᠷᠡᠯ ᠭᠡᠭᠡ ᠶᠢ ᠭᠡᠷ ᠤᠨ ᠲᠤᠳᠤᠷ᠎ᠠ ᠤᠷᠢᠵᠤ ᠤᠷᠤᠭᠤᠯᠬᠤ ᠦᠢᠯᠡᠳᠦᠯ ᠲᠠᠢ᠂ ᠨᠡᠩ ᠴᠢᠬᠤᠯᠠ ᠨᠢ ᠲᠤᠭᠤᠨᠤ ᠪᠠᠷ ᠠᠶᠢᠯ ᠭᠡᠷ ᠤᠨ ᠡᠳᠦᠷ ᠲᠤᠳᠤᠮ ᠳᠤ ᠭᠡᠷᠡᠭᠯᠡᠬᠦ ᠭᠠᠯ ᠲᠤᠯᠭ᠎ᠠ ᠶᠢᠨ ᠲᠦᠩᠰᠡ ᠶᠢ ᠲᠤᠭᠤᠨᠤ ᠶᠢᠨ ᠭᠤᠤᠯ ᠨᠦᠭᠡ ᠪᠠᠷ ᠭᠠᠳᠠᠭᠰᠢ ᠭᠠᠷᠭᠠᠨ ᠠᠵᠠ ᠲᠦᠷᠦᠨ ᠠᠮᠢᠳᠤᠷᠠᠳᠠᠭ ᠢᠶᠠᠷ ᠮᠤᠩᠭᠤᠯ ᠬᠦᠮᠦᠨ ︽ᠲᠤᠭᠤᠨᠤᠳᠤ ᠭᠡᠷ ᠲᠡᠭᠡᠨ ᠵᠠᠶᠠᠭ᠎ᠠ ᠬᠤᠯᠪᠤᠵᠤ︾ ᠭᠡᠮᠡᠨ ᠰᠢᠨ᠎ᠡ ᠠᠶᠢᠯ ᠪᠤᠯᠬᠤ ᠢᠨᠠᠭ ᠬᠤᠶᠠᠷ ᠤᠨ ᠰᠠᠶᠢᠨ ᠰᠠᠶᠢᠬᠠᠨ ᠠᠮᠢᠳᠤᠷᠠᠯ ᠤᠨ ᠦᠭᠡᠳᠡ ᠡᠰᠡᠷᠡᠭ᠂ ᠮᠠᠨᠳᠤᠨ ᠪᠠᠳᠠᠷᠠᠬᠤ ᠶᠢ ᠵᠦᠩᠨᠡᠨ ᠪᠡᠯᠭᠡᠰᠢᠶᠡᠳᠡᠭ ᠪᠢᠯᠡ᠃      2. ᠡᠷᠦᠭᠡ᠄ ᠡᠷᠦᠭᠡ ᠪᠤᠯ ᠲᠤᠭᠤᠨᠤ ᠶᠢ ᠲᠠᠷᠤᠵᠤ ᠬᠤᠴᠠᠳᠠᠭ ᠭᠠᠷ ᠤᠨ ᠠᠶ᠎ᠠ ᠪᠠᠷ ᠬᠡᠷᠡᠭᠯᠡᠬᠦ ᠠᠮᠢᠳᠤᠯᠢᠭ ᠬᠤᠴᠢᠯᠭ᠎ᠠ ᠪᠤᠯᠬᠤ ᠶᠤᠮ᠃ ᠲᠡᠬᠦᠨ ᠢ ᠭᠤᠤᠯ ᠨᠢ ᠢᠰᠡᠭᠡᠢ ᠪᠠᠷ ᠬᠢᠳᠡᠭ᠃ ᠵᠠᠷᠢᠮ ᠨᠢ ᠪᠠᠰᠠ ᠠᠷᠠᠰᠤ ᠪᠤᠶᠤ ᠪᠦᠰ ᠪᠠᠷᠠᠭ᠎ᠠ ᠪᠠᠷ ᠬᠢᠳᠡᠭ ᠨᠢ ᠴᠤ ᠪᠤᠢ᠃ ᠦᠢᠯᠡᠳᠦᠯ ᠨᠢ ᠪᠤᠷᠤᠭᠠᠨ ᠴᠠᠰᠤ ᠲᠠᠢ ᠡᠳᠦᠷ ᠪᠤᠯᠬᠤ ᠪᠠᠷ ᠲᠤᠭᠤᠨᠤ ᠪᠠᠨ ᠬᠤᠴᠠᠵᠤ᠂ ᠪᠤᠷᠤᠭᠠᠨ᠂ ᠴᠠᠰᠤ ᠲᠤᠳᠤᠭᠰᠢ ᠤᠷᠤᠬᠤ ᠶᠢ ᠬᠤᠷᠢᠭᠯᠠᠬᠤ ᠦᠢᠯᠡᠳᠦᠯ ᠲᠠᠢ᠃ ᠮᠦᠨᠴᠦ ᠭᠡᠷ ᠤᠨ ᠭᠡᠷᠡᠯ ᠭᠡᠭᠡ᠂ ᠠᠭᠠᠷ ᠲᠤᠬᠢᠷᠠᠭᠤᠯᠤᠭᠴᠢ ᠪᠤᠯᠤᠨ᠎ᠠ᠃  
ᠢᠷᠡᠯᠲᠡ᠄ ᠬᠤᠯᠪᠤᠭ᠎ᠠ ᠪᠦᠷᠭᠡ ᠰᠦᠯᠵᠢᠶ᠎ᠡ