ᠲᠠᠪᠤᠨ ᠲᠠᠯ᠎ᠠ ᠶᠢᠨ ᠭᠤᠣᠯᠳᠠᠯᠭ᠎ᠠ ᠲᠠᠢ ᠠᠵᠢᠯ ᠢ ᠰᠠᠶᠢᠲᠤᠷ ᠠᠳᠬᠤᠵᠤ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠲᠦᠪᠰᠢᠨ ᠢ ᠪᠦᠭᠦ ᠲᠠᠯ᠎ᠠ ᠪᠠᠷ ᠳᠡᠭᠡᠭᠰᠢᠯᠡᠭᠦᠯᠤᠨ᠎ᠡ
ᠨᠡᠶᠢᠲᠡᠯᠡᠭᠰᠡᠨ ᠴᠠᠭ᠄
2023/11/13
       ᠲᠥᠷᠥ ᠶᠢᠨ ᠶᠠᠪᠤᠳᠠᠯ ᠤᠨ ᠬᠤᠷᠢᠶ᠎ᠠ ᠣᠶᠢᠷ᠎ᠠ ᠳᠤ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠰᠠᠨᠠᠯ ︾ ︵ ᠳᠣᠷᠣᠭᠰᠢ ︽ ᠰᠠᠨᠠᠯ︾ ᠭᠡᠵᠦ ᠳᠥᠭᠦᠮᠴᠢᠯᠡᠨ᠎ᠡ ︶ ᠢ ᠳᠠᠷᠤᠮᠠᠯᠯᠠᠨ ᠲᠠᠷᠬᠠᠭᠠᠪᠠ ᠃ ︽ ᠰᠠᠨᠠᠯ︾  ᠨᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠣᠯᠭᠤᠭᠰᠠᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠪᠠᠲᠤ ᠡᠵᠡᠮᠳᠡᠵᠦ ᠂ ᠰᠢᠨ᠎ᠡ ᠵᠠᠮ ᠨᠡᠭᠡᠭᠡᠬᠦ ᠂ ᠳᠤᠮᠳᠠ ᠲᠦᠪᠰᠢᠨ ᠳᠤ ᠣᠷᠣᠬᠤ ᠴᠠᠭ ᠤᠨ ᠬᠦᠰᠦᠨᠦᠭᠲᠦ ᠪᠠ ᠵᠠᠮ ᠱᠤᠭᠤᠮ ᠤᠨ ᠵᠢᠷᠤᠭ ᠢ ᠲᠣᠳᠣᠷᠬᠠᠶᠢᠯᠠᠵᠤ ᠂ ᠮᠠᠨ ᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠵᠢᠯᠤᠭᠤᠳᠬᠤ ᠬᠥᠲᠥᠯᠪᠦᠷᠢ ᠶᠢᠨ ᠴᠢᠨᠠᠷᠲᠠᠢ ᠪᠢᠴᠢᠭ ᠮᠠᠲ᠋ᠧᠷᠢᠶᠠᠯ ᠪᠣᠯᠵᠠᠢ ᠃ ᠰᠤᠷᠪᠤᠯᠵᠢᠯᠠᠬᠴᠢ ︽ᠰᠠᠨᠠᠯ ︾ ᠢ ᠬᠡᠷᠬᠢᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠢ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠲᠢᠩᠬᠢᠮ ᠤᠨ ᠳᠠᠷᠤᠭ᠎ᠠ ᠵᠠᠢ ᠶᠢᠩ ᠵᠢᠶᠦ᠋ᠨ ᠢ ᠰᠤᠷᠪᠤᠯᠵᠢᠯᠠᠪᠠ ᠃      ᠵᠠᠢ ᠶᠢᠩ ᠵᠢᠶᠦ᠋ᠨ ᠂ ᠨᠢᠭᠡ ᠬᠤᠪᠢ ᠶᠢᠨ ᠪᠠᠶᠢᠷᠢᠯᠠᠭᠤᠯᠤᠯᠲᠠ ᠂ ᠶᠢᠰᠦᠨ ᠬᠤᠪᠢ ᠶᠢᠨ ᠨᠠᠶᠢᠳᠠᠪᠤᠷᠢᠵᠢᠭᠤᠯᠤᠯᠲᠠ ᠃ ︽ᠰᠠᠨᠠᠯ ︾ ᠳᠤ ᠰᠢᠨ᠎ᠡ ᠶᠢ ᠡᠭᠦᠳᠬᠦ ᠬᠥᠭᠵᠢᠯᠲᠡ ᠶᠢᠨ ᠴᠢᠳᠠᠪᠤᠷᠢ ᠶᠢ ᠴᠢᠩᠭᠠᠳᠬᠠᠬᠤ ᠂ ᠦᠨᠳᠦᠰᠦᠨ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠴᠢᠩᠭᠠᠳᠬᠠᠬᠤ ᠂ ᠣᠯᠠᠨ ᠨᠡᠶᠢᠲᠡ ᠶᠢᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠭᠦ ᠵᠡᠷᠭᠡ ᠲᠠᠯ᠎ᠠ ᠶᠢᠨ ᠲᠣᠭᠤᠷᠢᠨ ᠳᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠡᠭᠦᠷᠭᠡᠯᠡᠵᠦ ᠪᠠᠶᠢᠭ᠎ᠠ ᠠᠵᠢᠯ ᠤᠨ ᠡᠭᠦᠷᠭᠡ ᠶᠢ ᠲᠣᠳᠣᠷᠬᠠᠢ ᠲᠣᠭᠲᠠᠭᠠᠪᠠ ᠃ ︽ᠰᠠᠨᠠᠯ ︾ ᠢ ᠨᠡᠶᠢᠲᠡᠯᠡᠭᠰᠡᠨ ᠤ ᠳᠠᠷᠠᠭ᠎ᠠ ᠂ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠲᠡᠷᠡ ᠳᠠᠷᠤᠢ  ᠳᠤᠨᠢ ᠬᠤᠷᠠᠯ ᠬᠤᠷᠠᠯᠳᠤᠭᠤᠯᠤᠨ ᠤᠯᠠᠮᠵᠢᠯᠠᠨ ᠰᠤᠷᠤᠯᠴᠠᠵᠤ ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠰᠤᠳᠤᠯᠤᠨ ᠂ ᠲᠡᠷᠡ ᠳᠠᠷᠤᠢ ᠳᠤᠨᠢ ︽ᠶᠠᠮᠤᠨ ᠲᠠᠢ ᠬᠠᠷᠢᠯᠴᠠᠵᠤ ᠪᠡᠭᠡᠵᠢᠩ ᠣᠷᠣᠬᠤ ︾ ᠠᠵᠢᠯ ᠢ ᠵᠣᠯᠭᠠᠭᠤᠯᠵᠤ ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠬᠦᠴᠦᠲᠡᠢ ᠳᠡᠮᠵᠢᠯᠭᠡ ᠶᠢ ᠴᠢᠷᠮᠠᠶᠢᠨ ᠣᠯᠵᠤ ᠂ ︽ᠰᠠᠨᠠᠯ ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤᠮᠳᠠ ᠡᠮᠦᠨ᠎ᠡ ᠨᠢ ᠶᠠᠪᠤᠵᠤ ᠂ ᠦᠷ᠎ᠡ ᠪᠦᠲᠦᠮᠵᠢ ᠣᠯᠬᠤ ᠪᠠᠷ ᠴᠢᠷᠮᠠᠶᠢᠵᠠᠢ ᠭᠡᠵᠦ ᠢᠯᠡᠳᠬᠡᠪᠡ ᠃      ᠵᠠᠢ ᠶᠢᠩ ᠵᠢᠶᠦ᠋ᠨ ᠂ ᠪᠢᠳᠡ ᠬᠥᠮᠥᠨ ᠤ ᠬᠦᠴᠦᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠠᠵᠢᠯ ᠢ ᠴᠢᠩᠭᠠᠳᠬᠠᠬᠤ ᠡᠨᠡ ᠬᠦ ᠬᠥᠮᠥᠨ ᠤ ᠬᠦᠴᠦᠨ ᠤ ᠡᠬᠢ ᠪᠠᠶᠠᠯᠢᠭ ᠪᠣᠯᠣᠨ ᠨᠡᠶᠢᠭᠡᠮ ᠤᠨ ᠪᠠᠲᠤᠯᠠᠭ᠎ᠠ ᠶᠢᠨ ᠠᠵᠢᠯ ᠤᠨ ᠭᠤᠣᠯ ᠰᠡᠳᠦᠪ ᠭᠤᠣᠯ ᠰᠢᠵᠢᠮ ᠲᠠᠢ ᠨᠢᠭᠲᠠ ᠤᠶᠠᠯᠳᠤᠭᠤᠯᠵᠤ ᠂ ᠲᠦᠷᠦ ᠶᠢᠨ ᠪᠣᠳᠣᠯᠭ᠎ᠠ ᠶᠢ ᠭᠦᠢᠴᠡᠳ ᠰᠠᠶᠢᠲᠤᠷ ᠬᠡᠷᠡᠭᠯᠡᠵᠦ ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠂ ᠠᠷᠠᠳ ᠤᠨ ᠠᠮᠢᠳᠤᠷᠠᠯ ᠢ ᠪᠠᠲᠤᠯᠠᠬᠤ ᠂ ᠬᠥᠭᠵᠢᠯᠲᠡ ᠶᠢ ᠠᠬᠢᠭᠤᠯᠬᠤ ᠪᠠᠷ ᠬᠦᠴᠦᠯᠡᠵᠦ ᠂ ᠠᠷᠠᠳ ᠤᠨ ᠠᠮᠢᠳᠤᠷᠠᠯ ᠤᠨ ᠳᠤᠲᠠᠭᠤᠳᠠᠯ ᠢ ᠦᠨᠡᠨ ᠬᠦ ᠨᠥᠬᠦᠪᠦᠷᠢᠯᠡᠵᠦ ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠵᠦ ᠂ ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠬᠠᠮᠲᠤ ᠪᠠᠷ ᠪᠠᠶᠠᠵᠢᠬᠤ ᠶᠢ ᠠᠬᠢᠭᠤᠯᠬᠤ ᠨᠢ ᠠᠵᠢᠯᠯᠠᠭ᠎ᠠ ᠳᠡᠭᠡᠷ᠎ᠡ ᠪᠠᠨ ᠪᠠᠶᠢᠵᠤ ᠂ ᠳᠡᠷᠭᠡᠳᠡ ᠨᠢ ᠪᠠᠶᠢᠬᠤ ᠶᠢ ᠦᠨᠡᠨ ᠬᠦ ᠮᠡᠳᠡᠷᠡᠭᠦᠯᠵᠦ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠬᠥᠮᠥᠨ ᠤ ᠬᠦᠴᠦᠨ ᠪᠠ ᠨᠡᠶᠢᠭᠡᠮ ᠤᠨ ᠪᠠᠲᠤᠯᠠᠭ᠎ᠠ ᠶᠢᠨ ᠬᠦᠴᠦᠨ ᠴᠢᠳᠠᠯ ᠢᠶᠠᠨ ᠡᠷᠭᠦᠨ᠎ᠡ ᠃ ᠪᠢᠳᠡ ᠲᠠᠪᠤᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ ᠭᠡᠵᠦ ᠬᠡᠯᠡᠪᠡ ᠃      ᠨᠡᠩ ᠭᠦᠢᠴᠡᠳ ᠨᠡᠩ ᠴᠢᠨᠠᠷ ᠰᠠᠶᠢᠲᠠᠢ ᠠᠵᠢᠯ ᠣᠯᠭᠤᠯᠲᠠ ᠶᠢ ᠪᠡᠶᠡᠯᠡᠭᠦᠯᠬᠦ ᠶᠢ ᠠᠬᠢᠭᠤᠯᠤᠨ᠎ᠠ ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠦᠷᠦ ᠶᠢᠨ ᠪᠣᠳᠣᠯᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ ᠂ ᠠᠵᠢᠯ ᠣᠯᠭᠤᠯᠲᠠ ᠶᠢᠨ ᠲᠦᠷᠦ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠵᠣᠬᠢᠴᠠᠭᠤᠯᠤᠨ ᠲᠣᠬᠢᠷᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ ᠂ ᠳᠠᠷᠤᠭᠠᠰᠤ ᠶᠢ ᠬᠥᠩᠭᠡᠷᠡᠭᠦᠯᠵᠦ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠯᠲᠠ ᠶᠢ ᠥᠷᠭᠡᠳᠬᠡᠬᠦ ᠡᠯ᠎ᠡ ᠵᠦᠢᠯ ᠤᠨ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠣᠨᠣᠴᠠᠲᠠᠢ ᠪᠦᠲᠦᠮᠵᠢᠲᠡᠶ ᠬᠡᠷᠡᠭᠵᠢᠭᠦᠯᠵᠦ ᠂ ᠠᠷᠭ᠎ᠠ ᠪᠦᠭᠦᠨ ᠢ ᠰᠦᠪᠡᠭᠴᠢᠯᠡᠨ ᠠᠵᠤ ᠠᠬᠤᠢ ᠶᠢ ᠲᠣᠭᠲᠠᠭᠤᠨ ᠪᠠᠶᠢᠯᠭᠠᠵᠤ ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠲᠣᠭᠲᠠᠪᠤᠷᠢᠵᠢᠭᠤᠯᠬᠤ ᠪᠠᠷ ᠳᠠᠮᠵᠢᠭᠤᠯᠤᠨ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ ᠂ ᠠᠵᠢᠯ ᠣᠯᠭᠤᠯᠲᠠ ᠶᠢ ᠥᠷᠭᠡᠳᠬᠡᠨ᠎ᠡ ᠃ ᠭᠤᠣᠯᠳᠠᠯᠭ᠎ᠠ ᠲᠠᠢ ᠬᠥᠮᠥᠰ ᠲᠤ ᠠᠵᠢᠯ ᠣᠯᠭᠤᠬᠤ ᠶᠢ ᠲᠣᠪᠣᠶᠢᠮ᠎ᠠ ᠰᠠᠶᠢᠲᠤᠷ ᠠᠳᠬᠤᠵᠤ ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠂ ᠴᠡᠷᠢᠭ ᠠᠴᠠ ᠬᠠᠯᠠᠭᠳᠠᠭᠰᠠᠳ ᠂ ᠬᠥᠯᠥᠰᠦᠨ ᠮᠠᠯᠴᠢᠨ ᠲᠠᠷᠢᠶᠠᠴᠢᠨ ᠂ ᠠᠵᠢᠯ ᠠᠯᠳᠠᠭᠰᠠᠳ ᠵᠡᠷᠭᠡ ᠭᠤᠣᠯᠳᠠᠯᠭ᠎ᠠ ᠲᠠᠢ ᠬᠥᠮᠥᠰ ᠲᠤ ᠠᠵᠢᠯ ᠣᠯᠭᠤᠬᠤ ᠳᠡᠮᠵᠢᠯᠭᠡ ᠦᠵᠡᠭᠦᠯᠭᠦ ᠶᠢ ᠴᠢᠩᠭᠠᠳᠬᠠᠨ ᠂ ᠠᠵᠢᠯ ᠠᠯᠳᠠᠭᠰᠠᠳ ᠂ ᠠᠵᠢᠯ ᠣᠯᠬᠤ ᠳᠤ ᠬᠦᠴᠢᠷᠲᠡᠢ ᠬᠥᠮᠥᠰ ᠂ ᠠᠵᠢᠯ ᠲᠠᠢ ᠬᠥᠮᠥᠨ ᠦᠭᠡᠢ ᠭᠡᠷ ᠪᠦᠯᠢ ᠶᠢᠨ ᠪᠦᠷᠢᠯᠳᠦᠭᠦᠨ ᠂ ᠵᠡᠮᠳᠡᠭᠴᠦᠳ ᠵᠡᠷᠭᠡ ᠬᠦᠴᠢᠷᠳᠡᠯᠲᠡᠢ ᠬᠥᠮᠥᠰ ᠤᠨ ᠦᠨᠳᠦᠰᠦᠨ ᠵᠦᠢᠯ ᠢ ᠪᠠᠲᠤᠯᠠᠨ ᠬᠠᠪᠰᠤᠷᠤᠨ ᠲᠡᠳᠬᠦᠬᠦ ᠠᠵᠢᠯ ᠢ ᠨᠠᠷᠢᠯᠢᠭ ᠣᠨᠣᠴᠠᠲᠠᠢ ᠪᠠᠷ ᠰᠠᠶᠢᠲᠤᠷ ᠬᠢᠨ᠎ᠡ ᠃ ︽ᠤᠷ᠎ᠠ ᠴᠢᠳᠠᠪᠤᠷᠢ ᠶᠢᠨ ᠥᠪᠥᠷ ᠮᠣᠩᠭᠤᠯ ᠤᠨ ᠠᠵᠢᠯᠯᠠᠭ᠎ᠠ ︾ ᠶᠢ ᠯᠠᠪᠳᠠᠭᠤᠨ ᠪᠠᠲᠤᠲᠠᠢ ᠠᠬᠢᠭᠤᠯᠵᠤ ᠂ ᠭᠤᠣᠯᠳᠠᠯᠭ᠎ᠠ ᠲᠠᠢ ᠬᠥᠮᠥᠰ ᠂ ᠭᠤᠣᠯᠳᠠᠯᠭ᠎ᠠ ᠲᠠᠢ ᠠᠵᠢᠯ ᠲᠥᠷᠥᠯ ᠤᠨ ᠪᠣᠯᠪᠠᠰᠤᠷᠠᠯ ᠢ ᠴᠢᠨᠠᠷ ᠰᠠᠶᠢᠲᠠᠢ ᠥᠷᠨᠢᠭᠦᠯᠵᠦ ᠂ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠶᠠᠰᠤ ᠴᠢᠨᠠᠷ ᠦᠷ᠎ᠡ ᠪᠦᠲᠦᠮᠵᠢ ᠶᠢ ᠪᠦᠭᠦ ᠲᠠᠯ᠎ᠠ ᠪᠠᠷ ᠳᠡᠭᠡᠭᠰᠢᠯᠡᠭᠦᠯᠤᠨ᠎ᠠ ᠃ ︽ᠦᠢᠯᠡᠰ ᠪᠣᠰᠬᠠᠬᠤ ᠥᠪᠥᠷ ᠮᠣᠩᠭᠤᠯ ᠤᠨ ᠠᠵᠢᠯᠯᠠᠭ᠎ᠠ ︾ ᠶᠢ ᠭᠦᠨᠵᠡᠭᠡᠢ ᠬᠡᠷᠡᠭᠵᠢᠭᠦᠯᠵᠦ ᠂ ᠦᠢᠯᠡᠰ ᠪᠣᠰᠬᠠᠬᠤ ᠪᠣᠯᠪᠠᠰᠤᠷᠠᠯ ᠢ ᠴᠢᠩᠭᠠᠳᠬᠠᠨ ᠂ ᠦᠢᠯᠡᠰ ᠪᠣᠰᠬᠠᠬᠤ ᠨᠡᠪᠴᠢᠭᠦᠯᠬᠦ ᠰᠠᠭᠤᠷᠢᠨ ᠵᠡᠷᠭᠡ ᠠᠴᠢᠶᠠᠯᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ ᠂ ᠦᠢᠯᠡᠰ ᠪᠣᠰᠬᠠᠬᠤ ᠪᠠᠲᠤᠯᠠᠭᠠᠲᠤ ᠵᠢᠭᠡᠯᠡᠯᠭᠡ ᠲᠠᠯᠪᠢᠬᠤ ᠡᠷᠴᠢᠮ ᠢ ᠴᠢᠩᠭᠠᠷᠠᠭᠤᠯᠤᠨ ᠂ ᠡᠯ᠎ᠡ ᠲᠥᠷᠥᠯ ᠤᠨ ᠬᠥᠮᠥᠰ ᠤᠨ ᠦᠢᠯᠡᠰ ᠪᠣᠰᠬᠠᠬᠤ ᠶᠢ ᠳᠡᠮᠵᠢᠨ᠎ᠡ ᠃ ᠤᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡ ᠶᠢ ᠰᠢᠯᠢᠳᠡᠭᠵᠢᠭᠦᠯᠵᠦ ᠂ ᠬᠥᠮᠥᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠂ ᠡᠳᠦᠷ ᠤᠨ ᠬᠦᠴᠦᠨ ᠤ ᠠᠵᠢᠯ ᠤᠨ ᠵᠠᠬ᠎ᠠ ᠳᠡᠯᠭᠡᠭᠦᠷ ᠤᠨ ᠦᠢᠯᠡᠳᠦᠯ ᠢ ᠰᠠᠶᠢᠲᠤᠷ ᠪᠠᠳᠠᠷᠠᠭᠤᠯᠵᠤ ᠂ ᠤᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠭᠦ ᠵᠢᠱᠢᠶ᠎ᠡ ᠦᠵᠡᠭᠦᠯᠭᠦ ᠲᠦᠷᠦᠯ ᠵᠦᠢᠯ ᠢ ᠥᠨᠳᠥᠷ ᠪᠠᠷᠢᠮᠵᠢᠶ᠎ᠠ ᠪᠠᠷ ᠬᠡᠷᠡᠭᠵᠢᠭᠦᠯᠵᠦ ᠂ ᠨᠢᠭᠡ ᠴᠣᠭᠴᠠᠵᠢᠭᠤᠯᠤᠭᠰᠠᠨ ᠠᠵᠢᠯ ᠣᠯᠭᠤᠯᠲᠠ ᠶᠢᠨ ᠮᠡᠳᠡᠭᠡ ᠵᠠᠩᠭᠢ ᠶᠢᠨ ︽ᠨᠢᠭᠡ ᠬᠥᠮᠥᠷᠭᠡ ᠨᠢᠭᠡ ᠲᠠᠪᠴᠠᠩ ︾ ᠢ ᠲᠦᠷᠭᠡᠳᠬᠡᠨ ᠪᠠᠶᠢᠭᠤᠯᠵᠤ ᠂ ᠨᠡᠩ ᠤᠯᠠᠨ ᠤᠯᠠᠨ ᠲᠦᠮᠡᠨ ᠤ ︽ᠭᠡᠷ ᠤᠨ ᠡᠭᠦᠳᠡᠨ ︾  ᠳᠡᠭᠡᠨ ᠠᠵᠢᠯ ᠣᠯᠬᠤ ᠳᠤ ᠦᠢᠯᠡᠴᠢᠯᠡᠬᠦ ᠦᠷᠳᠡᠭᠡ ᠶᠢ ᠪᠠᠶᠢᠭᠤᠯᠵᠤ ᠂ ᠬᠠᠩᠭᠠᠯᠭ᠎ᠠ ᠬᠡᠷᠡᠭᠴᠡᠭᠡ ᠶᠢ ᠣᠨᠢᠨ ᠳᠡᠭᠡᠷ᠎ᠡ ᠨᠢ ᠵᠣᠯᠭᠠᠭᠤᠯᠬᠤ ᠶᠢ ᠠᠬᠢᠭᠤᠯᠤᠨ᠎ᠠ ᠃      ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠦᠷᠭᠦᠯᠵᠢᠯᠡᠨ ᠲᠡᠭᠦᠯᠳᠡᠷᠵᠢᠭᠦᠯᠦᠨ᠎ᠡ ᠃ ᠪᠦᠭᠦ ᠠᠷᠠᠳ ᠢ ᠬᠠᠮᠤᠷᠤᠭᠰᠠᠨ ᠂ ᠬᠤᠳᠠ ᠬᠥᠳᠡᠭᠡ ᠶᠢ ᠨᠢᠭᠡᠳᠦᠯᠲᠡᠢ ᠲᠥᠯᠥᠪᠵᠢᠭᠦᠯᠦᠭᠰᠡᠨ ᠂ ᠲᠥᠪ ᠭᠤᠣᠯᠴᠢ ᠨᠢᠭᠡᠳᠦᠯᠲᠡᠢ ᠂ ᠠᠮᠤᠷ ᠲᠦᠪᠰᠢᠨ ᠪᠥᠭᠡᠳ ᠵᠢᠷᠤᠮᠵᠢᠭᠤᠨ ᠂ ᠦᠷᠭᠦᠯᠵᠢᠯᠡᠬᠦ ᠤᠯᠠᠨ ᠲᠡᠰ ᠳᠠᠪᠬᠤᠷᠭ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠬᠦᠴᠦᠯᠡᠨ ᠪᠦᠷᠢᠨᠰᠢᠭᠦᠯᠵᠦ ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠠᠮᠤᠷ ᠲᠦᠪᠰᠢᠨ ᠤ ᠲᠣᠣᠷ ᠢ ᠨᠢᠭᠲᠠ ᠪᠥᠭᠡᠳ ᠪᠠᠲᠤ ᠰᠦᠯᠵᠢᠨ᠎ᠡ ᠃ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠳᠠᠭᠠᠳᠬᠠᠯ ᠢ ᠪᠦᠭᠦ ᠤᠯᠤᠰ ᠲᠤ ᠨᠢᠭᠡᠳᠦᠯᠲᠡᠢ ᠲᠥᠯᠥᠪᠵᠢᠭᠦᠯᠬᠦ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ ᠂ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠳᠦᠷᠢᠮ ᠢ ᠪᠦᠭᠦ ᠲᠠᠯ᠎ᠠ ᠪᠠᠷ ᠬᠡᠷᠡᠭᠵᠢᠭᠦᠯᠬᠦ ᠶᠢ ᠠᠬᠢᠭᠤᠯᠤᠨ ᠂ ᠠᠵᠤ ᠠᠬᠤᠶᠢᠯᠠᠯ ᠤᠨ ᠣᠨ ᠤ ᠮᠥᠩᠭᠦ ᠶᠢᠨ ᠬᠠᠮᠤᠷᠬᠤ ᠬᠡᠪᠴᠢᠶ᠎ᠡ ᠶᠢ ᠥᠷᠭᠡᠳᠬᠡᠬᠦ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠶᠢ ᠰᠦᠪᠡᠭᠴᠢᠯᠡᠵᠦ ᠂ ᠠᠵᠢᠯ ᠠᠯᠳᠠᠭᠰᠠᠳ ᠤᠨ ᠳᠠᠭᠠᠳᠬᠠᠯ ᠢ ᠥᠪᠡᠷᠲᠡᠭᠡᠨ ᠵᠠᠰᠠᠬᠤ ᠣᠷᠣᠨ ᠤ ᠱᠠᠲᠤᠨ ᠳᠤ ᠨᠢᠭᠡᠳᠦᠯᠲᠡᠢ ᠲᠥᠯᠥᠪᠵᠢᠭᠦᠯᠬᠦ ᠶᠢ ᠪᠠᠬᠢᠵᠢᠭᠦᠯᠦᠨ ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠢ ᠥᠪᠡᠷᠲᠡᠭᠡᠨ ᠵᠠᠰᠠᠬᠤ ᠣᠷᠣᠨ ᠤ ᠱᠠᠲᠤᠨ ᠳᠤ ᠨᠢᠭᠡᠳᠦᠯᠲᠡᠢ ᠲᠥᠯᠥᠪᠵᠢᠭᠦᠯᠬᠦ ᠶᠢ ᠲᠦᠷᠭᠡᠳᠬᠡᠨ᠎ᠡ ᠃ ᠪᠦᠭᠦ ᠠᠷᠠᠳ ᠢᠶᠠᠷ ᠢᠶᠠᠨ ᠳᠠᠭᠠᠳᠬᠠᠯ ᠳᠤ ᠣᠷᠤᠯᠴᠠᠬᠤ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠵᠦ ᠂ ᠲᠣᠮᠣ ᠳ᠋ᠠᠶᠢᠲ᠋ᠠ ᠶᠢᠨ ᠠᠷᠭ᠎ᠠ ᠪᠠᠷᠢᠯ ᠢ ᠭᠦᠢᠴᠡᠳ ᠠᠰᠢᠭᠯᠠᠨ ᠳᠠᠭᠠᠳᠬᠠᠯ ᠳᠤ ᠣᠷᠣᠯᠴᠠᠭᠠᠳᠤᠢ ᠡᠲᠡᠭᠡᠳ ᠢ ᠣᠨᠣᠪᠴᠢᠲᠠᠶ ᠢᠯᠭᠠᠨ ᠲᠠᠨᠢᠵᠤ ᠂ ᠡᠷᠦᠭᠡ ᠳᠤ ᠬᠦᠷᠴᠦ ᠪᠠᠶᠢᠴᠠᠭᠠᠯᠲᠠ ᠬᠢᠬᠦ ᠂ ᠲᠥᠷᠥ ᠶᠢᠨ ᠪᠣᠳᠣᠯᠭ᠎ᠠ ᠶᠢ ᠤᠬᠠᠭᠤᠯᠬᠤ ᠂ ᠳᠠᠭᠠᠳᠬᠠᠯ ᠳᠤ ᠣᠷᠤᠯᠴᠠᠬᠤ ᠶᠢ ᠳᠠᠶᠢᠴᠢᠯᠠᠬᠤ ᠶᠢ ᠢᠳᠡᠪᠬᠢᠲᠡᠢ   ᠪᠠᠷ ᠥᠷᠨᠢᠭᠦᠯᠵᠦ ᠂ ᠨᠡᠶᠢᠭᠡᠮ ᠤᠨ ᠪᠠᠲᠤᠯᠠᠭ᠎ᠠ ᠶᠢᠨ ᠬᠠᠮᠤᠷᠬᠤ ᠬᠡᠪᠴᠢᠶ᠎ᠡ ᠶᠢ ᠥᠷᠭᠡᠳᠬᠡᠨ᠎ᠡ ᠃ ᠰᠠᠭᠤᠷᠢ ᠮᠥᠩᠭᠦ ᠶᠢᠨ ᠡᠷᠭᠢᠯᠲᠡ ᠶᠢ ᠬᠢᠨᠠᠨ ᠰᠢᠨᠵᠢᠵᠦ ᠵᠠᠳᠠᠯᠬᠤ ᠶᠢ ᠴᠢᠩᠭᠠᠳᠬᠠᠨ ᠂ ᠡᠯ᠎ᠡ ᠵᠦᠢᠯ ᠤᠨ ᠨᠡᠶᠢᠭᠡᠮ ᠤᠨ ᠳᠠᠭᠠᠳᠬᠠᠯ ᠤᠨ ᠮᠥᠩᠭᠦ ᠣᠯᠭᠤᠮᠵᠢ ᠶᠢ ᠴᠠᠭ ᠲᠤᠬᠠᠢ ᠳᠤᠨᠢ ᠲᠤᠭ᠎ᠠ ᠶᠣᠰᠣᠭᠠᠷ ᠭᠦᠢᠴᠡᠳ ᠣᠯᠭᠤᠬᠤ ᠶᠢ ᠦᠨᠡᠨ ᠬᠦ ᠪᠠᠲᠤᠯᠠᠨ᠎ᠠ ᠃ ᠨᠡᠶᠢᠭᠡᠮ ᠤᠨ ᠳᠠᠭᠠᠳᠬᠠᠯ ᠢ ᠰᠢᠯᠵᠢᠭᠦᠯᠦᠨ ᠵᠠᠯᠭᠠᠬᠤ ᠥᠨᠳᠥᠷ ᠪᠦᠲᠦᠮᠵᠢᠲᠡᠶ ᠪᠥᠭᠡᠳ ᠳᠥᠭᠦᠮ ᠲᠦᠷᠭᠡᠨ ᠲᠣᠭᠲᠠᠴᠠ ᠶᠢ ᠲᠡᠭᠦᠯᠳᠡᠷᠵᠢᠭᠦᠯᠵᠦ ᠂ ᠰᠢᠯᠵᠢᠭᠦᠯᠦᠨ ᠵᠠᠯᠭᠠᠯᠳᠤᠭᠤᠯᠬᠤ ᠴᠠᠭ ᠤᠨ ᠬᠢᠵᠠᠭᠠᠷ ᠢ ᠤᠯᠠᠮ ᠴᠢᠨᠠᠭᠰᠢᠳᠠ ᠪᠠᠭᠠᠰᠬᠠᠨ᠎ᠠ ᠃ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠦᠷᠢᠶᠡᠨ ᠳᠠᠬᠢ ᠰᠠᠭᠤᠷᠢ ᠮᠥᠩᠭᠦ ᠶᠢᠨ ᠪᠡᠯᠡ ᠮᠥᠩᠭᠦ ᠶᠢᠨ ᠬᠠᠮᠢᠶᠠᠷᠤᠯᠲᠠ ᠶᠢᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠪᠠᠬᠢᠵᠢᠭᠦᠯᠵᠦ ᠂ ᠰᠠᠭᠤᠷᠢ ᠮᠥᠩᠭᠦ ᠶᠢᠨ ᠠᠮᠤᠷ ᠲᠦᠪᠰᠢᠨ ᠢ ᠦᠨᠡᠨ ᠬᠦ ᠬᠠᠮᠠᠭᠠᠯᠠᠨ᠎ᠠ ᠃      ᠴᠢᠳᠠᠪᠤᠷᠢᠲᠠᠨ ᠢ ᠣᠷᠣᠭᠤᠯᠤᠨ ᠠᠪᠴᠢᠷᠠᠵᠤ ᠰᠢᠨ᠎ᠡ ᠶᠢ ᠡᠭᠦᠳᠬᠦ ᠡᠷᠴᠢᠮ ᠢ ᠴᠢᠩᠭᠠᠷᠠᠭᠤᠯᠤᠨ᠎ᠠ ᠃ ᠮᠡᠷᠭᠡᠵᠢᠯ ᠤᠷ᠎ᠠ ᠴᠢᠳᠠᠪᠤᠷᠢ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠵᠤ ᠶᠠᠰᠤ ᠴᠢᠨᠠᠷ ᠢ ᠳᠡᠭᠡᠭᠰᠢᠯᠡᠭᠦᠯᠭᠦ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ ᠂ ᠴᠢᠳᠠᠪᠤᠷᠢᠲᠠᠨ ᠢ ᠬᠥᠮᠥᠵᠢᠭᠦᠯᠦᠨ ᠨᠡᠭᠡᠭᠡᠨ ᠬᠥᠭᠵᠢᠭᠦᠯᠬᠦ ᠂ ᠣᠷᠣᠭᠤᠯᠤᠨ ᠠᠪᠴᠢᠷᠠᠵᠤ ᠰᠢᠯᠵᠢᠭᠦᠯᠬᠦ ᠂ ᠦᠨᠡᠯᠡᠵᠦ ᠤᠷᠮᠠᠰᠢᠭᠤᠯᠬᠤ ᠂ ᠦᠢᠯᠡᠴᠢᠯᠡᠵᠦ ᠪᠠᠲᠤᠯᠠᠬᠤ ᠵᠡᠷᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ ᠂ ᠲᠤᠰᠬᠠᠢ ᠮᠡᠷᠭᠡᠵᠢᠯ ᠤᠨ ᠴᠢᠳᠠᠪᠤᠷᠢᠲᠠᠨ ᠪᠠ ᠳᠡᠭᠡᠳᠦ ᠲᠡᠰ ᠤᠨ ᠤᠷ᠎ᠠ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ ᠂ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠭᠦᠯᠬᠦ ᠳᠤ ᠣᠶᠤᠨ ᠤ ᠲᠤᠯᠭᠠᠭᠤᠷᠢᠯᠠᠯ ᠬᠠᠩᠭᠠᠨ᠎ᠠ ᠃ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠪᠠ ᠬᠥᠭᠵᠢᠯᠲᠡ ᠶᠢᠨ ᠴᠢᠭᠯᠡᠯ ᠤᠨ ᠲᠣᠭᠤᠷᠢᠨ ᠳᠤ ᠂ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠶᠢᠨ ᠭᠠᠷᠴᠠᠭ ᠢ ᠬᠦᠷᠢᠶ᠎ᠡ ᠴᠠᠷᠠᠭ᠎ᠠ ᠬᠤᠪᠢᠶᠠᠨ ᠬᠥᠳᠡᠯᠦᠩᠭᠦᠢ ᠪᠠᠷ ᠨᠡᠶᠢᠲᠡᠯᠡᠵᠦ ᠂︽ᠴᠢᠳᠠᠪᠤᠷᠢᠲᠠᠨ + ᠲᠥᠷᠥᠯ ᠵᠦᠢᠯ ︾ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠵᠠᠭᠪᠤᠷ ᠢ ᠬᠡᠷᠡᠭᠵᠢᠭᠦᠯᠵᠦ ᠂ ᠪᠠᠴᠢᠮ ᠬᠡᠷᠡᠭᠴᠡᠭᠡ ᠲᠠᠢ ᠲᠤᠲᠠᠭᠳᠠᠵᠤ ᠪᠠᠶᠢᠭ᠎ᠠ ᠳᠡᠭᠡᠳᠦ ᠲᠠᠰ ᠤᠨ ᠴᠢᠳᠠᠪᠤᠷᠢᠲᠠᠨ ᠢ ᠢᠳᠡᠪᠬᠢᠲᠡᠢ ᠬᠥᠮᠥᠵᠢᠭᠦᠯᠵᠦ ᠣᠷᠣᠭᠤᠯᠤᠨ ᠠᠪᠴᠢᠷᠠᠨ᠎ᠠ ᠃ ᠮᠡᠷᠭᠡᠵᠢᠯ ᠤᠨ ᠴᠣᠯᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ ︽ᠳᠥᠷᠪᠡ ᠶᠢ ᠯᠡ ᠡᠷᠭᠢᠮᠯᠡᠭᠦ ︾ ᠵᠤᠷᠰᠢᠯ ᠶᠢ ᠡᠪᠳᠡᠬᠦ ᠪᠠ ︽ᠰᠢᠨ᠎ᠡ ᠪᠠᠷᠢᠮᠵᠢᠶ᠎ᠠ ︾ ᠲᠣᠭᠲᠠᠭᠠᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ ᠂ ᠰᠢᠨ᠎ᠡ ᠶᠢ ᠡᠭᠦᠳᠬᠦ ᠴᠢᠳᠠᠪᠤᠷᠢ ᠂ ᠶᠠᠰᠤ ᠴᠢᠨᠠᠷ ᠂ ᠬᠤᠪᠢ ᠨᠡᠮᠡᠷᠢ ᠪᠠᠷ ᠤᠳᠤᠷᠢᠳᠤᠮᠵᠢ ᠪᠤᠯᠭᠠᠬᠰᠠᠨ ᠦᠨᠡᠯᠡᠯᠲᠡ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ ᠃︽ᠵᠠᠭᠤ ᠮᠢᠩᠭ᠎ᠠ ᠲᠦᠮᠡ ︾ ᠶᠢᠨ ᠳᠡᠭᠡᠳᠦ ᠲᠡᠰ ᠤᠨ ᠤᠷ᠎ᠠ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠬᠦ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠵᠦ ᠂ ᠰᠢᠨ᠎ᠡ ︽ᠨᠠᠢᠮᠠᠨ ᠳᠡᠰ ᠤᠨ ᠠᠵᠢᠯᠴᠢᠨ ︾ ᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠳᠡᠰ ᠤᠨ ᠳᠦᠷᠢᠮ ᠢ ᠰᠠᠶᠢᠲᠤᠷ ᠨᠠᠶᠢᠳᠠᠪᠤᠷᠢᠵᠢᠭᠤᠯᠬᠤ ᠂ ᠮᠡᠷᠭᠡᠵᠢᠯ ᠤᠨ ᠠᠵᠢᠯᠲᠠᠨ ᠤ ᠰᠤᠷᠭᠠᠨ ᠬᠥᠮᠦᠵᠢᠯ ᠢ ᠶᠡᠭᠡ ᠪᠠᠷ ᠬᠥᠭᠵᠢᠭᠦᠯᠦᠨ ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠤ ᠰᠢᠰᠲ᠋ᠧᠮ ᠢ ᠲᠡᠭᠦᠯᠳᠡᠷᠵᠢᠭᠦᠯᠵᠦ ᠂ ᠳᠡᠭᠡᠳᠦ ᠲᠡᠰ ᠤᠨ  ᠤᠷ᠎ᠠ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢ ᠪᠤᠵᠠᠭᠠᠶᠢᠷᠠᠭᠤᠯᠤᠨ᠎ᠠ ᠃      ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠢ ᠨᠠᠩ ᠰᠠᠶᠢᠲᠤᠷ ᠬᠠᠮᠠᠭᠠᠯᠠᠨ᠎ᠠ ᠃ ᠰᠢᠨ᠎ᠡ ᠴᠠᠭ ᠦᠶ᠎ᠡ ᠶᠢᠨ ᠡᠶ᠎ᠡ ᠵᠣᠬᠢᠴᠠᠩᠭᠤᠢ ᠭᠦᠳᠡᠯᠮᠦᠷᠢ ᠶᠢᠨ ᠬᠠᠷᠢᠴᠠᠭ᠎ᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠯᠠᠪᠳᠠᠭᠤᠨ ᠢᠶᠠᠷ ᠠᠬᠢᠭᠤᠯᠵᠤ ᠂ ᠭᠦᠳᠡᠯᠮᠦᠷᠢ ᠶᠢᠨ ᠬᠠᠷᠢᠴᠠᠭ᠎ᠠ ᠶᠢ ᠵᠣᠬᠢᠴᠠᠭᠤᠯᠬᠤ ᠭᠤᠷᠪᠠᠨ ᠲᠠᠯ᠎ᠠ ᠶᠢᠨ ᠲᠣᠭᠲᠠᠴᠠ ᠶᠢ ᠴᠢᠩᠭᠠᠳᠬᠠᠵᠤ ᠂ ᠭᠦᠳᠡᠯᠮᠦᠷᠢ ᠠᠵᠢᠯᠴᠢᠨ ᠬᠡᠷᠡᠭᠯᠡᠬᠦ ᠦᠢᠯᠡᠴᠢᠯᠡᠭᠡᠨ ᠤ ᠵᠢᠯᠣᠭᠤᠳᠤᠯᠭ᠎ᠠ ᠶᠢ ᠴᠢᠩᠭᠠᠳᠬᠠᠵᠤ ᠂ ᠠᠵᠢᠯ ᠣᠯᠭᠤᠯᠲᠠ ᠶᠢᠨ ᠰᠢᠨ᠎ᠡ ᠭᠡᠯᠪᠡᠷᠢ ᠳᠠᠬᠢ ᠬᠥᠳᠡᠯᠮᠦᠷᠢᠴᠢᠳ ᠤᠨ ᠭᠦᠳᠡᠯᠮᠦᠷᠢ ᠶᠢᠨ ᠪᠠᠲᠤᠯᠠᠭ᠎ᠠ ᠶᠢᠨ ᠡᠷᠬᠡ ᠠᠰᠢᠭ ᠢ ᠰᠠᠶᠢᠲᠤᠷ ᠬᠠᠮᠠᠭᠠᠯᠠᠵᠤ ᠂ ︽ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠵᠢᠯ ᠤᠨ ᠪᠦᠭᠦ ᠬᠦᠷᠢᠶ᠎ᠡ ᠴᠠᠷᠠᠭ᠎ᠠ ᠂ ᠭᠦᠳᠡᠯᠮᠦᠷᠢ ᠠᠵᠢᠯᠴᠢᠨ ᠬᠡᠷᠡᠭᠯᠡᠬᠦ ᠪᠦᠭᠦ ᠬᠡᠯᠬᠢᠶ᠎ᠡ ︾ ᠶᠢᠨ ᠬᠢᠨᠠᠨ ᠪᠠᠶᠢᠴᠠᠭᠠᠵᠤ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ ᠂ ᠭᠦᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠡᠶᠡᠳᠡᠭᠦᠯᠬᠦ ᠬᠥᠨᠳᠡᠯᠡᠨ ᠠᠴᠠ ᠲᠠᠰᠤᠯᠬᠤ ᠪᠠ ᠭᠦᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠵᠤ ᠬᠠᠤᠯᠢ ᠬᠡᠷᠡᠭᠵᠢᠭᠦᠯᠬᠦ ᠴᠢᠳᠠᠪᠤᠷᠢ ᠶᠢ ᠳᠡᠭᠡᠭᠰᠢᠯᠡᠭᠦᠯᠵᠤ ᠂ ᠲᠥᠷᠥ ᠶᠢᠨ ᠪᠣᠳᠣᠯᠭ᠎ᠠ ᠶᠢ ᠶᠡᠷᠦᠩᠬᠡᠶᠢᠯᠡᠨ ᠬᠡᠷᠡᠭᠵᠢᠭᠦᠯᠵᠦ  ᠴᠠᠯᠢᠩ ᠬᠥᠯᠥᠰᠦ ᠶᠢ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠠᠵᠢᠯ ᠢ ᠰᠠᠶᠢᠲᠤᠷ ᠬᠢᠵᠦ ᠂ ᠭᠦᠳᠡᠯᠮᠦᠷᠢ ᠶᠢᠨ ᠬᠠᠷᠢᠴᠠᠭ᠎ᠠ ᠶᠢᠨ ᠵᠠᠰᠠᠯᠲᠠ ᠶᠢᠨ ᠦᠷ᠎ᠡ ᠪᠦᠲᠦᠮᠵᠢ ᠶᠢ ᠪᠦᠭᠦ ᠲᠠᠯ᠎ᠠ ᠪᠠᠷ ᠳᠡᠭᠡᠭᠰᠢᠯᠡᠭᠦᠯᠵᠤ ᠂ ᠡᠶ᠎ᠡ ᠵᠣᠬᠢᠴᠠᠩᠭᠤᠢ ᠭᠦᠳᠡᠯᠮᠦᠷᠢ ᠶᠢᠨ ᠬᠠᠷᠢᠴᠠᠭ᠎ᠠ ᠶᠢ ᠢᠳᠡᠪᠬᠢᠲᠡᠢ ᠪᠠᠶᠢᠭᠤᠯᠤᠨ᠎ᠠ ᠃      ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠦᠷᠢᠶᠡᠨ ᠳᠠᠬᠢ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ ᠃ ︽ᠬᠤᠶᠠᠷ ᠢ ᠰᠢᠯᠢᠳᠡᠭᠵᠢᠭᠦᠯᠬᠦ ︾ ᠪᠠ ︽ᠪᠠᠷᠢᠮᠵᠢᠶ᠎ᠠ ᠶᠢ ᠳᠡᠭᠡᠭᠰᠢᠯᠡᠭᠦᠯᠭᠦ ᠂ ᠬᠤᠷᠳᠤᠴᠠ ᠶᠢ ᠲᠦᠷᠭᠡᠳᠬᠡᠬᠦ ᠂ ᠦᠷ᠎ᠡ ᠪᠦᠲᠦᠮᠵᠢ ᠶᠢ ᠳᠡᠭᠡᠭᠰᠢᠯᠡᠭᠦᠯᠭᠦ ︾ ᠲᠤᠰᠬᠠᠢ ᠠᠵᠢᠯᠯᠠᠭ᠎ᠠ ᠶᠢ ᠭᠦᠨᠵᠡᠭᠡᠶᠢᠷᠡᠭᠦᠯᠵᠦ ᠂ ︽ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠺᠠᠳ᠋ᠷ ᠭᠠᠷ ᠬᠤᠯᠪᠣᠨ ᠬᠠᠪᠰᠤᠷᠤᠯᠴᠠᠭ᠎ᠠ ᠪᠠᠶᠢᠭᠤᠯᠵᠤ ᠦᠨᠳᠦᠰᠦᠨ ᠱᠠᠲᠤ ᠲᠠᠢ ᠬᠠᠷᠢᠯᠴᠠᠬᠤ ︾ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ ᠂ ︽ᠦᠨᠳᠦᠰᠦᠨ ᠱᠠᠲᠤᠨ ᠳᠤ ᠭᠦᠨᠵᠡᠭᠡᠶᠢᠷᠡᠵᠦ ᠲᠥᠷᠥ ᠶᠢᠨ ᠪᠣᠳᠣᠯᠭ᠎ᠠ ᠬᠦᠷᠭᠡᠬᠦ ︾᠂ ︽ᠶᠠᠪᠤᠴᠠ ᠶᠢ ᠪᠡᠶᠡᠯᠡᠭᠦᠯᠵᠦ ᠦᠢᠯᠡᠴᠢᠯᠡᠭᠡ ᠪᠠᠨ ᠰᠢᠯᠢᠳᠡᠭᠵᠢᠭᠦᠯᠬᠦ ︾ ᠪᠠ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ ᠂ ᠵᠠᠯᠠᠭᠤ ᠺᠠᠳ᠋ᠷ ᠴᠡᠭ ᠲᠤ ᠰᠠᠭᠤᠵᠤ ᠪᠠᠶᠢᠴᠠᠭᠠᠨ ᠰᠤᠳᠤᠯᠬᠤ ᠂ ᠴᠡᠷᠢᠭ ᠪᠤᠯᠪᠠᠰᠤᠷᠠᠭᠤᠯᠵᠤ ᠵᠡᠪᠰᠡᠭ ᠤᠨ ᠮᠥᠷᠥᠶᠢᠴᠡᠭᠡᠨ ᠬᠢᠬᠦ ᠵᠡᠷᠭᠡ ᠠᠵᠢᠯᠯᠠᠭ᠎ᠠ ᠶᠢ ᠪᠠᠶᠢᠩᠭᠤ ᠥᠷᠨᠢᠭᠦᠯᠵᠦ ᠂ ᠨᠠᠩ ᠰᠢᠯᠢᠳᠡᠭ ᠰᠤᠷᠲᠠᠯ ᠢᠶᠠᠷ ᠡᠯ᠎ᠡ ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠪᠠᠲᠤᠯᠠᠨ᠎ᠠ ᠃ ᠲᠤᠭ᠎ᠠ ᠪᠦᠷᠢᠳᠬᠡᠯ  ᠤᠨ ᠲᠤᠭ᠎ᠠ ᠪᠠᠷᠢᠮᠲᠠ ᠶᠢᠨ ᠵᠠᠰᠠᠯᠲᠠ ᠶᠢ ᠴᠢᠩᠭᠠᠳᠬᠠᠵᠤ ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠦᠷᠢᠶᠡᠨ ᠳᠠᠬᠢ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ ᠃ ᠣᠯᠠᠨ ᠲᠦᠮᠡᠨ ᠤ ᠬᠡᠷᠡᠭᠴᠡᠭᠡ ᠳᠤ ᠰᠠᠨᠠᠭᠠᠴᠢᠯᠠᠭ᠎ᠠ ᠠᠴᠠ  ᠪᠠᠨ ᠵᠣᠬᠢᠴᠠᠵᠤ ᠂ ᠦᠢᠯᠡᠴᠢᠯᠡᠭᠡ ᠬᠠᠩᠭᠠᠯᠭ᠎ᠠ ᠶᠢ ᠰᠢᠯᠢᠳᠡᠭᠵᠢᠭᠦᠯᠵᠦ ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠣᠯᠠᠨ ᠨᠡᠶᠢᠲᠡ ᠶᠢᠨ ᠦᠢᠯᠡᠴᠢᠯᠡᠭᠡ ᠶᠢ ᠪᠠᠷᠢᠮᠵᠢᠶᠠᠵᠢᠭᠤᠯᠬᠤ ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠴᠢᠩᠭᠠᠳᠬᠠᠵᠤ ᠂ ᠤᠴᠢᠷ ᠶᠠᠪᠤᠳᠠᠯ ᠭᠦᠢᠴᠡᠳᠬᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ ᠂ ᠠᠵᠤ ᠠᠬᠤᠶᠢᠯᠠᠯ ᠳᠤ ᠠᠰᠢᠭ ᠬᠦᠷᠲᠡᠭᠡᠵᠦ ᠠᠷᠠᠳ ᠲᠤ ᠠᠰᠢᠭ ᠣᠯᠭᠤᠬᠤ ᠨᠠᠩ ᠣᠯᠠᠨ ᠲᠥᠷᠥ ᠶᠢᠨ ᠪᠣᠳᠣᠯᠭ᠎ᠠ ᠶᠢ ︽ᠵᠥᠪᠰᠢᠶᠡᠷᠡᠭᠦᠯᠬᠦ ᠦᠭᠡᠢ ᠪᠠᠷ ᠰᠢᠭᠤᠳ ᠡᠳ᠋ᠯᠡᠭᠦᠯᠭᠦ ︾᠂ ︽ᠰᠢᠭᠤᠳ ᠬᠦᠷᠭᠡᠵᠦ ᠲᠦᠷᠭᠡᠨ ᠡᠳ᠋ᠯᠡᠭᠦᠯᠭᠦ ︾᠂ ︽ᠶᠠᠪᠤᠴᠠ ᠦᠭᠡᠢ ᠣᠶᠤᠨᠴᠢ ᠪᠠᠷ ᠭᠦᠢᠴᠡᠳᠬᠡᠬᠦ ︾ ᠪᠣᠯᠭᠠᠨ᠎ᠠ ᠃ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡ ᠬᠢᠭᠡᠳ ᠨᠡᠶᠢᠭᠡᠮ ᠲᠣᠭᠤᠷᠢᠭ ᠤᠨ ᠵᠠᠰᠠᠯᠲᠠ ᠶᠢ ᠣᠷᠭᠠᠨᠢᠭ ᠢᠶᠠᠷ ᠠᠭᠤᠰᠤᠯᠴᠠᠭᠤᠯᠬᠤ ᠦᠢᠯᠡᠴᠢᠯᠡᠭᠡᠨ ᠤ ᠵᠠᠭᠪᠤᠷ ᠢ ᠪᠦᠭᠦ ᠲᠠᠯ᠎ᠠ ᠪᠠᠷ ᠳᠡᠯᠭᠡᠷᠡᠭᠦᠯᠵᠦ ᠂ ᠦᠨᠳᠦᠰᠦᠨ ᠱᠠᠲᠤᠨ ᠳᠠᠬᠢ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡ ᠶᠢ ᠥᠷᠭᠡᠳᠬᠡᠬᠦ ᠶᠢ ᠠᠬᠢᠭᠤᠯᠵᠤ ᠂ ᠣᠯᠠᠨ ᠲᠦᠮᠡᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠤᠬᠠᠶᠢᠯᠠᠭᠰᠠᠨ ᠠᠵᠢᠯ ᠢᠶᠠᠨ ᠣᠶᠢᠷ᠎ᠠ ᠬᠠᠪᠢ ᠪᠠ ᠲᠤᠬᠠᠢ ᠶᠢᠨ ᠭᠠᠵᠠᠷ ᠲᠠᠭᠠᠨ ᠭᠦᠢᠴᠡᠳᠬᠡᠬᠦ ᠳᠤ ᠲᠥᠭᠦᠮ ᠦᠵᠡᠭᠦᠯᠦᠨ᠎ᠡ ᠃ 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ