11 ᠰᠠᠷ᠎ᠠ ᠶᠢᠨ 3 ᠤ ᠡᠳᠦᠷ᠂ ︽ᠨᠠᠮ ᠤᠨ ᠠᠴᠢ ᠡᠨᠡᠷᠢᠯ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠥᠪᠡᠷᠲᠡᠭᠡᠨ | ᠵᠠᠰᠠᠬᠤ ᠣᠷᠣᠨ ᠤ ᠤᠬᠠᠭᠤᠯᠤᠨ ᠲᠠᠶᠢᠯᠪᠤᠷᠢᠯᠠᠬᠤ ᠪᠦᠯᠭᠦᠮ ᠤᠨ ᠠᠩᠬᠠᠳᠠᠭᠴᠢ ᠲᠠᠯᠠᠪᠠᠢ ᠮᠡᠳᠡᠭᠦᠯᠦᠯᠲᠡ ᠶᠢᠨ ᠬᠤᠷᠠᠯ ᠭᠦᠭᠡᠬᠤᠳᠠ ᠳᠤ ᠶᠠᠪᠤᠭᠳᠠᠪᠠ᠃ | ᠮᠡᠳᠡᠭᠦᠯᠦᠯᠲᠡ ᠶᠢᠨ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠤᠬᠠᠭᠤᠯᠤᠨ ᠲᠠᠶᠢᠯᠪᠤᠷᠢᠯᠠᠬᠤ ᠪᠦᠯᠭᠦᠮ ᠤᠨ ᠪᠦᠷᠢᠯᠳᠦᠭᠦᠨ᠂ ᠥᠪᠡᠷᠲᠡᠭᠡᠨ | ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠭᠢᠯᠡᠭᠴᠢ ᠭᠦᠩ ᠮᠢᠩ ᠵᠦ ︽ᠨᠠᠮ ᠤᠨ ᠠᠴᠢ ᠡᠨᠡᠷᠢᠯ ᠳᠤ ᠲᠠᠯᠠᠷᠬᠠᠵᠤ᠂ ᠨᠠᠮ ᠤᠨ | ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠭᠤᠣᠯ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠵᠦ᠂ ︽ᠲᠠᠪᠤᠨ ᠦᠭᠡ︾ ᠶᠢᠨ ᠪᠣᠳᠠᠲᠤ ᠶᠠᠪᠤᠳᠠᠯ ᠪᠠ ᠶᠣᠰᠣ | ᠤᠴᠢᠷ ᠢ ᠭᠦᠨᠵᠡᠭᠡᠢ ᠣᠶᠢᠯᠠᠭᠠᠬᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠠᠬᠢ ᠬᠠᠶᠢᠷ᠎ᠠ ᠬᠠᠯᠠᠮᠵᠢ ᠪᠠ ᠬᠦᠰᠡᠯ ᠨᠠᠶᠢᠳᠠᠯᠭ᠎ᠠ ᠶᠢ ᠭᠦᠨᠵᠡᠭᠡᠢ | ᠣᠶᠢᠯᠠᠭᠠᠬᠤ᠂ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ | ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ ᠤᠨ ᠵᠣᠷᠢᠭ | ᠰᠠᠨᠠᠭ᠎ᠠ ᠪᠠ ᠭᠤᠣᠯᠳᠠᠯᠭ᠎ᠠ ᠲᠠᠢ ᠴᠢᠬᠤᠯᠠ ᠠᠭᠤᠯᠭ᠎ᠠ ᠶᠢ ᠣᠨᠣᠪᠴᠢᠲᠠᠶ ᠡᠵᠡᠮᠳᠡᠬᠦ᠂ ᠲᠠᠯᠠᠷᠬᠠᠯ ᠤᠨ ᠰᠡᠳᠬᠢᠯᠭᠡ ᠪᠠ ᠡᠷᠡᠮᠡᠬᠡᠶᠢᠯᠡᠨ ᠤᠷᠤᠭᠰᠢᠯᠠᠬᠤ ᠵᠣᠷᠢᠭ ᠢᠶᠠᠷ ︽ | ᠰᠠᠨᠠᠯ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠳᠥᠷᠪᠡᠨ ᠲᠠᠯ᠎ᠠ ᠠᠴᠠ ᠭᠦᠨᠵᠡᠭᠡᠢ ᠪᠥᠭᠡᠳ ᠣᠶᠢᠯᠠᠭᠠᠮᠵᠢᠲᠠᠢ᠂ ᠪᠦᠭᠦ ᠲᠠᠯ᠎ᠠ ᠪᠠᠷ | ᠰᠢᠰᠲ᠋ᠧᠮ ᠲᠠᠢ ᠲᠠᠶᠢᠯᠪᠤᠷᠢᠯᠠᠯᠲᠠ ᠬᠢᠪᠡ᠃ ᠮᠡᠳᠡᠭᠦᠯᠦᠯᠲᠡ ᠶᠢᠨ ᠭᠤᠣᠯ ᠰᠡᠳᠦᠪ ᠨᠢ ᠢᠯᠡ ᠲᠣᠳᠣ᠂ ᠠᠭᠤᠯᠭ᠎ᠠ ᠨᠢ ᠨᠠᠷᠢᠯᠢᠭ ᠪᠣᠳᠠᠲᠠᠢ᠂ ᠵᠦᠢᠯ ᠵᠤᠷᠪᠤᠰ ᠨᠢ | ᠲᠣᠳᠣᠷᠬᠠᠢ᠂ ᠠᠭᠤᠯᠤᠭᠳᠠᠬᠤᠨ ᠨᠢ ᠭᠦᠨᠵᠡᠭᠡᠢ ᠪᠠᠶᠢᠵᠤ᠂ ᠬᠤᠷᠠᠯ ᠳᠤ ᠣᠷᠣᠯᠴᠠᠭᠰᠠᠳ ᠤᠨ ︽ᠰᠠᠨᠠᠯ︾ ᠤᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠵᠤ᠂ | ᠣᠨᠣᠪᠴᠢᠲᠠᠶ ᠡᠵᠡᠮᠰᠢᠵᠦ᠂ ᠪᠦᠭᠦ ᠲᠠᠯ᠎ᠠ ᠪᠠᠷ ᠨᠠᠶᠢᠳᠠᠪᠤᠷᠢᠵᠢᠭᠤᠯᠬᠤ ᠳᠤ ᠮᠠᠰᠢ ᠴᠢᠩᠭ᠎ᠠ ᠵᠢᠯᠤᠭᠤᠳᠬᠤ ᠠᠴᠢ ᠬᠤᠯᠪᠣᠭᠳᠠᠯ ᠲᠠᠢ ᠶᠤᠮ᠃ ᠤᠬᠠᠭᠤᠯᠤᠨ | ᠲᠠᠶᠢᠯᠪᠤᠷᠢᠯᠠᠬᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠤᠬᠠᠭᠤᠯᠤᠨ ᠲᠠᠶᠢᠯᠪᠤᠷᠢᠯᠠᠬᠤ ᠪᠦᠯᠭᠦᠮ ᠤᠨ ᠪᠦᠷᠢᠯᠳᠦᠭᠦᠨ᠂ | ᠥᠪᠥᠷ ᠮᠣᠩᠭᠤᠯ ᠤᠨ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠫᠷᠤᠹᠧᠰᠰᠤᠷ ᠰᠦᠨ ᠵᠢᠶᠧ᠂ ᠶᠡᠷᠦᠩᠬᠡᠢ ᠱᠦᠵᠢ ᠰᠢ ᠶᠢᠨ | ᠫᠢᠩ ᠤᠨ ᠥᠪᠥᠷ ᠮᠣᠩᠭᠤᠯ ᠳᠠᠬᠢ ᠭᠦᠨ ᠵᠤᠵᠠᠭᠠᠨ ᠬᠠᠶᠢᠷ᠎ᠠ ᠬᠠᠯᠠᠮᠵᠢ ᠪᠠ ᠬᠦᠰᠡᠯ ᠨᠠᠶᠢᠳᠠᠯᠭ᠎ᠠ ᠶᠢ ᠭᠦᠨᠵᠡᠭᠡᠢ ᠣᠶᠢᠯᠠᠭᠠᠵᠤ᠂ ︽ᠰᠠᠨᠠᠯ︾ ᠤᠨ ᠥᠪᠥᠷ | ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠣᠳᠣᠬᠢᠴᠢᠯᠠᠭᠰᠠᠨ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠳᠤ ᠦᠵᠡᠭᠦᠯᠭᠦ ᠲᠡᠦᠬᠡ ᠶᠢᠨ | ᠠᠵᠠ ᠲᠣᠭᠢᠶᠠᠯ ᠪᠠ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠪᠦᠭᠦ ᠲᠠᠯ᠎ᠠ ᠪᠠᠷ ᠰᠢᠰᠲ᠋ᠧᠮ ᠲᠠᠢ ᠡᠵᠡᠮᠳᠡᠵᠦ᠂ ᠥᠪᠡᠷ ᠤᠨ ᠠᠵᠢᠯ ᠪᠠ ᠰᠤᠳᠤᠯᠭᠠᠨ ᠤ | ᠬᠦᠷᠢᠶ᠎ᠡ ᠲᠠᠢ ᠪᠠᠨ ᠤᠶᠠᠯᠳᠤᠭᠤᠯᠵᠤ᠂ ︽ᠨᠠᠮ ᠤᠨ ᠠᠴᠢ ᠡᠨᠡᠷᠢᠯ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠭᠤᠣᠯ ᠰᠡᠳᠦᠪ ᠲᠤ | ᠠᠩᠬᠠᠷᠤᠯ ᠢᠶᠠᠨ ᠲᠥᠪᠯᠡᠷᠡᠭᠦᠯᠵᠦ᠂ ᠭᠢᠯᠪᠠᠷ ᠣᠶᠢᠯᠠᠭᠠᠮᠵᠢᠲᠠᠢ ᠦᠭᠡ ᠬᠡᠯᠡᠯᠭᠡ ᠪᠠᠷ ᠪᠦᠭᠦ ᠣᠷᠣᠨ ᠤ ᠥᠷᠭᠡᠨ ᠤᠯᠠᠨ ᠺᠠᠳ᠋ᠷ ᠤᠯᠠᠨ ᠲᠦᠮᠡᠨ ᠤ ᠴᠤᠭ ᠰᠦᠯᠳᠡ ᠪᠠᠨ | ᠪᠠᠳᠠᠷᠠᠭᠤᠯᠬᠤ᠂ ᠰᠢᠨ᠎ᠡ ᠵᠠᠮ ᠨᠡᠭᠡᠭᠡᠬᠦ᠂ ᠳᠤᠮᠳᠠ ᠲᠦᠪᠰᠢᠨ ᠳᠤ ᠬᠦᠷᠬᠦ ᠬᠠᠷᠠᠯᠲᠠ ᠶᠢ ᠪᠡᠶᠡᠯᠡᠭᠦᠯᠬᠦ ᠳᠤ ᠰᠦᠷ ᠳᠠᠯᠠᠶᠢᠴᠠᠲᠠᠢ ᠬᠦᠴᠦᠨ ᠢ ᠨᠢᠭᠲᠠᠷᠠᠭᠤᠯᠬᠤ ᠬᠡᠷᠡᠭᠲᠡᠢ | ᠭᠡᠵᠦ ᠢᠯᠡᠳᠬᠡᠪᠡ᠃ ᠬᠤᠷᠠᠯ ᠳᠤ ᠣᠷᠣᠯᠴᠠᠭᠰᠠᠳ᠂ ︽ᠲᠠᠪᠤᠨ ᠦᠭᠡ︾ ᠶᠢᠨ ᠪᠣᠳᠠᠲᠤ ᠶᠠᠪᠤᠳᠠᠯ ᠪᠠ ᠶᠣᠰᠣ ᠤᠴᠢᠷ ᠢ ᠪᠠᠲᠤ ᠴᠡᠭᠡᠵᠢᠯᠡᠵᠦ᠂ ᠶᠡᠷᠦᠩᠬᠡᠢ ᠱᠦᠵᠢ | ᠰᠢ ᠶᠢᠨ ᠫᠢᠩ ᠪᠣᠯᠣᠨ ᠨᠠᠮ ᠤᠨ ᠲᠥᠪ ᠬᠤᠷᠢᠶ᠎ᠠ ᠳᠤ ᠲᠠᠯᠠᠷᠬᠠᠬᠤ ᠰᠡᠳᠬᠢᠯᠭᠡ ᠪᠠᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠡᠨᠡᠷᠢᠯ ᠳᠤ ᠲᠠᠯᠠᠷᠬᠠᠵᠤ | ᠡᠷᠡᠮᠡᠬᠡᠶᠢᠯᠡᠨ ᠤᠷᠤᠭᠰᠢᠯᠠᠬᠤ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠵᠤ᠂ ᠴᠢᠬᠤᠯᠠ ᠶᠡᠭᠡ ᠲᠡᠦᠬᠡ ᠶᠢᠨ ᠠᠵᠠ ᠲᠣᠭᠢᠶᠠᠯ ᠢ ᠠᠮᠵᠢᠵᠤ᠂ | ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠪᠣᠳᠠᠲᠤ ᠠᠵᠢᠯᠯᠠᠭ᠎ᠠ ᠪᠠᠷ ᠢᠶᠠᠨ ︽ | ᠬᠤᠶᠠᠷ ᠢ ᠲᠣᠭᠲᠠᠭᠠᠭᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠦᠨ᠎ᠡ ᠭᠡᠵᠦ ᠰᠠᠨᠠᠯ ᠨᠢᠭᠡᠲᠡᠢ ᠢᠯᠡᠳᠬᠡᠪᠡ᠃ ᠠᠩᠬᠠᠳᠠᠭᠴᠢ | ᠲᠠᠯᠠᠪᠠᠢ ᠮᠡᠳᠡᠭᠦᠯᠦᠯᠲᠡ ᠶᠢᠨ ᠬᠤᠷᠠᠯ ᠤᠨ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠤᠬᠠᠭᠤᠯᠤᠨ ᠲᠠᠶᠢᠯᠪᠤᠷᠢᠯᠠᠬᠤ ᠪᠦᠯᠭᠦᠮ ᠤᠨ ᠬᠢᠨ ᠡᠯ᠎ᠡ ᠠᠶᠢᠮᠠᠭ ᠬᠤᠲᠠ | ᠪᠣᠯᠣᠨ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠨᠢᠭᠡᠴᠢ᠂ ᠠᠵᠤ ᠠᠬᠤᠶᠢᠯᠠᠯ᠂ ᠶᠡᠭᠡ ᠳᠡᠭᠡᠳᠦ ᠰᠤᠷᠭᠠᠭᠤᠯᠢ ᠳᠤ ᠬᠦᠷᠴᠦ ᠲᠥᠪᠯᠡᠷᠡᠭᠦᠯᠦᠨ | ᠤᠬᠠᠭᠤᠯᠤᠨ ᠲᠠᠶᠢᠯᠪᠤᠷᠢᠯᠠᠬᠤ ᠪᠣᠯᠣᠨ᠎ᠠ᠃ ᠡᠯ᠎ᠡ ᠭᠠᠵᠠᠷ ᠣᠷᠣᠨ ᠡᠯ᠎ᠡ ᠰᠢᠰᠲ᠋ᠧᠮ ᠤᠨ ᠨᠢᠭᠡᠴᠢ ᠶᠢᠨ ᠬᠢᠨ ᠬᠤᠶᠠᠳᠤᠭᠠᠷ ᠪᠦᠯᠦᠭ ᠤᠨ ᠭᠤᠣᠯ ᠰᠡᠳᠦᠪᠲᠦ | ᠬᠥᠮᠦᠵᠢᠯ ᠲᠠᠢ ᠤᠶᠠᠯᠳᠤᠭᠤᠯᠵᠤ᠂ ᠰᠢᠯᠢᠳᠡᠭ ᠬᠦᠴᠦᠨ ᠢ ᠵᠣᠬᠢᠶᠠᠨ ᠪᠠᠶᠢᠭᠤᠯᠵᠤ᠂ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠬᠤᠳᠠ | ᠬᠥᠳᠡᠭᠡ ᠨᠡᠶᠢᠭᠡᠮ ᠲᠣᠭᠤᠷᠢᠭ᠂ ᠰᠤᠷᠭᠠᠭᠤᠯᠢ ᠶᠢᠨ ᠬᠦᠷᠢᠶ᠎ᠡ᠂ ᠴᠡᠷᠢᠭ ᠤᠨ ᠬᠤᠸᠠᠷᠠᠨ᠂ ᠰᠢᠨ᠎ᠡ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠪᠣᠯᠣᠨ ᠰᠢᠨ᠎ᠡ | ᠨᠡᠶᠢᠭᠡᠮ ᠤᠨ ᠵᠣᠬᠢᠶᠠᠨ ᠪᠠᠶᠢᠭᠤᠯᠤᠯᠲᠠ ᠵᠡᠷᠭᠡ ᠳᠤ ᠭᠦᠨᠵᠡᠭᠡᠶᠢᠷᠡᠵᠦ᠂ ︽ᠨᠠᠮ ᠤᠨ ᠠᠴᠢ ᠡᠨᠡᠷᠢᠯ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ | ᠳᠠᠭᠠᠬᠤ︾ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠶᠡᠷᠦᠩᠬᠡᠢ ᠱᠦᠵᠢ ᠰᠢ ᠶᠢᠨ ᠫᠢᠩ ᠪᠣᠯᠣᠨ ᠨᠠᠮ ᠤᠨ ᠲᠥᠪ ᠬᠤᠷᠢᠶ᠎ᠠ ᠶᠢᠨ | ᠥᠪᠥᠷ ᠮᠣᠩᠭᠤᠯ ᠳᠠᠬᠢ ᠬᠠᠯᠠᠮᠵᠢᠯᠠᠯ ᠳᠡᠮᠵᠢᠯᠭᠡ ᠶᠢ ᠪᠦᠭᠦ ᠣᠷᠣᠨ ᠤ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠯᠠᠨ ᠲᠦᠮᠡᠨ ᠤ ᠳᠤᠮᠳᠠ ᠳᠠᠮᠵᠢᠭᠤᠯᠬᠤ | ᠪᠣᠯᠣᠨ᠎ᠠ᠃ | ᠥᠪᠡᠷᠲᠡᠭᠡᠨ ᠵᠠᠰᠠᠬᠤ ᠣᠷᠣᠨ ᠤ ᠤᠬᠠᠭᠤᠯᠤᠨ ᠲᠠᠶᠢᠯᠪᠤᠷᠢᠯᠠᠬᠤ ᠪᠦᠯᠭᠦᠮ ᠤᠨ ᠪᠦᠷᠢᠯᠳᠦᠭᠦᠨ ᠵᠢᠴᠢ ᠬᠤᠯᠪᠣᠭᠠᠴᠢᠨ᠂ ᠥᠪᠡᠷᠲᠡᠭᠡᠨ ᠵᠠᠰᠠᠬᠤ ᠣᠷᠣᠨ ᠤ | ᠰᠢᠭᠤᠳ ᠬᠠᠷᠢᠶ᠎ᠠ ᠪᠠᠶᠢᠭᠤᠯᠭ᠎ᠠ ᠶᠢᠨ ᠨᠠᠮ ᠤᠨ ᠠᠵᠢᠯ ᠤᠨ ᠬᠤᠷᠢᠶ᠎ᠠ᠂ ᠰᠤᠷᠭᠠᠨ ᠬᠥᠮᠦᠵᠢᠯ ᠤᠨ ᠨᠠᠮ ᠤᠨ ᠠᠵᠢᠯ ᠤᠨ ᠬᠤᠷᠢᠶ᠎ᠠ᠂ ᠤᠯᠤᠰ ᠤᠨ ᠥᠮᠴᠢᠯᠡᠯ ᠤᠨ ᠡᠳ᠋ | ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠪᠣᠯᠣᠨ ᠬᠤᠯᠪᠣᠭᠳᠠᠯ ᠪᠦᠬᠦᠢ ᠬᠠᠷᠢᠭᠤᠴᠠᠯᠭᠠᠲᠠᠨ | ᠨᠥᠬᠦᠳ᠂ ᠥᠪᠡᠷᠲᠡᠭᠡᠨ ᠵᠠᠰᠠᠬᠤ ᠣᠷᠣᠨ ᠤ ᠡᠯ᠎ᠡ ᠬᠡᠯᠲᠡᠰ ᠵᠥᠪᠯᠡᠯ ᠠᠯᠪᠠᠨ ᠭᠡᠷ ᠲᠢᠩᠬᠢᠮ ᠲᠣᠪᠴᠢᠶ᠎ᠠ ᠶᠢᠨ ᠪᠠᠶᠢᠭᠤᠯᠭ᠎ᠠ ᠶᠢᠨ ᠨᠠᠮ ᠤᠨ ᠬᠤᠷᠢᠶ᠎ᠠ ᠶᠢᠨ ᠲᠤᠰᠬᠠᠢ | ᠲᠤᠰᠢᠶᠠᠯᠲᠤ ᠳᠡᠳ᠋ ᠱᠦᠵᠢ᠂ ᠭᠦᠭᠡᠬᠤᠲᠠ ᠳᠤ ᠰᠠᠭᠤᠭ᠎ᠠ ᠰᠢᠭᠤᠳ ᠬᠠᠷᠢᠶ᠎ᠠ ᠶᠡᠭᠡ ᠳᠡᠭᠡᠳᠦ ᠰᠤᠷᠭᠠᠭᠤᠯᠢ ᠶᠢᠨ ᠤᠬᠠᠭᠤᠯᠬᠤ ᠬᠡᠯᠲᠡᠰ ᠤᠨ ᠳᠠᠷᠤᠭ᠎ᠠ ᠵᠢᠴᠢ ᠪᠠᠭᠰᠢ | ᠰᠤᠷᠤᠬᠴᠢᠳ ᠤᠨ ᠲᠥᠯᠥᠭᠡᠯᠡᠭᠴᠢ᠂ ᠭᠦᠭᠡᠬᠤᠲᠠ ᠳᠤ ᠰᠠᠭᠤᠭ᠎ᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠤᠬᠠᠭᠤᠯᠬᠤ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠵᠢᠴᠢ ᠠᠵᠢᠯᠲᠠᠨ ᠠᠵᠢᠯᠴᠢᠨ ᠤ ᠲᠥᠯᠥᠭᠡᠯᠡᠭᠴᠢ᠂ ᠣᠨᠣᠯ ᠤᠨ ᠠᠵᠢᠯᠲᠠᠨ ᠤ ᠲᠥᠯᠥᠭᠡᠯᠡᠭᠴᠢ ᠵᠡᠷᠭᠡ 210 ᠭᠠᠷᠤᠢ ᠬᠥᠮᠥᠨ | ᠮᠡᠳᠡᠭᠦᠯᠦᠯᠲᠡ ᠶᠢᠨ ᠬᠤᠷᠠᠯ ᠳᠤ ᠣᠷᠣᠯᠴᠠᠵᠠᠢ᠃ | | | | |