ᠤᠯᠠᠮᠵᠢᠯᠠᠯᠲᠤ ᠪᠡᠶ᠎ᠡ ᠲᠠᠮᠢᠷ
ᠨᠡᠶᠢᠲᠡᠯᠡᠭᠰᠡᠨ ᠴᠠᠭ᠄
2023/11/14
      ᠤᠯᠠᠮᠵᠢᠯᠠᠯᠲᠤ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠰᠤᠷᠤᠭᠴᠢᠳ ᠲᠤ ᠵᠢᠭᠠᠵᠤ ᠪᠠᠶᠢᠨ᠎ᠠ ᠪᠡᠶ᠎ᠡ ᠶᠢᠨ ᠲᠠᠮᠢᠷ ᠤᠨ ᠰᠤᠷᠭᠠᠨ ᠬᠥᠮᠦᠵᠢᠯ ᠢ ᠬᠦᠭᠵᠢᠬᠦᠯᠬᠦ ᠠᠵᠢᠯ ᠢ ᠥᠷᠨᠢᠭᠦᠯᠦᠭᠰᠡᠨ ᠠᠴᠠ ᠨᠠᠰᠢ᠂ ᠰᠤᠷ ᠬᠠᠷᠪᠤᠬᠤ᠂ ᠦᠳᠦᠨ ᠪᠥᠮᠪᠦᠭᠡ᠂ ᠬᠦᠯ ᠪᠥᠮᠪᠦᠭᠡ᠂ ᠰᠠᠭᠰᠤᠨ ᠪᠥᠮᠪᠦᠭᠡ ᠵᠡᠷᠭᠡ 19 ᠤᠯᠠᠮᠵᠢᠯᠠᠯᠲᠤ ᠪᠡᠶ᠎ᠡ ᠶᠢᠨ ᠲᠠᠮᠢᠷ ᠤᠨ ᠵᠦᠢᠯ ᠨᠢ ᠬᠥᠬᠡᠬᠤᠲᠠ ᠶᠢᠨ ᠡᠯ᠎ᠡ ᠰᠤᠷᠭᠠᠭᠤᠯᠢ ᠳᠤ ᠵᠠᠯᠭᠠᠪᠡᠷ ᠬᠢᠴᠢᠶᠡᠯ ᠤᠨ ᠲᠦᠷᠦᠯ ᠪᠤᠯᠵᠦ᠂ ᠡᠨᠡ ᠨᠢ ᠪᠡᠶ᠎ᠡ ᠶᠢᠨ ᠲᠠᠮᠢᠷ ᠤᠨ ᠰᠤᠷᠭᠠᠨ ᠬᠥᠮᠦᠵᠢᠯ ᠢ ᠪᠦᠬᠦ ᠳᠠᠯ᠎ᠠ ᠪᠠᠷ ᠬᠦᠭᠵᠢᠬᠦᠯᠬᠦ ᠶᠢ ᠠᠬᠢᠭᠤᠯᠬᠤ ᠶᠢᠨ ᠬᠠᠮᠲᠤ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯ ᠢ ᠳᠡᠯᠭᠡᠷᠡᠭᠦᠯᠬᠦ ᠳᠤ ᠰᠠᠭᠤᠷᠢ ᠳᠠᠯᠪᠢᠭᠰᠠᠨ ᠪᠠᠶᠢᠨ᠎ᠠ᠃ ᠰᠤᠷᠤᠭᠴᠢ ᠬᠡᠯᠡᠬᠦ ᠳᠡᠭᠡᠨ᠂ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠬᠢᠴᠢᠶᠡᠯ ᠨᠡᠮᠡᠭᠳᠡᠵᠦ᠂ ᠠᠭᠤᠯᠭ᠎ᠠ ᠨᠢ ᠴᠦ ᠪᠠᠶᠠᠯᠢᠭᠵᠢᠵᠠᠶ᠂ ᠡᠭᠦᠨ ᠤ ᠳᠣᠲᠣᠷ᠎ᠠ ᠤᠯᠠᠮᠵᠢᠯᠠᠯᠲᠤ ᠲᠠᠮᠢᠷ ᠤᠨ ᠬᠢᠴᠢᠶᠡᠯ ᠪᠢᠳᠡᠨ ᠳᠤ ᠡᠯ᠎ᠡ ᠵᠦᠢᠯ ᠤᠨ ᠲᠠᠮᠢᠷ ᠤᠨ ᠬᠥᠳᠡᠯᠭᠡᠭᠡᠨ ᠤ ᠶᠡᠷᠦ ᠶᠢᠨ ᠮᠡᠳᠡᠯᠭᠡ ᠶᠢ ᠤᠶᠢᠯᠠᠭᠠᠭᠤᠯᠤᠭᠰᠠᠨ ᠢᠶᠠᠷ ᠪᠠᠷᠠᠬᠤ ᠦᠭᠡᠢ ᠪᠡᠶ᠎ᠡ ᠮᠠᠬᠠᠪᠤᠳ ᠢᠶᠠᠨ ᠴᠦ ᠪᠤᠯᠪᠠᠰᠤᠷᠠᠭᠤᠯᠬᠤ ᠳᠤ ᠲᠤᠰᠡᠳᠡᠢ ᠪᠤᠯᠤᠯ᠎ᠠ ᠬᠡᠵᠠᠢ᠃ ᠣᠶᠢᠯᠠᠭᠠᠭᠰᠠᠨ ᠢᠶᠠᠷ᠂ ᠪᠡᠶ᠎ᠡ ᠶᠢᠨ ᠲᠠᠮᠢᠷ ᠤᠨ ᠬᠢᠴᠢᠶᠡᠯ ᠢ ᠨᠡᠮᠡᠭᠰᠡᠨ ᠠᠴᠠ ᠨᠠᠰᠢ᠂ ᠥᠪᠥᠷ ᠮᠣᠩᠭᠤᠯ ᠤᠨ ᠡᠯ᠎ᠡ ᠠᠶᠢᠮᠠᠭ ᠬᠤᠲᠠ ᠶᠢᠨ 300 ᠭᠠᠷᠤᠶ ᠰᠤᠷᠭᠠᠭᠤᠯᠢ ᠳᠤ ᠨᠢᠭᠡᠨᠲᠡ ᠰᠤᠷ ᠬᠠᠷᠪᠤᠬᠤ᠂ ᠲᠣᠤᠷ ᠪᠥᠮᠪᠦᠭᠡ᠂ ᠪᠤᠶᠢᠺᠤ ᠪᠥᠮᠪᠦᠭᠡ᠂ ᠮᠣᠷᠢᠨ ᠮᠡᠷᠭᠡᠵᠢᠯ ᠵᠡᠷᠭᠡ 19 ᠬᠢᠴᠢᠶᠡᠯ ᠲᠥᠷᠥᠯ ᠢ ᠨᠡᠮᠡᠵᠦ ᠨᠡᠭᠡᠭᠡᠵᠡᠶ᠃ ᠤᠯᠠᠮᠵᠢᠯᠠᠯᠲᠤ ᠪᠡᠶ᠎ᠡ ᠶᠢᠨ ᠲᠠᠮᠢᠷ ᠤᠨ ᠵᠦᠢᠯ ᠢ ᠰᠤᠷᠭᠠᠭᠤᠯᠢ ᠶᠢᠨ ᠬᠢᠴᠢᠶᠡᠯ ᠤᠨ ᠲᠦᠷᠦᠯ ᠳᠤ ᠣᠷᠣᠭᠤᠯᠵᠤ᠂ ︽ᠬᠤᠶᠠᠷ ᠢ ᠪᠠᠭᠠᠰᠬᠠᠬᠤ︾ ᠠᠵᠢᠯ ᠢ ᠨᠠᠶᠢᠳᠠᠪᠤᠷᠢᠵᠢᠭᠤᠯᠬᠤ ᠪᠠ ᠥᠷᠨᠢᠭᠦᠯᠬᠦ ᠳᠤ ᠠᠮᠢᠵᠢᠷᠠᠯ ᠤᠨ ᠬᠦᠴᠦᠨ ᠨᠡᠮᠡᠷᠢᠯᠡᠪᠡ᠃ ᠳᠠᠷᠠᠭᠠᠴᠢ ᠶᠢᠨ ᠠᠯᠬᠤᠮ ᠳᠤ᠂ ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠳᠣᠪᠴᠢᠶ᠎ᠠ ᠪᠠᠰᠠ ᠪᠡᠶ᠎ᠡ ᠶᠢᠨ ᠲᠠᠮᠢᠷ ᠤᠨ ᠲᠦᠷᠦᠯ ᠵᠦᠢᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠡᠷᠴᠢᠮ ᠢᠶᠠᠨ ᠴᠢᠩᠭᠠᠳᠬᠠᠵᠤ᠂ ᠪᠡᠶ᠎ᠡ ᠶᠢᠨ ᠲᠠᠮᠢᠷ ᠪᠣᠯᠤᠨ ᠰᠤᠷᠭᠠᠨ ᠬᠥᠮᠦᠵᠢᠯ ᠤᠨ ᠵᠢᠭᠠᠨ ᠰᠤᠷᠭᠠᠯᠳᠠ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠪᠣᠯᠤᠨ᠎ᠠ᠃
ᠢᠷᠡᠯᠲᠡ᠄ ᠲᠤᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ