ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠪᠤᠯᠲᠠᠯᠠᠭᠢ 100 ᠡᠳᠦᠷ ᠤᠨ ᠲᠠᠩᠭᠠᠷᠢᠬᠯᠠᠯᠳᠠ ᠳᠠᠶᠢᠴᠢᠯᠠᠯᠲᠠ ᠶᠢᠨ ᠶᠡᠭᠡ ᠬᠤᠷᠠᠯ ᠭᠦᠭᠡᠬᠤᠲᠠ ᠳᠤ ᠶᠠᠪᠤᠭᠳᠠᠪᠠ  ᠸᠠᠩ ᠯᠢ ᠰᠢᠶᠠ  ᠯᠢ ᠶᠢᠩ ᠴᠤᠸᠠᠨ ᠬᠤᠷᠠᠯ ᠳᠤ ᠣᠷᠣᠯᠴᠠᠬᠰᠡᠨ ᠪᠥᠭᠡᠳ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2023/11/15
      11 ᠰᠠᠷ᠎ᠠ ᠶᠢᠨ 9 ᠤ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠪᠤᠯᠲᠠᠯᠠᠭᠢ 100 ᠡᠳᠦᠷ ᠤᠨ ᠲᠠᠩᠭᠠᠷᠢᠬᠯᠠᠯᠳᠠ ᠳᠠᠶᠢᠴᠢᠯᠠᠯᠲᠠ ᠶᠢᠨ ᠶᠡᠭᠡ ᠬᠤᠷᠠᠯ ᠭᠦᠭᠡᠬᠤᠲᠠ ᠳᠤ ᠶᠠᠪᠤᠭᠳᠠᠪᠠ᠃ ︽ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ︾ ᠤ ᠵᠣᠬᠢᠶᠠᠨ ᠪᠠᠶᠢᠭᠤᠯᠬᠤ ᠺᠣᠮᠢᠰ ᠤᠨ ᠭᠦᠢᠴᠡᠳᠭᠡᠭᠴᠢ ᠡᠷᠭᠢᠯᠡᠭᠴᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠶᠢᠨ ᠳᠡᠳ᠋ ᠳᠠᠷᠤᠭ᠎ᠠ ᠯᠢ ᠶᠢᠩ ᠴᠤᠸᠠᠨ ᠬᠤᠷᠠᠯ ᠳᠤ ᠣᠷᠣᠯᠴᠠᠬᠰᠡᠨ ᠪᠥᠭᠡᠳ ᠶᠠᠷᠢᠶ᠎ᠠ ᠲᠠᠯᠪᠢᠵᠠᠢ᠃      ᠯᠢ ᠶᠢᠩ ᠴᠤᠸᠠᠨ᠂ ︽ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ︾ ᠤ ᠪᠡᠯᠡᠳᠬᠡᠯ ᠠᠵᠢᠯ ᠨᠢᠭᠡᠨᠲᠡ ᠪᠦᠭᠦ ᠬᠦᠴᠦᠨ ᠢᠶᠠᠷ ᠢᠶᠠᠨ ᠰᠢᠪᠲᠤᠯᠤᠯᠲᠠ ᠬᠢᠬᠦ᠂ ᠰᠢᠢᠳᠪᠦᠷᠢᠲᠦ ᠳᠠᠶᠢᠯᠠᠯᠳᠤᠭᠠᠨ ᠬᠢᠵᠦ ᠰᠢᠢᠳᠪᠦᠷᠢᠲᠦ ᠢᠯᠠᠯᠲᠠ ᠶᠢ ᠣᠯᠬᠤ ᠵᠠᠩᠭᠢᠯᠠᠭ᠎ᠠ ᠶᠢᠨ ᠱᠠᠲᠤᠨ ᠳᠤ ᠣᠷᠣᠪᠠ᠃ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ︽ᠤᠯᠤᠰ ᠤᠨ ᠶᠡᠭᠡ ᠶᠠᠪᠤᠳᠠᠯ︾ ᠢ ᠬᠡᠬᠦᠳᠡᠭ ᠴᠡᠭᠡᠵᠢᠨ ᠳᠡᠭᠡᠨ ᠴᠡᠭᠡᠵᠢᠯᠡᠵᠦ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠠ ᠲᠡᠦᠬᠡᠲᠦ ᠡᠭᠦᠷᠭᠡᠲᠦ ᠰᠡᠳᠬᠢᠯᠭᠡ ᠪᠠᠷ ᠶᠡᠷᠦᠩᠬᠡᠢ ᠱᠦᠵᠢ ᠰᠢ ᠶᠢᠨ ᠫᠢᠩ ᠪᠣᠯᠣᠨ ᠨᠠᠮ ᠤᠨ ᠲᠥᠪ ᠬᠤᠷᠢᠶ᠎ᠠ ᠶᠢᠨ ᠴᠢᠬᠤᠯᠠ ᠱᠠᠭᠠᠷᠳᠠᠯᠭ᠎ᠠ ᠶᠢ ᠰᠠᠶᠢᠲᠤᠷ ᠲᠤᠭᠤᠰᠢᠯᠠᠭᠤᠯᠵᠤ᠂ ᠰᠠᠶᠢᠲᠤᠷ ᠨᠠᠶᠢᠳᠠᠪᠤᠷᠢᠵᠢᠭᠤᠯᠵᠤ᠂ ᠰᠠᠶᠢᠲᠤᠷ ᠪᠡᠶᠡᠯᠡᠭᠦᠯᠬᠦ ᠬᠡᠷᠡᠭᠲᠡᠢ᠃ ᠬᠤᠷᠢᠭ᠎ᠠ ᠱᠤᠭᠤᠮ ᠤᠨ ᠰᠡᠳᠬᠢᠬᠦᠢ᠂ ᠲᠤᠶᠢᠯᠳᠠᠭᠤ ᠰᠡᠳᠬᠢᠬᠦᠢ ᠶᠢ ᠪᠠᠷᠢᠮᠲᠠᠯᠠᠵᠤ᠂ ᠠᠯᠮᠠᠶᠢᠷᠠᠬᠤ ᠦᠵᠡᠯ ᠰᠠᠨᠠᠭ᠎ᠠ᠂ ᠠᠵᠠ ᠬᠠᠷᠠᠬᠤ ᠪᠤᠳᠤᠯ᠂ ᠡᠷᠴᠢ ᠰᠤᠯᠠᠷᠠᠬᠤ ᠣᠪᠣᠷ ᠢ ᠲᠡᠪᠴᠢᠵᠦ᠂ ᠡᠯ᠎ᠡ ᠵᠦᠢᠯ ᠤᠨ ᠠᠶᠤᠯ ᠲᠦᠭᠰᠢᠭᠦᠷᠢ ᠭᠡᠮ ᠰᠣᠭᠤᠭ ᠢ ᠰᠡᠷᠭᠡᠶᠢᠯᠡᠵᠦ᠂ ᠲᠤᠶᠢᠯ ᠤᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ᠃ ᠰᠢᠰᠲ᠋ᠧᠮ ᠤᠨ ᠦᠵᠡᠯᠲᠡ ᠪᠠᠨ ᠴᠢᠩᠭᠠᠳᠬᠠᠵᠤ᠂ ᠬᠠᠮᠵᠢᠯᠴᠠᠨ ᠬᠠᠪᠰᠤᠷᠤᠯᠴᠠᠬᠤ ᠪᠠᠨ ᠴᠢᠩᠭᠠᠳᠬᠠᠵᠤ᠂ ᠤᠷᠤᠯᠳᠤᠭᠠᠨ ᠤ ᠲᠣᠭᠤᠷᠢᠨ ᠳᠤ ᠠᠵᠢᠯ ᠢᠶᠠᠨ ᠥᠷᠨᠢᠭᠦᠯᠵᠦ᠂ ᠡᠯ᠎ᠡ ᠵᠦᠢᠯ ᠤᠨ ᠪᠡᠯᠡᠳᠬᠡᠯ ᠠᠵᠢᠯ ᠤᠨ ᠡᠭᠦᠷᠭᠡ ᠶᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠢ ᠭᠡᠵᠦ ᠬᠡᠯᠡᠪᠡ᠃      ᠸᠠᠩ ᠯᠢ ᠰᠢᠶᠠ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠶᠢᠨ ᠬᠦᠴᠦᠲᠡᠢ ᠳᠡᠮᠵᠢᠯᠭᠡ ᠪᠠ ᠪᠡᠭᠡᠵᠢᠩ᠂ ᠾᠧᠪᠧᠢ ᠶᠢᠨ ᠤᠷᠤᠯᠳᠤᠭᠠᠨ ᠢ ᠳᠠᠭᠠᠭᠠᠴᠢᠯᠠᠨ ᠡᠷᠭᠢᠯᠡᠭᠦ ᠲᠠᠯ᠎ᠠ ᠪᠠᠷ ᠦᠵᠡᠭᠦᠯᠦᠭᠰᠡᠨ ᠬᠠᠪᠰᠤᠷᠤᠯᠭ᠎ᠠ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ︽ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ︾ ᠢ ᠳᠠᠭᠠᠭᠠᠴᠢᠯᠠᠨ ᠡᠷᠭᠢᠯᠡᠭᠦ ᠪᠣᠯ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠥᠪᠥᠷ ᠮᠣᠩᠭᠤᠯ ᠳᠤ ᠲᠤᠰᠢᠶᠠᠭᠰᠠᠨ ᠨᠢᠭᠡᠨ ᠴᠢᠬᠤᠯᠠ ᠤᠯᠤᠰ ᠲᠦᠷᠦ ᠶᠢᠨ ᠡᠭᠦᠷᠭᠡ ᠪᠣᠯᠣᠨ᠎ᠠ᠂ ᠠᠷᠪᠠᠨ ᠬᠤᠶᠠᠷ ᠬᠤᠪᠢ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠴᠢᠳᠠᠯ ᠤᠨ ᠬᠢᠷᠢ ᠪᠠᠷ ᠢᠶᠠᠨ ᠴᠢᠷᠮᠠᠶᠢᠵᠤ᠂ ᠨᠠᠷᠢᠯᠢᠭ ᠲᠥᠰᠥᠪᠯᠡᠵᠦ ᠨᠢᠮᠪᠠᠢ ᠪᠠᠶᠢᠷᠢᠯᠠᠭᠤᠯᠤᠨ᠂ ᠨᠠᠷᠢᠯᠢᠭ ᠪᠣᠯᠪᠠᠰᠤᠷᠠᠵᠤ᠂ ᠪᠦᠭᠦ ᠬᠦᠴᠦᠨ ᠢᠶᠠᠷ ᠢᠶᠠᠨ ᠪᠡᠯᠡᠳᠬᠡᠵᠦ᠂ ᠤᠷᠤᠯᠳᠤᠭᠠᠨ ᠢ ᠭᠤᠶᠢᠳᠠ ᠰᠠᠶᠢᠬᠠᠨ ᠡᠷᠭᠢᠯᠡᠭᠦ᠂ ᠤᠷᠤᠯᠳᠤᠭᠠᠨ ᠳᠤ ᠣᠷᠣᠯᠴᠠᠵᠤ ᠰᠢᠯᠢᠳᠡᠭ ᠠᠮᠵᠢᠯᠲᠠ ᠣᠯᠵᠤ᠂ ᠬᠠᠨᠤᠮᠵᠢᠳᠠᠢ ᠦᠢᠯᠡᠴᠢᠯᠡᠭᠡ ᠬᠠᠩᠭᠠᠵᠤ᠂ ᠤᠯᠠᠨ ᠲᠦᠮᠡᠨ ᠤ ᠮᠠᠭᠲᠠᠭᠠᠯ ᠰᠠᠶᠢᠰᠢᠶᠠᠯ ᠢ ᠣᠯᠵᠤ᠂ ᠬᠥᠭᠵᠢᠯᠲᠡ ᠳᠤ ᠭᠡᠷᠡᠯ ᠭᠢᠯᠪᠠᠭ᠎ᠠ ᠨᠡᠮᠡᠷᠢᠯᠡᠬᠦ ᠶᠢ ᠪᠡᠶᠡᠯᠡᠭᠦᠯᠬᠦ ᠬᠡᠷᠡᠭᠲᠡᠢ᠃ ᠲᠠᠯᠠᠪᠠᠶ ᠣᠷᠳᠣᠨ ᠤ ᠲᠤᠨᠤᠭ ᠲᠥᠬᠦᠭᠡᠷᠦᠮᠵᠢ ᠶᠢ ᠱᠠᠯᠠᠪᠳᠠᠨ ᠲᠡᠭᠦᠯᠳᠡᠷᠵᠢᠭᠦᠯᠵᠦ᠂ ᠲᠣᠭᠲᠠᠭᠰᠠᠨ ᠬᠤᠭᠤᠴᠠᠭᠠᠨ ᠳᠤ ᠴᠢᠨᠠᠷ ᠢ ᠪᠠᠲᠤᠯᠠᠨ ᠲᠤᠰᠢᠶᠠᠨ ᠠᠰᠢᠭᠯᠠᠯᠲᠠ ᠳᠤ ᠤᠷᠤᠭᠤᠯᠬᠤ ᠬᠡᠷᠡᠭᠲᠡᠢ᠃ ᠤᠷᠤᠯᠳᠤᠭᠠᠨ ᠤ ᠶᠠᠪᠤᠳᠠᠯ ᠤᠨ ᠲᠣᠬᠢᠷᠠᠭᠤᠯᠤᠯᠲᠠ ᠶᠢ ᠨᠠᠷᠢᠨ ᠨᠢᠮᠪᠠᠢ ᠰᠠᠶᠢᠲᠤᠷ ᠬᠢᠵᠦ᠂ ᠨᠢᠭᠡ ᠲᠠᠯᠠᠪᠤᠷ ᠣᠷᠳᠣᠨ ︵ᠭᠠᠵᠠᠷ︶ ᠳᠤ ᠨᠢᠭᠡ ᠲᠥᠰᠥᠯ ᠢ ᠬᠡᠷᠡᠭᠵᠢᠭᠦᠯᠵᠦ ᠰᠢᠯᠭᠠᠯᠲᠠ ᠰᠣᠷᠢᠯᠲᠠ ᠶᠢ ᠰᠠᠶᠢᠲᠤᠷ ᠬᠢᠵᠦ᠂ ᠥᠨᠳᠥᠷ ᠪᠦᠲᠦᠮᠵᠢᠲᠡᠶ ᠨᠠᠷᠢᠯᠢᠭ᠂ ᠲᠤᠰᠬᠠᠢ ᠮᠡᠷᠭᠡᠵᠢᠯ ᠤᠨ ᠪᠥᠭᠡᠳ ᠵᠢᠷᠤᠮᠵᠢᠯ ᠲᠠᠢ ᠪᠠᠶᠢᠬᠤ ᠬᠡᠷᠡᠭᠲᠡᠢ᠃ ᠡᠭᠢᠯᠡᠯᠳᠠ ᠶᠢᠨ ᠶᠣᠰᠣᠯᠠᠯ ᠲᠡᠭᠦᠰᠬᠦ ᠶᠣᠰᠣᠯᠠᠯ᠂ ᠭᠠᠯ ᠪᠠᠮᠪᠠᠷ ᠳᠠᠮᠵᠢᠭᠤᠯᠬᠤ ᠵᠡᠷᠭᠡ ᠴᠢᠬᠤᠯᠠ ᠶᠡᠭᠡ ᠠᠵᠢᠯᠯᠠᠭ᠎ᠠ ᠶᠢ ᠨᠢᠭᠲᠠ ᠠᠴᠠ ᠨᠢᠭᠲᠠ ᠰᠠᠶᠢᠲᠤᠷ ᠵᠣᠬᠢᠶᠠᠨ ᠪᠠᠶᠢᠭᠤᠯᠵᠤ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠢ ᠲᠦᠭᠡᠮᠡᠯᠵᠢᠭᠦᠯᠵᠦ᠂ ᠮᠥᠰᠥ ᠴᠠᠰᠤᠨ ᠤ ᠠᠵᠤ ᠠᠬᠤᠢ ᠶᠢ ᠬᠥᠭᠵᠢᠭᠦᠯᠵᠦ᠂ ᠰᠣᠳᠣᠨ ᠪᠦᠲᠦᠭᠡᠯ ᠢ ᠡᠭᠦᠳᠴᠦ᠂ ᠰᠣᠩᠭᠤᠳᠠᠭ ᠢ ᠦᠯᠡᠳᠡᠭᠡᠬᠦ ᠬᠡᠷᠡᠭᠲᠡᠢ᠃ ᠨᠢᠭᠡ ᠴᠤᠭᠯᠠᠭᠠᠨ ᠢ ᠰᠠᠶᠢᠲᠤᠷ ᠡᠷᠭᠢᠯᠡᠵᠦ᠂ ᠨᠢᠭᠡ ᠬᠤᠳᠠ ᠶᠢ ᠠᠮᠢᠵᠢᠷᠠᠯ ᠤᠨ ᠬᠦᠴᠦᠨ ᠢᠶᠠᠷ ᠪᠢᠯᠬᠠᠭᠤᠯᠬᠤ ᠶᠢ ᠪᠡᠶᠡᠯᠡᠭᠦᠯᠵᠦ᠂ ᠬᠤᠳᠠ ᠶᠢᠨ ᠳᠦᠷᠰᠦ ᠪᠠᠶᠢᠳᠠᠯ ᠴᠢᠨᠠᠷ ᠴᠢᠨᠰᠠᠭ᠎ᠠ᠂ ᠵᠠᠰᠠᠯᠲᠠ ᠶᠢᠨ ᠲᠦᠪᠰᠢᠨ ᠪᠣᠯᠣᠨ ᠪᠣᠯᠪᠠᠰᠤᠨ ᠤ ᠬᠡᠮᠵᠢᠶ᠎ᠡ ᠶᠢ ᠪᠦᠭᠦ ᠲᠠᠯ᠎ᠠ ᠪᠠᠷ ᠳᠡᠭᠡᠭᠰᠢᠯᠡᠭᠦᠯᠵᠦ᠂ ᠥᠷᠭᠡᠨ ᠳᠡᠯᠭᠡᠷᠡᠩᠭᠦᠢ ᠪᠠᠷ ᠵᠣᠬᠢᠶᠠᠨ ᠪᠠᠶᠢᠭᠤᠯᠵᠤ ᠤᠬᠠᠭᠤᠯᠤᠨ ᠲᠠᠶᠢᠴᠢᠯᠠᠵᠦ᠂ ︽ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ︾ ᠤ ᠭᠦᠷ ᠬᠥᠭᠵᠢᠶᠡᠨ ᠢ ᠳᠡᠭᠡᠭᠰᠢᠯᠡᠭᠦᠯᠵᠦ᠂ ᠥᠪᠥᠷ ᠮᠣᠩᠭᠤᠯ ᠤᠨ ᠠᠯᠳᠠᠷᠰᠢᠯ ᠤᠨ ᠬᠡᠮᠵᠢᠶ᠎ᠡ ᠶᠢ ᠳᠡᠭᠡᠭᠰᠢᠯᠡᠭᠦᠯᠭᠦ ᠬᠡᠷᠡᠭᠲᠡᠢ᠃ ᠠᠮᠤᠷ ᠲᠦᠪᠰᠢᠨ ᠤ ᠬᠠᠮᠠᠭᠠᠯᠠᠯᠲᠠ ᠶᠢ ᠴᠢᠩᠭ᠎ᠠ ᠠᠳᠬᠤᠵᠤ᠂ ᠨᠢᠭᠡ ᠬᠤᠭᠤᠴᠠᠭᠠᠨ ᠤ ᠠᠷᠢᠭᠤᠨ ᠴᠢᠬᠡᠴᠢ᠂ ᠠᠷᠢᠭᠤᠨ ᠴᠡᠪᠡᠷ᠂ ᠠᠮᠤᠷ ᠲᠦᠪᠰᠢᠨ ᠪᠡᠶ᠎ᠡ ᠶᠢᠨ ᠲᠠᠮᠢᠷ ᠤᠨ ᠦᠪᠡᠳᠡᠭᠰᠢ ᠴᠤᠭᠯᠠᠭᠠᠨ ᠢ ᠡᠷᠭᠢᠯᠡᠭᠦ ᠬᠡᠷᠡᠭᠲᠡᠢ᠃ ᠴᠤᠭᠯᠠᠭᠠᠨ ᠬᠦᠷᠴᠦ ᠢᠷᠡᠬᠦ  ᠶᠢ ᠡᠳᠦᠷ ᠲᠣᠭᠠᠯᠠᠵᠤ ᠵᠢᠭᠰᠠᠭᠠᠨ  ᠲᠣᠬᠢᠷᠠᠭᠤᠯᠤᠯᠲᠠ ᠶᠢ ᠠᠳᠬᠤᠵᠤ᠂ ᠨᠠᠶᠢᠳᠠᠪᠤᠷᠢᠵᠢᠭᠤᠯᠤᠯᠲᠠ ᠶᠢ ᠠᠳᠬᠤᠵᠤ᠂ ᠨᠠᠷᠢᠯᠢᠭ ᠵᠦᠢᠯᠡᠰ ᠢ ᠠᠳᠬᠤᠵᠤ᠂ ᠤᠷᠠᠨ ᠳᠠᠷᠬᠠᠨ ᠤ ᠵᠣᠷᠢᠭ ᠰᠠᠨᠠᠭ᠎ᠠ ᠪᠠᠷ ᠨᠢᠭᠡ ᠨᠢᠭᠡ ᠪᠣᠭᠤᠮᠲᠠ ᠪᠠᠷ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠩᠬᠠᠷᠴᠤ᠂ ᠴᠢᠩ ᠦᠨᠡᠨᠴᠢ ᠰᠡᠳᠬᠢᠯ ᠢᠶᠠᠷ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ᠂ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠬᠠᠨᠤᠮᠵᠢᠲᠠᠢ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠬᠡᠷᠡᠭᠲᠡᠢ ᠭᠡᠵᠦ ᠬᠡᠯᠡᠪᠡ᠃      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠣᠣ ᠶᠦᠩ ᠪᠦᠸᠧ ᠶᠡᠭᠡ ᠬᠤᠷᠠᠯ ᠢ ᠡᠷᠭᠢᠯᠡᠵᠠᠢ᠃
ᠢᠷᠡᠯᠲᠡ᠄ ᠤᠲᠤᠭ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ