ᠭᠤᠤ ᠬᠤᠸᠠᠢ ᠵᠢᠩ ᠱᠦᠵᠢ ᠶᠢᠨ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/11/15
      11 ᠰᠠᠷ᠎ᠠ ᠶᠢᠨ 14 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠭᠤᠸ ᠬᠤᠸᠠᠢ ᠵᠢᠩ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ᠂ ᠨᠡᠭᠡᠭᠡᠯᠲᠡ ᠶᠢᠨ ᠲᠣᠭᠤᠷᠢᠭ ᠤᠨ ᠠᠵᠤ ᠦᠢᠯᠡᠰ ᠤᠨ ᠬᠥᠭᠵᠢᠯᠲᠡ᠂ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠨᠡᠭᠦᠷᠡᠰᠦᠨ ᠠᠭᠤᠷᠬᠠᠢ ᠶᠢᠨ ᠡᠬᠢ ᠪᠠᠶᠠᠯᠢᠭ ᠢ ᠨᠢᠭᠡᠳᠬᠡᠬᠦ ᠵᠡᠷᠭᠡ ᠠᠵᠢᠯ ᠢ ᠰᠤᠳᠤᠯᠤᠨ ᠪᠠᠶᠢᠷᠢᠯᠠᠭᠤᠯᠪᠠ᠃ ᠯᠢ ᡁᠢ ᠪᠢᠶᠣᠣ᠂ ᠰᠢᠦᠢ ᠷᠦᠢ ᠹᠧᠩ᠂ ᠯᠢᠦ ᠷᠦᠢ᠂ ᠴᠢ᠊ ᠮᠥᠷᠡᠨ ᠵᠡᠷᠭᠡ ᠬᠤᠰᠢᠭᠤᠨ ᠤ ᠤᠳᠤᠷᠢᠳᠤᠯᠭ᠎ᠠ ᠨᠠᠷ ᠪᠠ ᠬᠠᠮᠢᠶ᠎ᠠ ᠪᠦᠬᠦᠢ ᠪᠠᠶᠢᠭᠤᠯᠭ᠎ᠠ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠭᠤᠤ ᠬᠤᠸᠠᠢ ᠵᠢᠩ ᠬᠤᠯᠪᠣᠭᠳᠠᠯ ᠪᠦᠬᠦᠢ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠴᠤ᠂ ᠪᠣᠳᠠᠲᠠᠢ ᠠᠰᠠᠭᠤᠳᠠᠯ ᠳᠤ ᠴᠢᠭᠯᠡᠭᠦᠯᠦᠨ ᠳᠠᠶᠠᠭᠠᠷ ᠲᠠᠢ ᠰᠠᠨᠠᠯ ᠢᠶᠠᠨ ᠰᠣᠯᠢᠯᠴᠠᠨ᠂ ᠰᠢᠢᠳᠪᠦᠷᠢᠯᠡᠬᠦ ᠠᠷᠭ᠎ᠠ ᠶᠢ ᠬᠠᠮᠲᠤᠪᠠᠷ ᠵᠠᠳᠠᠯᠤᠨ ᠰᠤᠳᠤᠯᠤᠭᠰᠠᠨ ᠪᠥᠭᠡᠳ ᠠᠵᠢᠯ ᠢ ᠠᠬᠤᠢ ᠲᠠᠯᠠᠪᠡᠢ ᠳᠤ ᠲᠤᠰᠢᠶᠠᠨ ᠥᠭᠴᠦ ᠰᠢᠢᠳᠪᠦᠷᠢᠯᠡᠭᠦᠯᠵᠡᠢ᠃      ᠭᠤᠸ ᠬᠤᠸᠠᠢ ᠵᠢᠩ᠂ ᠡᠯ᠎ᠡ ᠬᠠᠮᠢᠶ᠎ᠠ ᠪᠦᠬᠦᠢ ᠪᠠᠶᠢᠭᠤᠯᠭ᠎ᠠ ︽ᠠᠮᠢ ᠠᠬᠤᠢ ᠶᠢ ᠤᠷᠢᠳᠠᠪᠠᠷ ᠪᠣᠳᠣᠯᠬᠢᠯᠠᠵᠤ᠂ ᠪᠣᠬᠢᠷᠲᠤᠯ ᠦᠭᠡᠢ ᠪᠠᠷ ᠬᠥᠭᠵᠢᠭᠦᠯᠬᠦ︾ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢ ᠰᠢᠯᠢᠳᠡᠭᠵᠢᠭᠦᠯᠦᠨ᠂ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠲᠥᠷᠥ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠵᠦ᠂ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠴᠢᠯᠠᠭᠤᠨ ᠲᠣᠰᠣ ᠰᠢᠲᠠᠮᠠᠬᠠᠢ ᠬᠡᠢ ᠶᠢᠨ ᠠᠵᠤ ᠠᠬᠤᠶᠢᠯᠠᠯ ᠤᠨ ᠨᠡᠭᠡᠭᠡᠨ ᠬᠥᠭᠵᠢᠭᠦᠯᠦᠯᠲᠡ ᠶᠢᠨ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠪᠥᠬᠦ ᠬᠤᠰᠢᠭᠤᠨ ᠤ ᠨᠤᠲᠤᠭ ᠪᠡᠯᠴᠢᠭᠡᠷ ᠤᠨ ᠠᠮᠢ ᠠᠬᠤᠢ ᠶᠢᠨ ᠣᠷᠴᠢᠨ ᠲᠣᠭᠤᠷᠢᠨ ᠢ ᠦᠨᠡᠨᠬᠦ ᠰᠠᠶᠢᠲᠤᠷ ᠬᠠᠮᠠᠭᠠᠯᠠᠬᠤ ᠬᠡᠷᠡᠭᠲᠡᠢ᠃ ᠣᠲᠤᠭ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠨᠢ ᠪᠥᠬᠦ ᠬᠤᠰᠢᠭᠤᠨ ᠤ ᠠᠵᠤ ᠦᠢᠯᠡᠰ ᠤᠨ ᠪᠠᠶᠢᠷᠢ ᠲᠣᠭᠲᠠᠭᠠᠯᠲᠠ ᠲᠠᠢ ᠤᠶᠠᠯᠳᠤᠭᠤᠯᠤᠨ᠂ ᠠᠵᠤ ᠦᠢᠯᠡᠰ ᠤᠨ ᠲᠣᠭᠤᠷᠢᠭ ᠬᠡᠰᠡᠭ ᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠲᠥᠯᠥᠪᠵᠢᠭᠦᠯᠵᠦ᠂ ᠴᠢᠨᠠᠷ ᠰᠠᠶᠢᠲᠠᠢ ᠥᠨᠳᠥᠷ ᠪᠦᠲᠦᠮᠵᠢᠲᠡᠢ ᠬᠥᠭᠵᠢᠯᠲᠡ ᠶᠢᠨ ᠪᠠᠶᠢᠷᠢᠰᠢᠯ ᠢ ᠪᠥᠬᠦ ᠲᠠᠯ᠎ᠠ ᠪᠠᠷ ᠪᠠᠶᠢᠭᠤᠯᠬᠤ ᠬᠡᠷᠡᠭᠲᠡᠢ᠃ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠵᠠᠮ  ᠬᠠᠷᠢᠯᠴᠠᠭ᠎ᠠ ᠶᠢ ᠰᠠᠭᠠᠳ ᠦᠭᠡᠢ ᠨᠡᠪᠲᠡᠷᠡᠭᠦᠯᠦᠨ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠢ᠃ ᠨᠡᠭᠦᠷᠡᠰᠦᠨ ᠤ ᠡᠬᠢ ᠪᠠᠶᠠᠯᠢᠭ ᠢ ᠨᠢᠭᠡᠳᠬᠡᠬᠦ ᠡᠷᠴᠢᠮ ᠢ ᠴᠢᠩᠭᠠᠷᠠᠭᠤᠯᠵᠤ᠂ ᠡᠬᠢ ᠪᠠᠶᠠᠯᠢᠭ ᠤᠨ ᠠᠰᠢᠭᠯᠠᠯᠲᠠ ᠶᠢᠨ ᠨᠤᠷᠮ᠎ᠠ ᠶᠢ ᠳᠡᠭᠡᠭᠰᠢᠯᠡᠭᠦᠯᠦᠨ᠂ ᠠᠵᠤ ᠦᠢᠯᠡᠰ ᠤᠨ ᠲᠥᠪᠯᠡᠷᠡᠯ ᠤᠨ ᠬᠡᠮᠵᠢᠶ᠎ᠡ ᠶᠢ ᠳᠡᠭᠡᠭᠰᠢᠯᠡᠭᠦᠯᠵᠦ᠂ ᠨᠡᠭᠦᠷᠡᠰᠦᠨ ᠤ ᠡᠬᠢ ᠪᠠᠶᠠᠯᠢᠭ ᠢ ᠲᠥᠪᠯᠡᠷᠡᠭᠦᠯᠦᠨ ᠵᠠᠯᠭᠠᠯᠳᠤᠭᠤᠯᠤᠨ ᠨᠡᠭᠡᠭᠡᠨ ᠬᠥᠭᠵᠢᠭᠦᠯᠬᠦ ᠶᠢ ᠠᠬᠢᠭᠤᠯᠬᠤ ᠬᠡᠷᠡᠭᠲᠡᠢ ᠭᠡᠵᠤ ᠬᠡᠯᠡᠪᠡ᠃ 
ᠢᠷᠡᠯᠲᠡ᠄ ᠣᠲᠤᠭ ᠨᠡᠶᠢᠲᠡᠯᠡᠯ