︽ᠠᠷᠪᠠᠨ ᠳᠥᠷᠪᠡᠳᠦᠭᠡᠷ ᠡᠪᠦᠯ︾ ᠤᠨ ᠦᠨᠳᠦᠰᠦᠨ ᠪᠠᠶᠢᠳᠠᠯ
ᠨᠡᠶᠢᠲᠡᠯᠡᠭᠰᠡᠨ ᠴᠠᠭ᠄
2023/11/16
      ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠭᠤᠣᠯᠯᠠᠵᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠳᠠᠭᠠᠭᠠᠨ ᠡᠷᠬᠢᠯᠡᠬᠦ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ︵ᠳᠣᠷᠣᠭᠰᠢ ︽ᠠᠷᠪᠠᠨ ᠳᠥᠷᠪᠡᠳᠦᠭᠡᠷ ᠡᠪᠦᠯ︾ ᠭᠡᠵᠦ ᠲᠣᠪᠴᠢᠯᠠᠨ᠎ᠠ︶ ᠢ ᠤᠤᠯ ᠨᠢ 2020 ᠣᠨ ᠤ 2 ᠳ᠋ᠤᠭᠠᠷ ᠰᠠᠷ᠎ᠠ ᠳᠤ ᠡᠷᠭᠢᠯᠡᠬᠦ ᠪᠠᠷ ᠲᠣᠭᠲᠠᠭᠰᠠᠨ ᠪᠣᠯᠪᠠᠴᠤ ᠰᠢᠨ᠎ᠡ ᠲᠢᠲᠢᠮᠯᠢᠭ ᠠᠭᠤᠰᠬᠢᠨ ᠥᠷᠪᠢᠰᠦᠯ ᠤᠨ ᠬᠢᠵᠢᠭ ᠲᠤ ᠨᠥᠯᠦᠭᠡᠯᠡᠭᠳᠡᠭᠰᠡᠨ ᠠᠴᠠ ᠲᠥᠷᠥ ᠶᠢᠨ ᠶᠠᠪᠤᠳᠠᠯ ᠤᠨ ᠬᠤᠷᠢᠶ᠎ᠠ ᠪᠠᠷ ᠵᠥᠪᠰᠢᠶᠡᠷᠡᠭᠦᠯᠦᠭᠡᠳ 2024 ᠣᠨ ᠤ 2 ᠳ᠋ᠤᠭᠠᠷ ᠰᠠᠷ᠎ᠠ ᠶᠢᠨ 17 ᠤ ᠡᠳᠦᠷ ᠠᠴᠠ 27 ᠤ ᠡᠳᠦᠷ ᠮᠥᠨ ᠮᠠᠨ ᠤ ᠣᠷᠣᠨ ᠳᠤ ᠶᠠᠪᠤᠭᠳᠠᠭᠤᠯᠬᠤ ᠪᠠᠷ ᠪᠣᠯᠵᠠᠢ᠃       ︽ᠠᠷᠪᠠᠨ ᠳᠥᠷᠪᠡᠳᠦᠭᠡᠷ ᠡᠪᠦᠯ︾ ᠤᠨ ᠤᠷᠤᠯᠳᠤᠭᠠᠨ ᠤ ᠲᠦᠷᠦᠯ ᠢ 2026 ᠣᠨ ᠤ ᠮᠢᠯᠠᠨ ᠤ ᠡᠪᠦᠯ ᠤᠨ ᠣᠯᠧᠮᠫᠢᠺ ᠲᠠᠢ ᠪᠦᠬᠦ ᠲᠠᠯ᠎ᠠ ᠪᠠᠷ ᠬᠠᠷᠭᠤᠭᠤᠯᠤᠨ ᠪᠠᠶᠢᠵᠤ᠂ ᠮᠥᠰᠥᠨ ᠳᠤ ᠲᠡᠰᠢᠬᠦ᠂ ᠴᠠᠰᠤᠨ ᠳᠤ ᠭᠤᠯᠭᠤᠬᠤ᠂ ᠡᠪᠦᠯ ᠤᠨ ᠬᠤᠶᠠᠷ ᠲᠦᠷᠢᠯᠲᠡ᠂ ᠮᠥᠰᠥᠨ ᠳᠡᠪᠦᠷ᠎ᠡ᠂ ᠮᠥᠰᠥᠨ ᠪᠥᠮᠪᠦᠭᠡ᠂ ᠰᠤᠭᠰᠤᠷᠤᠭ᠎ᠠ᠂ ᠴᠢᠷᠭ᠎ᠠ᠂ ᠴᠠᠨᠠᠯᠠᠨ ᠠᠭᠤᠯᠠ ᠠᠪᠠᠷᠢᠬᠤ ᠵᠡᠷᠭᠡ 8 ᠶᠡᠭᠡ ᠲᠦᠷᠦᠯ᠂ 16 ᠬᠤᠪᠢᠶᠠᠷᠢ ᠲᠦᠷᠦᠯ᠂ 176 ᠪᠠᠭ᠎ᠠ ᠲᠦᠷᠦᠯ ᠢ ᠳᠣᠬᠢᠷᠠᠭᠤᠯᠤᠭᠰᠠᠨ ᠮᠥᠷᠲᠡᠭᠡᠨ ︽ᠠᠷᠪᠠᠨ ᠳᠥᠷᠪᠡᠳᠦᠭᠡᠷ ᠡᠪᠦᠯ︾ ᠤᠨ ᠮᠥᠰᠥᠨ ᠳᠡᠭᠡᠷᠡᠬᠢ ᠤᠷᠤᠯᠳᠤᠭᠠᠨ ᠤ ᠲᠦᠷᠦᠯ ᠢ ᠥᠪᠥᠷ ᠮᠣᠩᠭᠤᠯ ᠤᠨ ᠮᠥᠰᠥᠨ ᠳᠡᠭᠡᠷᠡᠬᠢ ᠲᠠᠮᠢᠷ ᠤᠨ ᠬᠥᠳᠡᠯᠭᠡᠭᠡᠨ ᠤ ᠪᠣᠯᠪᠠᠰᠤᠷᠠᠯ ᠤᠨ ᠲᠥᠪ ︵ᠬᠥᠯᠥᠨ ᠪᠤᠶᠢᠷ ᠬᠤᠳᠠ ᠶᠢᠨ ᠬᠠᠶᠢᠯᠠᠷ ᠲᠣᠭᠤᠷᠢᠭ︶ ᠲᠤ ᠲᠣᠬᠢᠷᠠᠭᠤᠯᠪᠠ︔ ᠴᠠᠰᠤᠨ ᠳᠡᠭᠡᠷᠡᠬᠢ ᠲᠥᠷᠥᠯ ᠢ ᠬᠥᠯᠥᠨ ᠪᠤᠶᠢᠷ ᠤᠨ ᠵᠠᠯᠠᠨ ᠠᠶᠢᠯ ᠤᠨ ᠶᠢᠨ ᠯᠦᠩ ᠱᠠᠨ ᠠᠭᠤᠯᠠᠨ ᠤ ᠴᠠᠨᠠᠯᠠᠬᠤ ᠲᠠᠯᠠᠪᠠᠶ᠂ ᠤᠯᠠᠭᠠᠨᠬᠠᠳᠠ ᠶᠢᠨ ᠬᠠᠷᠠᠴᠢᠨ ᠤ ᠮᠡᠶᠢᠷᠡᠨ ᠭᠤᠤ ᠶᠢᠨ ᠴᠠᠨᠠᠯᠠᠬᠤ ᠲᠠᠯᠠᠪᠠᠶ᠂ ᠤᠯᠠᠭᠠᠨᠴᠠᠪ ᠤᠨ ᠯᠢᠶᠡᠩᠴᠧᠩ ᠬᠤᠲᠠ ᠶᠢᠨ ᠴᠠᠨᠠᠯᠠᠬᠤ ᠲᠠᠯᠠᠪᠠᠶ ᠳᠤ ᠳᠣᠬᠢᠷᠠᠭᠤᠯᠵᠠᠢ᠃ ᠵᠢᠱᠢᠯᠲᠡ ᠪᠠᠷ 3700 ᠭᠠᠷᠤᠢ ᠲᠠᠮᠢᠷᠴᠢᠳ ᠤᠷᠤᠯᠳᠤᠭᠠᠨ ᠳᠤ ᠣᠷᠣᠯᠴᠠᠬᠤ ᠪᠥᠭᠡᠳ ︽ᠠᠷᠪᠠᠨ ᠳᠥᠷᠪᠡᠳᠦᠭᠡᠷ ᠡᠪᠦᠯ︾ ᠨᠢ ᠥᠩᠭᠡᠷᠡᠭᠰᠡᠨ ᠬᠡᠳᠦᠨ ᠬᠤᠭᠤᠴᠠᠭ᠎ᠠ ᠲᠠᠢ ᠬᠠᠷᠢᠴᠠᠭᠤᠯᠪᠠᠯ ᠬᠡᠪᠴᠢᠶ᠎ᠡ ᠪᠠᠷ ᠬᠠᠮᠤᠭ ᠶᠡᠭᠡ᠂ ᠤᠷᠤᠯᠳᠤᠭᠠᠨ ᠤ ᠲᠥᠷᠥᠯ ᠬᠠᠮᠤᠭ ᠣᠯᠠᠨ᠂ ᠪᠠᠷᠢᠮᠵᠢᠶ᠎ᠠ ᠬᠠᠮᠤᠭ ᠥᠨᠳᠥᠷ ᠨᠢᠭᠡ ᠬᠤᠭᠤᠴᠠᠭ᠎ᠠ ᠪᠣᠯᠬᠤ ᠪᠣᠯᠣᠨ᠎ᠠ᠃      ︽ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠢᠶᠠᠷ ᠠᠷᠠᠳ ᠲᠤ ᠠᠰᠢᠭ ᠬᠦᠷᠲᠡᠭᠡᠬᠦ︾ ᠪᠥᠬᠦ ᠠᠷᠠᠳ ᠢᠶᠠᠷ ᠢᠶᠠᠨ ᠪᠡᠶ᠎ᠡ ᠴᠢᠭᠢᠷᠠᠭᠵᠢᠭᠤᠯᠬᠤ ᠰᠢᠷᠢᠰ ᠠᠵᠢᠯᠯᠠᠭ᠎ᠠ ᠨᠢ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠮᠡᠳᠡᠯᠭᠡ᠂ ᠤᠷ᠎ᠠ ᠴᠢᠳᠠᠪᠤᠷᠢ ᠶᠢᠨ ᠪᠣᠯᠪᠠᠰᠤᠷᠠᠯ ᠪᠠ ᠲᠦᠰᠦᠯ ᠤᠨ ᠰᠤᠷᠲᠠᠯᠴᠢᠯᠠᠭ᠎ᠠ ᠶᠢ ᠪᠥᠬᠦ ᠬᠡᠪᠴᠢᠶᠡᠨ ᠳᠤ ᠳᠥᠷᠪᠡᠨ ᠤᠯᠠᠷᠢᠯ ᠤᠨ ᠪᠥᠬᠦ ᠠᠷᠠᠳ ᠢᠶᠠᠷ ᠢᠶᠠᠨ ᠪᠡᠶ᠎ᠡ ᠴᠢᠬᠢᠷᠠᠭᠵᠢᠭᠤᠯᠬᠤ ᠠᠵᠢᠯᠯᠠᠭ᠎ᠠ ᠳᠤ ᠠᠭᠤᠰᠤᠯᠴᠠᠭᠤᠯᠵᠤ᠂ ︽ᠬᠥᠮᠥᠨ ᠪᠦᠷᠢ ᠤᠬᠠᠭᠤᠯᠤᠭᠴᠢ᠂ ᠬᠥᠮᠥᠨ ᠪᠦᠷᠢ ᠤᠷᠢᠭᠴᠢ ᠪᠣᠯᠬᠤ︾ ᠶᠢ ᠤᠷᠢᠶᠠᠯᠠᠨ᠂ ︽ᠠᠷᠪᠠᠨ ᠳᠥᠷᠪᠡᠳᠦᠭᠡᠷ ᠡᠪᠦᠯ︾ ᠢ ᠬᠠᠯᠠᠮᠵᠢᠯᠠᠵᠤ ᠠᠩᠬᠠᠷᠬᠤ ᠪᠠᠷ ᠳᠠᠮᠵᠢᠭᠤᠯᠤᠨ ᠪᠥᠬᠦ ᠠᠷᠠᠳ ᠢᠶᠠᠷ ᠢᠶᠠᠨ ᠪᠡᠶ᠎ᠡ ᠴᠢᠭᠢᠷᠠᠭᠵᠢᠭᠤᠯᠬᠤ ᠥᠷᠨᠢᠯᠲᠡ ᠶᠢ ᠪᠣᠶ ᠪᠣᠯᠭᠠᠨ᠂ ᠪᠥᠬᠦ ᠠᠷᠠᠳ ᠢᠶᠠᠷ ᠢᠶᠠᠨ ᠪᠡᠶ᠎ᠡ ᠴᠢᠭᠢᠷᠠᠭᠵᠢᠭᠤᠯᠬᠤ ᠪᠠᠷ ᠳᠠᠮᠵᠢᠭᠤᠯᠤᠨ ᠡᠪᠦᠯ ᠤᠨ ᠤᠯᠠᠷᠢᠯ ᠤᠨ ᠤᠷᠤᠯᠳᠤᠭᠠᠨ ᠤ ᠲᠥᠷᠥᠯ ᠢ ᠴᠢᠨᠠᠭᠰᠢᠳᠠ ᠤᠯᠠᠮ ᠲᠦᠭᠡᠮᠡᠯᠵᠢᠭᠦᠯᠦᠨ ᠳᠡᠯᠭᠡᠷᠡᠭᠦᠯᠵᠦ᠂ ᠣᠯᠠᠨ ᠲᠦᠮᠡᠨ ᠤ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠳᠤ ᠣᠷᠣᠯᠴᠠᠬᠤ ᠤᠷᠮᠠᠰᠢᠯ ᠢ ᠬᠥᠭᠵᠢᠭᠡᠨ᠎ᠡ᠃
ᠢᠷᠡᠯᠲᠡ᠄ ᠤᠲᠤᠭ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ