ᠲᠡᠭᠷᠢ᠄ ᠮᠣᠩᠭᠤᠯ ᠦᠨᠳᠦᠰᠦᠲᠡᠨ᠂ ᠡᠷᠡᠭᠲᠡᠢ᠂ ᠡᠷᠬᠡᠲᠦ ᠰᠤᠮᠤᠨ ᠤ ᠬᠦᠮᠦᠨ᠂ 1960 ᠣᠨ ᠳᠤ ᠲᠥᠷᠥᠵᠡᠢ᠃ 1979 ᠣᠨ ᠳᠤ ᠳᠤᠮᠳᠠᠳᠤ | ᠤᠯᠤᠰ ᠤᠨ ᠳᠠᠭᠤᠤ ᠬᠥᠭᠵᠢᠮ ᠤᠨ ᠳᠡᠭᠡᠳᠦ ᠰᠤᠷᠭᠠᠭᠤᠯᠢ ᠳᠤ ᠰᠢᠯᠭᠠᠨ ᠣᠷᠣᠵᠤ᠂ ᠬᠥᠭᠵᠢᠮ ᠤᠨ ᠤᠳᠤᠷᠢᠳᠤᠭᠠᠴᠢ ᠶᠢᠨ ᠲᠤᠰᠬᠠᠢ ᠮᠡᠷᠭᠡᠵᠢᠯ ᠢ ᠰᠤᠷᠤᠯᠴᠠᠪᠠ᠃ | 1980 ᠣᠨ ᠢ ᠲᠢᠶᠠᠨᠵᠢᠨ ᠤ ᠳᠠᠭᠤᠤ ᠬᠥᠭᠵᠢᠮ ᠤᠨ ᠳᠡᠭᠡᠳᠦ ᠰᠤᠷᠭᠠᠭᠤᠯᠢ ᠶᠢᠨ ᠠᠶᠠᠯᠭᠤ ᠵᠣᠬᠢᠶᠠᠬᠤ ᠰᠠᠯᠪᠤᠷᠢ ᠳᠤ ᠰᠢᠯᠭᠠᠭᠳᠠᠨ ᠣᠷᠣᠵᠤ᠂ 1985 ᠣᠨ ᠳᠤ | ᠲᠡᠭᠦᠰᠴᠦ᠂ ᠲᠥᠪ ᠤᠨ ᠦᠨᠳᠦᠰᠦᠲᠡᠨ ᠤ ᠳᠠᠭᠤᠤ ᠬᠥᠭᠵᠢᠮ ᠤᠨ ᠪᠦᠯᠬᠦᠮ ᠳᠤ ᠠᠵᠢᠯ ᠬᠤᠪᠢᠶᠠᠭᠳᠠᠪᠠ᠃ 1987 ᠣᠨ ᠠᠴᠠ ᠡᠬᠢᠯᠡᠨ ᠳᠡᠯᠭᠡᠷ ᠳᠠᠭᠤᠤ | ᠵᠣᠬᠢᠶᠠᠵᠤ ᠥᠪᠡᠷ ᠢᠶᠠᠨ ᠳᠠᠭᠤᠯᠠᠬᠤ ᠪᠣᠯᠪᠠ᠃ ᠲᠡᠭᠦᠨ ᠤ ᠵᠣᠬᠢᠶᠠᠵᠤ ᠳᠠᠭᠤᠯᠠᠭᠰᠠᠨ ︽ᠮᠣᠩᠭᠤᠯ ᠬᠦᠮᠦᠨ︾ ᠭᠡᠬᠦ ᠳᠠᠭᠤᠤ ᠤᠯᠤᠰ ᠤᠨ ᠳᠣᠲᠣᠭᠠᠳᠤ | ᠭᠠᠳᠠᠭᠠᠳᠤ ᠳᠤ ᠠᠯᠳᠠᠷᠰᠢᠭᠰᠠᠨ ᠪᠠᠶᠢᠨ᠎ᠠ᠃ 1988 ᠣᠨ ᠳᠤ ᠱᠠᠩᠬᠠᠢ — ᠫᠠᠷᠢᠰ ᠤᠨ ᠳᠡᠯᠡᠬᠡᠢ ᠶᠢᠨ ᠳᠠᠭᠤᠤ ᠶᠢᠨ ᠤᠷᠤᠯᠳᠤᠭᠠᠨ ᠳᠡᠭᠡᠷ᠎ᠡ ︽ᠬᠢᠩᠭᠠᠨ ᠳᠠᠪᠠᠭ᠎ᠠ | ᠮᠢᠨᠢ︾ ᠭᠡᠬᠦ ᠳᠠᠭᠤᠤ ᠨᠢ ᠳᠤᠮᠳᠠᠳᠤ ᠤᠯᠤᠰ ᠤᠨ ᠵᠣᠬᠢᠶᠠᠯ ᠪᠦᠲᠦᠭᠡᠯ ᠤᠨ ᠱᠠᠩᠨᠠᠯ ᠬᠦᠷᠲᠡᠵᠡᠢ︔ 1989 ᠣᠨ ᠳᠤ ᠬᠤᠶᠠᠳᠤᠭᠠᠷ ᠬᠤᠭᠤᠴᠠᠭᠠᠨ ᠤ ᠳᠤᠮᠳᠠᠳᠤ | ᠤᠯᠤᠰ ᠤᠨ ᠵᠢᠶᠠᠠ ᠫᠠᠢ ᠨᠡᠷᠡᠮᠵᠢᠲᠦ ᠬᠤᠨᠳᠠᠭ᠎ᠠ ᠶᠢᠨ ᠳᠠᠭᠤᠤ ᠶᠢᠨ ᠤᠷᠤᠯᠳᠤᠭᠠᠨ ᠳᠡᠭᠡᠷ᠎ᠡ ︽ᠲᠥᠷᠥᠯᠬᠢ ᠨᠤᠲᠤᠭ︾ ᠭᠡᠬᠦ ᠳᠠᠭᠤᠤ ᠪᠠᠷ ᠢᠶᠠᠨ ᠠᠯᠲᠠᠨ ᠮᠧᠳᠠᠯ | ᠭᠠᠷᠳᠠᠵᠤ᠂ 1990 ᠣᠨ ᠳᠤ ᠪᠣᠯᠣᠭᠰᠠᠨ ᠤᠯᠠᠭᠠᠨᠪᠠᠭᠠᠲᠤᠷ — 90 ᠳᠡᠯᠡᠬᠡᠢ ᠶᠢᠨ ᠳᠡᠯᠭᠡᠷ ᠳᠠᠭᠤᠤ ᠬᠥᠭᠵᠢᠮ ᠤᠨ ᠤᠷᠤᠯᠳᠤᠭᠠᠨ ᠳᠡᠭᠡᠷ᠎ᠡ ᠪᠠᠰᠠ ᠠᠯᠲᠠᠨ | ᠮᠧᠳᠠᠯ ᠭᠠᠷᠳᠠᠵᠠᠢ᠃ ᠲᠡᠷᠡ ᠲᠠᠶᠢᠸᠠᠨ ᠤ ᠲᠧᠯᠸᠢᠰ ᠪᠠᠷᠢᠮᠲᠠᠲᠤ ᠹᠢᠯᠢᠮ ︽ᠨᠠᠢᠮᠠᠨ ᠮᠢᠩᠭᠠᠨ ᠭᠠᠵᠠᠷ ᠤᠨ ᠡᠭᠦᠯᠡ ᠪᠠ ᠰᠠᠯᠬᠢᠨ︾ ᠳᠤ ᠠᠶᠠᠯᠭᠤ ᠵᠣᠬᠢᠶᠠᠵᠤ | ᠥᠭᠭᠦᠭᠰᠡᠨ ᠤ ᠬᠠᠮᠲᠤ ᠭᠤᠣᠯ ᠰᠡᠳᠦᠪᠲᠦ ᠳᠠᠭᠤᠤ ᠶᠢ ᠨᠢ ᠳᠠᠭᠤᠯᠠᠭᠰᠠᠨ ᠪᠥᠭᠡᠳ 1992 ᠣᠨ ᠳᠤ ᠲᠠᠶᠢᠸᠠᠨ ᠳᠤ ᠬᠤᠪᠢ ᠬᠦᠮᠦᠨ ᠤ ᠳᠠᠭᠤᠤ ᠶᠢᠨ | ᠦᠳᠡᠰᠢᠯᠡᠭᠡ ᠡᠷᠬᠢᠯᠡᠭᠰᠡᠨ ᠨᠢ ᠲᠠᠶᠢᠸᠠᠨ ᠳᠤ ᠬᠤᠪᠢ ᠬᠦᠮᠦᠨ ᠤ ᠳᠠᠭᠤᠤ ᠶᠢᠨ ᠦᠳᠡᠰᠢᠯᠡᠭᠡ ᠡᠷᠬᠢᠯᠡᠭᠰᠡᠨ ᠠᠩᠬᠠᠳᠠᠭᠴᠢ ᠡᠬᠡ ᠬᠠᠭᠤᠷᠠᠢ ᠶᠢᠨ ᠳᠠᠭᠤᠴᠢᠨ ᠪᠣᠯᠵᠠᠢ᠃ | | | | ︽ᠣᠲᠤᠭ ᠬᠤᠰᠢᠭᠤᠨ ᠤ ᠣᠶᠢᠯᠠᠯᠭ᠎ᠠ︾ ︽ᠣᠲᠤᠭ ᠬᠤᠰᠢᠭᠤᠨ ᠤ ᠣᠶᠢᠯᠠᠯᠭ᠎ᠠ︾ ᠨᠠᠶᠢᠷᠠᠭᠤᠯᠬᠤ ᠺᠣᠮᠢᠰ ᠨᠠᠶᠢᠷᠠᠭᠤᠯᠪᠠ |