ᠥᠪᠥᠷ ᠮᠣᠩᠭᠤᠯ ︽ᠠᠷᠪᠠᠨ ᠳᠥᠷᠪᠡᠳᠦᠭᠡᠷ ᠡᠪᠦᠯ︾ ᠤᠨ ᠲᠠᠩᠰᠠ ᠡᠪᠬᠡᠮᠡᠯ ᠤᠨ ᠠᠵᠢᠯ ᠢ ᠲᠤᠬᠠᠶᠢᠯᠠᠭᠰᠠᠨ ᠠᠵᠢᠯ ᠤᠨ ᠲᠠᠯ᠎ᠠ ᠪᠠᠷ ᠵᠢᠯᠤᠭᠤᠳᠪᠠ
ᠨᠡᠶᠢᠲᠡᠯᠡᠭᠰᠡᠨ ᠴᠠᠭ᠄
2023/11/21
      ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠢ 2024 ᠣᠨ ᠤ 2 ᠳ᠋ᠤᠭᠠᠷ ᠰᠠᠷ᠎ᠠ ᠶᠢᠨ 17 ᠤ ᠡᠳᠦᠷ ᠠᠴᠠ 27 ᠤ ᠡᠳᠦᠷ ᠪᠣᠯᠲᠠᠯ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠡᠷᠭᠢᠯᠡᠬᠦ ᠪᠠᠷ ᠲᠣᠭᠲᠠᠪᠠ᠃ ᠴᠢᠬᠤᠯᠠ ᠶᠡᠭᠡ ᠠᠵᠢᠯᠯᠠᠭᠠᠨ ᠤ ᠲᠠᠩᠰᠠ ᠡᠪᠬᠡᠮᠡᠯ ᠤᠨ ᠬᠠᠮᠢᠶᠠᠷᠤᠯᠲᠠ ᠶᠢ ᠦᠨᠡᠨ ᠬᠦ ᠴᠢᠩᠭᠠᠳᠬᠠᠵᠤ᠂ ︽ᠠᠷᠪᠠᠨ ᠳᠥᠷᠪᠡᠳᠦᠭᠡᠷ ᠡᠪᠦᠯ︾ ᠤᠨ ᠲᠠᠩᠰᠠ ᠡᠪᠬᠡᠮᠡᠯ ᠤᠨ ᠡᠯ᠎ᠡ ᠵᠦᠢᠯ ᠤᠨ ᠠᠵᠢᠯ ᠤᠳ ᠢ ᠯᠠᠪᠳᠠᠭᠤᠨ ᠪᠠᠲᠤᠲᠠᠢ ᠰᠠᠶᠢᠲᠤᠷ ᠬᠢᠬᠦ ᠶᠢᠨ ᠲᠥᠯᠥᠭᠡ ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠩᠰᠠ ᠡᠪᠬᠡᠮᠡᠯ ᠤᠨ ᠲᠣᠪᠴᠢᠶ᠎ᠠ᠂ ᠲᠠᠩᠰᠠ ᠡᠪᠬᠡᠮᠡᠯ ᠤᠨ ᠣᠷᠳᠣᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠲᠠᠢ ᠬᠠᠮᠲᠤᠷᠠᠨ ︽ᠠᠷᠪᠠᠨ ᠳᠥᠷᠪᠡᠳᠦᠭᠡᠷ ᠡᠪᠦᠯ︾ ᠤᠨ ᠲᠠᠩᠰᠠ ᠡᠪᠬᠡᠮᠡᠯ ᠤᠨ ᠠᠵᠢᠯ ᠢ ᠲᠤᠬᠠᠶᠢᠯᠠᠭᠰᠠᠨ ᠠᠵᠢᠯ ᠤᠨ ᠲᠠᠯ᠎ᠠ ᠪᠠᠷ ᠵᠢᠯᠤᠭᠤᠳᠪᠠ᠃      ᠵᠢᠯᠤᠭᠤᠳᠬᠤ ᠳᠤᠭᠤᠶᠢᠯᠠᠩ ︽ᠠᠷᠪᠠᠨ ᠳᠥᠷᠪᠡᠳᠦᠭᠡᠷ ᠡᠪᠦᠯ︾ ᠤᠨ ᠪᠡᠯᠡᠳᠬᠡᠯ ᠺᠣᠮᠢᠰ ᠤᠨ ᠠᠵᠢᠯ ᠤᠨ ᠠᠬᠤᠢ ᠲᠠᠯᠠᠪᠠᠶ ᠳᠤ ᠬᠦᠷᠴᠦ᠂ ᠳᠠᠩᠰᠠ ᠡᠪᠬᠡᠮᠡᠯ ᠤᠨ ᠠᠵᠢᠯ ᠤᠨ ᠡᠮᠦᠨᠡᠬᠢ ᠬᠤᠭᠤᠴᠠᠭᠠᠨ ᠤ ᠪᠡᠯᠡᠳᠬᠡᠯ᠂ ᠵᠣᠬᠢᠶᠠᠨ ᠪᠠᠶᠢᠭᠤᠯᠤᠯᠲᠠ ᠶᠢᠨ ᠪᠦᠲᠦᠴᠡ᠂ ᠠᠵᠢᠯ ᠤᠨ ᠲᠣᠭᠲᠠᠴᠠ ᠵᠡᠷᠭᠡ ᠶᠢ ᠨᠠᠷᠢᠯᠢᠭ ᠣᠶᠢᠯᠠᠭᠠᠵᠤ᠂ ᠠᠬᠤᠢ ᠲᠠᠯᠠᠪᠠᠶ ᠳᠤ ᠡᠯ᠎ᠡ ᠠᠵᠢᠯᠯᠠᠬᠤ ᠳᠤᠭᠤᠶᠢᠯᠠᠩ ᠤᠨ ᠪᠢᠴᠢᠭ ᠮᠠᠲ᠋ᠧᠷᠢᠶᠠᠯ ᠤᠳ ᠢ ᠴᠤᠭᠯᠠᠭᠤᠯᠤᠨ ᠡᠮᠬᠢᠳᠬᠡᠭᠰᠡᠨ ᠪᠠᠶᠢᠳᠠᠯ ᠢ ᠨᠢ ᠪᠠᠶᠢᠴᠠᠭᠠᠨ ᠦᠵᠡᠵᠦ᠂ ᠲᠣᠭᠲᠠᠴᠠ ᠶᠢ ᠪᠠᠶᠢᠭᠤᠯᠬᠤ᠂ ᠪᠢᠴᠢᠭ ᠮᠠᠲ᠋ᠧᠷᠢᠶᠠᠯ ᠤᠳ ᠢ ᠴᠤᠭᠯᠠᠭᠤᠯᠤᠨ ᠬᠠᠮᠢᠶᠠᠷᠬᠤ᠂ ᠲᠠᠩᠰᠠ ᠡᠪᠬᠡᠮᠡᠯ ᠤᠳ ᠢ ᠵᠢᠷᠤᠮᠵᠢᠭᠤᠯᠤᠨ ᠡᠮᠬᠢᠯᠡᠬᠦ᠂ ᠲᠠᠩᠰᠠ ᠡᠪᠬᠡᠮᠡᠯ ᠤᠨ ᠬᠠᠷᠢᠶᠠᠯᠠᠯ ᠬᠢᠭᠡᠳ ᠰᠢᠯᠵᠢᠭᠦᠯᠦᠨ ᠲᠤᠰᠢᠶᠠᠬᠤ᠂ ᠲᠠᠩᠰᠠ ᠡᠪᠬᠡᠮᠡᠯ ᠤᠳ ᠢ ᠠᠰᠢᠭᠯᠠᠬᠤ ᠵᠢᠴᠢ ᠲᠠᠩᠰᠠ ᠡᠪᠬᠡᠮᠡᠯ ᠤᠳ ᠢ ᠲᠥᠷᠥᠯ ᠠᠩᠭᠢᠯᠠᠬᠤ ᠲᠥᠰᠥᠯ ᠂ ᠪᠢᠴᠢᠭ ᠮᠠᠲ᠋ᠧᠷᠢᠶᠠᠯ ᠤᠳ ᠢ ᠲᠠᠩᠰᠠ ᠡᠪᠬᠡᠮᠡᠯ ᠳᠤ ᠣᠷᠣᠭᠤᠯᠬᠤ ᠬᠡᠪᠴᠢᠶ᠎ᠡ ᠪᠠ ᠲᠠᠩᠰᠠ ᠡᠪᠬᠡᠮᠡᠯ ᠤᠳ ᠢ ᠬᠠᠳᠠᠭᠠᠯᠠᠨ ᠬᠠᠮᠢᠶᠠᠷᠬᠤ ᠲᠣᠪᠯᠠᠭᠰᠠᠨ ᠬᠤᠭᠤᠴᠠᠭᠠᠨ ᠤ ᠬᠦᠰᠦᠨᠦᠭᠲᠦ ᠶᠢ ᠵᠣᠬᠢᠶᠠᠬᠤ ᠵᠡᠷᠭᠡ ᠶᠢᠨ ᠲᠣᠭᠤᠷᠢᠨ ᠳᠤ ᠵᠢᠯᠤᠭᠤᠳᠴᠤ᠂ ᠮᠠᠳᠠᠭ ᠲᠠᠢ ᠠᠰᠠᠭᠤᠳᠠᠯ ᠤᠳ ᠢ ᠴᠠᠭ ᠲᠤᠬᠠᠢ ᠳᠤ ᠨᠢ ᠬᠠᠷᠢᠭᠤᠯᠤᠨ᠂ ︽ᠠᠷᠪᠠᠨ ᠳᠥᠷᠪᠡᠳᠦᠭᠡᠷ ᠡᠪᠦᠯ︾ ᠤᠨ ᠲᠠᠩᠰᠠ ᠡᠪᠬᠡᠮᠡᠯ ᠤᠨ ᠠᠵᠢᠯ ᠤᠨ ᠵᠢᠷᠤᠮᠵᠢᠯ ᠲᠠᠢ ᠪᠥᠭᠡᠳ ᠡᠮᠬᠢ ᠳᠠᠷᠠᠭᠠᠯᠠᠯ ᠲᠠᠢ ᠥᠷᠨᠢᠬᠦ ᠶᠢ ᠠᠬᠢᠭᠤᠯᠵᠤ ᠪᠠᠶᠢᠨ᠎ᠠ᠃      ᠲᠠᠷᠠᠭᠠᠴᠢ ᠪᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠩᠰᠠ ᠡᠪᠬᠡᠮᠡᠯ ᠤᠨ ᠲᠣᠪᠴᠢᠶ᠎ᠠ᠂ ᠲᠠᠩᠰᠠ ᠡᠪᠬᠡᠮᠡᠯ ᠤᠨ ᠣᠷᠳᠣᠨ ︽ᠠᠷᠪᠠᠨ ᠳᠥᠷᠪᠡᠳᠦᠭᠡᠷ ᠡᠪᠦᠯ︾ ᠤᠨ ᠲᠠᠩᠰᠠ ᠡᠪᠬᠡᠮᠡᠯ ᠤᠨ ᠠᠵᠢᠯ ᠢ ᠦᠷᠭᠦᠯᠵᠢᠯᠡᠨ ᠮᠥᠷᠳᠡᠨ ᠵᠢᠯᠤᠭᠤᠳᠴᠤ᠂ ᠰᠠᠨᠠᠭᠠᠴᠢᠯᠠᠭ᠎ᠠ ᠠᠴᠠ ᠪᠠᠨ ᠦᠢᠯᠡᠴᠢᠯᠡᠨ᠂ ᠬᠦᠴᠦᠲᠡᠢ ᠠᠷᠭ᠎ᠠ ᠬᠡᠮᠵᠢᠶ᠎ᠡ ᠠᠪᠴᠤ ᠪᠠᠶᠢᠭᠠᠳ ︽ᠠᠷᠪᠠᠨ ᠳᠥᠷᠪᠡᠳᠦᠭᠡᠷ ᠡᠪᠦᠯ︾ ᠤᠨ ᠲᠠᠩᠰᠠ ᠡᠪᠬᠡᠮᠡᠯ ᠤᠨ ᠠᠵᠢᠯ ᠤᠨ ᠳᠤᠮᠳᠠ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠤᠳ ᠢ ᠴᠠᠭ ᠲᠤᠬᠠᠢ ᠳᠤ ᠨᠢ ᠰᠢᠢᠳᠪᠦᠷᠢᠯᠡᠵᠦ᠂ ᠪᠥᠬᠦ ᠣᠷᠣᠨ ᠤ ᠴᠢᠬᠤᠯᠠ ᠶᠡᠭᠡ ᠠᠵᠢᠯᠯᠠᠭᠠᠨ ᠤ ᠲᠠᠩᠰᠠ ᠡᠪᠬᠡᠮᠡᠯ ᠤᠨ ᠠᠵᠢᠯ ᠤᠨ ᠪᠠᠷᠢᠮᠵᠢᠶᠠᠵᠢᠭᠤᠯᠤᠯᠲᠠ᠂ ᠵᠢᠷᠤᠮᠵᠢᠭᠤᠯᠤᠯᠲᠠ ᠶᠢᠨ ᠲᠦᠪᠰᠢᠨ ᠢ ᠴᠢᠨᠠᠭᠰᠢᠳᠠ ᠨᠡᠩ ᠳᠡᠭᠡᠭᠰᠢᠯᠡᠭᠦᠯᠦᠨ᠎ᠡ᠃
ᠢᠷᠡᠯᠲᠡ᠄ ᠤᠲᠤᠭ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ