ᠨᠢᠰᠬᠡᠯ ᠳᠡᠭᠡᠷ᠎ᠡ 5G ᠶᠢᠨ ᠰᠦᠯᠵᠢᠶ᠎ᠡ ᠶᠢ ᠬᠡᠷᠡᠭᠯᠡᠵᠦ ᠪᠤᠯᠭᠠᠬᠤ ᠪᠣᠯᠣᠨ᠎ᠠ
ᠨᠡᠶᠢᠲᠡᠯᠡᠭᠰᠡᠨ ᠴᠠᠭ᠄
2023/11/21
      ᠠᠵᠤ ᠦᠢᠯᠡᠳᠪᠤᠷᠢ ᠪᠠ ᠴᠢᠮᠡᠭᠡ ᠵᠠᠩᠭᠢᠵᠢᠯᠲᠠ ᠶᠢᠨ ᠶᠠᠮᠤᠨ ᠣᠶᠢᠷ᠎ᠠ ᠳᠤ ᠭᠤᠶᠤᠴᠢᠯᠠᠯ ᠶᠣᠰᠣᠭᠠᠷ ᠳᠤᠮᠳᠠᠳᠤ ᠤᠯᠤᠰ ᠤᠨ ᠰᠢᠯᠵᠢᠮᠡᠯ ᠮᠡᠳᠡᠭᠡ ᠬᠤᠯᠪᠣᠭᠠᠨ ᠤ ᠺᠣᠮᠫᠠᠨᠢ ᠶᠢᠨ 4.9 GHz ᠶᠢᠨ ᠬᠡᠰᠡᠭ 5G ᠰᠦᠯᠵᠢᠶ᠎ᠡ ᠶᠢᠨ ᠡᠬᠢ ᠪᠠᠶᠠᠯᠢᠭ ᠢ ᠬᠡᠷᠡᠭᠯᠡᠨ᠂ ᠤᠯᠤᠰ ᠤᠨ ᠳᠣᠲᠣᠭᠠᠳᠤ ᠶᠢᠨ ᠬᠤᠯᠪᠣᠭᠳᠠᠯ ᠪᠥᠬᠦᠶ ᠮᠤᠵᠢ ᠣᠷᠣᠨ ᠳᠤ 5G ᠶᠢᠨ ᠭᠠᠵᠠᠷ ᠪᠠ ᠠᠭᠠᠷ ᠤᠨ ᠮᠡᠳᠡᠭᠡ ᠬᠤᠯᠪᠣᠭᠠᠨ ᠤ ᠮᠡᠷᠭᠡᠵᠢᠯ ᠤᠨ ᠲᠤᠷᠰᠢᠯᠲᠠ ᠬᠢᠬᠦ ᠶᠢ ᠴᠤᠬᠤᠯᠠᠪᠤᠷᠢᠯᠠᠨ ᠬᠠᠷᠢᠭᠤᠯᠪᠠ᠃ 5G - ATG ᠨᠢ 5G ᠶᠢᠨ ᠣᠯᠠᠨ ᠨᠡᠶᠢᠲᠡ ᠶᠢᠨ ᠰᠢᠯᠵᠢᠮᠡᠯ ᠮᠡᠳᠡᠭᠡ ᠬᠤᠯᠪᠣᠭᠠᠨ ᠤ ᠮᠡᠷᠭᠡᠵᠢᠯ ᠳᠤ ᠰᠠᠭᠤᠷᠢᠯᠠᠨ᠂ ᠨᠢᠰᠬᠡᠯ ᠤᠨ ᠠᠶᠠᠯᠠᠯ ᠤᠨ ᠱᠤᠭᠤᠮ ᠲᠠᠭᠠᠤ ᠣᠯᠠᠨ ᠤᠯᠤᠰ ᠤᠨ ᠲᠦᠷᠢᠮ ᠪᠠ ᠤᠯᠤᠰ ᠤᠨ ᠳᠣᠲᠣᠭᠠᠳᠤ ᠶᠢᠨ ᠲᠣᠭᠲᠠᠭᠠᠯ ᠳᠤ ᠨᠡᠶᠢᠴᠡᠬᠦ ᠣᠨᠴᠠᠭᠠᠶ ᠰᠠᠭᠤᠷᠢ ᠥᠷᠲᠡᠭᠡ ᠪᠠ ᠪᠠᠭᠴᠠᠲᠤ ᠬᠡᠯᠪᠡᠷᠢ ᠶᠢᠨ ᠳᠣᠯᠭᠢᠶᠠᠨ ᠤ ᠠᠨᠲ᠋ᠢᠨ᠎ᠠ ᠶᠢ ᠪᠠᠶᠢᠷᠢᠯᠠᠭᠤᠯᠵᠤ᠂ ᠭᠠᠵᠠᠷ ᠳᠡᠭᠡᠷᠡᠬᠢ ᠪᠠ ᠨᠢᠰᠬᠡᠯ ᠤᠨ ᠥᠷᠥᠭᠡᠨ ᠤ ᠬᠤᠭᠤᠷᠣᠨᠳᠣ ᠭᠠᠵᠠᠷ ᠳᠡᠭᠡᠷᠡᠬᠢ ᠪᠠ ᠠᠭᠠᠷ ᠤᠨ ᠮᠡᠳᠡᠭᠡ ᠬᠤᠯᠪᠣᠭᠠᠨ ᠤ ᠵᠠᠮ ᠱᠤᠭᠤᠮ ᠪᠠᠶᠢᠭᠤᠯᠵᠤ᠂ ᠠᠶᠠᠨᠴᠢᠳ ᠢ ᠨᠢᠰᠬᠡᠯ ᠳᠤ ᠰᠠᠭᠤᠭᠰᠠᠨ ᠴᠤ wifi ᠰᠦᠯᠵᠢᠶ᠎ᠡ ᠳᠤ ᠬᠤᠯᠪᠤᠭᠳᠠᠵᠤ ᠢᠨᠲ᠋ᠧᠷ ᠰᠦᠯᠵᠢᠶ᠎ᠡ ᠶᠢ ᠠᠰᠢᠭᠯᠠᠵᠤ ᠳᠡᠶᠢᠯᠬᠦ ᠪᠣᠯᠭᠠᠬᠤ ᠶᠤᠮ ᠪᠠᠶᠢᠨ᠎ᠠ᠃
ᠢᠷᠡᠯᠲᠡ᠄ ᠰᠢᠯᠢ ᠶᠢᠨ ᠭᠤᠤᠯ ᠠᠶᠢᠮᠠᠭ ᠤᠨ ᠵᠠᠰᠠᠭ ᠤᠨ ᠶᠠᠪᠤᠳᠠᠯ ᠤᠨ ᠮᠤᠩᠭᠤᠯ ᠰᠦᠯᠵᠢᠶ᠎ᠡ