︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠰᠢᠯᠢᠳᠡᠭ ᠤᠯᠠᠮᠵᠢᠯᠠᠯ ᠢ ᠰᠤᠷᠤᠯᠴᠠᠨ ᠦᠢᠯᠡᠳᠦᠯᠭᠡᠵᠢᠭᠦᠯᠵᠦ  ᠭᠤᠸ ᠬᠤᠸᠠᠢ ᠵᠢᠩ ᠪᠦᠯᠬᠦᠮ ᠳᠠᠭᠠᠭᠤᠯᠤᠨ ᠠᠷᠪᠠᠰ ᠰᠤᠮᠤ ᠳᠤ ᠬᠦᠷᠴᠦ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠲᠤᠬᠠᠢ ᠶᠢᠨ ᠲᠠᠯᠠᠪᠤᠷ ᠤᠨ ᠠᠯᠪᠠᠨ ᠭᠡᠷ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/11/22
      ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠰᠢᠯᠢᠳᠡᠭ ᠤᠯᠠᠮᠵᠢᠯᠠᠯ ᠢ ᠭᠦᠨᠵᠡᠭᠡᠢ ᠰᠤᠷᠤᠯᠴᠠᠨ ᠦᠢᠯᠡᠳᠦᠯᠭᠡᠵᠢᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠶᠢᠨ ᠲᠤᠰᠠᠳᠠ᠂ 11 ᠰᠠᠷ᠎ᠠ ᠶᠢᠨ 21 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠭᠤᠸ ᠬᠤᠸᠠᠢ ᠵᠢᠩ ᠪᠦᠯᠬᠦᠮ ᠳᠠᠭᠠᠭᠤᠯᠤᠨ ᠠᠷᠪᠠᠰ ᠰᠤᠮᠤ ᠳᠤ ᠬᠦᠷᠴᠦ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠲᠤᠬᠠᠢ ᠶᠢᠨ ᠲᠠᠯᠠᠪᠤᠷ ᠤᠨ ᠠᠵᠢᠯ ᠤᠨ ᠬᠤᠷᠠᠯ ᠬᠤᠷᠠᠯᠳᠤᠭᠤᠯᠪᠠ᠃ ᠬᠤᠰᠢᠭᠤᠨ ᠤ ᠤᠳᠤᠷᠢᠳᠤᠯᠭ᠎ᠠ ᠯᠢᠦ ᠷᠦᠢ᠂ ᠮᠠ ᠽᠢ ᠳ᠋ᠦᠩ᠂ ᠼᠦᠢ ᠵᠢᠩ᠂ ᠨᠠᠰᠤᠨᠳᠡᠯᠭᠡᠷ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ᠂ ᠰᠤᠮᠤᠨ ᠤ ᠬᠠᠷᠢᠭᠤᠴᠠᠯᠭᠠᠲᠠᠨ ᠣᠷᠣᠯᠴᠠᠵᠠᠢ᠃
W020231122389278119974 (1).jpg
      ᠬᠤᠷᠠᠯ ᠠᠴᠠ ᠡᠮᠦᠨ᠎ᠡ᠂ ᠬᠤᠷᠠᠯ ᠳᠤ ᠣᠷᠣᠯᠴᠠᠭᠰᠠᠳ ᠤᠷᠢᠳ ᠬᠤᠵᠢᠳ ᠠᠷᠪᠠᠰ ᠰᠤᠮᠤᠨ ᠤ ᠨᠣᠭᠤᠭᠠᠨᠳᠠᠢ ᠭᠠᠴᠠᠭᠠᠨ ᠤ ᠤᠤᠯ ᠤᠨ ᠰᠢᠨᠠᠵᠣᠤ ᠰᠤᠷᠭᠠᠭᠤᠯᠢ ᠶᠢᠨ ᠬᠠᠭᠤᠴᠢᠨ ᠪᠠᠭᠤᠷᠢ᠂ ᠰᠢᠨᠠᠵᠣᠤ ᠡᠷᠡᠭᠦᠯ ᠬᠠᠮᠠᠭᠠᠯᠠᠯ ᠤᠨ ᠬᠤᠷᠢᠶ᠎ᠠ᠂ ᠰᠢᠨᠠᠵᠣᠤ ᠮᠠᠯ ᠠᠵᠤ ᠠᠬᠤᠢ ᠶᠢᠨ ᠦᠢᠯᠡᠴᠢᠯᠡᠭᠡᠨ ᠤ ᠲᠥᠪ ᠲᠤ ᠬᠦᠷᠴᠦ᠂ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ᠂ ᠡᠮᠨᠡᠬᠦ ᠪᠠ ᠰᠤᠪᠢᠯᠠᠬᠤ ᠶᠢ ᠤᠶᠠᠯᠳᠤᠭᠤᠯᠬᠤ ᠵᠢᠴᠢ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠪᠣᠯᠣᠨ ᠬᠢᠵᠢᠭ ᠤᠨ ᠰᠡᠷᠭᠡᠶᠢᠯᠡᠯᠲᠡ ᠪᠠᠶᠢᠴᠠᠭᠠᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠵᠠᠢ᠃
W020231122389278359563.jpg
      ᠬᠤᠷᠠᠯ ᠳᠡᠭᠡᠷ᠎ᠡ᠂ ᠠᠷᠪᠠᠰ ᠰᠤᠮᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠪᠠᠶᠢᠳᠠᠯ ᠢᠶᠠᠨ ᠬᠠᠷᠢᠭᠤ ᠮᠡᠳᠡᠭᠦᠯᠦᠭᠰᠡᠨ ᠪᠥᠭᠡᠳ ᠬᠤᠰᠢᠭᠤ ᠱᠠᠲᠤᠨ ᠠᠴᠠ ᠬᠠᠪᠰᠤᠷᠤᠨ ᠰᠢᠢᠳᠪᠦᠷᠢᠯᠡᠬᠦ ᠴᠢᠬᠤᠯᠠᠲᠠᠢ ᠬᠠᠮᠢᠶ᠎ᠠ ᠪᠦᠬᠦᠢ ᠶᠠᠪᠤᠳᠠᠯ ᠢ ᠳᠤᠷᠠᠳᠤᠨ᠂ ᠪᠠᠶ᠋ᠬᠠᠤᠰᠤ ᠭᠠᠴᠠᠭ᠎ᠠ᠂ ᠨᠤᠭᠤᠭᠠᠨᠳᠠᠢ ᠭᠠᠴᠠᠭ᠎ᠠ ᠲᠣᠰ ᠲᠣᠰ ᠪᠣᠳᠠᠲᠠᠢ ᠱᠠᠭᠠᠷᠳᠠᠯᠭ᠎ᠠ ᠳᠤᠷᠠᠳᠴᠤ᠂ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠼᠦᠢ ᠵᠢᠩ᠂ ᠨᠠᠰᠤᠨᠳᠡᠯᠭᠡᠷ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠣᠰ ᠲᠣᠰ ᠨᠢᠭᠡ ᠨᠢᠭᠡ ᠪᠠᠷ ᠬᠠᠷᠢᠭᠤᠯᠲᠠ ᠬᠢᠪᠡ᠃      ᠬᠠᠮᠢᠶ᠎ᠠ ᠪᠦᠬᠦᠢ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠨᠠᠷᠢᠨ ᠰᠣᠨᠣᠰᠤᠭᠰᠠᠨ ᠤ ᠳᠠᠷᠠᠭ᠎ᠠ᠂ ᠭᠤᠣ ᠬᠤᠸᠠᠢ ᠵᠢᠩ ᠪᠣᠳᠠᠲᠠᠢ ᠠᠰᠠᠭᠤᠳᠠᠯ ᠳᠤ ᠴᠢᠭᠯᠡᠭᠦᠯᠦᠨ ᠣᠯᠠᠨ ᠲᠠᠢ ᠰᠠᠨᠠᠯ ᠢᠶᠠᠨ ᠰᠣᠯᠢᠯᠴᠠᠵᠤ᠂ ᠰᠢᠢᠳᠪᠦᠷᠢᠯᠡᠬᠦ ᠠᠷᠭ᠎ᠠ ᠶᠢ ᠶᠠᠷᠢᠯᠴᠠᠨ᠂ ᠲᠤᠬᠠᠢ ᠶᠢᠨ ᠲᠠᠯᠠᠪᠤᠷ ᠲᠤ ᠲᠤᠰᠢᠶᠠᠨ ᠥᠭᠴᠦ ᠰᠢᠢᠳᠪᠦᠷᠢᠯᠡᠭᠦᠯᠵᠦ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠰᠤᠮᠤ ᠪᠠᠯᠭᠠᠰᠤ᠂ ᠭᠠᠴᠠᠭ᠎ᠠ ᠲᠣᠰᠬᠤᠨ ᠤ ᠠᠵᠢᠯ ᠢ ᠪᠥᠬᠦ ᠬᠦᠴᠦᠨ ᠢᠶᠠᠷ ᠢᠶᠠᠨ ᠳᠡᠮᠵᠢᠵᠦ᠂ ᠮᠠᠯᠵᠢᠬᠤ ᠲᠠᠷᠢᠶᠠᠯᠠᠬᠤ ᠣᠷᠣᠨ ᠤ ᠴᠢᠮᠡᠭᠡ ᠬᠤᠯᠪᠣᠭ᠎ᠠ ᠶᠢᠨ ᠳᠣᠬᠢᠶ᠎ᠠ ᠮᠠᠭᠤ᠂ ᠮᠠᠯ ᠤᠨ ᠠᠷᠠᠯᠵᠢᠶᠠᠨ ᠤ ᠵᠠᠬ᠎ᠠ ᠳᠡᠯᠭᠡᠭᠦᠷ ᠳᠤᠲᠠᠮᠠᠭ᠂ ᠡᠩ ᠤᠨ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠦᠢᠯᠡᠴᠢᠯᠡᠭᠡᠨ ᠤ ᠴᠢᠳᠠᠪᠤᠷᠢ ᠳᠣᠣᠷ᠎ᠠ ᠪᠠᠶᠢᠬᠤ ᠵᠡᠷᠭᠡ ᠠᠰᠠᠭᠤᠳᠠᠯ ᠢ ᠬᠦᠴᠦᠯᠡᠨ ᠰᠠᠶᠢᠲᠤᠷ ᠰᠢᠢᠳᠪᠦᠷᠢᠯᠡᠵᠦ᠂ ᠮᠠᠯᠴᠢᠨ ᠲᠠᠷᠢᠶᠠᠴᠢᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠰᠠᠨᠠᠭᠠᠰᠢᠷᠠᠵᠤ ᠪᠠᠶᠢᠭ᠎ᠠ ᠶᠠᠪᠤᠳᠠᠯ ᠢ ᠨᠠᠶᠢᠳᠠᠪᠤᠷᠢᠵᠢᠭᠤᠯᠵᠤ᠂ ᠶᠠᠪᠤᠳᠠᠯ ᠪᠦᠬᠦᠨ ᠳᠤ ᠬᠠᠷᠢᠭᠤᠯᠲᠠ ᠬᠢᠬᠦ ᠶᠢ ᠪᠠᠲᠤᠯᠠᠬᠤ ᠬᠡᠷᠡᠭᠲᠡᠢ ᠭᠡᠵᠦ ᠵᠠᠬᠢᠪᠠ᠃      ᠭᠤᠸ ᠬᠤᠸᠠᠢ ᠵᠢᠩ ᠬᠡᠯᠡᠬᠦ ᠳᠡᠭᠡᠨ᠂ ᠦᠨᠳᠦᠰᠦᠨ ᠱᠠᠲᠤᠨ ᠳᠤ ᠬᠦᠷᠴᠦ ᠲᠤᠬᠠᠢ ᠶᠢᠨ ᠲᠠᠯᠠᠪᠤᠷ ᠲᠤ ᠠᠵᠢᠯᠯᠠᠬᠤ ᠪᠣᠯ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠰᠢᠯᠢᠳᠡᠭ ᠤᠯᠠᠮᠵᠢᠯᠠᠯ ᠢ  ᠦᠢᠯᠡᠳᠦᠯᠭᠡᠵᠢᠭᠦᠯᠬᠦ ᠪᠣᠳᠠᠲᠤ ᠠᠵᠢᠯᠯᠠᠭ᠎ᠠ ᠮᠥᠨ᠂ ᠪᠠᠰᠠ ᠴᠤ ᠣᠲᠤᠭ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠳᠠᠲᠠᠢ ᠠᠷᠭ᠎ᠠ ᠬᠡᠮᠵᠢᠶ᠎ᠡ ᠮᠥᠨ᠃ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠰᠢᠯᠢᠳᠡᠭ ᠤᠯᠠᠮᠵᠢᠯᠠᠯ ᠢ ᠰᠤᠷᠤᠯᠴᠠᠵᠤ ᠦᠢᠯᠡᠳᠦᠯᠭᠡᠵᠢᠭᠦᠯᠦᠨ᠂ ᠦᠨᠡᠨ ᠰᠡᠳᠬᠢᠯ ᠠᠴᠠ ᠪᠠᠨ ᠦᠨᠳᠦᠰᠦᠨ ᠱᠠᠲᠤᠨ ᠳᠤ ᠪᠣᠳᠠᠲᠠᠢ ᠠᠵᠢᠯ ᠬᠢᠵᠦ᠂ ᠬᠦᠴᠢᠷ ᠠᠰᠠᠭᠤᠳᠠᠯ ᠢ ᠨᠢ ᠰᠢᠢᠳᠪᠦᠷᠢᠯᠡᠵᠦ ᠥᠭᠭᠦᠨ᠂ ᠪᠣᠳᠠᠲᠤ ᠪᠦᠲᠦᠮᠵᠢ ᠭᠠᠷᠭᠠᠬᠤ ᠶᠢ ᠪᠠᠲᠤᠯᠠᠬᠤ ᠬᠡᠷᠡᠭᠲᠡᠢ᠃ ︽ᠦᠵᠡᠯ ᠰᠠᠨᠠᠭ᠎ᠠ ᠶᠢ ᠰᠤᠷᠤᠯᠴᠠᠨ᠂ ᠨᠠᠮᠴᠢ ᠴᠢᠨᠠᠷ ᠢᠶᠠᠨ ᠴᠢᠩᠭᠠᠳᠬᠠᠵᠤ᠂ ᠦᠢᠯᠡᠳᠦᠯᠭᠡ ᠶᠢ ᠴᠢᠬᠤᠯᠠᠴᠢᠯᠠᠨ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠢ ᠱᠠᠭᠠᠷᠳᠠᠯᠭ᠎ᠠ ᠶᠢᠨ ᠲᠣᠭᠤᠷᠢᠨ ᠳᠤ᠂ ᠠᠵᠢᠯ ᠤᠨ ᠪᠣᠳᠠᠲᠠᠢ ᠲᠠᠢ ᠪᠠᠨ ᠨᠢᠭᠲᠠ ᠤᠶᠠᠯᠳᠤᠭᠤᠯᠵᠤ᠂ ᠥᠨᠳᠥᠷ ᠵᠣᠭᠰᠣᠴᠠ ᠠᠴᠠ ᠠᠷᠭ᠎ᠠ ᠰᠦᠪᠡᠭᠴᠢᠯᠡᠨ᠂ ᠥᠨᠳᠥᠷ ᠪᠠᠷᠢᠮᠵᠢᠶ᠎ᠠ ᠪᠠᠷ ᠠᠬᠢᠭᠤᠯᠵᠤ᠂ ᠴᠢᠨᠠᠷᠲᠠᠢ ᠨᠠᠶᠢᠳᠠᠪᠤᠷᠢᠵᠢᠭᠤᠯᠤᠨ᠂ ᠬᠤᠶᠠᠳᠤᠭᠠᠷ ᠪᠦᠯᠦᠭ ᠭᠤᠣᠯ ᠰᠡᠳᠦᠪᠲᠦ ᠬᠥᠮᠦᠵᠢᠯ ᠤᠨ ᠪᠣᠳᠠᠲᠤ ᠪᠦᠲᠦᠮᠵᠢ ᠣᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠤᠨ ᠲᠣᠭᠤᠷᠢᠨ ᠳᠤ᠂ ᠦᠨᠡᠨ ᠪᠣᠳᠠᠲᠠᠢ ᠠᠵᠢᠯᠯᠠᠵᠤ᠂ ᠲᠡᠷᠢᠭᠦᠨ ᠤ ᠬᠢ ᠶᠢ ᠲᠡᠮᠡᠴᠡᠨ ᠰᠢᠯᠢᠳᠡᠭ ᠢ ᠡᠭᠦᠳᠴᠦ᠂ ᠲᠠᠪᠤᠨ ᠶᠡᠭᠡ ᠡᠭᠦᠷᠭᠡ ᠶᠢ ᠴᠢᠨᠠᠷᠲᠠᠢ ᠪᠡᠶᠡᠯᠡᠭᠦᠯᠬᠦ ᠲᠠᠯ᠎ᠠ ᠪᠠᠷ ᠡᠭᠦᠷᠭᠡ ᠬᠠᠷᠢᠭᠤᠴᠠᠯᠭ᠎ᠠ ᠪᠠᠨ ᠵᠣᠷᠢᠭᠲᠠᠢ ᠭᠦᠢᠴᠡᠳᠬᠡᠨ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠲᠠᠯ᠎ᠠ ᠪᠠᠷ ᠵᠢᠱᠢᠶ᠎ᠡ ᠦᠵᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠣᠷᠳᠣᠰ ᠤᠨ ᠰᠢᠨ᠎ᠡ ᠬᠠᠭᠤᠳᠠᠰᠤ ᠶᠢ ᠪᠢᠴᠢᠭᠯᠡᠬᠦ ᠦᠢᠯᠡᠳᠦᠯᠭᠡ ᠶᠢᠨ ᠳᠤᠮᠳᠠ ᠤᠳᠤᠭ ᠤᠨ ᠬᠦᠴᠦᠨ ᠢᠶᠠᠨ ᠡᠷᠭᠦᠬᠦ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ  ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠲᠠᠢ ᠨᠢᠭᠲᠠ ᠤᠶᠠᠯᠳᠤᠭᠤᠯᠤᠨ᠂ ᠡᠯ᠎ᠡ ᠵᠦᠢᠯ ᠤᠨ ᠠᠵᠢᠯ ᠤᠨ ᠭᠠᠷᠳᠠᠴᠠ᠂ ᠬᠦᠴᠦᠯᠡᠴᠡ ᠶᠢ ᠣᠨᠣᠪᠴᠢᠲᠠᠶ ᠡᠷᠢᠵᠦ ᠂ ︽ᠨᠠᠮ ᠤᠨ ᠠᠴᠢ ᠳᠤ ᠲᠠᠯᠠᠷᠬᠠᠨ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨᠴᠢ ᠬᠥᠮᠦᠵᠢᠯ ᠤᠨ ᠦᠢᠯᠡᠳᠦᠯᠭᠡ ᠶᠢᠨ ᠠᠵᠢᠯᠯᠠᠭ᠎ᠠ  ᠶᠢ ᠭᠦᠨᠵᠡᠭᠡᠢ ᠥᠷᠨᠢᠭᠦᠯᠵᠦ᠂ ᠠᠰᠠᠭᠤᠳᠠᠯ ᠢ ᠰᠢᠢᠳᠪᠦᠷᠢᠯᠡᠭᠰᠡᠨ᠂ ᠣᠯᠠᠨ ᠲᠦᠮᠡᠨ ᠳᠤ ᠦᠢᠯᠡᠴᠢᠯᠡᠭᠰᠡᠨ ᠪᠣᠳᠠᠲᠤ ᠦᠷ᠎ᠡ ᠪᠦᠲᠦᠮᠵᠢ ᠪᠠᠷ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠰᠢᠯᠭᠠᠬᠤ ᠬᠡᠷᠡᠭᠲᠡᠢ᠃ ︽ᠪᠣᠳᠠᠲᠠᠢ ᠠᠵᠢᠯ ᠬᠢᠵᠦ᠂ ᠬᠦᠴᠢᠷ ᠠᠰᠠᠭᠤᠳᠠᠯ ᠢ ᠰᠢᠢᠳᠪᠦᠷᠢᠯᠡᠬᠦ︾ ᠲᠠᠢ ᠨᠢᠭᠲᠠ ᠤᠶᠠᠯᠳᠤᠭᠤᠯᠤᠨ ᠦᠷᠭᠦᠯᠵᠢᠯᠡᠨ ᠬᠦᠴᠦᠯᠡᠵᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠷᠠᠳ ᠤᠨ ᠰᠡᠳᠬᠢᠯ ᠢ ᠳᠤᠯᠠᠭᠠᠴᠠᠭᠤᠯᠬᠤ᠂ ᠠᠷᠠᠳ ᠤᠨ ᠰᠠᠨᠠᠭᠠᠨ ᠳᠤ ᠨᠡᠶᠢᠴᠡᠭᠦᠯᠬᠦ ᠠᠵᠢᠯ ᠢ ᠰᠠᠶᠢᠲᠤᠷ ᠬᠢᠵᠦ᠂ ᠠᠷᠠᠳ ᠤᠯᠠᠨ ᠤ ᠬᠦᠷᠲᠡᠭᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ᠃ ᠠᠷᠪᠠᠰ ᠰᠤᠮᠤ ᠪᠥᠬᠦ ᠬᠤᠰᠢᠭᠤᠨ ᠤ ᠬᠥᠭᠵᠢᠯᠲᠡ ᠶᠢᠨ ᠶᠡᠭᠡ ᠲᠠᠯ᠎ᠠ ᠳᠤ ᠥᠪᠡᠷ ᠤᠨ ᠪᠠᠶᠢᠷᠢ ᠲᠣᠭᠲᠠᠭᠠᠯᠲᠠ ᠪᠠᠨ ᠣᠨᠣᠪᠴᠢᠲᠠᠶ ᠣᠯᠵᠤ᠂ ︽ᠪᠥᠬᠦ ᠤᠯᠤᠰ ᠤᠨ ᠬᠥᠳᠡᠭᠡ ᠲᠣᠰᠬᠤᠨ ᠤ ᠣᠨᠴᠠᠯᠢᠭᠲᠤ ᠠᠵᠤ ᠦᠢᠯᠡᠰ ᠤᠨ ᠠᠷᠪᠠᠨ ᠳ᠋ᠦᠩᠰᠢᠭᠤᠷ ᠲᠥᠭᠦᠷᠢᠭ ᠤᠨ ᠣᠷᠣᠯᠭ᠎ᠠ ᠲᠠᠢ ᠪᠠᠯᠭᠠᠰᠤ︾ ᠵᠢᠴᠢ ᠭᠠᠵᠠᠷ ᠣᠷᠣᠨ ᠤ ᠳᠠᠪᠠᠭᠤᠯᠢᠭ ᠠᠵᠤ ᠦᠢᠯᠡᠰ ᠤᠨ ᠪᠦᠯᠦᠭᠯᠡᠯ ᠵᠡᠷᠭᠡ ᠠᠰᠢᠭᠲᠠᠢ ᠨᠥᠬᠦᠴᠡᠯ ᠳᠤ ᠲᠦᠰᠢᠭᠯᠡᠨ᠂ ᠠᠷᠪᠠᠰ ᠤᠨ ᠨᠤᠤᠯᠤᠭᠤᠷ ᠤᠨ ᠴᠠᠭᠠᠨ ᠢᠮᠠᠭᠠᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠭᠤᠣᠯ ᠰᠡᠳᠦᠪᠲᠦ ᠬᠥᠮᠦᠵᠢᠯ ᠪᠣᠯᠣᠨ ᠭᠤᠣᠯ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ᠂ ᠮᠠᠯᠴᠢᠨ ᠲᠠᠷᠢᠶᠠᠴᠢᠳ ᠤᠨ ᠬᠠᠮᠤᠭ ᠠᠴᠠ ᠠᠩᠬᠠᠷᠴᠤ ᠪᠠᠶᠢᠭ᠎ᠠ ᠬᠠᠮᠤᠭ ᠤᠨ ᠰᠢᠭᠤᠳ ᠬᠠᠮᠤᠭ ᠤᠨ ᠪᠣᠳᠠᠲᠠᠢ ᠠᠰᠢᠭ ᠲᠤᠰᠠ ᠶᠢᠨ ᠠᠰᠠᠭᠤᠳᠠᠯ ᠢ ᠰᠢᠢᠳᠪᠦᠷᠢᠯᠡᠨ᠂ ᠪᠣᠳᠠᠲᠤ ᠰᠠᠶᠢᠨ ᠶᠠᠪᠤᠳᠠᠯ ᠬᠢᠬᠦ ᠬᠡᠷᠡᠭᠲᠡᠢ ᠭᠡᠪᠡ᠃ 
ᠢᠷᠡᠯᠲᠡ᠄ ᠤᠲᠤᠭ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ