︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠰᠢᠯᠢᠳᠡᠭ ᠤᠯᠠᠮᠵᠢᠯᠠᠯ ᠢ ᠭᠦᠨᠵᠡᠭᠡᠢ ᠰᠤᠷᠤᠯᠴᠠᠨ ᠦᠢᠯᠡᠳᠦᠯᠭᠡᠵᠢᠭᠦᠯᠵᠦ᠂ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ | ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠶᠢᠨ ᠲᠤᠰᠠᠳᠠ᠂ 11 ᠰᠠᠷ᠎ᠠ ᠶᠢᠨ 21 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ | ᠱᠦᠵᠢ ᠭᠤᠸ ᠬᠤᠸᠠᠢ ᠵᠢᠩ ᠪᠦᠯᠬᠦᠮ ᠳᠠᠭᠠᠭᠤᠯᠤᠨ ᠠᠷᠪᠠᠰ ᠰᠤᠮᠤ ᠳᠤ ᠬᠦᠷᠴᠦ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠲᠤᠬᠠᠢ ᠶᠢᠨ ᠲᠠᠯᠠᠪᠤᠷ ᠤᠨ | ᠠᠵᠢᠯ ᠤᠨ ᠬᠤᠷᠠᠯ ᠬᠤᠷᠠᠯᠳᠤᠭᠤᠯᠪᠠ᠃ ᠬᠤᠰᠢᠭᠤᠨ ᠤ ᠤᠳᠤᠷᠢᠳᠤᠯᠭ᠎ᠠ ᠯᠢᠦ ᠷᠦᠢ᠂ ᠮᠠ ᠽᠢ ᠳ᠋ᠦᠩ᠂ ᠼᠦᠢ ᠵᠢᠩ᠂ ᠨᠠᠰᠤᠨᠳᠡᠯᠭᠡᠷ ᠵᠢᠴᠢ ᠬᠠᠮᠢᠶ᠎ᠠ ᠪᠦᠬᠦᠢ | ᠰᠠᠯᠠᠭ᠎ᠠ ᠮᠥᠴᠢᠷ᠂ ᠰᠤᠮᠤᠨ ᠤ ᠬᠠᠷᠢᠭᠤᠴᠠᠯᠭᠠᠲᠠᠨ ᠣᠷᠣᠯᠴᠠᠵᠠᠢ᠃ | ᠬᠤᠷᠠᠯ ᠠᠴᠠ ᠡᠮᠦᠨ᠎ᠡ᠂ ᠬᠤᠷᠠᠯ ᠳᠤ ᠣᠷᠣᠯᠴᠠᠭᠰᠠᠳ ᠤᠷᠢᠳ ᠬᠤᠵᠢᠳ ᠠᠷᠪᠠᠰ ᠰᠤᠮᠤᠨ ᠤ ᠨᠣᠭᠤᠭᠠᠨᠳᠠᠢ ᠭᠠᠴᠠᠭᠠᠨ ᠤ ᠤᠤᠯ ᠤᠨ ᠰᠢᠨᠠᠵᠣᠤ | ᠰᠤᠷᠭᠠᠭᠤᠯᠢ ᠶᠢᠨ ᠬᠠᠭᠤᠴᠢᠨ ᠪᠠᠭᠤᠷᠢ᠂ ᠰᠢᠨᠠᠵᠣᠤ ᠡᠷᠡᠭᠦᠯ ᠬᠠᠮᠠᠭᠠᠯᠠᠯ ᠤᠨ ᠬᠤᠷᠢᠶ᠎ᠠ᠂ ᠰᠢᠨᠠᠵᠣᠤ ᠮᠠᠯ ᠠᠵᠤ ᠠᠬᠤᠢ ᠶᠢᠨ ᠦᠢᠯᠡᠴᠢᠯᠡᠭᠡᠨ ᠤ ᠲᠥᠪ ᠲᠤ ᠬᠦᠷᠴᠦ᠂ | ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ᠂ ᠡᠮᠨᠡᠬᠦ ᠪᠠ ᠰᠤᠪᠢᠯᠠᠬᠤ ᠶᠢ | ᠤᠶᠠᠯᠳᠤᠭᠤᠯᠬᠤ ᠵᠢᠴᠢ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠪᠣᠯᠣᠨ ᠬᠢᠵᠢᠭ ᠤᠨ ᠰᠡᠷᠭᠡᠶᠢᠯᠡᠯᠲᠡ ᠪᠠᠶᠢᠴᠠᠭᠠᠯᠲᠠ ᠶᠢᠨ ᠠᠵᠢᠯ ᠢ ᠥᠷᠨᠢᠭᠦᠯᠦᠭᠰᠡᠨ | ᠪᠠᠶᠢᠳᠠᠯ ᠢ ᠪᠠᠶᠢᠴᠠᠭᠠᠨ ᠰᠤᠳᠤᠯᠵᠠᠢ᠃ | ᠬᠤᠷᠠᠯ ᠳᠡᠭᠡᠷ᠎ᠡ᠂ ᠠᠷᠪᠠᠰ ᠰᠤᠮᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠪᠠᠶᠢᠳᠠᠯ ᠢᠶᠠᠨ ᠬᠠᠷᠢᠭᠤ ᠮᠡᠳᠡᠭᠦᠯᠦᠭᠰᠡᠨ ᠪᠥᠭᠡᠳ ᠬᠤᠰᠢᠭᠤ | ᠱᠠᠲᠤᠨ ᠠᠴᠠ ᠬᠠᠪᠰᠤᠷᠤᠨ ᠰᠢᠢᠳᠪᠦᠷᠢᠯᠡᠬᠦ ᠴᠢᠬᠤᠯᠠᠲᠠᠢ ᠬᠠᠮᠢᠶ᠎ᠠ ᠪᠦᠬᠦᠢ ᠶᠠᠪᠤᠳᠠᠯ ᠢ ᠳᠤᠷᠠᠳᠤᠨ᠂ ᠪᠠᠶ᠋ᠬᠠᠤᠰᠤ ᠭᠠᠴᠠᠭ᠎ᠠ᠂ ᠨᠤᠭᠤᠭᠠᠨᠳᠠᠢ ᠭᠠᠴᠠᠭ᠎ᠠ ᠲᠣᠰ ᠲᠣᠰ | ᠪᠣᠳᠠᠲᠠᠢ ᠱᠠᠭᠠᠷᠳᠠᠯᠭ᠎ᠠ ᠳᠤᠷᠠᠳᠴᠤ᠂ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠼᠦᠢ ᠵᠢᠩ᠂ ᠨᠠᠰᠤᠨᠳᠡᠯᠭᠡᠷ ᠵᠢᠴᠢ ᠬᠠᠮᠢᠶ᠎ᠠ ᠪᠦᠬᠦᠢ ᠰᠠᠯᠠᠭ᠎ᠠ | ᠮᠥᠴᠢᠷ ᠤᠨ ᠬᠠᠷᠢᠭᠤᠴᠠᠯᠭᠠᠲᠠᠨ ᠲᠣᠰ ᠲᠣᠰ ᠨᠢᠭᠡ ᠨᠢᠭᠡ ᠪᠠᠷ ᠬᠠᠷᠢᠭᠤᠯᠲᠠ ᠬᠢᠪᠡ᠃ | ᠬᠠᠮᠢᠶ᠎ᠠ ᠪᠦᠬᠦᠢ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠨᠠᠷᠢᠨ ᠰᠣᠨᠣᠰᠤᠭᠰᠠᠨ ᠤ ᠳᠠᠷᠠᠭ᠎ᠠ᠂ ᠭᠤᠣ ᠬᠤᠸᠠᠢ ᠵᠢᠩ ᠪᠣᠳᠠᠲᠠᠢ ᠠᠰᠠᠭᠤᠳᠠᠯ ᠳᠤ | ᠴᠢᠭᠯᠡᠭᠦᠯᠦᠨ ᠣᠯᠠᠨ ᠲᠠᠢ ᠰᠠᠨᠠᠯ ᠢᠶᠠᠨ ᠰᠣᠯᠢᠯᠴᠠᠵᠤ᠂ ᠰᠢᠢᠳᠪᠦᠷᠢᠯᠡᠬᠦ ᠠᠷᠭ᠎ᠠ ᠶᠢ ᠶᠠᠷᠢᠯᠴᠠᠨ᠂ ᠲᠤᠬᠠᠢ ᠶᠢᠨ ᠲᠠᠯᠠᠪᠤᠷ ᠲᠤ ᠲᠤᠰᠢᠶᠠᠨ ᠥᠭᠴᠦ ᠰᠢᠢᠳᠪᠦᠷᠢᠯᠡᠭᠦᠯᠵᠦ᠂ | ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠰᠤᠮᠤ ᠪᠠᠯᠭᠠᠰᠤ᠂ ᠭᠠᠴᠠᠭ᠎ᠠ ᠲᠣᠰᠬᠤᠨ ᠤ ᠠᠵᠢᠯ ᠢ ᠪᠥᠬᠦ ᠬᠦᠴᠦᠨ ᠢᠶᠠᠷ ᠢᠶᠠᠨ ᠳᠡᠮᠵᠢᠵᠦ᠂ ᠮᠠᠯᠵᠢᠬᠤ | ᠲᠠᠷᠢᠶᠠᠯᠠᠬᠤ ᠣᠷᠣᠨ ᠤ ᠴᠢᠮᠡᠭᠡ ᠬᠤᠯᠪᠣᠭ᠎ᠠ ᠶᠢᠨ ᠳᠣᠬᠢᠶ᠎ᠠ ᠮᠠᠭᠤ᠂ ᠮᠠᠯ ᠤᠨ ᠠᠷᠠᠯᠵᠢᠶᠠᠨ ᠤ ᠵᠠᠬ᠎ᠠ ᠳᠡᠯᠭᠡᠭᠦᠷ ᠳᠤᠲᠠᠮᠠᠭ᠂ ᠡᠩ ᠤᠨ ᠡᠷᠡᠭᠦᠯ ᠬᠠᠮᠠᠭᠠᠯᠠᠯ ᠤᠨ | ᠬᠤᠷᠢᠶ᠎ᠠ ᠶᠢᠨ ᠦᠢᠯᠡᠴᠢᠯᠡᠭᠡᠨ ᠤ ᠴᠢᠳᠠᠪᠤᠷᠢ ᠳᠣᠣᠷ᠎ᠠ ᠪᠠᠶᠢᠬᠤ ᠵᠡᠷᠭᠡ ᠠᠰᠠᠭᠤᠳᠠᠯ ᠢ ᠬᠦᠴᠦᠯᠡᠨ ᠰᠠᠶᠢᠲᠤᠷ ᠰᠢᠢᠳᠪᠦᠷᠢᠯᠡᠵᠦ᠂ ᠮᠠᠯᠴᠢᠨ ᠲᠠᠷᠢᠶᠠᠴᠢᠨ ᠲᠦᠮᠡᠨ ᠤ | ᠪᠠᠴᠢᠮᠳᠠᠵᠤ ᠬᠦᠴᠢᠷᠳᠡᠵᠦ ᠵᠣᠪᠠᠨᠢᠵᠤ ᠰᠠᠨᠠᠭᠠᠰᠢᠷᠠᠵᠤ ᠪᠠᠶᠢᠭ᠎ᠠ ᠶᠠᠪᠤᠳᠠᠯ ᠢ ᠨᠠᠶᠢᠳᠠᠪᠤᠷᠢᠵᠢᠭᠤᠯᠵᠤ᠂ ᠶᠠᠪᠤᠳᠠᠯ ᠪᠦᠬᠦᠨ ᠳᠤ ᠬᠠᠷᠢᠭᠤᠯᠲᠠ ᠬᠢᠬᠦ ᠶᠢ ᠪᠠᠲᠤᠯᠠᠬᠤ | ᠬᠡᠷᠡᠭᠲᠡᠢ ᠭᠡᠵᠦ ᠵᠠᠬᠢᠪᠠ᠃ | ᠭᠤᠸ ᠬᠤᠸᠠᠢ ᠵᠢᠩ ᠬᠡᠯᠡᠬᠦ ᠳᠡᠭᠡᠨ᠂ ᠦᠨᠳᠦᠰᠦᠨ ᠱᠠᠲᠤᠨ ᠳᠤ ᠬᠦᠷᠴᠦ ᠲᠤᠬᠠᠢ ᠶᠢᠨ ᠲᠠᠯᠠᠪᠤᠷ ᠲᠤ ᠠᠵᠢᠯᠯᠠᠬᠤ ᠪᠣᠯ ︽ᠳᠥᠷᠪᠡ ᠶᠢ ᠦᠨᠳᠦᠰᠦᠨ | ᠱᠠᠲᠤᠨ ᠳᠤ ᠪᠠᠭᠤᠯᠭᠠᠬᠤ︾ ᠰᠢᠯᠢᠳᠡᠭ ᠤᠯᠠᠮᠵᠢᠯᠠᠯ ᠢ ᠦᠢᠯᠡᠳᠦᠯᠭᠡᠵᠢᠭᠦᠯᠬᠦ ᠪᠣᠳᠠᠲᠤ ᠠᠵᠢᠯᠯᠠᠭ᠎ᠠ ᠮᠥᠨ᠂ ᠪᠠᠰᠠ ᠴᠤ ᠣᠲᠤᠭ ᠬᠤᠰᠢᠭᠤᠨ ᠤ ᠠᠵᠤ ᠠᠬᠤᠢ | ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠳᠠᠲᠠᠢ ᠠᠷᠭ᠎ᠠ ᠬᠡᠮᠵᠢᠶ᠎ᠡ ᠮᠥᠨ᠃ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠪᠠ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠰᠢᠯᠢᠳᠡᠭ ᠤᠯᠠᠮᠵᠢᠯᠠᠯ ᠢ | ᠰᠤᠷᠤᠯᠴᠠᠵᠤ ᠦᠢᠯᠡᠳᠦᠯᠭᠡᠵᠢᠭᠦᠯᠦᠨ᠂ ᠦᠨᠡᠨ ᠰᠡᠳᠬᠢᠯ ᠠᠴᠠ ᠪᠠᠨ ᠦᠨᠳᠦᠰᠦᠨ ᠱᠠᠲᠤᠨ ᠳᠤ ᠪᠣᠳᠠᠲᠠᠢ ᠠᠵᠢᠯ ᠬᠢᠵᠦ᠂ ᠬᠦᠴᠢᠷ ᠠᠰᠠᠭᠤᠳᠠᠯ ᠢ ᠨᠢ ᠰᠢᠢᠳᠪᠦᠷᠢᠯᠡᠵᠦ | ᠥᠭᠭᠦᠨ᠂ ᠪᠣᠳᠠᠲᠤ ᠪᠦᠲᠦᠮᠵᠢ ᠭᠠᠷᠭᠠᠬᠤ ᠶᠢ ᠪᠠᠲᠤᠯᠠᠬᠤ ᠬᠡᠷᠡᠭᠲᠡᠢ᠃ ︽ᠦᠵᠡᠯ ᠰᠠᠨᠠᠭ᠎ᠠ ᠶᠢ ᠰᠤᠷᠤᠯᠴᠠᠨ᠂ ᠨᠠᠮᠴᠢ ᠴᠢᠨᠠᠷ ᠢᠶᠠᠨ ᠴᠢᠩᠭᠠᠳᠬᠠᠵᠤ᠂ ᠦᠢᠯᠡᠳᠦᠯᠭᠡ ᠶᠢ | ᠴᠢᠬᠤᠯᠠᠴᠢᠯᠠᠨ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠢ ᠱᠠᠭᠠᠷᠳᠠᠯᠭ᠎ᠠ ᠶᠢᠨ ᠲᠣᠭᠤᠷᠢᠨ ᠳᠤ᠂ ᠠᠵᠢᠯ ᠤᠨ ᠪᠣᠳᠠᠲᠠᠢ ᠲᠠᠢ ᠪᠠᠨ ᠨᠢᠭᠲᠠ ᠤᠶᠠᠯᠳᠤᠭᠤᠯᠵᠤ᠂ ᠥᠨᠳᠥᠷ | ᠵᠣᠭᠰᠣᠴᠠ ᠠᠴᠠ ᠠᠷᠭ᠎ᠠ ᠰᠦᠪᠡᠭᠴᠢᠯᠡᠨ᠂ ᠥᠨᠳᠥᠷ ᠪᠠᠷᠢᠮᠵᠢᠶ᠎ᠠ ᠪᠠᠷ ᠠᠬᠢᠭᠤᠯᠵᠤ᠂ ᠴᠢᠨᠠᠷᠲᠠᠢ ᠨᠠᠶᠢᠳᠠᠪᠤᠷᠢᠵᠢᠭᠤᠯᠤᠨ᠂ ᠬᠤᠶᠠᠳᠤᠭᠠᠷ ᠪᠦᠯᠦᠭ ᠭᠤᠣᠯ ᠰᠡᠳᠦᠪᠲᠦ | ᠬᠥᠮᠦᠵᠢᠯ ᠤᠨ ᠪᠣᠳᠠᠲᠤ ᠪᠦᠲᠦᠮᠵᠢ ᠣᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠤᠨ | ᠲᠣᠭᠤᠷᠢᠨ ᠳᠤ᠂ ᠦᠨᠡᠨ ᠪᠣᠳᠠᠲᠠᠢ ᠠᠵᠢᠯᠯᠠᠵᠤ᠂ ᠲᠡᠷᠢᠭᠦᠨ ᠤ ᠬᠢ ᠶᠢ ᠲᠡᠮᠡᠴᠡᠨ ᠰᠢᠯᠢᠳᠡᠭ ᠢ ᠡᠭᠦᠳᠴᠦ᠂ ᠲᠠᠪᠤᠨ ᠶᠡᠭᠡ ᠡᠭᠦᠷᠭᠡ ᠶᠢ ᠴᠢᠨᠠᠷᠲᠠᠢ ᠪᠡᠶᠡᠯᠡᠭᠦᠯᠬᠦ | ᠲᠠᠯ᠎ᠠ ᠪᠠᠷ ᠡᠭᠦᠷᠭᠡ ᠬᠠᠷᠢᠭᠤᠴᠠᠯᠭ᠎ᠠ ᠪᠠᠨ ᠵᠣᠷᠢᠭᠲᠠᠢ ᠭᠦᠢᠴᠡᠳᠬᠡᠨ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ | ᠲᠠᠯ᠎ᠠ ᠪᠠᠷ ᠵᠢᠱᠢᠶ᠎ᠡ ᠦᠵᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠣᠷᠳᠣᠰ ᠤᠨ ᠰᠢᠨ᠎ᠡ ᠬᠠᠭᠤᠳᠠᠰᠤ ᠶᠢ ᠪᠢᠴᠢᠭᠯᠡᠬᠦ ᠦᠢᠯᠡᠳᠦᠯᠭᠡ ᠶᠢᠨ | ᠳᠤᠮᠳᠠ ᠤᠳᠤᠭ ᠤᠨ ᠬᠦᠴᠦᠨ ᠢᠶᠠᠨ ᠡᠷᠭᠦᠬᠦ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ | ᠬᠦ ᠭᠤᠣᠯ ᠰᠢᠵᠢᠮ ᠲᠠᠢ ᠨᠢᠭᠲᠠ ᠤᠶᠠᠯᠳᠤᠭᠤᠯᠤᠨ᠂ ᠡᠯ᠎ᠡ ᠵᠦᠢᠯ ᠤᠨ ᠠᠵᠢᠯ ᠤᠨ ᠭᠠᠷᠳᠠᠴᠠ᠂ ᠬᠦᠴᠦᠯᠡᠴᠡ ᠶᠢ ᠣᠨᠣᠪᠴᠢᠲᠠᠶ ᠡᠷᠢᠵᠦ᠂ ︽ᠨᠠᠮ ᠤᠨ ᠠᠴᠢ ᠳᠤ | ᠲᠠᠯᠠᠷᠬᠠᠨ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨᠴᠢ ᠬᠥᠮᠦᠵᠢᠯ ᠤᠨ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠢ | ᠥᠷᠨᠢᠭᠦᠯᠵᠦ᠂ ᠠᠰᠠᠭᠤᠳᠠᠯ ᠢ ᠰᠢᠢᠳᠪᠦᠷᠢᠯᠡᠭᠰᠡᠨ᠂ ᠣᠯᠠᠨ ᠲᠦᠮᠡᠨ ᠳᠤ ᠦᠢᠯᠡᠴᠢᠯᠡᠭᠰᠡᠨ ᠪᠣᠳᠠᠲᠤ ᠦᠷ᠎ᠡ ᠪᠦᠲᠦᠮᠵᠢ ᠪᠠᠷ ᠭᠤᠣᠯ ᠰᠡᠳᠦᠪᠲᠦ ᠬᠥᠮᠦᠵᠢᠯ ᠤᠨ | ᠦᠷ᠎ᠡ ᠪᠦᠲᠦᠭᠡᠯ ᠢ ᠰᠢᠯᠭᠠᠬᠤ ᠬᠡᠷᠡᠭᠲᠡᠢ᠃ ︽ᠪᠣᠳᠠᠲᠠᠢ ᠠᠵᠢᠯ ᠬᠢᠵᠦ᠂ ᠬᠦᠴᠢᠷ ᠠᠰᠠᠭᠤᠳᠠᠯ ᠢ ᠰᠢᠢᠳᠪᠦᠷᠢᠯᠡᠬᠦ︾ ᠲᠠᠢ ᠨᠢᠭᠲᠠ ᠤᠶᠠᠯᠳᠤᠭᠤᠯᠤᠨ ᠦᠷᠭᠦᠯᠵᠢᠯᠡᠨ | ᠬᠦᠴᠦᠯᠡᠵᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠷᠠᠳ ᠤᠨ ᠰᠡᠳᠬᠢᠯ ᠢ ᠳᠤᠯᠠᠭᠠᠴᠠᠭᠤᠯᠬᠤ᠂ ᠠᠷᠠᠳ ᠤᠨ ᠰᠠᠨᠠᠭᠠᠨ ᠳᠤ ᠨᠡᠶᠢᠴᠡᠭᠦᠯᠬᠦ ᠠᠵᠢᠯ ᠢ | ᠰᠠᠶᠢᠲᠤᠷ ᠬᠢᠵᠦ᠂ ᠠᠷᠠᠳ ᠤᠯᠠᠨ ᠤ ᠬᠦᠷᠲᠡᠭᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ | ᠨᠡᠮᠡᠭᠳᠡᠭᠦᠯᠬᠦ ᠬᠡᠷᠡᠭᠲᠡᠢ᠃ ᠠᠷᠪᠠᠰ ᠰᠤᠮᠤ ᠪᠥᠬᠦ ᠬᠤᠰᠢᠭᠤᠨ ᠤ ᠬᠥᠭᠵᠢᠯᠲᠡ ᠶᠢᠨ ᠶᠡᠭᠡ ᠲᠠᠯ᠎ᠠ ᠳᠤ ᠥᠪᠡᠷ ᠤᠨ ᠪᠠᠶᠢᠷᠢ ᠲᠣᠭᠲᠠᠭᠠᠯᠲᠠ ᠪᠠᠨ ᠣᠨᠣᠪᠴᠢᠲᠠᠶ ᠣᠯᠵᠤ᠂ | ︽ᠪᠥᠬᠦ ᠤᠯᠤᠰ ᠤᠨ ᠬᠥᠳᠡᠭᠡ ᠲᠣᠰᠬᠤᠨ ᠤ ᠣᠨᠴᠠᠯᠢᠭᠲᠤ ᠠᠵᠤ ᠦᠢᠯᠡᠰ ᠤᠨ ᠠᠷᠪᠠᠨ ᠳ᠋ᠦᠩᠰᠢᠭᠤᠷ ᠲᠥᠭᠦᠷᠢᠭ ᠤᠨ ᠣᠷᠣᠯᠭ᠎ᠠ ᠲᠠᠢ ᠪᠠᠯᠭᠠᠰᠤ︾ ᠵᠢᠴᠢ ᠭᠠᠵᠠᠷ | ᠣᠷᠣᠨ ᠤ ᠳᠠᠪᠠᠭᠤᠯᠢᠭ ᠠᠵᠤ ᠦᠢᠯᠡᠰ ᠤᠨ ᠪᠦᠯᠦᠭᠯᠡᠯ ᠵᠡᠷᠭᠡ ᠠᠰᠢᠭᠲᠠᠢ ᠨᠥᠬᠦᠴᠡᠯ ᠳᠤ ᠲᠦᠰᠢᠭᠯᠡᠨ᠂ ᠠᠷᠪᠠᠰ ᠤᠨ ᠨᠤᠤᠯᠤᠭᠤᠷ ᠤᠨ ᠴᠠᠭᠠᠨ ᠢᠮᠠᠭᠠᠨ ᠤ ᠠᠵᠤ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠭᠤᠣᠯ ᠰᠡᠳᠦᠪᠲᠦ ᠬᠥᠮᠦᠵᠢᠯ ᠪᠣᠯᠣᠨ ᠭᠤᠣᠯ ᠠᠵᠢᠯ ᠢ ᠨᠢᠭᠡᠳᠦᠯᠲᠡᠢ ᠲᠥᠯᠥᠪᠯᠡᠨ | ᠰᠠᠶᠢᠲᠤᠷ ᠠᠳᠬᠤᠵᠤ᠂ ᠮᠠᠯᠴᠢᠨ ᠲᠠᠷᠢᠶᠠᠴᠢᠳ ᠤᠨ ᠬᠠᠮᠤᠭ ᠠᠴᠠ ᠠᠩᠬᠠᠷᠴᠤ ᠪᠠᠶᠢᠭ᠎ᠠ ᠬᠠᠮᠤᠭ ᠤᠨ ᠰᠢᠭᠤᠳ ᠬᠠᠮᠤᠭ ᠤᠨ ᠪᠣᠳᠠᠲᠠᠢ ᠠᠰᠢᠭ ᠲᠤᠰᠠ ᠶᠢᠨ | ᠠᠰᠠᠭᠤᠳᠠᠯ ᠢ ᠰᠢᠢᠳᠪᠦᠷᠢᠯᠡᠨ᠂ ᠪᠣᠳᠠᠲᠤ ᠰᠠᠶᠢᠨ ᠶᠠᠪᠤᠳᠠᠯ ᠬᠢᠬᠦ ᠬᠡᠷᠡᠭᠲᠡᠢ ᠭᠡᠪᠡ᠃ | | | |