ᠭᠤᠸ ᠬᠤᠸᠠᠢ ᠵᠢᠩ ︽ᠳᠥᠷᠪᠡ ᠶᠢ ᠲᠣᠬᠢᠷᠠᠭᠤᠯᠬᠤ ᠦᠭᠡᠢ ᠬᠤᠶᠠᠷ ᠢ ᠰᠢᠭᠤᠳ ᠬᠢᠬᠦ︾ ᠬᠡᠯᠪᠡᠷᠢ ᠪᠠᠷ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠨᠡᠯᠡᠨ ᠵᠢᠱᠢᠵᠦ ᠲᠠᠭᠯᠠᠨ ᠮᠡᠳᠡᠭᠦᠯᠬᠦ ᠠᠵᠢᠯ ᠢ ᠬᠢᠨᠠᠨ ᠵᠢᠯᠤᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2023/11/23
      11 ᠰᠠᠷ᠎ᠠ ᠶᠢᠨ 23 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠭᠤᠸ ᠬᠤᠸᠠᠢ ᠵᠢᠩ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠳᠤ ᠬᠦᠷᠴᠦ ︽ᠳᠥᠷᠪᠡ ᠶᠢ ᠲᠣᠬᠢᠷᠠᠭᠤᠯᠬᠤ ᠦᠭᠡᠢ ᠬᠤᠶᠠᠷ ᠢ ᠰᠢᠭᠤᠳ ᠬᠢᠬᠦ︾ ᠬᠡᠯᠪᠡᠷᠢ ᠪᠠᠷ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠨᠡᠯᠡᠨ ᠵᠢᠱᠢᠵᠦ ᠲᠠᠭᠯᠠᠨ ᠮᠡᠳᠡᠭᠦᠯᠬᠦ ᠠᠵᠢᠯ ᠢ ᠬᠢᠨᠠᠨ ᠵᠢᠯᠤᠭᠤᠳᠴᠤ ᠪᠠᠶᠢᠴᠠᠭᠠᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠰᠢᠦᠢ ᠷᠦᠢ ᠹᠧᠩ ᠣᠷᠣᠯᠴᠠᠵᠠᠢ᠃2023 ᠣᠨ ᠤ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠨᠡᠯᠡᠨ ᠵᠢᠱᠢᠬᠦ ᠤᠲᠤᠭ ᠬᠤᠰᠢᠭᠤᠨ ᠤ ᠲᠠᠭᠯᠠᠨ ᠮᠡᠳᠡᠭᠦᠯᠬᠦ ᠲᠤᠬᠠᠢ ᠶᠢᠨ ᠲᠠᠯᠠᠪᠠᠢ ᠳᠤ᠂ ᠭᠤᠤ ᠬᠤᠸᠠᠢ ᠵᠢᠩ ᠡᠯ᠎ᠡ ᠭᠦᠢᠴᠡᠳᠬᠡᠯ ᠲᠤᠭ᠎ᠠ ᠶᠢᠨ ᠠᠭᠤᠯᠭ᠎ᠠ ᠵᠢᠴᠢ ᠲᠠᠭᠯᠠᠨ ᠮᠡᠳᠡᠭᠦᠯᠦᠭᠰᠡᠨ ᠪᠠᠶᠢᠳᠠᠯ ᠢ ᠨᠠᠷᠢᠨ ᠣᠶᠢᠯᠠᠭᠠᠵᠤ᠂ ᠲᠠᠭᠯᠠᠨ ᠮᠡᠳᠡᠭᠦᠯᠬᠦ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠳᠤ ᠲᠤᠬᠠᠢ ᠶᠢᠨ ᠲᠠᠯᠠᠪᠠᠢ ᠶᠢᠨ ᠵᠢᠯᠣᠭᠤᠳᠤᠯᠭ᠎ᠠ ᠬᠢᠬᠦ ᠶᠢᠨ ᠬᠠᠮᠲᠤ ᠪᠣᠳᠠᠲᠠᠢ ᠱᠠᠭᠠᠷᠳᠠᠯᠭ᠎ᠠ ᠳᠤᠷᠠᠳᠴᠠᠢ᠃
W020231123538386542997.jpg     
      ᠭᠤᠸ ᠬᠤᠸᠠᠢ ᠵᠢᠩ ᠶᠠᠷᠢᠬᠤ ᠳᠠᠭᠠᠨ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠨᠡᠯᠡᠨ ᠵᠢᠱᠢᠬᠦ ᠪᠣᠯ ᠥᠪᠡᠷᠲᠡᠭᠡᠨ ᠵᠠᠰᠠᠬᠤ ᠣᠷᠣᠨ ᠳᠤ ᠪᠥᠬᠦ ᠬᠤᠰᠢᠭᠤᠨ ᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠤᠨ ᠠᠵᠢᠯ ᠤᠨ ᠦᠷ᠎ᠡ ᠪᠦᠲᠦᠮᠵᠢ ᠪᠠᠨ ᠬᠠᠷᠢᠭᠤ ᠮᠡᠳᠡᠭᠦᠯᠬᠦ ᠨᠢᠭᠡ ᠤᠳᠠᠭᠠᠨ ᠤ ᠶᠡᠭᠡ ᠰᠢᠯᠭᠠᠯᠲᠠ ᠪᠣᠯᠬᠤ ᠪᠥᠭᠡᠳ ᠪᠠᠰᠠ ᠴᠤ ᠪᠥᠬᠦ ᠬᠤᠰᠢᠭᠤᠨ ᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠤᠨ ᠦᠷ᠎ᠡ ᠪᠦᠲᠦᠭᠡᠯ ᠤᠨ ᠨᠢᠭᠡ ᠤᠳᠠᠭᠠᠨ ᠤ ᠪᠥᠬᠦ ᠲᠠᠯ᠎ᠠ ᠶᠢᠨ ᠰᠢᠯᠭᠠᠯᠲᠠ ᠪᠣᠯᠣᠨ᠎ᠠ᠃ ᠡᠯ᠎ᠡ ᠭᠦᠢᠴᠡᠳᠬᠡᠯ ᠲᠤᠭ᠎ᠠ ᠶᠢ ᠲᠦᠷᠦᠭᠦᠯᠡᠨ ᠭᠦᠢᠴᠡᠳᠬᠡᠬᠦ ᠰᠠᠯᠠᠭ᠎ᠠ ᠮᠥᠴᠢᠷ ᠪᠣᠯᠣᠨ ᠬᠠᠷᠢᠭᠤᠴᠠᠯᠭᠠᠲᠤ ᠨᠢᠭᠡᠴᠢ ᠤᠯᠤᠰ ᠲᠥᠷᠥ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠦᠨ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠨᠡᠯᠡᠨ ᠵᠢᠱᠢᠬᠦ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠨᠠᠷᠢᠨ ᠬᠢᠨᠠᠮᠠᠭᠠᠢ ᠬᠢᠨᠠᠨ᠂ ᠣᠨᠣᠪᠴᠢᠲᠠᠶ ᠬᠠᠷᠢᠭᠤᠯᠵᠤ᠂ ᠭᠡᠷᠡᠴᠢᠯᠡᠬᠦ ᠮᠠᠲ᠋ᠧᠷᠢᠶᠠᠯ ᠢ ᠳᠠᠬᠢᠨᠲᠠ ᠬᠠᠷᠭᠤᠭᠤᠯᠤᠨ᠂ ᠨᠥᠬᠦᠪᠦᠷᠢᠯᠡᠨ ᠲᠡᠭᠦᠯᠳᠡᠷᠵᠢᠭᠦᠯᠵᠦ᠂ ᠡᠯ᠎ᠡ ᠵᠦᠢᠯ ᠤᠨ ᠲᠠᠭᠯᠠᠨ ᠮᠡᠳᠡᠭᠦᠯᠬᠦ ᠠᠵᠢᠯ ᠢ ᠴᠢᠨᠠᠷᠲᠠᠢ ᠪᠡᠶᠡᠯᠡᠭᠦᠯᠬᠦ ᠶᠢ ᠪᠠᠲᠤᠯᠠᠨ᠂ ᠮᠠᠨ ᠤ ᠬᠤᠰᠢᠭᠤᠨ ᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠤᠨ ᠦᠷ᠎ᠡ ᠪᠦᠲᠦᠮᠵᠢ ᠶᠢ ᠪᠥᠬᠦ ᠲᠠᠯ᠎ᠠ ᠪᠠᠷ ᠪᠤᠰᠤᠳᠴᠢ ᠪᠠᠷ ᠲᠤᠰᠬᠠᠬᠤ ᠬᠡᠷᠡᠭᠲᠡᠢ᠃ ᠦᠨᠡᠯᠡᠬᠦ ᠪᠠᠷ ᠰᠢᠯᠢᠳᠡᠭ ᠢ ᠠᠬᠢᠭᠤᠯᠬᠤ᠂ ᠦᠨᠡᠯᠡᠬᠦ ᠪᠠᠷ ᠥᠭᠡᠷᠡᠴᠢᠯᠡᠯᠲᠡ ᠶᠢ ᠠᠬᠢᠭᠤᠯᠬᠤ᠂ ᠦᠨᠡᠯᠡᠬᠦ ᠪᠠᠷ ᠠᠬᠢᠭᠤᠯᠬᠤ ᠶᠢ ᠪᠠᠷᠢᠮᠲᠠᠯᠠᠵᠤ᠂ ᠲᠠᠭᠯᠠᠨ ᠮᠡᠳᠡᠭᠦᠯᠬᠦ ᠶᠠᠪᠤᠴᠠ ᠳᠠᠬᠢ ᠰᠠᠶᠢᠨ ᠲᠤᠷᠰᠢᠯᠭ᠎ᠠ ᠠᠷᠭ᠎ᠠ ᠬᠡᠮᠵᠢᠶ᠎ᠡ᠂ ᠣᠷᠣᠰᠢᠵᠤ ᠪᠠᠶᠢᠭ᠎ᠠ ᠠᠰᠠᠭᠤᠳᠠᠯ ᠳᠤᠲᠠᠭᠤᠳᠠᠯ ᠢ ᠴᠠᠭ ᠲᠤᠬᠠᠢ ᠳᠤᠨᠢ ᠳ᠋ᠦᠩᠨᠡᠵᠦ ᠬᠤᠷᠢᠶᠠᠩᠭᠤᠶᠢᠯᠠᠨ᠂ ᠬᠤᠶᠢᠰᠢᠳᠠ ᠶᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠳᠡᠭᠡᠭᠰᠢᠯᠡᠭᠦᠯᠬᠦ ᠠᠵᠢᠯ ᠤᠨ ᠯᠠᠪᠯᠠᠯᠲᠠ ᠪᠠ ᠴᠢᠷᠮᠠᠶᠢᠬᠤ ᠴᠢᠭᠯᠡᠯ ᠪᠣᠯᠭᠠᠬᠤ ᠬᠡᠷᠡᠭᠲᠡᠢ᠃ ᠪᠥᠬᠦ ᠬᠤᠰᠢᠭᠤᠨ ᠤ ︽ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠳᠠᠬᠢᠨ ᠲᠠᠰ ᠳᠡᠪᠰᠢᠭᠦᠯᠬᠦ︾ ᠬᠠᠷᠠᠯᠲᠠ ᠡᠭᠦᠷᠭᠡ ᠶᠢ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠰᠠᠨᠠᠭᠠᠴᠢᠯᠠᠭ᠎ᠠ ᠠᠴᠠ ᠪᠠᠨ ᠲᠡᠷᠢᠭᠦᠨ ᠤ ᠬᠢ ᠲᠠᠢ ᠬᠠᠷᠢᠴᠠᠭᠤᠯᠤᠨ᠂ ᠨᠢᠮᠪᠡᠢ ᠰᠤᠷᠤᠯᠴᠠᠨ ᠲᠤᠷᠰᠢᠯᠭ᠎ᠠ ᠪᠠᠨ ᠰᠣᠯᠢᠯᠴᠠᠵᠤ᠂ ᠲᠣᠰ ᠲᠣᠰ ᠤᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠠᠨ ᠲᠠᠰᠤᠷᠠᠯᠲᠠ ᠦᠭᠡᠢ ᠰᠢᠯᠢᠳᠡᠭᠵᠢᠭᠦᠯᠵᠦ᠂ ᠦᠢᠯᠡᠴᠢᠯᠡᠭᠡᠨ ᠤ ᠴᠢᠳᠠᠪᠤᠷᠢ ᠪᠠᠨ ᠳᠡᠭᠡᠭᠰᠢᠯᠡᠭᠦᠯᠦᠨ᠂ ᠪᠥᠬᠦ ᠬᠤᠲᠠ ᠶᠢᠨ ᠳᠤᠯᠠᠭᠠᠨ ᠬᠤᠲᠠ ᠶᠢᠨ ︽ᠲᠠᠪᠤᠨ ᠰᠡᠳᠬᠢᠯ ᠲᠠᠯᠪᠢᠭᠰᠠᠨ︾ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠤᠨ ᠨᠠᠷᠠᠲᠤ ᠲᠡᠮᠳᠡᠭᠲᠦ ᠶᠢ ᠡᠭᠦᠳᠬᠦ ᠳᠤ ᠣᠲᠤᠭ ᠤᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠡᠢ᠃ 
ᠢᠷᠡᠯᠲᠡ᠄ ᠲᠣᠲᠣᠷᠬᠠᠢ ᠦᠭᠡᠢ