ᠬᠥᠳᠡᠯᠦᠮᠡᠭᠴᠡ ᠬᠦᠷᠴᠦ ᠲᠡᠶᠢᠯᠭᠦ ᠪᠡᠶ᠎ᠡ ᠴᠢᠭᠢᠷᠠᠭᠵᠢᠭᠤᠯᠬᠤ ᠲᠠᠯᠠᠪᠤᠷ ᠦᠬᠠᠶᠢᠴᠤᠳ ᠲᠤ ︽ᠲᠠᠮᠢᠷ ᠤᠨ ᠬᠥᠳᠡᠯᠭᠡᠭᠡᠨ ᠬᠢᠬᠦ ᠴᠢᠯᠦᠭᠡᠲᠦ ᠣᠷᠣᠨ ᠵᠠᠢ︾ ᠬᠠᠩᠭᠠᠪᠠ
ᠨᠡᠶᠢᠲᠡᠯᠡᠭᠰᠡᠨ ᠴᠠᠭ᠄
2023/11/28
       ᠥᠷᠯᠥᠭᠡ ᠪᠦᠷᠢ᠂ ᠦᠬᠠᠢ ᠬᠤᠲᠠ ᠶᠢᠨ ᠤᠷᠭᠤᠮᠠᠯ ᠤᠨ ᠬᠦᠷᠢᠶᠡᠯᠡᠩ ᠳᠤ ᠭᠦᠷ ᠬᠥᠭᠵᠢᠶᠡᠨ ᠢᠶᠠᠷ ᠪᠢᠯᠬᠠᠨ᠎ᠠ᠃ ᠬᠦᠷᠢᠶᠡᠯᠡᠩ ᠢ ᠨᠢᠭᠡ ᠲᠣᠭᠤᠷᠢᠭᠰᠠᠨ ᠴᠣ ᠰᠢᠨ᠎ᠡ ᠭᠦᠶᠦᠯᠲᠡ ᠶᠢᠨ ᠬᠠᠷᠢᠮᠠᠬᠠᠢ ᠴᠠᠪᠠᠤ ᠵᠠᠮ ᠳᠡᠭᠡᠷ᠎ᠡ᠂ ᠥᠷᠯᠥᠭᠡ ᠶᠢᠨ ᠪᠣᠯᠪᠠᠰᠤᠷᠠᠯ ᠬᠢᠳᠡᠭ ᠬᠤᠲᠠ ᠶᠢᠨ ᠠᠷᠠᠳ ᠬᠤᠷᠳᠤᠨ ᠠᠯᠬᠤᠬᠤ ᠪᠤᠶᠤ ᠤᠳᠠᠭᠠᠨ ᠭᠦᠶᠦᠵᠦ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠨᠢᠭᠡ ᠡᠳᠦᠷ ᠢᠶᠠᠨ ᠡᠬᠢᠯᠡᠭᠦᠯᠦᠨ᠎ᠡ᠃      ︽ ᠰᠢᠨ᠎ᠡ ᠪᠠᠷ ᠪᠠᠶᠢᠭᠤᠯᠤᠭᠰᠠᠨ ᠲᠠᠯᠠᠪᠤᠷ ᠶᠡᠭᠡ ᠵᠦᠭᠡᠷ᠂ ᠭᠡᠷ ᠠᠴᠠ ᠪᠠᠰᠠ ᠣᠶᠢᠷᠠᠬᠠᠨ᠂ ᠮᠠᠨ ᠤ ᠡᠳᠡᠭᠡᠷ ᠢᠳᠡᠷᠡᠭᠦᠨ ᠠᠯᠬᠤᠭ᠎ᠠ ᠳᠤ ᠪᠠᠭ᠋ᠠᠲᠠᠢ ᠬᠥᠮᠥᠰ ᠬᠠᠮᠲᠤ ᠪᠠᠷ ᠪᠡᠶ᠎ᠡ ᠪᠣᠯᠪᠠᠰᠤᠷᠠᠬᠤ ᠰᠢᠨ᠎ᠡ ᠭᠠᠵᠠᠷ ᠲᠠᠢ ᠪᠣᠯᠵᠤ᠂ ᠴᠢᠯᠦᠭᠡ ᠭᠠᠷᠤᠮᠠᠭᠴᠠ ᠠᠳᠡ ᠢᠷᠡᠵᠦ ᠢᠳᠡᠷᠡᠭᠦᠨ ᠠᠯᠬᠤᠭ᠎ᠠ ᠪᠠᠷ ᠠᠯᠬᠤᠨ᠎ᠠ᠃︾ ᠬᠤᠲᠠ ᠶᠢᠨ ᠠᠷᠠᠳ ᠸᠧᠢ ᠯᠢ᠂ ᠥᠩᠭᠡ ᠦᠵᠡᠮᠵᠢ ᠲᠠᠭᠠᠯᠠᠮᠵᠢᠲᠠᠢ ᠤᠷᠭᠤᠮᠠᠯ ᠤᠨ ᠬᠦᠷᠢᠶᠡᠯᠡᠩ ᠤᠨ ᠪᠡᠶ᠎ᠡ ᠴᠢᠭᠢᠷᠠᠭᠵᠢᠭᠤᠯᠬᠤ ᠶᠠᠪᠠᠭᠠᠨ ᠵᠠᠮ ᠢᠶᠠᠷ ᠠᠯᠬᠤᠯᠠᠵᠤ᠂ ᠲᠠᠮᠢᠷ ᠤᠨ ᠬᠥᠳᠡᠯᠭᠡᠭᠡᠨ ᠬᠢᠬᠦ ᠪᠠ ᠦᠵᠡᠮᠵᠢ ᠰᠣᠨᠢᠷᠬᠠᠬᠤ ᠬᠤᠶᠠᠷ ᠢ ᠰᠠᠭᠠᠲᠠᠭᠠᠬᠤ ᠦᠭᠡᠢ ᠭᠡᠪᠡ᠃      ᠡᠨᠡ ᠵᠢᠯ᠂ ᠣᠶᠢᠷ᠎ᠠ ᠬᠠᠪᠢ ᠶᠢᠨ ᠣᠯᠠᠨ ᠲᠦᠮᠡᠨ ᠤ ᠪᠡᠶ᠎ᠡ ᠴᠢᠭᠢᠷᠠᠭᠵᠢᠭᠤᠯᠬᠤ ᠨᠠᠩ ᠥᠨᠳᠥᠷ ᠬᠡᠷᠡᠭᠴᠡᠭᠡ ᠶᠢ ᠬᠠᠩᠭᠠᠬᠤ ᠶᠢᠨ ᠲᠥᠯᠥᠭᠡ᠂ ᠦᠬᠠᠢ ᠬᠤᠲᠠ  ᠶᠢᠨ ᠬᠢᠨ ᠬᠤᠲᠠ ᠶᠢᠨ ᠤᠷᠭᠤᠮᠠᠯ ᠤᠨ ᠬᠦᠷᠢᠶᠡᠯᠡᠩ ᠳᠤ ᠪᠡᠶ᠎ᠡ ᠴᠢᠭᠢᠷᠠᠭᠵᠢᠭᠤᠯᠬᠤ ᠶᠠᠪᠠᠭᠠᠨ ᠵᠠᠮ᠂ ᠪᠡᠶ᠎ᠡ ᠴᠢᠭᠢᠷᠠᠭᠵᠢᠭᠤᠯᠬᠤ ᠠᠭᠤᠳᠠᠮ ᠲᠠᠯᠠᠪᠠᠶ ᠵᠡᠷᠭᠡ ᠶᠢ ᠪᠠᠶᠢᠭᠤᠯᠪᠠ᠂ ᠡᠭᠦᠨ ᠳᠤ ᠢᠳᠡᠷᠡᠭᠦᠨ ᠠᠯᠬᠤᠬᠤ ᠵᠠᠮ 7.1 ᠺᠢᠯᠣᠮᠧᠲᠷ᠂ ᠪᠡᠶ᠎ᠡ ᠴᠢᠭᠢᠷᠠᠭᠵᠢᠭᠤᠯᠬᠤ ᠠᠭᠤᠳᠠᠮ ᠲᠠᠯᠠᠪᠠᠶ 2 ᠲᠦᠮᠡᠨ ᠲᠡᠭᠰᠢ ᠳᠥᠷᠪᠡᠯᠵᠢᠨ ᠮᠧᠲᠷ ᠰᠢᠬᠠᠮ ᠪᠠᠶᠢᠬᠤ ᠶᠢᠨ ᠬᠠᠮᠲᠤ ᠪᠠᠰᠠ ᠰᠠᠭᠰᠤᠨ ᠪᠥᠮᠪᠦᠭᠡ ᠶᠢᠨ ᠲᠠᠯᠠᠪᠤᠷ᠂ ᠥᠲᠥᠨ ᠪᠥᠮᠪᠦᠭᠡ ᠶᠢᠨ ᠲᠠᠯᠠᠪᠤᠷ᠂ ᠲᠡᠪᠡᠭ ᠤᠨ ᠲᠠᠯᠠᠪᠤᠷ ᠵᠡᠷᠭᠡ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠬᠦᠭᠡᠷᠦᠮᠵᠢ ᠶᠢ ᠲᠥᠭᠦᠷᠵᠢᠭᠦᠯᠵᠦ᠂ ᠬᠤᠲᠠ ᠶᠢᠨ ᠠᠷᠠᠳ ᠤᠨ ᠣᠶᠢᠷ᠎ᠠ ᠬᠠᠪᠢ ᠳᠠᠭᠠᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠳᠤ ᠣᠷᠤᠯᠴᠠᠬᠤ  ᠳᠤ ᠲᠤᠶᠢᠯ ᠤᠨ ᠶᠡᠭᠡ ᠳᠦᠭᠦᠮ ᠦᠵᠡᠭᠦᠯᠵᠦ ᠪᠤᠢ᠃      ᠰᠥᠨᠢ ᠪᠤᠯᠬᠤ ᠪᠠᠷ᠂ ᠬᠠᠶᠢᠷᠤᠪ ᠤᠨ ᠲᠣᠬᠤᠢ ᠲᠣᠭᠤᠷᠢᠭ ᠤᠨ ᠪᠢᠨ ᠾᠧ ᠨᠡᠶᠢᠭᠡᠮ ᠲᠣᠭᠤᠷᠢᠭ ᠤᠨ ᠬᠥᠳᠡᠯᠭᠡᠭᠡᠨ ᠤ ᠲᠥᠪ ᠲᠤ ᠪᠠᠶᠢᠷᠢᠯᠠᠭ᠎ᠠ ᠦᠳᠦᠨ ᠪᠥᠮᠪᠦᠭᠡ ᠶᠢᠨ ᠲᠠᠯᠠᠪᠤᠷ ᠨᠢ ᠨᠢᠭᠡ ᠡᠳᠦᠷ ᠤᠨ ᠬᠠᠮᠤᠭ ᠤᠨ ᠭᠦᠷ ᠬᠥᠭᠵᠢᠶᠡᠨᠲᠦ ᠴᠠᠭ ᠮᠥᠴᠡ ᠪᠠᠨ ᠤᠭᠲᠤᠨ ᠠᠪᠤᠯ᠎ᠠ᠃ ᠪᠥᠮᠪᠥᠭᠡᠨ ᠲᠠᠯᠠᠪᠤᠷ ᠲᠤ ᠦᠳᠦᠨ ᠪᠥᠮᠪᠦᠭᠡ ᠨᠠᠭᠠᠳᠴᠤ ᠪᠠᠶᠢᠭ᠎ᠠ ᠬᠥᠮᠥᠰ ᠬᠤᠷᠴᠠ ᠱᠠᠯᠠᠮᠠᠭᠠᠢ ᠬᠥᠳᠡᠯᠵᠦ ᠨᠢᠭᠡᠨ ᠨᠢᠭᠡᠨ ᠲᠠᠢ ᠪᠠᠨ ᠦᠵᠡᠯᠴᠡᠵᠦ᠂ ᠬᠥᠩᠭᠡᠨ ᠮᠥᠷᠲᠡᠭᠡᠨ ᠤᠷᠠᠨ ᠱᠠᠯᠠᠮᠠᠭᠠᠢ ᠥᠲᠥᠨ ᠪᠥᠮᠪᠦᠭᠡ ᠨᠠᠭᠠᠰᠢ ᠴᠠᠭᠠᠰᠢ ᠰᠦᠯᠵᠢᠯᠳᠦᠨ ᠨᠢᠰᠴᠦ᠂ ᠬᠥᠮᠥᠰ ᠠᠳᠡ ᠲᠠᠮᠢᠷ ᠤᠨ  ᠬᠥᠳᠡᠯᠭᠡᠭᠡᠨ ᠬᠢᠬᠦ ᠪᠠᠷ ᠲᠠᠮᠵᠢᠨ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠤᠨ᠎ᠠ᠃      ︽ ᠣᠳᠣ᠂ ᠬᠥᠳᠡᠯᠭᠡᠭᠡᠨ ᠤ ᠲᠥᠪ ᠤᠨ ᠣᠷᠣᠢ ᠪᠠᠷ ᠨᠡᠭᠡᠭᠡᠯᠲᠡ ᠬᠢᠬᠦ ᠴᠠᠭ ᠢ ᠤᠷᠲᠤᠳᠬᠠᠭᠰᠠᠨ ᠢᠶᠠᠷ ᠠᠵᠢᠯ ᠠᠴᠠ ᠪᠠᠨ ᠪᠠᠭᠤᠭᠠᠳ ᠥᠲᠥᠨ ᠪᠥᠮᠪᠦᠭᠡ ᠨᠠᠭᠠᠳᠬᠤ ᠪᠠᠷ ᠢᠷᠡᠬᠦ ᠬᠥᠮᠥᠰ ᠲᠤ ᠨᠡᠩ ᠭᠦᠢᠴᠡᠳ ᠴᠠᠭ ᠬᠠᠩᠭᠠᠵᠤ ᠥᠭᠭᠦᠭᠰᠡᠨ ᠪᠠᠶᠢᠨ᠎ᠠ ︾ ᠭᠡᠵᠦ ᠪᠢᠨ ᠾᠧ ᠨᠡᠶᠢᠭᠡᠮ ᠲᠣᠭᠤᠷᠢᠭ ᠤᠨ ᠬᠥᠳᠡᠯᠭᠡᠭᠡᠨ ᠤ ᠲᠥᠪ ᠤᠨ ᠠᠷᠠᠳ ᠲᠤ ᠲᠥᠭᠦᠮ ᠦᠵᠡᠭᠦᠯᠭᠦ ᠠᠷᠭ᠎ᠠ ᠬᠡᠮᠵᠢᠶ᠎ᠡ ᠶᠢᠨ ᠲᠤᠬᠠᠢ ᠬᠤᠲᠠ ᠶᠢᠨ ᠠᠷᠠᠳ ᠯᠢ ᠶᠠ ᠺᠦᠨ ᠮᠠᠭᠲᠠᠨ ᠰᠠᠶᠢᠰᠢᠶᠠᠵᠤ ᠪᠠᠶᠢᠯ᠎ᠠ᠃      ᠣᠯᠠᠨ ᠵᠢᠯ ᠤᠨ ᠲᠤᠷᠰᠢ᠂ ᠦᠬᠠᠢ ᠬᠤᠲᠠ ᠨᠡᠶᠢᠲᠡ 54 ᠪᠡᠶ᠎ᠡ ᠶᠢᠨ ᠲᠠᠮᠢᠷ ᠤᠨ ᠲᠠᠯᠠᠪᠤᠷ ᠣᠷᠳᠣᠨ᠂  ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ 4 ᠪᠡᠶ᠎ᠡ ᠶᠢᠨ ᠲᠠᠮᠢᠷ ᠤᠨ ᠲᠠᠯᠠᠪᠤᠷ ᠣᠷᠳᠣᠨ᠂ ᠨᠡᠶᠢᠭᠡᠮ ᠲᠣᠭᠤᠷᠢᠭ ᠤᠨ 12 ᠪᠡᠶ᠎ᠡ ᠶᠢᠨ ᠲᠠᠮᠢᠷ ᠤᠨ ᠲᠠᠯᠠᠪᠤᠷ ᠣᠷᠳᠣᠨ᠂ ᠡᠯ᠎ᠡ ᠱᠠᠲᠤᠨ ᠤ ᠰᠤᠷᠭᠠᠭᠤᠯᠢ ᠶᠢᠨ 38 ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠢ ᠪᠠᠶᠢᠭᠤᠯᠤᠭᠰᠠᠨ ᠪᠠᠶᠢᠨ᠎ᠠ᠃ ᠪᠦᠭᠦ ᠬᠤᠲᠠ ᠶᠢᠨ ᠪᠡᠶ᠎ᠡ ᠶᠢᠨ ᠲᠠᠮᠢᠷ ᠤᠨ ᠲᠠᠯᠠᠪᠤᠷ ᠤᠨ ᠲᠠᠯᠠᠪᠠᠢ ᠨᠢ 131.11 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠦ᠂ ᠬᠥᠮᠥᠨ  ᠳᠤᠮᠳᠠᠴᠢ ᠶᠢᠨ ᠪᠡᠶ᠎ᠡ ᠶᠢᠨ ᠲᠠᠮᠢᠷ ᠤᠨ ᠲᠠᠯᠠᠪᠤᠷ ᠤᠨ ᠲᠠᠯᠠᠪᠠᠢ ᠨᠢ 2.36 ᠲᠡᠭᠰᠢ ᠳᠥᠷᠪᠡᠯᠵᠢᠨ ᠮᠧᠲᠷ ᠲᠤ ᠬᠦᠷᠴᠡᠢ᠃ ᠡᠭᠦᠨ ᠤ ᠬᠠᠮᠲᠤ᠂ ᠦᠬᠠᠢ ᠬᠤᠲᠠ ᠪᠠᠰᠠ ᠡᠯ᠎ᠡ ᠱᠠᠲᠤᠨ ᠤ ᠡᠯ᠎ᠡ ᠲᠥᠷᠥᠯ ᠤᠨ ᠬᠥᠯ ᠪᠥᠮᠪᠦᠭᠡ ᠶᠢᠨ ᠲᠠᠯᠠᠪᠤᠷ ᠭᠠᠵᠠᠷ ᠢ 104 ᠪᠠᠶᠢᠭᠤᠯᠤᠨ ᠠᠰᠢᠭᠯᠠᠯᠲᠠ ᠳᠤ ᠣᠷᠣᠭᠤᠯᠪᠠ᠂ ᠡᠭᠦᠨ ᠳᠤ ᠲᠠᠪᠤᠨ ᠬᠥᠮᠥᠨ ᠤ ᠳᠦᠷᠢᠮᠲᠦ ᠰᠢᠩᠭᠡᠯᠢᠭᠲᠦ ᠬᠥᠯ ᠪᠥᠮᠪᠦᠭᠡ ᠶᠢᠨ ᠲᠠᠯᠠᠪᠤᠷ 43 ᠪᠠᠶᠢᠵᠤ᠂ ᠲᠦᠮᠡᠨ ᠬᠥᠮᠥᠨ ᠪᠦᠷᠢ ᠳᠤ ᠨᠣᠭᠳᠠᠬᠤ ᠬᠥᠯ ᠪᠥᠮᠪᠦᠭᠡ ᠶᠢᠨ ᠲᠠᠯᠠᠪᠤᠷ ᠤᠨ ᠲᠤᠭ᠎ᠠ 1.86 ᠳᠤ ᠬᠦᠷᠴᠡᠢ᠃      ︽ ᠭᠡᠷ ᠤᠨ ᠬᠠᠵᠠᠭᠤ ᠳᠤ ᠴᠡᠴᠡᠷᠯᠢᠭ ᠪᠠᠶᠢᠭᠤᠯᠵᠤ᠂ ᠣᠶᠢᠷ᠎ᠠ ᠬᠠᠪᠢ ᠳᠠᠭᠠᠨ ᠪᠡᠶ᠎ᠡ ᠪᠠᠨ ᠪᠤᠯᠪᠠᠰᠤᠷᠠᠭᠤᠯᠵᠤ ᠪᠣᠯᠣᠨ᠎ᠠ᠂ ᠪᠡᠶ᠎ᠡ ᠴᠢᠭᠢᠷᠠᠭᠵᠢᠭᠤᠯᠬᠤ ᠭᠠᠵᠠᠷ ᠲᠠᠢ ᠪᠣᠯᠤᠭᠰᠠᠨ ᠨᠢ ᠮᠠᠨ ᠤ ᠰᠠᠭᠤᠭᠠᠯᠢ ᠠᠷᠠᠳ ᠲᠤ ᠠᠪᠴᠤ ᠬᠡᠯᠡᠪᠡᠯ ᠦᠨᠡᠨ ᠪᠣᠳᠠᠲᠠᠢ ᠠᠰᠢᠭ ᠲᠤᠰᠠ ᠪᠣᠯᠣᠨ᠎ᠠ ︾ ᠭᠡᠵᠦ ᠬᠠᠶᠢᠷᠤᠪ ᠤᠨ ᠲᠣᠬᠤᠢ ᠲᠣᠭᠤᠷᠢᠭ ᠤᠨ ᠬᠠᠶᠢᠳᠠ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠵᠠᠩ ᠭᠦᠢ ᠬᠤᠸᠠ ᠶᠢᠨ ᠬᠡᠯᠡᠭᠰᠡᠨ ᠦᠭᠡ ᠨᠢ ᠮᠠᠰᠢ ᠤᠯᠠᠨ ᠦᠬᠠᠢ ᠶᠢᠨ ᠬᠥᠮᠥᠰ ᠤᠨ ᠰᠡᠳᠬᠢᠯ ᠤᠨ ᠲᠠᠭᠤᠨ ᠢ ᠢᠯᠡᠳᠬᠡᠭᠰᠡᠨ ᠪᠠᠶᠢᠨ᠎ᠠ᠃      ᠡᠨᠡ ᠵᠢᠯ ᠠᠴᠠ ᠨᠠᠭᠠᠰᠢ᠂ ᠦᠬᠠᠢ ᠬᠤᠲᠠ ᠤᠷᠢᠳ ᠬᠤᠵᠢᠳ 2023 ᠦᠬᠠᠢ ᠨᠠᠭᠤᠷ ᠢ ᠲᠣᠭᠤᠷᠢᠭᠰᠠᠨ ᠳᠤᠭᠤᠢ ᠲᠡᠷᠭᠡᠨ ᠤ ᠴᠢᠯᠦᠭᠡᠲᠦ ᠤᠷᠤᠯᠳᠤᠭᠠᠨ᠂ ᠦᠬᠠᠢ ᠶᠢᠨ ︽ ᠬᠠᠳᠤᠨ ᠭᠤᠣᠯ ᠤᠨ ᠠᠶᠠᠯᠠᠯ ︾ ᠮᠠᠷᠠᠰᠤᠨ ᠤᠷᠤᠯᠳᠤᠭᠠᠨ᠂ ᠪᠦᠭᠦ ᠤᠯᠤᠰ ᠤᠨ ᠡᠯᠡᠰᠦᠨ ᠲᠠᠩ ᠤᠨ ᠬᠥᠯ ᠪᠥᠮᠪᠦᠭᠡ ᠶᠢᠨ ᠡᠭᠡᠯᠵᠢᠯᠲᠤ ᠤᠷᠤᠯᠳᠤᠭᠠᠨ ᠵᠡᠷᠭᠡ ᠤᠷᠤᠯᠳᠤᠭᠠᠨ ᠤ ᠠᠵᠢᠯᠯᠠᠭ᠎ᠠ ᠶᠢ ᠡᠷᠭᠢᠯᠡᠵᠦ᠂ ᠬᠤᠲᠠ ᠶᠢᠨ ᠠᠷᠠᠳ ᠢᠳᠡᠪᠬᠢᠲᠡᠢ ᠮᠥᠷᠲᠡᠭᠡᠨ ᠬᠠᠯᠭᠠᠤᠨ ᠰᠡᠳᠬᠢᠯᠭᠡ ᠪᠠᠷ ᠣᠷᠣᠯᠴᠠᠵᠤ᠂ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠠᠭᠤᠷ ᠠᠮᠢᠰᠬᠤᠯ ᠢ ᠦᠷᠭᠦᠯᠵᠢᠯᠡᠨ ᠬᠥᠭᠵᠢᠭᠡᠪᠡ᠃      ᠪᠦᠷᠢᠨᠰᠢᠭᠰᠡᠨ ᠰᠦᠯᠵᠢᠶ᠎ᠡ᠂ ᠲᠡᠭᠦᠯᠳᠡᠷᠵᠢᠭᠰᠡᠨ ᠲᠥᠬᠦᠭᠡᠷᠦᠮᠵᠢ᠂ ᠣᠯᠠᠨ ᠲᠦᠮᠡᠨ ᠤ ᠣᠷᠣᠯᠴᠠᠬᠰᠠᠨ ᠬᠡᠮᠵᠢᠶ᠎ᠡ ᠪᠠᠷ ᠥᠨᠳᠥᠷ ᠪᠦᠬᠦᠢ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠨᠢ ᠣᠲᠣ ᠶᠠᠭ ᠦᠬᠠᠢ ᠬᠤᠲᠠ ᠳᠤ ᠪᠣᠳᠠᠲᠤ ᠠᠬᠤᠢ ᠪᠣᠯᠣᠨ ᠬᠤᠪᠢᠷᠠᠵᠤ ᠪᠠᠶᠢᠨ᠎ᠠ᠂ ᠪᠦᠭᠦ ᠠᠷᠠᠳ ᠢᠶᠠᠷ ᠢᠶᠠᠨ ᠲᠠᠮᠢᠷ ᠤᠨ ᠬᠥᠳᠡᠯᠭᠡᠭᠡᠨ ᠳᠤ ᠣᠷᠣᠯᠴᠠᠵᠤ ᠪᠡᠶ᠎ᠡ ᠴᠢᠭᠢᠷᠠᠭᠵᠢᠭᠤᠯᠬᠤ ᠨᠢ ᠡᠷᠡᠭᠦᠯ ᠰᠠᠷᠠᠭᠤᠯ ᠠᠮᠢᠳᠤᠷᠠᠯ ᠤᠨ ᠰᠢᠨ᠎ᠡ ᠬᠡᠪ ᠰᠤᠷᠲᠠᠯ ᠢ ᠪᠤᠶ ᠪᠤᠯᠭᠠᠵᠤ ᠪᠠᠶᠢᠬᠤ ᠪᠠᠷ ᠪᠠᠷᠠᠬᠤ ᠦᠭᠡᠢ ᠪᠠᠰᠠ ᠦᠬᠠᠢ ᠬᠤᠲᠠ ᠶᠢ ᠴᠤᠭ ᠵᠢᠪᠬᠤᠭ᠎ᠠ ᠪᠠ ᠠᠮᠢᠵᠢᠷᠠᠯ ᠤᠨ ᠬᠦᠴᠦᠨ ᠢᠶᠠᠷ ᠨᠠᠩ ᠪᠢᠯᠬᠠᠮ᠎ᠠ ᠪᠤᠯᠭᠠᠵᠤ ᠪᠠᠶᠢᠨ᠎ᠠ᠃ 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ