ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠢ ᠪᠠᠶᠢᠭᠤᠯᠬᠤ ᠪᠠ ᠲᠠᠩᠭᠠᠷᠢᠭᠯᠠᠬᠤ ᠶᠡᠭᠡ ᠬᠤᠷᠠᠯ ᠬᠥᠯᠥᠨ ᠪᠤᠶᠢᠷ ᠬᠤᠲᠠᠨ᠎ᠠ ᠬᠤᠷᠠᠯᠳᠤᠪᠠ  ᠶᠣᠤ ᠶᠦᠩ ᠪᠥᠸᠧ ᠬᠤᠷᠠᠯ ᠳᠤ ᠣᠷᠣᠯᠴᠠᠵᠠᠢ
ᠨᠡᠶᠢᠲᠡᠯᠡᠭᠰᠡᠨ ᠴᠠᠭ᠄
2023/11/29
      11 ᠳ᠋ᠦ᠋ᠭᠡᠷ ᠰᠠᠷ᠎ᠠ ᠶᠢᠨ 28 ᠤ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠢ ᠪᠠᠶᠢᠭᠤᠯᠬᠤ ᠪᠠ ᠲᠠᠩᠭᠠᠷᠢᠭᠯᠠᠬᠤ ᠶᠡᠭᠡ ᠬᠤᠷᠠᠯ ᠢ ᠬᠥᠯᠥᠨ ᠪᠤᠶᠢᠷ ᠬᠤᠲᠠᠨ᠎ᠠ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠣᠤ ᠶᠦᠩ ᠪᠥᠸᠧ ᠬᠤᠷᠠᠯ ᠳᠤ ᠣᠷᠣᠯᠴᠠᠵᠠᠢ᠃      ᠶᠡᠭᠡ ᠬᠤᠷᠠᠯ ᠳᠡᠭᠡᠷ᠎ᠡ ︽ᠠᠷᠪᠠᠨ ᠳᠥᠷᠪᠡᠳᠦᠭᠡᠷ ᠡᠪᠦᠯ︾ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠳᠤ ᠲᠤᠭ ᠣᠯᠭᠤᠬᠤ ᠶᠣᠰᠣᠯᠠᠯ ᠶᠠᠪᠤᠭᠳᠠᠭᠤᠯᠵᠠᠢ᠃ ᠶᠡᠭᠡ ᠬᠤᠷᠠᠯ ᠳᠤ ᠤᠷᠤᠯᠳᠤᠭᠠᠨ ᠳᠤ ᠣᠷᠣᠯᠴᠠᠬᠤ ᠪᠦᠬᠦ ᠲᠠᠮᠢᠷᠴᠢᠳ᠂ ᠳᠠᠰᠬᠠᠯᠵᠢᠭᠤᠯᠤᠭᠴᠢ ᠨᠠᠷ ᠪᠠ ᠬᠤᠯᠪᠣᠭᠳᠠᠯ ᠪᠦᠬᠦᠢ ᠨᠢᠭᠡᠴᠢ ᠶᠢᠨ  ᠬᠢᠨ ᠤᠯᠤᠰ ᠲᠥᠷᠥ ᠶᠢᠨ ᠵᠣᠭᠰᠣᠴᠠ ᠪᠠᠨ ᠥᠨᠳᠥᠷᠰᠡᠭᠡᠵᠦ᠂ ︽ᠠᠷᠪᠠᠨ ᠳᠥᠷᠪᠡᠳᠦᠭᠡᠷ ᠡᠪᠦᠯ︾ ᠤᠨ ᠤᠷᠤᠯᠳᠤᠭᠠᠨ ᠳᠤ ᠪᠡᠯᠡᠳᠬᠡᠬᠦ ᠶᠢᠨ ᠴᠢᠬᠤᠯᠠ ᠴᠢᠨᠠᠷ ᠬᠢᠭᠡᠳ ᠲᠤᠯᠭᠠᠮ ᠴᠢᠨᠠᠷ ᠢ ᠭᠦᠢᠴᠡᠳ ᠲᠠᠨᠢᠨ᠂ ᠵᠣᠷᠢᠭᠲᠠᠢ ᠪᠠᠷ ᠬᠠᠷᠢᠭᠤᠴᠠᠨ ᠠᠵᠢᠯᠯᠠᠵᠤ᠂ ᠤᠷᠤᠯᠳᠤᠭᠠᠨ ᠤ ᠡᠯ᠎ᠡ ᠠᠵᠢᠯ ᠤᠳ ᠢ ᠪᠣᠳᠠᠲᠠᠢ ᠪᠥᠭᠡᠳ ᠨᠠᠷᠢᠯᠢᠭ ᠬᠢᠵᠦ᠂ ᠤᠷᠤᠯᠳᠤᠭᠠᠨ ᠤ ᠰᠤᠷᠲᠠᠯ ᠰᠠᠬᠢᠯᠭ᠎ᠠ ᠶᠢ ᠴᠢᠩᠳᠠᠯᠠᠵᠤ᠂ ᠰᠠᠶᠢᠨ ᠰᠠᠶᠢᠬᠠᠨ ᠰᠤᠷᠲᠠᠯ ᠢᠶᠠᠷ ᠥᠪᠥᠷ ᠮᠣᠩᠭᠤᠯ ᠤᠨ ᠵᠥᠪ ᠲᠠᠯ᠎ᠠ ᠶᠢᠨ ᠳᠦᠷᠢ ᠲᠥᠷᠬᠦ ᠶᠢ ᠬᠠᠷᠠᠭᠤᠯᠤᠨ᠂ ᠪᠣᠯᠪᠠᠰᠤᠷᠠᠯ ᠤᠨ ᠲᠠᠯᠠᠪᠠᠢ ᠳᠠᠬᠢ ᠰᠢᠷᠭᠠᠭᠤ ᠴᠢᠷᠮᠠᠶᠢᠯᠭ᠎ᠠ ᠪᠠ ᠤᠷᠤᠯᠳᠤᠭᠠᠨ ᠤ ᠲᠠᠯᠠᠪᠠᠢ ᠳᠠᠬᠢ ᠰᠢᠯᠢᠳᠡᠭ ᠬᠢᠷᠢ ᠪᠦᠲᠦᠮᠵᠢ ᠪᠠᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠪᠦᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠬᠠᠨᠤᠮᠵᠢᠲᠠᠢ ᠰᠢᠯᠭᠠᠯᠲᠠ ᠶᠢᠨ ᠬᠠᠭᠤᠳᠠᠰᠤ ᠲᠤᠰᠢᠶᠠᠬᠤ ᠬᠡᠷᠡᠭᠲᠡᠢ ᠭᠡᠵᠦ ᠱᠠᠭᠠᠷᠳᠠᠪᠠ᠃
ᠢᠷᠡᠯᠲᠡ᠄ ᠤᠲᠤᠭ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ