ᠬᠥᠯᠥᠨ ᠪᠤᠶᠢᠷ ᠬᠤᠲᠠ ᠠᠭᠠᠷ ᠮᠠᠨᠳᠠᠯ ᠤᠨ ᠣᠷᠴᠢᠨ ᠲᠣᠭᠤᠷᠢᠨ ᠤ ᠰᠢᠯᠢᠳᠡᠭ ᠶᠠᠰᠤ ᠴᠢᠨᠠᠷ ᠢᠶᠠᠷ ︽ᠠᠷᠪᠠᠨ ᠳᠥᠷᠪᠡᠳᠦᠭᠡᠷ ᠡᠪᠦᠯ︾ ᠳᠤ ᠬᠦᠴᠦᠨ ᠨᠡᠮᠡᠷᠢᠯᠡᠵᠦ ᠪᠠᠶᠢᠨ᠎ᠠ
ᠨᠡᠶᠢᠲᠡᠯᠡᠭᠰᠡᠨ ᠴᠠᠭ᠄
2023/11/29
      ᠣᠶᠢᠷ᠎ᠠ ᠶᠢᠨ ᠡᠳᠦᠷ ᠤᠳ ᠲᠤ᠂ ᠬᠥᠯᠥᠨ ᠪᠤᠶᠢᠷ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠠᠭᠠᠷ ᠮᠠᠨᠳᠠᠯ ᠤᠨ ᠣᠷᠴᠢᠨ ᠲᠣᠭᠤᠷᠢᠨ ᠤ ᠶᠠᠰᠤ ᠴᠢᠨᠠᠷ ᠢ ᠪᠠᠲᠤᠯᠠᠬᠤ ᠪᠠᠷ ᠭᠤᠣᠯᠳᠠᠯᠭ᠎ᠠ ᠪᠣᠯᠭᠠᠨ᠂ ᠬᠠᠤᠯᠢ ᠬᠡᠷᠡᠭᠵᠢᠭᠦᠯᠦᠯᠲᠡ ᠪᠠᠶᠢᠴᠠᠭᠠᠯᠲᠠ ᠶᠢᠨ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠵᠤ᠂ ᠠᠭᠠᠷ ᠮᠠᠨᠳᠠᠯ ᠤᠨ ᠣᠷᠴᠢᠨ ᠲᠣᠭᠤᠷᠢᠨ ᠤ ᠰᠢᠯᠢᠳᠡᠭ ᠶᠠᠰᠤ ᠴᠢᠨᠠᠷ ᠢᠶᠠᠷ ︽ᠠᠷᠪᠠᠨ ᠳᠥᠷᠪᠡᠳᠦᠭᠡᠷ ᠡᠪᠦᠯ︾ ᠢ ᠠᠮᠵᠢᠯᠲᠠ ᠲᠠᠢ ᠡᠷᠭᠢᠯᠡᠬᠦ ᠳᠤ ᠬᠦᠴᠦ ᠨᠡᠮᠡᠷᠢᠯᠡᠵᠦ ᠪᠠᠶᠢᠨ᠎ᠠ᠃      ᠣᠶᠢᠯᠠᠭᠠᠭᠰᠠᠨ ᠢᠶᠠᠷ᠂ ᠬᠥᠯᠥᠨ ᠪᠤᠶᠢᠷ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠨᠢ ᠲᠥᠪ ᠬᠤᠲᠠ ᠶᠢᠨ ᠲᠣᠭᠤᠷᠢᠭ ᠤᠨ PM2.5 ᠶᠢᠨ ᠹᠠᠺᠲ᠋ᠣᠷ ᠲᠣᠭᠤᠰᠤ ᠶᠢ ᠨᠥᠯᠥᠭᠡᠯᠡᠳᠡᠭ 77 ᠴᠡᠭ ᠲᠤ ᠴᠢᠭᠯᠡᠭᠦᠯᠦᠨ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠥᠷᠨᠢᠭᠦᠯᠪᠡ᠃ ᠵᠢᠭᠰᠠᠭᠠᠨ ᠪᠠᠶᠢᠴᠠᠭᠠᠬᠤ ᠶᠠᠪᠤᠴᠠ ᠳᠤ᠂ ᠬᠡᠰᠡᠭ ᠠᠵᠤ ᠠᠬᠤᠶᠢᠯᠠᠯ ᠠᠮᠢᠳᠤ ᠪᠣᠳᠠᠰ ᠤᠨ ᠮᠠᠰᠳᠤ ᠲᠣᠭᠤᠭᠠᠲᠤ ᠳᠤ ᠲᠦᠭᠦᠬᠡᠢ ᠨᠡᠭᠦᠷᠡᠰᠦᠨ ᠪᠣᠬᠢᠷᠲᠤᠯ ᠶᠡᠬᠡᠲᠡᠢ ᠲᠦᠯᠡᠰᠢ ᠶᠢ ᠰᠢᠲᠠᠭᠠᠵᠤ ᠪᠠᠶᠢᠬᠤ᠂ ᠣᠨᠴᠠ ᠵᠠᠷᠢᠮ ᠬᠥᠮᠥᠷᠭᠡ ᠳᠤ 10 ᠲᠣᠨ ᠠᠴᠠ ᠳᠣᠷᠣᠭᠰᠢᠬᠢ ᠠᠭᠤᠷᠰᠢᠯᠲᠠ ᠲᠣᠭᠤᠭᠠᠲᠤ ᠶᠢ ᠰᠢᠭᠰᠢᠨ ᠬᠠᠶᠠᠭ᠎ᠠ ᠦᠭᠡᠢ᠂ ᠲᠦᠭᠦᠬᠡᠢ ᠨᠡᠭᠦᠷᠡᠰᠦ ᠣᠪᠣᠭᠠᠯᠠᠬᠤ ᠲᠠᠯᠠᠪᠠᠶ ᠵᠢᠴᠢ ᠠᠷᠠᠯᠵᠢᠶᠠᠨ ᠤ ᠪᠧᠲ᠋ᠤᠨ ᠦᠷᠲᠡᠭᠡᠨ ᠳᠤ ᠪᠢᠲᠡᠭᠦᠮᠵᠢᠯᠡᠭᠰᠡᠨ ᠲᠦᠯᠡᠰᠢ ︵ᠨᠡᠭᠦᠷᠡᠰᠦ︶ ᠶᠢᠨ ᠬᠥᠮᠥᠷᠭᠡ ᠪᠠᠶᠢᠭᠤᠯᠤᠭᠰᠠᠨ ᠦᠭᠡᠢ ᠵᠡᠷᠭᠡ ᠬᠤᠭ ᠲᠣᠭᠤᠰᠤᠨ ᠤ ᠬᠡᠮ ᠠᠰᠠᠭᠤᠳᠠᠯ ᠨᠡᠶᠢᠲᠡ 17 ᠪᠠᠶᠢᠬᠤ ᠶᠢ ᠢᠯᠡᠷᠡᠭᠦᠯᠵᠦ᠂ ᠣᠲᠣ ᠪᠣᠯᠲᠠᠯ᠎ᠠ ᠨᠢᠭᠡᠨᠲᠡ ᠴᠡᠭᠴᠡᠯᠡᠨ ᠵᠠᠰᠠᠵᠤ ᠳᠠᠭᠤᠰᠬᠠᠪᠠ᠃ ᠡᠭᠦᠨ ᠤ ᠬᠠᠮᠲᠤ᠂ ᠤᠷᠤᠯᠳᠤᠭᠠᠨ ᠠᠴᠠ ᠡᠮᠦᠨ᠎ᠡ ᠦᠷᠭᠦᠯᠵᠢᠯᠡᠨ ᠪᠣᠭᠤᠮᠲᠠ ᠰᠢᠪᠲᠤᠯᠵᠤ᠂ ᠠᠵᠤ ᠦᠢᠯᠡᠳᠪᠦᠷᠢ ᠠᠵᠤ ᠠᠬᠤᠶᠢᠯᠠᠯ ᠤᠨ ᠪᠠᠷᠢᠮᠵᠢᠶᠠᠨ ᠠᠴᠠ ᠬᠡᠲᠦᠷᠡᠲᠡᠯ᠎ᠡ ᠭᠠᠳᠠᠭᠰᠢᠯᠠᠭᠤᠯᠬᠤ᠂ ᠬᠤᠯᠠᠭᠠᠢ ᠪᠠᠷ ᠭᠠᠳᠠᠭᠰᠢᠯᠠᠭᠤᠯᠬᠤ᠂ ᠪᠣᠬᠢᠷᠲᠤᠯ ᠢ ᠰᠡᠷᠭᠡᠶᠢᠯᠡᠨ ᠵᠠᠰᠠᠬᠤ ᠲᠥᠬᠦᠭᠡᠷᠦᠮᠵᠢ ᠶᠢ ᠬᠡᠪ ᠤᠨ ᠪᠤᠰᠤ ᠪᠠᠷ ᠠᠵᠢᠯᠯᠠᠭᠤᠯᠬᠤ ᠪᠠ ᠰᠦᠯᠵᠢᠶᠡᠨ ᠳᠡᠭᠡᠷᠡᠬᠢ ᠬᠢᠨᠠᠨ ᠰᠢᠨᠵᠢᠯᠲᠡ ᠶᠢᠨ ᠳ᠋ᠠᠶᠢᠲ᠋ᠠ ᠶᠢ ᠬᠠᠭᠤᠷᠮᠠᠭᠯᠠᠨ ᠵᠣᠬᠢᠶᠠᠬᠤ ᠵᠡᠷᠭᠡ ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ ᠨᠡᠶᠢᠲᠡᠯᠢᠭ ᠠᠵᠢᠯᠯᠠᠭ᠎ᠠ ᠤᠳ ᠲᠤ ᠴᠢᠩᠭ᠎ᠠ ᠴᠣᠬᠢᠯᠲᠠ ᠥᠭᠴᠦ᠂ ᠬᠠᠮᠢᠶᠠᠷᠤᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠢ ᠨᠠᠶᠢᠳᠠᠪᠤᠷᠢᠵᠢᠭᠤᠯᠬᠤ ᠶᠢ ᠬᠦᠴᠦᠲᠡᠢ ᠪᠥᠭᠡᠳ ᠡᠮᠬᠢ ᠵᠢᠷᠤᠮ ᠲᠠᠢ ᠠᠬᠢᠭᠤᠯᠵᠤ ᠪᠠᠶᠢᠨ᠎ᠠ᠃
ᠢᠷᠡᠯᠲᠡ᠄ ᠤᠲᠤᠭ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ